ᠬᠦᠬᠡᠬᠤᠳᠡ 4 ᠲᠠᠯ᠎ᠠ ᠵᠢᠨ ᠠᠵᠢᠯ ᠢ᠋ ᠰᠠᠢᠳᠤᠷ ᠬᠢᠵᠤ ᠦᠨᠳᠤᠷ ᠲᠦᠪᠰᠢᠨ ᠪᠦᠬᠦᠢ ᠨᠡᠬᠡᠬᠡᠯᠳᠡ ᠢ᠋ᠢ ᠪᠦᠬᠦ ᠬᠦᠴᠤᠨ ᠵᠢᠡᠷ ᠵᠢᠡᠨ ᠠᠬᠢᠭᠤᠯᠤᠨ᠎ᠡ
2026-04-13 09:20:53
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠬᠡᠨ ᠤ᠋ ᠠᠯᠪᠡᠨ ᠬᠡᠷ ᠤ᠋ᠨ 4 ᠰᠠᠷ᠎ᠡ ᠢ᠋ᠢᠨ 11 ᠤ᠋ ᠡᠳᠤᠷ ᠡᠷᠬᠢᠯᠡᠨ ᠬᠤᠷᠠᠯᠳᠤᠭᠤᠯᠤᠭᠰᠠᠨ ᠲᠤᠮᠳᠠᠳᠤ ᠤᠯᠤᠰ (ᠦᠪᠤᠷ ᠮᠤᠨᠭᠭᠤᠯ) ᠤ᠋ᠨ ᠴᠢᠯᠦᠬᠡᠳᠤ ᠠᠷᠠᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠲᠤᠬᠠᠢ ᠰᠤᠨᠢᠨ ᠮᠡᠳᠡᠬᠡ ᠨᠡᠢᠳᠡᠯᠡᠬᠦ ᠬᠤᠷᠡᠯ ᠡᠴᠡ ᠤᠢᠯᠠᠭᠠᠭᠰᠠᠨ ᠵᠢᠡᠷ᠂ ᠬᠦᠬᠡᠬᠤᠳᠡ ᠣᠷᠣᠨ ᠤ᠋ ᠲᠥᠪ ᠤ᠋ᠨ ᠳᠠᠪᠠᠭᠤᠯᠢᠭ ᠢ᠋ᠢᠡᠨ ᠪᠠᠳᠠᠷᠠᠭᠤᠯᠤᠨ ᠨᠡᠬᠡᠬᠡᠯᠳᠡᠳᠤ ᠲᠠᠪᠴᠠᠨᠭ᠌ ᠤ᠋ᠨ ᠪᠠᠢᠭᠤᠯᠤᠯᠳᠡ ᠢ᠋ᠢ ᠴᠢᠨᠭᠭᠠᠳᠬᠠᠬᠤ᠂ ᠤᠯᠠᠨ ᠤᠯᠤᠰ ᠤ᠋ᠨ ᠡᠳ᠋ ᠪᠠᠷᠠᠭᠠᠨ ᠤ᠋ ᠬᠦᠢᠯᠬᠡᠬᠡ ᠢ᠋ᠢᠨ ᠬᠦᠢᠰᠦ ᠢ᠋ᠢ ᠪᠠᠢᠭᠤᠯᠬᠤ᠂ ᠭᠠᠳᠠᠭᠠᠳᠤ ᠨᠡᠬᠡᠬᠡᠯᠳᠡ ᠢ᠋ᠢᠨ ᠴᠢᠳᠠᠪᠬᠢ ᠲᠡᠰ ᠢ᠋ ᠲᠡᠭᠡᠭᠰᠢᠯᠡᠬᠦᠯᠬᠦ᠂ ᠤᠨᠴᠠᠯᠢᠭᠳᠤ ᠠᠵᠤ ᠤᠢᠯᠡᠰ ᠤ᠋ᠨ ᠰᠢᠨ᠎ᠡ ᠢ᠋ᠢ ᠡᠬᠦᠳᠦᠨ ᠬᠦᠭᠵᠢᠬᠦᠯᠬᠦ ᠵᠡᠷᠬᠡ ᠲᠠᠯ᠎ᠠ ᠪᠡᠷ ᠲᠦᠷᠢᠮ ᠤ᠋ᠨ ᠰᠢᠨ᠎ᠡ ᠢ᠋ᠢ ᠡᠬᠦᠳᠬᠦ ᠢ᠋ᠢ ᠠᠬᠢᠭᠤᠯᠵᠤ᠂ ᠦᠨᠳᠤᠷ ᠲᠦᠪᠰᠢᠨ ᠪᠦᠬᠦᠢ ᠨᠡᠬᠡᠬᠡᠯᠳᠡ ᠢ᠋ᠢ ᠪᠦᠬᠦ ᠬᠦᠴᠦᠨ ᠢ᠋ᠢᠡᠷ ᠵᠢᠡᠨ ᠠᠬᠢᠭᠤᠯᠬᠤ ᠪᠡᠷ ᠪᠤᠢ᠃

ᠤᠢᠯᠠᠭᠠᠭᠰᠠᠨ ᠢ᠋ᠢᠡᠷ᠂ ᠲᠤᠮᠳᠠᠳᠤ ᠤᠯᠤᠰ (ᠦᠪᠤᠷ ᠮᠤᠨᠭᠭᠤᠯ) ᠤ᠋ᠨ ᠴᠢᠯᠦᠬᠡᠳᠤ ᠠᠷᠠᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠬᠥᠬᠡᠬᠣᠲᠠ ᠢ᠋ᠢᠨ ᠬᠡᠰᠡᠭ ᠤ᠋ᠨ ᠶᠡᠷᠦᠩᠬᠡᠶ ᠲᠠᠯᠠᠪᠠᠶ 76.28 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠶ ᠲᠠᠯᠠᠪᠠᠶ ᠢ᠋ᠢᠨ 63.7% ᠶ᠋ᠢ ᠡᠵᠡᠯᠡᠨ᠂ ᠭᠠᠵᠠᠷ ᠰᠣᠩᠭᠣᠬᠤ ᠬᠡᠪᠴᠢᠶ᠎ᠡ ᠨᠢ ᠠᠭᠠᠷ ᠤ᠋ᠨ ᠭᠠᠷᠠᠮ ᠪᠤᠯᠤᠨ ᠡᠬᠡ ᠬᠠᠭᠤᠷᠠᠶ ᠢ᠋ᠢᠨ ᠭᠠᠷᠠᠮ ᠬᠣᠶᠠᠷ ᠶᠡᠬᠡ ᠵᠠᠮ ᠬᠠᠷᠢᠯᠴᠠᠭᠠᠨ ᠤ᠋ ᠬᠦᠶ᠋ᠰᠦ ᠶ᠋ᠢ ᠬᠠᠮᠤᠷᠤᠭ᠍ᠰᠠᠨ ᠪᠥᠭᠡᠳ ᠪᠠᠰᠠ ᠬᠥᠬᠡᠬᠣᠲᠠ ᠢ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠢ᠋ᠢᠨ ᠲᠣᠭᠣᠷᠢᠭ᠂ ᠵᠢᠨᠱᠠᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠢ᠋ᠢᠨ ᠲᠣᠭᠣᠷᠢᠭ ᠪᠤᠯᠤᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠲᠣᠭᠣᠷᠢᠭ ᠵᠡᠷᠭᠡ ᠤᠯᠤᠰ ᠤ᠋ᠨ ᠲᠠᠰ ᠤ᠋ᠨ 3 ᠲᠠᠪᠴᠠᠩ ᠢ᠋ ᠬᠠᠮᠤᠷᠴᠠᠢ᠃ ᠬᠥᠬᠡᠬᠣᠲᠠ ᠢ᠋ᠢᠨ ᠬᠡᠰᠡᠭ ᠨᠢ ᠣᠷᠣᠨ ᠤ᠋ ᠲᠥᠪ ᠤ᠋ᠨ ᠶᠡᠷᠦᠩᠬᠡᠢᠯᠡᠭ᠌ᠰᠡᠨ ᠳᠠᠪᠠᠭᠤᠯᠢᠭ ᠲᠦ᠍ ᠰᠠᠭᠤᠷᠢᠯᠠᠨ᠂ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢᠨ ᠭᠤᠤᠯ ᠬᠦᠶ᠋ᠰᠦ᠂ ᠤᠨᠴᠠᠯᠢᠬ᠍ᠳᠤ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠶ᠋ᠢ ᠡᠭᠦᠳᠬᠦ᠌ ᠲᠦᠪᠯᠡᠷᠠᠯ ᠤᠷᠤᠨ ᠎ᠢ ᠪᠦᠲᠦᠭᠡᠨ ᠪᠠᠢᠭᠤᠯᠬᠤ ᠪᠤᠯᠤᠨ᠎ᠡ᠃

《ᠪᠢᠳᠡ 〈ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠶ ᠲᠥᠰᠦᠯ〉  ᠪᠠ 〈ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠢ᠋ ᠲᠡᠰ ᠲᠡᠪᠰᠢᠬᠦᠯᠬᠦ ᠪᠠᠢᠯᠳᠤᠬᠤ ᠪᠣᠳᠣᠯᠭ᠎ᠠ ᠶ᠋ᠢ ᠬᠡᠷᠡᠭ᠌ᠵᠢᠭᠦᠯᠬᠦ᠌ ᠲᠤᠬᠠᠶ ᠰᠠᠨᠠᠯ〉 ᠤ᠋ᠨ ᠱᠠᠭᠠᠷᠳᠠᠯᠭ᠎ᠠ ᠶᠣᠰᠣᠭᠠᠷ᠂ 〈5 ᠲᠥᠪ᠂ 1 ᠪᠠᠢᠯᠳᠤᠬᠤ ᠪᠣᠳᠣᠯᠭ᠎ᠠ ᠢ᠋ᠢᠨ ᠥᠨᠳᠥᠷᠯᠢᠭ᠂ 1 ᠵᠢᠱ᠌ᠢᠶ᠎ᠡ ᠦᠵᠡᠭᠦᠯᠬᠦ᠌ ᠣᠷᠣᠨ ᠪᠦᠰᠡ ᠪᠠ 1 ᠪᠠᠢᠯᠳᠤᠬᠤ ᠪᠣᠳᠣᠯᠭ᠎ᠠ ᠢ᠋ᠢᠨ ᠲᠤᠯᠭᠠᠭᠤᠷᠢᠯᠠᠬᠤ ᠴᠡᠭ〉 ᠢ᠋ ᠪᠠᠢᠭᠤᠯᠬᠤ ᠲᠣᠭᠣᠷᠢᠨ ᠳ᠋ᠤ᠌ ᠭᠤᠤᠯᠳᠠᠯᠭ᠎ᠠ ᠲᠠᠶ ᠥᠭᠡᠷᠡᠴᠢᠯᠡᠯᠲᠡ ᠢ᠋ᠢᠨ ᠲᠤᠷᠱᠢᠯᠲᠠ ᠢ᠋ᠢᠨ ᠴᠡᠭ ᠤ᠋ᠨ ᠡᠭᠦᠷᠭᠡ ᠳ᠋ᠤ ᠠᠩᠬᠠᠷᠤᠯ ᠢ᠋ᠢᠡᠨ ᠲᠦᠪᠯᠡᠷᠡᠬᠦᠯᠵᠤ᠂ 4 ᠲᠠᠯ᠎ᠠ ᠵᠢᠨ ᠠᠵᠢᠯ ᠢ᠋ ᠪᠦᠬᠦ ᠬᠦᠴᠦᠨ ᠵᠢᠡᠷ ᠵᠢᠡᠨ ᠰᠠᠢᠳᠤᠷ ᠬᠢᠨ᠎ᠠ》 ᠬᠡᠵᠤ ᠬᠦᠬᠡᠬᠤᠳᠡ ᠢ᠋ᠢᠨ ᠨᠡᠮ ᠤ᠋ᠨ ᠬᠤᠷᠢᠶ᠎ᠡ ᠢ᠋ᠢᠨ ᠲᠡᠳ᠋ ᠱᠦᠵᠢ᠂ ᠬᠤᠳᠡ ᠢ᠋ᠢᠨ ᠲᠠᠷᠤᠭ᠎ᠠ ᠡᡁᠸ ᠬᠠᠢ ᠳ᠋ᠦᠨᠭ ᠬᠦᠷᠦᠯᠴᠡᠨ ᠢᠷᠡᠭᠰᠡᠨ ᠰᠤᠷᠪᠤᠯᠵᠢᠯᠠᠭᠴᠢᠳ ᠲᠦ᠍   ᠲᠠᠨᠢᠯᠴᠠᠭᠤᠯᠪᠠ᠃

ᠨᠢᠬᠡ ᠳ᠋ᠤ᠌ ᠨᠡᠬᠡᠬᠡᠯᠳᠡᠳᠤ ᠲᠠᠪᠴᠠᠩ ᠤ᠋ᠨ ᠪᠠᠢᠭᠤᠯᠤᠯᠲᠠ ᠶ᠋ᠢ ᠪᠥᠬᠥ᠌ ᠲᠠᠯ᠎ᠠ ᠪᠠᠷ ᠴᠢᠩᠭᠠᠳᠭᠠᠨ᠎ᠠ᠃ ᠣᠯᠠᠨ ᠤᠯᠤᠰ ᠤ᠋ᠨ ᠠᠭᠠᠷ ᠤ᠋ᠨ ᠭᠠᠷᠠᠮ᠂ ᠡᠬᠡ ᠬᠠᠭᠤᠷᠠᠶ ᠢ᠋ᠢᠨ ᠭᠠᠷᠠᠮ ᠪᠤᠯᠤᠨ ᠤᠯᠤᠰ ᠤ᠋ᠨ ᠲᠠᠰ ᠤ᠋ᠨ ᠨᠡᠬᠡᠬᠡᠯᠳᠡᠳᠤ ᠲᠠᠪᠴᠠᠩ ᠳ᠋ᠤ᠌ ᠲᠦᠱᠢᠭ᠌ᠯᠡᠨ 《ᠵᠡᠭᠦᠨᠰᠢ ᠠᠭᠤᠰᠤᠯᠴᠠᠬᠤ᠂ ᠪᠠᠷᠠᠭᠤᠨᠰᠢ ᠬᠣᠯᠪᠣᠭᠠᠯᠠᠬᠤ᠂ ᠡᠮᠦᠨᠡᠰᠢ ᠨᠡᠪᠲᠡᠷᠡᠬᠦ᠌᠂ ᠤᠮᠠᠷᠠᠰᠢ ᠨᠡᠭᠡᠭᠡᠬᠦ᠌》 ᠪᠥᠬᠥ᠌ ᠲᠠᠯ᠎ᠠ ᠢ᠋ᠢᠨ ᠨᠡᠬᠡᠬᠡᠯᠳᠡᠳᠤ ᠬᠦᠭᠵᠢᠯᠳᠡ ᠢ᠋ᠢᠨ ᠱᠢᠨ᠎ᠡ ᠪᠠᠢᠷᠢᠱᠢᠯ ᠢ᠋ ᠲᠦᠷᠭᠡᠳᠭᠡᠨ ᠪᠠᠢᠭᠤᠯᠵᠤ᠂ ᠣᠷᠣᠨ ᠪᠦᠰᠡ ᠢ᠋ᠢᠨ ᠴᠢᠨᠠᠷᠲᠠᠶ ᠣᠯᠠᠨ ᠤᠯᠤᠰ ᠤ᠋ᠨ ᠠᠷᠠᠯᠵᠢᠶ᠎ᠠ᠂ ᠪᠠᠯᠠ ᠣᠷᠣᠭᠤᠯᠤᠯᠲᠠ᠂ ᠰᠣᠶᠣᠯ᠂ ᠡᠳ᠋ ᠪᠠᠷᠠᠭᠠᠨ ᠤ᠋ ᠭᠦᠶ᠋ᠯᠭᠡᠭᠡ ᠵᠡᠷᠭᠡ ᠬᠦᠶ᠋ᠰᠦ ᠢ᠋ᠢᠨ ᠲᠥᠪ ᠢ᠋ ᠪᠠᠢᠭᠤᠯᠤᠨ᠎ᠠ᠃

ᠬᠤᠶᠠᠷ ᠲᠦ᠍ ᠤᠯᠠᠨ ᠤᠯᠤᠰ ᠤ᠋ᠨ ᠡᠳ᠋ ᠪᠠᠷᠠᠭᠠᠨ ᠤ᠋ ᠬᠦᠢᠯᠬᠡᠬᠡ ᠢ᠋ᠢᠨ ᠬᠦᠢᠰᠦ ᠶ᠋ᠢ ᠪᠠᠢᠭᠤᠯᠤᠨ᠎ᠠ᠃ ᠤᠯᠠᠨ ᠤᠯᠤᠰ ᠤ᠋ᠨ ᠠᠭᠠᠷ ᠤ᠋ᠨ ᠠᠶᠠᠯᠠᠯ ᠤ᠋ᠨ ᠱᠤᠭᠤᠮ ᠤ᠋ᠨ ᠲᠣᠣᠷ ᠢ᠋ ᠦᠷᠭᠦᠯᠵᠢᠯᠡᠨ ᠱᠢᠯᠢᠳᠡᠭ᠌ᠵᠢᠭᠦᠯᠵᠦ᠍᠂ ᠠᠭᠠᠷ ᠤ᠋ᠨ ᠲᠡᠬᠡᠬᠡᠪᠤᠷᠢ ᠢ᠋ᠢᠨ ᠠᠵᠤ ᠠᠬᠤᠢ ᠶ᠋ᠢ ᠶᠡᠬᠡ ᠪᠡᠷ ᠬᠥᠭ᠌ᠵᠢᠭᠦᠯᠦᠨ᠂ ᠤᠯᠠᠨ ᠤᠯᠤᠰ ᠤ᠋ᠨ ᠠᠭᠠᠷ ᠤ᠋ᠨ ᠠᠶᠠᠯᠠᠯ  ᠤ᠋ᠨ ᠲᠦᠷᠭᠡᠨ ᠬᠦᠷᠬᠡᠯᠳᠡ ᠢ᠋ᠢᠨ ᠲᠥᠪ᠂ ᠤᠯᠠᠨ ᠤᠯᠤᠰ ᠤ᠋ᠨ ᠠᠭᠠᠷ ᠤ᠋ᠨ  ᠭᠠᠷᠠᠮ ᠤ᠋ᠨ ᠡᠳ᠋ ᠪᠠᠷᠠᠭᠠᠨ ᠤ᠋ ᠬᠦᠢᠯᠬᠡᠬᠡ ᠢ᠋ᠢᠨ ᠬᠦᠷᠢᠶᠡᠯᠡᠩ ᠲᠣᠭᠣᠷᠢᠭ ᠢ᠋ ᠪᠦᠳᠦᠬᠡᠨ ᠪᠠᠢᠭᠤᠯᠵᠤ᠂ ᠣᠷᠣᠨ ᠪᠦᠰᠡ ᠢ᠋ᠢᠨ ᠴᠢᠨᠠᠷᠲᠠᠢ ᠤᠯᠠᠨ ᠤᠯᠤᠰ ᠤ᠋ᠨ ᠱᠢᠦᠳᠠᠨ ᠤ᠋ ᠲᠦᠷᠭᠡᠨ ᠬᠦᠷᠬᠡᠯᠳᠡ ᠢ᠋ᠢᠨ ᠬᠦᠢᠰᠦ ᠶ᠋ᠢ ᠪᠠᠢᠭᠤᠯᠤᠨ᠎ᠠ; ᠡᠯᠡᠰᠤᠨ ᠨᠢᠷᠤᠭᠤ᠂ ᠲᠢᠶᠧ ᠲᠦᠩ ᠤ᠋ᠨ ᠣᠯᠠᠨ ᠤᠯᠤᠰ ᠤ᠋ᠨ ᠡᠬᠡ ᠬᠠᠭᠤᠷᠠᠶ ᠢ᠋ᠢᠨ ᠭᠠᠷᠠᠮ ᠳ᠋ᠤ᠌ ᠲᠦᠱᠢᠭ᠌ᠯᠡᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠵᠠᠨᠭᠬᠢᠯᠠᠭ᠎ᠠ ᠢ᠋ᠢᠨ ᠴᠡᠭ ᠤ᠋ᠨ ᠬᠣᠲᠠ ᠶ᠋ᠢ ᠲᠦᠷᠭᠡᠳᠭᠡᠨ ᠪᠠᠢᠭᠤᠯᠵᠤ᠂ 《ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ +》 ᠲᠣᠭ᠍ᠲᠠᠭ᠍ᠰᠠᠨ ᠳᠦᠷᠢᠮᠲᠦ ᠵᠢᠱᠢᠶᠠᠨ ᠤ᠋ ᠭᠠᠯᠲᠤ ᠲᠡᠷᠭᠡ ᠪᠤᠯᠤᠨ ᠬᠢᠯᠢ ᠠᠯᠤᠰᠯᠠᠭ᠍ᠰᠠᠨ ᠣᠯᠠᠨ ᠬᠡᠯᠪᠡᠷᠢ ᠢ᠋ᠢᠨ ᠬᠠᠮᠲᠤᠷᠠᠭ᠍ᠰᠠᠨ ᠲᠡᠭᠡᠭᠡᠪᠦᠷᠢ ᠶ᠋ᠢ ᠶᠡᠬᠡ ᠪᠡᠷ ᠬᠥᠭ᠌ᠵᠢᠭᠦᠯᠦᠨ᠎ᠡ᠃

ᠭᠤᠷᠪᠡ ᠳ᠋ᠤ᠌ ᠨᠡᠭᠡᠭᠡᠯᠲᠡ ᠢ᠋ᠢᠨ ᠠᠬᠢᠴᠡ ᠢ᠋ᠢ ᠦᠷᠭᠦᠯᠵᠢᠯᠡᠨ ᠲᠦᠷᠭᠡᠳᠭᠡᠨ᠎ᠡ᠃ ᠣᠷᠣᠨ ᠤ᠋ ᠲᠥᠪ ᠤ᠋ᠨ ᠣᠷᠣᠨ ᠪᠠᠢᠷᠢ ᠪᠠ ᠠᠵᠤ ᠦᠶ᠋ᠯᠡᠰ ᠤ᠋ᠨ ᠳᠠᠪᠠᠭᠤᠯᠢᠭ ᠲᠠᠭᠠᠨ ᠲᠦᠱᠢᠭ᠌ᠯᠡᠨ ᠬᠤᠤᠰ ᠴᠢᠭ᠌ᠯᠡᠯ ᠤ᠋ᠨ ᠪᠡᠯᠡ ᠤᠷᠤᠭᠤᠯᠤᠯᠳᠡ ᠢ᠋ᠢᠨ ᠬᠠᠮᠳᠤᠷᠠᠯᠴᠠᠭᠠᠨ ᠤ᠋ ᠶᠠᠰᠤ ᠴᠢᠨᠠᠷ ᠦᠷ᠎ᠡ ᠠᠰᠢᠭ ᠢ᠋ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠢᠳᠡᠬᠡᠨ ᠢ᠋ ᠭᠠᠳᠠᠭᠠᠳᠤ ᠡᠴᠡ ᠣᠷᠣᠭᠤᠯᠬᠤ᠎ᠶ᠋ᠢ ᠥᠷᠭᠡᠳᠭᠡᠨ᠂ ᠨᠥᠬᠥᠴᠡᠯ ᠲᠡᠶ ᠠᠵᠤ ᠠᠬᠤᠢᠯᠠᠯ ᠤ᠋ᠨ ᠭᠠᠷ ᠳᠠᠮᠵᠢᠭ᠍ᠰᠠᠨ ᠮᠠᠱᠢᠨ ᠲᠡᠷᠭᠡ ᠶ᠋ᠢ ᠭᠠᠳᠠᠭᠠᠳᠤ ᠳ᠋ᠤ᠌ ᠭᠠᠷᠭᠠᠵᠤ ᠳᠡᠯᠭᠡᠨ ᠪᠣᠷᠣᠯᠠᠭᠤᠯᠬᠤ ᠲᠥᠪ ᠪᠠ ᠪᠣᠷᠣᠯᠠᠭᠤᠯᠤᠭ᠍ᠰᠠᠨ ᠤ᠋ ᠳᠠᠷᠠᠭᠠᠬᠢ ᠰᠡᠯᠪᠢᠨ ᠵᠠᠰᠠᠬᠤ ᠲᠥᠪ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃

ᠲᠦᠷᠪᠡ ᠳ᠋ᠤ᠌ ᠣᠨᠴᠠᠯᠢᠭ᠍ᠲᠤ ᠠᠵᠤ ᠦᠢᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ᠃ 《ᠵᠢᠷᠭᠤᠭᠠᠨ ᠶᠡᠬᠡ ᠠᠵᠤ ᠦᠶ᠋ᠯᠡᠰ ᠤ᠋ᠨ ᠪᠦᠯᠦᠭᠵᠢᠯ》 ᠤ᠋ᠨ ᠴᠢᠨᠠᠷ ᠰᠠᠢᠲᠠᠶ ᠬᠥᠭ᠌ᠵᠢᠯᠲᠡ᠂ ᠮᠠᠯ ᠠᠵᠤ ᠲᠠᠷᠢᠶᠠᠯᠠᠩ ᠰᠣᠶᠣᠯ ᠵᠢᠭᠤᠯᠴᠢᠯᠠᠯ  ᠪᠡᠶ᠎ᠡ ᠢ᠋ᠢᠨ ᠲᠠᠮᠢᠷ ᠠᠷᠠᠯᠵᠢᠶ᠎ᠡ ᠬᠤᠳᠠᠯᠳᠤᠭ᠎ᠠ ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠶ᠋ᠢ ᠠᠬᠢᠭᠤᠯᠵᠤ᠂ ᠰᠦ ᠢ᠋ᠢᠨ ᠦᠶ᠋ᠯᠡᠰ ᠤ᠋ᠨ ᠱᠢᠨ᠎ᠡ ᠶ᠋ᠢ ᠡᠬᠦᠳᠬᠦ ᠬᠦᠭᠵᠢᠯᠳᠡ ᠢ᠋ᠢᠨ ᠲᠣᠭᠣᠷᠢᠨ ᠳ᠋ᠤ᠌ ᠰᠦ ᠢ᠋ᠢᠨ ᠦᠶ᠋ᠯᠡᠰ ᠤ᠋ᠨ ᠣᠶᠤᠨᠴᠢ ᠤᠢᠯᠡᠳᠬᠡᠯ ᠤ᠋ᠨ ᠲᠣᠨᠣᠭ ᠲᠥᠬᠥᠭᠡᠷᠦᠮᠵᠢ ᠶ᠋ᠢ ᠰᠤᠳᠤᠯᠤᠨ ᠨᠡᠭᠡᠭᠡᠬᠦ᠌ ᠪᠠ ᠭᠤᠤᠯᠳᠠᠯᠭ᠎ᠠ ᠲᠠᠶ ᠮᠡᠷᠭᠡᠵᠢᠯ ᠤ᠋ᠨ ᠪᠣᠭᠣᠮᠲᠠ ᠱᠢᠪᠲᠤᠯᠤᠯᠳᠠ ᠵᠢ ᠥᠷᠨᠢᠭᠦᠯᠦᠨ᠎ᠡ; ᠪᠣᠬᠢᠷᠲᠤᠯ ᠥᠬᠡᠶ ᠪᠤᠳᠤᠯᠳᠡ ᠢ᠋ᠢᠨ ᠬᠦᠴᠦᠨ᠂ ᠵᠣᠬᠢᠶᠠᠮᠠᠯ ᠣᠶᠤᠨ ᠴᠢᠳᠠᠪᠤᠷᠢ ᠢ᠋ᠢᠨ ᠱᠢᠨ᠎ᠡ ᠶ᠋ᠢ ᠡᠭᠦᠳᠬᠦ᠌ ᠬᠥᠭ᠌ᠵᠢᠯᠲᠡ ᠢ᠋ᠢᠨ ᠲᠣᠭᠣᠷᠢᠨ ᠳ᠋ᠤ᠌ ᠥᠪᠥᠷ ᠮᠣᠩᠭᠣᠯ ᠤ᠋ᠨ ᠳ᠋ᠠᠢᠲ᠋ᠠ ᠢ᠋ᠢᠨ ᠠᠷᠠᠯᠵᠢᠶᠠᠨ ᠤ᠋ ᠲᠥᠪ ᠪᠤᠯᠤᠨ 《ᠪᠥᠬᠥ᠌ ᠤᠯᠤᠰ ᠤ᠋ᠨ ᠨᠢᠭᠡ ᠴᠣᠭ᠍ᠴᠠᠵᠢᠭᠤᠯᠤᠭ᠍ᠰᠠᠨ ᠪᠤᠳᠤᠯᠳᠡ ᠢ᠋ᠢᠨ ᠬᠦᠴᠦᠨ ᠤ᠋ ᠲᠤᠤᠷ》 ᠤ᠋ᠨ ᠥᠪᠥᠷ ᠮᠣᠩᠭᠣᠯ ᠤ᠋ᠨ ᠬᠣᠷᠢᠨᠭᠡᠷ ᠤ᠋ᠨ ᠳ᠋ᠠᠢᠲ᠋ᠠ ᠢ᠋ᠢᠨ ᠲᠥᠪ ᠤ᠋ᠨ ᠪᠦᠯᠦᠭᠵᠢᠯ ᠢ᠋ ᠲᠦᠷᠭᠡᠳᠭᠡᠨ ᠪᠠᠢᠭᠤᠯᠤᠨ᠎ᠠ; ᠠᠮᠢᠳᠤ ᠪᠣᠳᠠᠰ ᠤ᠋ᠨ ᠦᠶ᠋ᠯᠡᠳᠬᠡᠯ ᠤ᠋ᠨ ᠱᠢᠨ᠎ᠡ ᠶ᠋ᠢ ᠡᠬᠦᠳᠬᠦ ᠬᠦᠭᠵᠢᠯᠳᠡ ᠶ᠋ᠢᠨ ᠲᠣᠭᠣᠷᠢᠨ ᠳ᠋ᠤ᠌ ᠱᠢᠯᠦᠬᠡᠶ ᠡᠪᠡᠳᠴᠢᠨ ᠵᠡᠷᠭᠡ ᠠᠮᠢᠲᠠᠨ ᠤ᠋ ᠸᠠᠺᠼᠢᠨ ᠢ᠋ ᠤᠯᠤᠰ ᠤ᠋ᠨ ᠳᠣᠲᠣᠭᠠᠳᠤ ᠳ᠋ᠤ᠌ ᠳᠡᠯᠭᠡᠷᠡᠭᠦᠯᠬᠦ᠌ ᠪᠠ  《ᠭᠠᠷᠴᠤ᠌ ᠶᠠᠪᠤᠬᠤ》 ᠶ᠋ᠢ ᠲᠦᠷᠭᠡᠳᠭᠡᠨ᠎ᠡ; ᠡᠨᠧᠷᠭᠢ ᠴᠠᠬᠢᠯᠭᠠᠨ ᠬᠦᠴᠦᠨ ᠤ᠋ ᠱᠢᠨ᠎ᠡ᠎ᠶ᠋ᠢ ᠡᠭᠦᠳᠬᠦ᠌ ᠬᠥᠭ᠌ᠵᠢᠯᠲᠡ ᠢ᠋ᠢᠨ ᠲᠣᠭᠣᠷᠢᠨ ᠳ᠋ᠤ᠌ ᠱᠢᠨ᠎ᠡ ᠬᠡᠯᠪᠡᠷᠢ ᠢ᠋ᠢᠨ ᠴᠠᠬᠢᠯᠭᠠᠨ ᠬᠦᠴᠦᠨ ᠤ᠋ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠥᠪ ᠤ᠋ᠨ ᠪᠣᠬᠢᠷᠲᠤᠯ ᠥᠬᠡᠶ ᠴᠠᠬᠢᠯᠭᠠᠨ ᠬᠦᠴᠦᠨ ᠤ᠋ ᠦᠨᠡᠮᠯᠡᠯ ᠤ᠋ᠨ ᠠᠷᠠᠯᠵᠢᠶ᠎ᠠ ᠪᠠ ᠣᠯᠠᠨ ᠤᠯᠤᠰ ᠤ᠋ᠨ ᠭᠡᠷᠡᠴᠢᠯᠡᠭᠡ ᠢ᠋ᠢᠨ ᠬᠠᠮᠲᠤᠷᠠᠯᠴᠠᠭ᠎ᠠ ᠥᠷᠨᠢᠭᠦᠯᠬᠦ᠌᠎ᠶ᠋ᠢ ᠠᠬᠢᠭᠤᠯᠤᠨ᠎ᠠ; ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠢ᠋ᠢᠨ ᠲᠠᠮᠢᠷ ᠠᠷᠠᠯᠵᠢᠶ᠎ᠡ ᠬᠤᠳᠠᠯᠳᠤᠭ᠎ᠠ ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠲᠣᠭᠣᠷᠢᠨ ᠳ᠋ᠤ᠌ ᠣᠲᠣ ᠦᠶ᠎ᠡ ᠢ᠋ᠢᠨ ᠮᠠᠯ ᠠᠵᠤ ᠠᠬᠤᠶ ᠲᠠᠷᠢᠶᠠᠯᠠᠩ ᠤ᠋ᠨ ᠬᠡᠷᠡᠭ᠌ᠯᠡᠭᠡ ᠢ᠋ᠢᠨ ᠱᠢᠨ᠎ᠡ ᠪᠠᠢᠳᠠᠯ ᠢ᠋ ᠥᠷᠭᠡᠳᠭᠡᠵᠦ᠍᠂ ᠮᠠᠯ ᠠᠵᠤ ᠠᠬᠤᠶ ᠲᠠᠷᠢᠶᠠᠯᠠᠩ ᠬᠢᠭᠡᠳ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠠᠵᠤ ᠦᠶ᠋ᠯᠡᠰ ᠤ᠋ᠨ ᠬᠦᠨᠵᠡᠬᠡᠢ ᠠᠭᠤᠰᠤᠯᠴᠠᠯ ᠢ᠋ ᠠᠬᠢᠭᠤᠯᠤᠨ᠎ᠠ᠃

ᠡᠭᠦᠨ ᠡᠴᠡ ᠭᠠᠳᠠᠨ᠎ᠠ᠂ ᠪᠥᠬᠥ᠌ ᠤᠯᠤᠰ ᠤ᠋ᠨ ᠨᠢᠭᠡ ᠴᠣᠭ᠍ᠴᠠᠵᠢᠭᠤᠯᠤᠭ᠍ᠰᠠᠨ ᠪᠤᠳᠤᠯᠳᠡ ᠢ᠋ᠢᠨ ᠬᠦᠴᠦᠨ ᠤ᠋ ᠲᠤᠤᠷ ᠤ᠋ᠨ ᠥᠪᠥᠷ ᠮᠣᠩᠭᠣᠯ ᠤ᠋ᠨ ᠬᠦᠶ᠋ᠰᠦ᠎ᠴᠡᠭ ᠢ᠋ ᠲᠦᠷᠭᠡᠳᠭᠡᠨ ᠪᠠᠢᠭᠤᠯᠵᠤ᠂ ᠪᠤᠳᠤᠯᠳᠡ ᠢ᠋ᠢᠨ ᠬᠦᠴᠦᠨ ᠤ᠋ ᠬᠦᠶ᠋ᠰᠦ ᠢ᠋ᠢᠨ ᠢᠨᠲ᠋ᠧᠷ ᠰᠦᠯᠵᠢᠶ᠎ᠡ ᠢ᠋ᠢᠨ ᠲᠥᠪ ᠢ᠋ ᠰᠦᠪᠡᠭ᠌ᠴᠢᠯᠡᠨ ᠪᠠᠢᠭᠤᠯᠵᠤ᠂ ᠣᠷᠣᠨ ᠤ᠋ ᠲᠥᠪ ᠤ᠋ᠨ ᠪᠤᠳᠤᠯᠳᠡ ᠢ᠋ᠢᠨ ᠬᠦᠴᠦᠨ ᠤ᠋ ᠡᠬᠢ ᠪᠠᠶᠠᠯᠢᠭ ᠤ᠋ᠨ ᠲᠦᠪᠯᠡᠷᠡᠯ᠂ ᠴᠢᠮᠡᠭᠡ ᠬᠣᠯᠪᠣᠭ᠎ᠠ ᠢ᠋ᠢᠨ ᠲᠤᠤᠷ ᠰᠦᠯᠵᠢᠶ᠎ᠡ ᠢ᠋ᠢᠨ ᠱᠢᠭᠤᠳ ᠬᠣᠯᠪᠣᠭᠠᠯᠠᠯ᠂ ᠪᠤᠳᠤᠯᠳᠡ ᠢ᠋ᠢᠨ ᠬᠦᠴᠦᠨ ᠤ᠋ ᠬᠠᠷᠢᠯᠴᠠᠨ ᠬᠣᠯᠪᠣᠭᠠᠯᠠᠵᠤ ᠳᠣᠭᠢᠷᠠᠭᠤᠯᠬᠤ ᠶ᠋ᠢ ᠲᠤᠯᠭᠠᠭᠤᠷᠢᠯᠠᠵᠤ᠂ ᠤᠯᠤᠰ ᠤ᠋ᠨ ᠴᠢᠬᠤᠯᠠ ᠪᠣᠬᠢᠷᠲᠤᠯ ᠥᠬᠡᠶ ᠪᠤᠳᠤᠯᠳᠡ ᠢ᠋ᠢᠨ ᠬᠦᠴᠦᠨ ᠤ᠋ ᠪᠠᠲᠤᠯᠠᠭ᠎ᠠ ᠢ᠋ᠢᠨ ᠰᠠᠭᠤᠷᠢᠨ ᠢ᠋ ᠥᠨᠳᠥᠷ ᠪᠠᠷᠢᠮᠵᠢᠶ᠎ᠠ ᠪᠠᠷ ᠪᠥᠲᠥᠭᠡᠨ ᠪᠠᠢᠭᠤᠯᠬᠤ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号