ᠡᠨᠡ ᠬᠡᠳᠦᠨ ᠡᠳᠦᠷ᠂ ᠤᠯᠠᠭᠠᠨᠴᠠᠪ ᠬᠤᠳᠠ᠎ᠶ᠋ᠢᠨ ᠳᠥᠷᠪᠡᠳ ᠬᠣᠱᠢᠭᠤᠨ᠎ᠤ ᠵᠠᠨᠭᠭᠠᠨ ᠰᠤᠮᠤ᠎ᠶ᠋ᠢᠨ ᠸᠧᠢ ᠵᠢᠩ ᠭᠠᠴᠠᠭ᠎ᠠ᠎ᠶ᠋ᠢᠨ ᠡᠷᠳᠡᠨᠢᠪᠠᠶᠠᠷ ᠤᠨ ᠤᠶᠤᠨᠲᠤ ᠬᠦᠯᠡᠮᠵᠢ᠎ᠳᠦ ᠥᠷᠭᠡᠰᠦᠲᠦ ᠬᠡᠮᠬᠡ᠎ᠶ᠋ᠢᠨ ᠵᠡᠯ᠎ᠡ ᠬᠤᠯᠤᠰᠤᠨ ᠵᠢᠶᠠᠰᠠᠨ ᠳᠡᠭᠡᠷ᠎ᠡ ᠤᠷᠢᠶᠠᠯᠳᠤᠨ᠂ ᠲᠥᠪᠡᠳ ᠬᠠᠰᠢ ᠰᠠᠯᠠᠭ᠎ᠠ ᠲᠠᠭᠠᠭᠠᠵᠦ ᠶᠠᠳᠠᠮ᠎ᠠ ᠲᠡᠭᠦᠵᠢᠯᠡᠭᠳᠡᠵᠦ᠂ ᠤᠰᠤᠯᠢᠭ ᠯᠤᠤᠪᠠᠩ ᠬᠥᠷᠥᠰᠥ᠎ᠶ᠋ᠢ ᠨᠡᠪᠲᠡᠯᠦᠨ ᠤᠷᠭᠤᠨ᠎ᠠ ᠁ ᠨᠡᠷᠡᠨ᠎ᠦ ᠭᠡᠷᠡᠯ ᠲᠤᠯᠠᠭᠠᠨᠢ ᠪᠠᠳᠤᠯᠠᠬᠤ ᠪᠦᠷᠬᠦᠪᠴᠢ ᠵᠢ ᠨᠡᠪᠲᠡᠯᠵᠦ᠍᠂ ᠡᠨᠡ ᠬᠦ᠌ ᠵᠢᠵᠢᠭ᠌ᠬᠡᠨ ᠭᠠᠵᠠᠷ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠪᠠ᠃
《ᠥᠩᠭᠡᠷᠡᠭ᠌ᠰᠡᠨ᠎ᠳᠦ᠂ ᠡᠪᠦᠯ᠎ᠳᠡᠭᠡᠨ ᠵᠥᠪᠬᠡᠨ ᠲᠥᠮᠥᠰᠥ᠍᠂ ᠴᠠᠭᠠᠨ ᠨᠣᠭᠣᠭ᠎ᠠ᠂ ᠯᠤᠤᠪᠠᠩ ᠭᠤᠷᠪᠠᠬᠠᠨ ᠵᠦᠢᠯ ᠤᠨ ᠨᠤᠭᠤᠭ᠎ᠠ ᠪᠠᠢᠵᠤ᠂ 100 ᠭᠠᠷᠤᠢ ᠺᠢᠯᠤᠮᠸᠲᠷ ᠵᠠᠢᠲᠠᠢ ᠪᠠᠯᠭᠠᠰᠤᠨ᠎ᠳᠤ ᠬᠦᠷᠴᠦ ᠨᠣᠭᠣᠭ᠎ᠠ ᠬᠤᠳᠠᠯᠳᠤᠨ ᠠᠪᠳᠠᠭ ᠪᠠᠢᠪᠠ᠃ ᠡᠪᠦᠯ ᠶᠡᠬᠡ ᠴᠠᠰᠤᠤᠷᠤᠪᠠᠯ ᠵᠠᠮ ᠪᠦᠭᠯᠡᠭᠳᠡᠵᠦ᠂ ᠪᠢᠳᠡ ᠬᠡᠳᠦᠨ ᠰᠠᠷ᠎ᠠ ᠪᠡᠷ ᠨᠤᠭᠤᠭᠠᠨ ᠨᠠᠪᠴᠢᠳᠤ ᠨᠤᠭᠤᠭ᠎ᠠ ᠣᠯᠵᠤ ᠦᠵᠡᠬᠦ᠌ ᠴᠦ᠍ ᠦᠭᠡᠢ᠃ ᠣᠳᠣ ᠪᠢᠳᠡ ᠢᠮᠠᠭᠳᠠ ᠱᠢᠨ᠎ᠡ ᠰᠣᠷᠭᠣᠭ ᠢᠳᠡᠰᠢᠨ ᠨᠣᠭᠣᠭ᠎ᠠ ᠲᠡᠭᠦᠬᠦ᠌᠎ᠪᠡᠷ ᠪᠠᠷᠠᠬᠤ ᠦᠭᠡᠢ ᠭᠦᠵᠡᠯᠵᠡᠭᠡᠨ᠎ᠡ ᠪᠠᠰᠠ ᠲᠠᠷᠢᠵᠤ ᠪᠠᠢᠨ᠎ᠠ》 ᠭᠡᠵᠦ ᠡᠷᠳᠡᠨᠢᠪᠠᠶᠠᠷ ᠰᠠᠶᠢᠬᠠᠨ ᠲᠡᠭᠦᠭ᠌ᠰᠡᠨ ᠥᠷᠭᠡᠰᠦᠲᠦ ᠬᠡᠮᠬᠡ ᠪᠣᠯᠤᠨ ᠨᠤᠭᠤᠭᠠᠨ ᠨᠠᠪᠴᠢᠳᠤ ᠨᠤᠭᠤᠭ᠎ᠠ᠎ᠪᠠᠨ ᠬᠠᠷᠠᠵᠤ ᠢᠨᠢᠶᠡᠮᠰᠦᠭ᠌ᠯᠡᠨ ᠬᠡᠯᠡᠨ᠎ᠠ᠃
ᠡᠷᠳᠡᠨᠢᠪᠠᠶᠠᠷ ᠤᠨ ᠥᠨᠥᠳᠦᠷ ᠦᠨ ᠠᠮᠢᠳᠤᠷᠠᠯ ᠪᠣᠯ ᠬᠢᠯᠢ ᠬᠢᠵᠠᠭᠠᠷ᠎ᠤᠨ ᠮᠠᠯᠴᠢᠳ᠎ᠤᠨ 《ᠢᠳᠡᠰᠢᠨ ᠨᠣᠭᠣᠭ᠎ᠠ ᠢᠳᠡᠬᠦ᠌᠎ᠳᠦ ᠬᠦᠴᠢᠷᠲᠡᠶ 》 ᠪᠠᠢᠭ᠍ᠰᠠᠨ᠎ᠡᠴᠡ᠎ᠪᠠᠨ 《 ᠱᠢᠨ᠎ᠡ ᠰᠣᠷᠭᠣᠭ ᠨᠣᠭᠣᠭ᠎ᠠ ᠢᠳᠡᠬᠦ ᠪᠤᠯᠤᠬᠰᠠᠨ 》 ᠠᠮᠢᠳᠤᠯᠢᠭ ᠵᠢᠷᠤᠬᠯᠠᠯ ᠪᠣᠯᠤᠨ᠎ᠠ᠃ 2026 ᠣᠨ᠎ᠤ ᠡᠬᠢ ᠪᠣᠯᠲᠠᠯ᠎ᠠ᠂ ᠳᠥᠷᠪᠡᠳ ᠬᠣᠱᠢᠭᠤᠨ᠎ᠤ 321 ᠡᠷᠦᠬᠡ ᠬᠢᠯᠢ ᠬᠢᠵᠠᠭᠠᠷ᠎ᠤᠨ ᠮᠠᠯᠴᠢᠳ ᠵᠢᠯ᠎ᠤᠨ ᠳᠥᠷᠪᠡᠨ ᠤᠯᠠᠷᠢᠯᠵᠢᠡᠷ ᠢᠳᠡᠱᠢᠨ ᠨᠣᠭᠣᠭ᠎ᠠ᠎ᠪᠠᠨ ᠥᠪᠡᠷᠲᠡᠭᠡᠨ ᠬᠠᠩᠭᠠᠬᠤ ᠪᠤᠯᠵᠦ᠂ ᠬᠢᠯᠢ ᠬᠢᠵᠠᠭᠠᠷ᠎ᠤᠨ ᠮᠠᠯᠴᠢᠳ᠎ᠢ ᠣᠯᠠᠨ ᠵᠢᠯ ᠭᠠᠴᠢᠭ᠍ᠳᠠᠭᠤᠯᠵᠤ ᠪᠠᠢᠭ᠍ᠰᠠᠨ《ᠡᠪᠦᠯ᠎ᠦᠨ ᠤᠯᠠᠷᠢᠯ᠎ᠳᠤ ᠱᠢᠨ᠎ᠡ ᠰᠣᠷᠭᠣᠭ ᠢᠳᠡᠰᠢᠨ ᠨᠣᠭᠣᠭ᠎ᠠ ᠤᠯᠵᠤ ᠢᠳᠡᠬᠦ ᠦᠭᠡᠢ》ᠬᠦᠴᠢᠷ ᠠᠰᠠᠭᠤᠳᠠᠯ᠎ᠢ ᠲᠦᠢᠯᠪᠦᠷᠢᠲᠠᠢ ᠱᠢᠶ᠋ᠳᠪᠦᠷᠢᠯᠡᠪᠡ᠃
ᠳᠥᠷᠪᠡᠳ ᠬᠣᠱᠢᠭᠤ ᠳᠤᠮᠳᠠᠳᠤ ᠮᠣᠩᠭᠣᠯ᠎ᠤᠨ ᠬᠢᠯᠢ ᠳ᠋ᠤ ᠪᠠᠢᠷᠢᠯᠠᠵᠦ᠂ ᠬᠢᠯᠢ᠎ᠶ᠋ᠢᠨ ᠱᠤᠭᠤᠮ ᠨᠢ 104 ᠺᠢᠯᠣᠮᠧᠲ᠋ᠷ ᠤᠷᠳᠤ ᠪᠠᠢᠵᠤ᠂ ᠪᠦᠬᠦ᠌ ᠵᠢᠯ᠎ᠳᠦ ᠬᠢᠷᠠᠭᠤ ᠦᠭᠡᠶ ᠬᠤᠭᠤᠴᠠᠭ᠎ᠠ ᠨᠢ 120 ᠡᠳᠦᠷ ᠬᠦᠷᠬᠦ᠌ ᠦᠭᠡᠶ᠃ ᠬᠠᠬᠢᠷ ᠬᠦᠢᠳᠡᠨ᠂ ᠭᠠᠩ ᠬᠠᠭᠤᠷᠠᠢ ᠪᠠᠢᠭᠠᠯᠢ᠎ᠶ᠋ᠢᠨ ᠨᠥᠬᠥᠴᠡᠯ ᠨᠢ 《ᠢᠳᠡᠱᠢᠨ ᠨᠣᠭᠣᠭ᠎ᠠ ᠢᠳᠡᠬᠦ᠌᠎ᠳᠦ ᠬᠦᠴᠢᠷ》 ᠢ᠋ ᠬᠢᠯᠢ ᠬᠢᠵᠠᠭᠠᠷ ᠢ ᠰᠠᠬᠢᠨ ᠬᠠᠮᠠᠭᠠᠯᠠᠬᠤ ᠮᠠᠯᠴᠢᠳ ᠢ ᠭᠠᠴᠢᠭ᠍ᠳᠠᠭᠤᠯᠬᠤ ᠠᠷᠬᠠᠭ ᠭᠡᠮ ᠪᠣᠯᠭᠠᠵᠠᠢ — ᠲᠤᠬᠠᠢ᠎ᠶ᠋ᠢᠨ ᠭᠠᠵᠠᠷ᠎ᠤᠨ ᠮᠠᠯᠴᠢᠳ ᠤᠨ ᠵᠢᠯ ᠦᠨ ᠬᠥᠮᠦᠨ ᠳᠤᠮᠳᠠᠴᠢ᠎ᠶ᠋ᠢᠨ ᠢᠳᠡᠱᠢᠨ ᠨᠣᠭᠣᠭ᠎ᠠ᠎ᠶ᠋ᠢᠨ ᠬᠡᠷᠡᠭ᠌ᠯᠡᠭᠡᠨ᠎ᠦ ᠬᠡᠮᠵᠢᠢ᠎ᠡ ᠨᠢ ᠵᠥᠪᠬᠡᠨ 20 — 30 ᠺᠢᠯᠣᠭ᠌ᠷᠠᠮ ᠪᠠᠢᠵᠤ᠂ ᠪᠦᠬᠦ᠌ ᠤᠯᠤᠰ᠎ᠤᠨ ᠬᠥᠮᠦᠨ ᠳᠤᠮᠳᠠᠴᠢ᠎ᠶ᠋ᠢᠨ ᠲᠦᠪᠱᠢᠨ᠎ᠦ 30% ᠳ᠋ᠤ ᠴᠦ᠍ ᠬᠦᠷᠬᠦ᠌ ᠦᠭᠡᠢ ᠪᠠᠢᠪᠠ᠃
2024 ᠣᠨ᠎ᠳᠤ᠂ 《9·3》 ᠤ᠋ ᠡᠷᠳᠡᠮ ᠱᠢᠨᠵᠢᠯᠡᠭᠡᠨ ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠤᠯᠠᠭᠠᠨᠴᠠᠪ ᠬᠣᠲᠠ᠎ᠶ᠋ᠢᠨ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ ᠤᠨ ᠬᠡᠯᠲᠡᠰ᠎ᠲᠡᠶ ᠬᠠᠮᠲᠤᠷᠠᠨ 《ᠠᠨᠠᠷ᠎ᠤᠨ ᠦᠷ᠎ᠡ ᠬᠢᠯᠢ᠎ᠬᠢᠵᠠᠭᠠᠷ᠎ᠢ ᠬᠠᠮᠠᠭᠠᠯᠠᠬᠤ ᠢᠳᠡᠰᠢᠨ ᠨᠤᠭᠤᠭ᠎ᠠ ᠵᠢᠨ ᠬᠦᠯᠡᠮᠵᠢ》 ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ 30 ᠮᠠᠯᠴᠢᠨ ᠡᠷᠦᠬᠡ ᠵᠢ ᠰᠣᠩᠭᠣᠨ ᠲᠤᠷᠱᠢᠨ ᠳᠠᠷᠢᠭᠤᠯᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ 575 ᠲᠦᠮᠡᠨ ᠲᠥᠭᠥᠷᠢᠭ᠎ᠦᠨ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠪᠠᠯᠠ ᠮᠥᠩᠭᠥ᠌ ᠬᠠᠩᠭᠠᠵᠤ᠂ ᠤᠯᠠᠭᠠᠨᠴᠠᠪ ᠬᠣᠲᠠ᠎ᠶ᠋ᠢᠨ 《ᠢᠳᠡᠱᠢᠨ ᠨᠣᠭᠣᠭ᠎ᠠ᠎ᠶ᠋ᠢᠨ ᠠᠵᠢᠯᠯᠠᠭ᠎ᠠ》 ᠶ᠋ᠢᠨ ᠲᠥᠷᠥᠯ ᠵᠦᠶ᠋ᠯ᠎ᠳᠦ ᠪᠠᠲᠤ ᠪᠠᠬᠢ ᠪᠠᠯᠠ ᠮᠥᠩᠭᠥ᠎ᠶ᠋ᠢᠨ ᠳᠡᠮᠵᠢᠯᠭᠡ ᠬᠠᠩᠭᠠᠪᠠ᠃ ᠲᠤᠬᠠᠶ᠎ᠶ᠋ᠢᠨ ᠭᠠᠵᠠᠷ᠎ᠤᠨ ᠬᠢᠨ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠭᠤᠸᠠᠨ ᠬᠤᠢ ᠮᠢᠩ᠎ᠢᠶᠡᠷ ᠳᠠᠭᠠᠭᠤᠯᠤᠭ᠍ᠴᠢ ᠪᠣᠯᠭᠠᠭ᠍ᠰᠠᠨ ᠬᠢᠯᠢ ᠬᠢᠵᠠᠭᠠᠷ᠎ᠤᠨ ᠢᠳᠡᠱᠢᠨ ᠨᠣᠭᠣᠭ᠎ᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠤᠭᠤᠢᠯᠠᠩ᠎ᠢ ᠪᠠᠢᠭᠤᠯᠪᠠ᠃ ᠳᠠᠬᠢᠨ ᠳᠠᠪᠲᠠᠨ ᠲᠤᠷᠱᠢᠯᠲᠠ ᠬᠢᠬᠦ᠌᠎ᠪᠡᠷ ᠳᠡᠮᠵᠢᠨ᠂ ᠪᠦᠯᠬᠦᠮ᠎ᠤᠨ ᠬᠢᠨ ᠣᠶᠤᠨᠳᠤ ᠬᠦᠯᠡᠮᠵᠢ᠎ᠶ᠋ᠢᠨ ᠮᠡᠷᠭᠡᠵᠢᠯ᠎ᠦᠨ ᠱᠢᠰᠲ᠋ᠧᠮ᠎ᠢ ᠰᠤᠳᠤᠯᠤᠨ ᠭᠠᠷᠭᠠᠪᠠ᠄ ᠡᠯᠡᠰᠦ ᠱᠢᠷᠣᠶ ᠪᠠ ᠬᠤᠷᠭᠤᠯᠢ ᠬᠣᠯᠢᠭ᠍ᠰᠠᠨ ᠤᠷᠭᠤᠭᠤᠯᠬᠤ ᠰᠠᠭᠤᠷᠢ ᠡᠳ᠋᠂ ᠢᠳᠡᠭᠡᠨ᠎ᠦ ᠲᠠᠰ᠎ᠤᠨ ᠪᠣᠬᠢᠷᠲᠤᠯ ᠥᠬᠡᠶ ᠰᠡᠷᠭᠡᠢᠯᠡᠨ ᠡᠵᠡᠮᠳᠡᠬᠦ᠌ ᠱᠢᠰᠲ᠋ᠧᠮ᠎ᠢᠶᠡᠷ ᠬᠢᠮᠢ᠎ᠶ᠋ᠢᠨ ᠲᠠᠷᠢᠶᠠᠨ ᠡᠮ᠎ᠢ ᠣᠷᠣᠯᠠᠭᠤᠯᠵᠤ᠂ ᠳᠤᠯᠠᠭᠠᠨ᠎ᠢ ᠡᠵᠡᠮᠳᠡᠬᠦ᠌᠂ ᠤᠰᠤ᠎ᠶ᠋ᠢ ᠡᠵᠡᠮᠳᠡᠬᠦ᠌᠂ ᠪᠣᠷᠲᠣᠭᠣᠷ᠎ᠢ ᠡᠵᠡᠮᠳᠡᠬᠦ᠌ ᠵᠢ ᠨᠢᠭᠡ ᠴᠣᠭ᠍ᠴᠠᠵᠢᠭᠤᠯᠤᠭ᠍ᠰᠠᠨ ᠵᠢᠷᠤᠭ ᠲᠥᠯᠥᠪᠯᠡᠭᠡ᠎ᠲᠡᠶ ᠤᠶᠠᠯᠳᠤᠭᠤᠯᠤᠨ᠂ ᠲᠡᠭ᠎ᠡᠴᠡ ᠳᠣᠷᠣᠭ᠍ᠰᠢ 30°C ᠤ᠋ᠨ ᠲᠤᠢᠯ᠎ᠤᠨ ᠳᠤᠤᠷ᠎ᠠ ᠳᠤᠯᠠᠭᠠᠨ᠎ᠳᠤ ᠬᠦᠯᠡᠮᠵᠢ ᠵᠢᠨ ᠲᠤᠯᠠᠭᠠᠨᠢ ᠮᠥᠨ ᠯᠡ 0°C ᠡᠴᠡ ᠳᠡᠭᠡᠭ᠌ᠰᠢ ᠪᠠᠢᠯᠭᠠᠵᠤ ᠴᠢᠳᠠᠨ᠎ᠠ᠃
ᠬᠡᠳᠦᠨ ᠤᠶᠤᠨᠲᠤ ᠬᠦᠯᠡᠮᠵᠢ ᠬᠢᠯᠢ᠎ᠶ᠋ᠢᠨ ᠱᠤᠭᠤᠮ ᠳᠡᠭᠡᠷ᠎ᠡ ᠪᠠᠢᠭᠤᠯᠤᠭᠳᠠᠬᠤ᠎ᠶ᠋ᠢ ᠳᠠᠭᠠᠯᠳᠤᠨ᠂ ᠮᠠᠯᠴᠢᠳ᠎ᠤᠨ ᠠᠮᠢᠳᠤᠷᠠᠯ᠎ᠳᠤ ᠶᠡᠬᠡ ᠬᠤᠪᠢᠷᠠᠯᠲᠠ ᠭᠠᠷᠴᠠᠶ᠃ ᠡᠷᠳᠡᠨᠢ ᠭᠠᠴᠠᠭᠠᠨ᠎ᠤ ᠮᠠᠯᠴᠢᠨ ᠭᠠᠩᠪᠤᠯᠤᠳ᠎ᠤᠨ ᠬᠦᠯᠡᠮᠵᠢ᠎ᠨᠢ ᠵᠢᠱ᠌ᠢᠶ᠎ᠡ ᠦᠵᠡᠭᠦᠯᠬᠦ᠌ ᠴᠡᠭ ᠪᠣᠯᠵᠣ᠂ ᠲᠥᠪᠡᠳ ᠬᠠᠰᠢ᠂ ᠴᠢᠨᠵᠦᠸ᠋᠂ ᠵᠢᠵᠢᠭ ᠴᠠᠭᠠᠨ ᠨᠣᠭᠣᠭ᠎ᠠ ᠵᠡᠷᠭᠡ 10 ᠭᠠᠷᠤᠶ ᠵᠦᠶ᠋ᠯ᠎ᠦᠨ ᠢᠳᠡᠱᠢᠨ ᠨᠣᠭᠣᠭ᠎ᠠ ᠳᠠᠷᠢᠵᠤ᠂ ᠡᠳᠦᠷ ᠪᠦᠷᠢ ᠱᠢᠨ᠎ᠡ ᠰᠣᠷᠭᠣᠭ ᠨᠣᠭᠣᠭ᠎ᠠ ᠢᠳᠡᠬᠦ ᠪᠤᠯᠪᠠ᠃
《ᠨᠢᠳᠦᠨ ᠡᠮᠦᠨᠡᠬᠢ ᠢᠳᠡᠰᠢᠨ ᠨᠣᠭᠣᠭ᠎ᠠ ᠢᠳᠡᠬᠦ᠌》 ᠠᠰᠠᠭᠤᠳᠠᠯ᠎ᠢ ᠱᠢᠶ᠋ᠳᠪᠦᠷᠢᠯᠡᠬᠦ᠌᠎ᠪᠡᠷ ᠪᠠᠷᠠᠬᠤ ᠦᠬᠡᠢ 《ᠤᠷᠲᠤ ᠬᠤᠭᠤᠴᠠᠭ᠎ᠠ᠎ᠪᠠᠷ ᠢᠳᠡᠰᠢᠨ ᠨᠣᠭᠣᠭ᠎ᠠ ᠤᠯᠵᠤ ᠢᠳᠡᠬᠦ᠌》 ᠵᠢ ᠪᠠᠳᠤᠯᠠᠨ᠎ᠠ᠃
ᠳᠥᠷᠪᠡᠳ ᠬᠣᠱᠢᠭᠤᠨ᠎ᠤ ᠰᠢᠮᠡᠵᠢᠨ ᠭᠤᠤᠯ ᠪᠣᠯᠪᠠᠰᠤᠷᠠᠯ᠎ᠤᠨ ᠲᠥᠪ᠎ᠦᠨ 《ᠢᠳᠡᠱᠢᠨ ᠨᠣᠭᠣᠭ᠎ᠠ᠎ᠶ᠋ᠢᠨ ᠠᠵᠢᠯᠯᠠᠭ᠎ᠠ》 ᠶ᠋ᠢᠨ ᠤᠮᠠᠷᠠᠲᠤ ᠬᠢᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠢ ᠪᠣᠢᠵᠢᠭᠤᠯᠬᠤ ᠬᠦᠯᠡᠮᠵᠢ᠎ᠳᠦ ᠣᠷᠣᠪᠠᠯ᠂ ᠲᠡᠷᠢ ᠲᠡᠭ᠌ᠰᠢ ᠵᠢᠭ᠍ᠰᠠᠭᠠᠭ᠍ᠰᠠᠨ ᠪᠣᠰᠣᠭ᠎ᠠ ᠴᠣᠭ᠍ᠴᠠᠲᠤ ᠴᠢᠬᠢ᠎ᠶ᠋ᠢᠨ ᠲᠠᠯᠪᠢᠭᠤᠷ ᠳᠡᠭᠡᠷ᠎ᠡ᠂ ᠨᠢᠯᠬ᠎ᠠ ᠨᠣᠭᠣᠭᠠᠨ ᠴᠢᠬᠢ᠎ᠨᠢ ᠲᠣᠭ᠍ᠲᠠᠮᠠᠯ ᠳᠤᠯᠠᠭᠠᠨ ᠴᠢᠭᠢᠭᠯᠢᠭ ᠣᠷᠴᠢᠨ ᠨᠦᠬᠦᠴᠡᠯ᠎ᠳᠤ ᠢᠳᠡᠷᠡᠭᠦᠨ᠎ᠢᠶᠡᠷ ᠤᠷᠭᠤᠵᠤ ᠪᠠᠢᠬᠤ ᠵᠢ ᠤᠯᠵᠤ ᠬᠠᠷᠠᠨ᠎ᠠ᠃ ᠡᠨᠡ ᠬᠦ᠌ 600 ᠭᠠᠷᠤᠢ ᠲᠡᠭ᠌ᠰᠢ ᠳᠥᠷᠪᠡᠯᠵᠢᠨ ᠮᠸᠲᠷ ᠲᠠᠯᠠᠪᠠᠢ᠎ᠲᠠᠶ᠂ ᠴᠢᠬᠢ ᠮᠣᠳᠣ ᠪᠣᠢᠵᠢᠭᠤᠯᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠪᠣᠯᠪᠠᠰᠤᠷᠠᠯ᠂ ᠳᠡᠯᠭᠡᠷᠡᠭᠦᠯᠦᠯᠲᠡ᠎ᠶ᠋ᠢ ᠨᠢᠭᠡ ᠴᠤᠬ᠍ᠴᠠᠵᠢᠭᠤᠯᠤᠬ᠍ᠰᠠᠨ ᠣᠳᠣᠬᠢᠴᠢᠯᠠᠭ᠍ᠰᠠᠨ ᠬᠦᠯᠡᠮᠵᠢ ᠨᠢ ᠵᠢᠯ ᠪᠦᠷᠢ ᠦᠨ᠎ᠡ ᠲᠥᠯᠥᠪᠦᠷᠢ ᠦᠭᠡᠢ᠎ᠪᠡᠷ ᠬᠢᠯᠢ ᠬᠢᠵᠠᠭᠠᠷ᠎ᠢ ᠰᠠᠬᠢᠨ ᠬᠠᠮᠠᠭᠠᠯᠠᠵᠦ ᠪᠠᠢᠭ᠎ᠠ ᠮᠠᠯᠴᠢᠳ᠎ᠲᠤ 60 ᠲᠦᠮᠡᠨ ᠰᠠᠭᠤᠷᠢ ᠡᠯ᠎ᠡ ᠲᠦᠷᠦᠯ᠎ᠦᠨ ᠦᠷ᠎ᠡ ᠴᠢᠬᠢ ᠬᠠᠩᠭᠠᠵᠤ᠂ ᠡᠷᠬᠢᠨ ᠲᠣᠭᠣᠷᠢᠨ᠎ᠤ 292 ᠡᠷᠦᠬᠡ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠪᠠᠢᠭ᠎ᠠ ᠮᠠᠯᠴᠢᠳ᠎ᠲᠤ ᠠᠱᠢᠭ ᠬᠦᠷᠲᠡᠭᠡᠪᠡ᠃
ᠲᠠᠷᠢᠶᠠᠯᠠᠩ᠎ᠤᠨ ᠮᠡᠷᠭᠡᠵᠢᠯᠲᠡᠳ ᠮᠠᠯᠴᠢᠳ᠎ᠤᠨ ᠬᠦᠯᠡᠮᠵᠢ᠎ᠳᠦ ᠣᠯᠠᠨᠲᠠ ᠬᠦᠷᠴᠦ᠂ ᠴᠢᠬᠢ ᠪᠣᠢᠵᠢᠭᠤᠯᠬᠤ ᠮᠡᠷᠭᠡᠵᠢᠯ ᠪᠠ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠢᠯᠭᠠᠨ ᠲᠠᠨᠢᠬᠤ ᠠᠷᠭ᠎ᠠ᠎ᠶ᠋ᠢ ᠤᠨᠤᠴᠠᠲᠠᠢ ᠪᠡᠷ ᠵᠢᠭᠠᠵᠦ ᠪᠠᠢᠨ᠎ᠠ᠃ 《ᠮᠡᠷᠭᠡᠵᠢᠯ᠎ᠢ ᠡᠵᠡᠮᠱᠢᠪᠡᠯ᠂ ᠨᠣᠭᠣᠭ᠎ᠠ᠎ᠵᠢᠨ ᠴᠢᠬᠢ᠎ᠵᠢᠨ ᠤᠷᠭᠤᠴᠠ ᠰᠠᠢ᠌ᠨ ᠪᠤᠯᠵᠤ᠂ ᠮᠠᠨ᠎ᠤ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠢᠲᠡᠭᠡᠯ ᠵᠣᠷᠢᠭ ᠨᠡᠩ ᠲᠡᠭᠦᠯᠳᠡᠷ ᠪᠣᠯᠤᠨ᠎ᠠ》 ᠭᠡᠵᠦ ᠮᠠᠯᠴᠢᠨ ᠯᠦᠩ ᠮᠧᠢ ᠭᠠᠷ᠎ᠲᠠᠭᠠᠨ ᠨᠢᠭᠡ ᠰᠠᠭᠤᠷᠢ ᠨᠣᠭᠣᠭ᠎ᠠ᠎ᠵᠢᠨ ᠴᠢᠬᠢ ᠪᠠᠷᠢᠵᠤ ᠪᠠᠶᠠᠷᠲᠠᠢᠬᠠᠨ ᠬᠡᠯᠡᠵᠦ ᠪᠠᠢᠯ᠎ᠠ᠃
ᠡᠳᠦᠭᠡ᠂ 《ᠨᠤᠭᠤᠭ᠎ᠠ᠎ᠵᠢᠨ ᠵᠢᠵᠢᠭ ᠬᠦᠯᠡᠮᠵᠢ》 ᠲᠠᠢ ᠬᠢᠯᠢ ᠬᠢᠵᠠᠭᠠᠷ᠎ᠤᠨ ᠮᠠᠯᠴᠢᠨ ᠡᠷᠦᠬᠡ ᠬᠥᠮᠦᠰ᠎ᠦᠨ ᠪᠠᠬᠠᠷᠬᠠᠯ᠎ᠢ ᠲᠠᠲᠠᠮ᠎ᠠ ᠠᠮᠢᠳᠤᠷᠠᠯ᠎ᠲᠠᠶ ᠪᠣᠯᠵᠠᠢ᠃ ᠨᠣᠮᠣᠭᠠᠨ ᠰᠤᠮᠤᠨ᠎ᠤ ᠬᠠᠱᠢᠶ᠎ᠠ᠎ᠲᠤ ᠭᠠᠴᠡᠭᠠᠨ᠎ᠤ ᠮᠠᠯᠴᠢᠨ ᠤᠯᠠᠭᠠᠨ᠄ 《ᠣᠳᠣ ᠵᠢᠯ᠎ᠦᠨ ᠳᠥᠷᠪᠡᠨ ᠤᠯᠠᠷᠢᠯ᠎ᠳᠤ ᠢᠳᠡᠱᠢᠨ ᠨᠣᠭᠣᠭ᠎ᠠ ᠣᠯᠵᠤ ᠢᠳᠡᠵᠦ ᠲᠡᠢᠯᠬᠦ ᠪᠤᠯᠤᠬᠰᠠᠨ ᠵᠢᠡᠷ ᠪᠠᠷᠠᠬᠤ ᠦᠭᠡᠢ ᠪᠠᠰᠠ ᠶᠡᠬᠡ ᠬᠡᠮᠵᠢᠶᠡᠨ᠎ᠦ ᠵᠠᠷᠤᠳᠠᠯ᠎ᠢ ᠠᠷᠪᠢᠯᠠᠪᠠ᠂ ᠢᠳᠡᠵᠦ᠍ ᠪᠠᠷᠠᠬᠤ ᠦᠭᠡᠢ ᠪᠤᠯ ᠪᠠᠰᠠ ᠡᠷᠭᠢᠨ ᠲᠣᠭᠣᠷᠢᠨ᠎ᠤ ᠬᠥᠷᠰᠢ ᠵᠡᠷᠭᠡᠯᠡᠳᠡᠭᠡ ᠠᠢᠯ ᠳ᠋ᠠᠭᠠᠨ ᠬᠦᠷᠭᠡᠨ᠎ᠡ᠂ ᠮᠠᠰᠢ ᠪᠠᠶᠠᠷᠲᠠᠶ ᠪᠠᠢᠨ᠎ᠠ 》 ᠭᠡᠪᠡ᠃
《ᠠᠨᠠᠷ ᠤᠨ ᠦᠷ᠎ᠡ ᠬᠢᠯᠢ ᠬᠢᠵᠠᠭᠠᠷ᠎ᠢ ᠬᠠᠮᠠᠭᠠᠯᠠᠬᠤ ᠢᠳᠡᠰᠢᠨ ᠨᠤᠭᠤᠭ᠎ᠠ᠎ᠵᠢᠨ ᠬᠦᠯᠡᠮᠵᠢ》᠎ᠶ᠋ᠢᠨ ᠲᠥᠰᠦᠯ᠎ᠨᠢ ᠳᠥᠷᠪᠡᠳ ᠬᠣᠱᠢᠭᠤᠨ᠎ᠤ ᠬᠢᠯᠢ᠎ᠶ᠋ᠢᠨ ᠠᠷᠠᠳ᠎ᠤᠨ ᠢᠳᠡᠱᠢᠨ ᠨᠣᠭᠣᠭ᠎ᠠ ᠢᠳᠡᠬᠦ᠌ ᠬᠦᠴᠢᠷᠳᠡᠯ᠎ᠢ ᠪᠦᠲᠦᠮᠵᠢᠲᠡᠶ ᠨᠠᠮᠳᠠᠭᠤᠯᠤᠭ᠍ᠰᠠᠨᠢᠶᠠᠷ ᠪᠠᠷᠠᠬᠤ ᠥᠬᠡᠶ᠂ ᠨᠠᠩ ᠴᠤ᠌《ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ — ᠦᠨᠳᠦᠰᠦᠲᠡᠨ᠎ᠦ ᠪᠦᠯᠬᠦᠮᠳᠡᠯ — ᠬᠢᠯᠢ ᠬᠢᠵᠠᠭᠠᠷ᠎ᠢ ᠲᠣᠭ᠍ᠲᠠᠭᠤᠨ ᠪᠠᠢᠯᠭᠠᠬᠤ》 ᠬᠠᠭᠤᠯᠪᠤᠷᠢᠯᠠᠵᠤ ᠪᠣᠯᠬᠤᠢᠴᠠ ᠠᠷᠭ᠎ᠠ ᠵᠠᠮ᠎ᠢ ᠬᠠᠢᠨ ᠰᠦᠪᠡᠭ᠌ᠴᠢᠯᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠪᠠᠯᠠ ᠮᠥᠩᠭᠥ᠎ᠶ᠋ᠢ 400 ᠲᠦᠮᠡᠨ ᠲᠥᠭᠥᠷᠢᠭ ᠪᠠᠭᠤᠯᠭᠠᠵᠤ᠂ ᠳᠥᠷᠪᠡᠳ ᠬᠣᠱᠢᠭᠤᠨ᠎ᠤ ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ ᠪᠠᠰᠠ 200 ᠤᠶᠤᠨᠲᠤ ᠬᠦᠯᠡᠮᠵᠢ ᠪᠠᠢᠭᠤᠯᠤᠨ ᠥᠭᠴᠦ᠂ ᠨᠠᠩ ᠣᠯᠠᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠪᠡ᠃
ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠡᠴᠡ ᠨᠡᠩ ᠴᠢᠨᠠᠷ ᠰᠠᠢᠲᠠᠢ ᠠᠮᠢᠳᠤᠷᠠᠯ᠎ᠢ ᠬᠥᠭᠡᠭᠡᠴᠡᠯᠳᠦᠬᠦ᠌ ᠬᠦᠷᠲᠡᠯ᠎ᠡ᠂ 《ᠴᠢᠰᠤ ᠶᠡᠭᠦᠯᠡᠬᠦ᠌ ᠬᠡᠯᠪᠡᠷᠢ》᠎ᠪᠡᠷ ᠬᠠᠪᠰᠤᠷᠤᠨ ᠲᠡᠳᠬᠦᠵᠦ᠍ ᠪᠠᠢᠭ᠍ᠰᠠᠨ᠎ᠡᠴᠡ 《ᠴᠢᠰᠤ ᠪᠦᠲᠦᠭᠡᠬᠦ᠌ ᠬᠡᠯᠪᠡᠷᠢ》 ᠪᠡᠷ ᠬᠥᠭ᠌ᠵᠢᠭᠦᠯᠬᠦ᠌ ᠬᠦᠷᠲᠡᠯ᠎ᠡ᠂ ᠡᠨᠡ ᠬᠦ᠌ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠦᠷᠭᠦᠯᠵᠢᠯᠡᠨ ᠠᠬᠢᠭᠤᠯᠤᠭ᠍ᠰᠠᠨ ᠨᠢ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢᠨ ᠠᠮᠢᠳᠤᠯᠢᠭ ᠵᠢᠷᠤᠭ᠍ᠯᠠᠯ ᠪᠤᠯᠵᠠᠢ᠃
ᠣᠳᠣᠬᠠᠨ᠎ᠳᠤ᠂ ᠡᠨᠡ ᠬᠦ᠌ ᠵᠠᠭ᠍ᠪᠤᠷ᠎ᠢ ᠪᠠᠶᠠᠨᠨᠠᠭᠤᠷ ᠬᠣᠲᠠ᠎ᠶ᠋ᠢᠨ ᠬᠢᠯᠢ ᠬᠢᠵᠠᠭᠠᠷ᠎ᠤᠨ ᠣᠯᠠᠨ ᠬᠣᠱᠢᠭᠤ ᠱᠢᠶᠠᠨ᠎ᠳᠤ ᠶᠠᠭ ᠳᠡᠯᠭᠡᠷᠡᠭᠦᠯᠵᠦ᠍ ᠪᠣᠶ᠃ ᠡᠯ᠎ᠡ ᠭᠠᠵᠠᠷ᠎ᠤᠨ ᠬᠢᠨ ᠳᠥᠷᠪᠡᠳ ᠬᠣᠱᠢᠭᠤᠨ᠎ᠤ ᠠᠮᠵᠢᠯᠲᠠ᠎ᠲᠠᠶ ᠲᠤᠷᠱᠢᠯᠭ᠎ᠠ᠎ᠪᠠᠷ ᠲᠤᠯᠢ ᠪᠣᠯᠭᠠᠵᠤ᠂ ᠲᠤᠰ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠨᠤᠭᠤᠭ᠎ᠠ᠎ᠵᠢᠨ ᠬᠦᠯᠡᠮᠵᠢ᠎ᠶ᠋ᠢ ᠪᠠᠢᠭᠤᠯᠪᠠ᠃ ᠤᠯᠠᠮ᠎ᠡᠴᠡ ᠤᠯᠠᠨ ᠬᠢᠯᠢ᠎ᠶ᠋ᠢᠨ ᠠᠷᠠᠳ ᠳᠤᠮᠳᠠ᠎ᠡᠴᠡ ᠨᠢ ᠠᠱᠢᠭ ᠬᠦᠷᠳᠡᠵᠦ᠍᠂ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ ᠦᠷᠭᠦᠯᠵᠢᠯᠡᠨ ᠰᠠᠢᠵᠢᠷᠠᠵᠤ᠂ ᠬᠢᠯᠢ ᠬᠢᠵᠠᠭᠠᠷ ᠣᠷᠣᠨ ᠤ ᠬᠥᠮᠦᠨ ᠠᠮᠠ᠎ᠶ᠋ᠢᠨ 《ᠬᠦᠨᠳᠡᠢᠷᠡᠯ》 ᠤ᠋ᠨ ᠬᠠᠨᠳᠤᠰᠢ ᠪᠦᠲᠦᠮᠵᠢᠲᠡᠢ ᠨᠠᠮᠳᠠᠵᠤ᠂ ᠥᠪᠥᠷ ᠮᠣᠩᠭᠣᠯ ᠤᠨ ᠬᠢᠯᠢ᠎ᠶ᠋ᠢᠨ ᠱᠤᠭᠤᠮ ᠶᠠᠭ ᠱᠢᠨ᠎ᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ ᠪᠤᠢ᠃
ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭᠯᠡᠯ
ᠭᠣᠪᠢ ᠨᠤᠲᠤᠭ ᠲᠤ ᠢᠳᠡᠰᠢᠨ ᠨᠤᠭᠤᠭ᠎ᠠ ᠭᠠᠷᠭᠠᠬᠤ ᠪᠣᠯ ᠬᠢᠯᠢ ᠬᠢᠵᠠᠭᠠᠷ᠎ᠢ ᠬᠠᠮᠠᠭᠠᠯᠠᠬᠤ ᠮᠠᠯᠴᠢᠳ᠎ᠤᠨ ᠦᠶ᠎ᠡ ᠤᠯᠠᠷᠢᠨ ᠬᠦᠰᠡᠨ ᠬᠦᠯᠢᠶᠡᠵᠦ᠍ ᠪᠠᠢᠭ᠍ᠰᠠᠨ ᠶᠠᠪᠤᠳᠠᠯ ᠪᠤᠯᠤᠨ᠎ᠠ᠃ 《ᠢᠳᠡᠱᠢᠨ ᠨᠣᠭᠣᠭ᠎ᠠ ᠤᠯᠵᠤ ᠢᠳᠡᠬᠦ᠌᠎ᠳᠦ ᠬᠦᠴᠢᠷ》 ᠪᠠᠢᠭ᠍ᠰᠠᠨ᠎ᠡᠴᠡ᠎ᠪᠠᠨ 《ᠱᠢᠨ᠎ᠡ ᠰᠣᠷᠭᠣᠭ ᠢᠳᠡᠱᠢᠨ ᠨᠣᠭᠣᠭ᠎ᠠ ᠵᠢ ᠳᠤᠷ᠎ᠠ ᠪᠡᠷ᠎ᠵᠢᠡᠨ ᠢᠳᠡᠬᠦ ᠪᠤᠯᠤᠭᠰᠠᠨ》 ᠬᠦᠷᠲᠡᠯ᠎ᠡ᠂ ᠤᠯᠤᠰ᠎ᠡᠴᠡ ᠬᠢᠯᠢ ᠬᠢᠵᠠᠭᠠᠷ᠎ᠢ ᠬᠠᠮᠠᠭᠠᠯᠠᠵᠤ ᠪᠠᠢᠭ᠎ᠠ ᠬᠥᠮᠦᠰ ᠢ ᠳᠣᠲᠣᠨᠣ᠎ᠪᠠᠷ ᠬᠠᠯᠠᠮᠵᠢᠯᠠᠵᠤ ᠪᠠᠢᠬᠤ᠎ᠶ᠋ᠢ ᠢᠯᠡᠷᠡᠭᠦᠯᠪᠡ᠃ ᠲᠠᠳᠠ ᠢᠳᠡᠰᠢᠨ ᠨᠤᠭᠤᠭ᠎ᠠ ᠳᠠᠷᠢᠬᠤ᠎ᠶ᠋ᠢᠨ ᠬᠠᠮᠲᠤ ᠬᠡᠷ ᠣᠷᠣᠨ᠎ᠢᠶᠠᠨ ᠨᠠᠩ ᠬᠠᠢᠷᠠᠯᠠᠬᠤ ᠪᠤᠯᠵᠤ᠂ ᠬᠢᠯᠢ ᠬᠢᠵᠠᠭᠠᠷ᠎ᠢᠶᠠᠨ ᠬᠠᠮᠠᠭᠠᠯᠠᠬᠤ ᠢᠲᠡᠭᠡᠯ ᠵᠣᠷᠢᠭ ᠭᠦᠢᠴᠡᠳ ᠪᠣᠯᠵᠠᠶ᠃
ᠶᠠᠭ ᠲᠡᠷᠡ ᠬᠦ᠌ ᠬᠦᠯᠡᠮᠵᠢ ᠳᠦᠭᠦᠷᠡᠨᠭ ᠬᠦᠬᠡᠷᠡᠨ ᠤᠷᠭᠤᠭᠰᠠᠨ ᠢᠳᠡᠱᠢᠨ ᠨᠣᠭᠣᠭ᠎ᠠ ᠱᠢᠭ᠋ ᠵᠢᠡᠷ ᠬᠢᠯᠢ ᠬᠢᠵᠠᠭᠠᠷ ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠢᠨ ᠰᠠᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠨᠢ ᠶᠠᠭ ᠨᠢᠭᠡ ᠵᠦᠶ᠋ᠯ᠎ᠦᠨ ᠥᠭᠡᠳᠡᠯᠡᠨ ᠳᠠᠪᠱᠢᠬᠤ ᠠᠮᠢᠵᠢᠷᠠᠯ᠎ᠤᠨ ᠬᠦᠴᠦᠨᠪᠤᠯᠵᠦ ᠡᠬᠡ ᠤᠯᠤᠰ᠎ᠤᠨ ᠤᠮᠠᠷᠠᠲᠤ ᠬᠢᠯᠢ᠎ᠳᠦ ᠢᠳᠡᠷᠡᠭᠦᠨ᠎ᠢᠶᠡᠷ ᠦᠰᠦᠨ ᠪᠣᠢᠵᠢᠵᠤ ᠪᠠᠢᠨ᠎ᠠ᠃ ᠡᠨᠡ ᠬᠦ᠌ ᠨᠣᠮᠢᠨ ᠨᠣᠭᠣᠭᠠᠨ ᠥᠩᠭᠡ ᠨᠢ ᠨᠢᠭᠡᠨᠲᠡ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠠᠮᠤᠭ᠎ᠤᠨ ᠬᠠᠯᠠᠭᠤᠨ ᠳᠤᠯᠠᠭᠠᠨ ᠳᠡᠪᠢᠰᠭᠡᠷ ᠥᠩᠭᠡ ᠪᠣᠯᠤᠯ᠎ᠠ᠃