ᠥᠭᠡᠷᠡᠴᠢᠯᠡᠯᠲᠡ ᠨᠡᠭᠡᠭᠡᠯᠲᠡ᠎ᠶ᠋ᠢᠨ ᠡᠷᠴᠢ ᠴᠢᠩᠭᠠᠷᠠᠵᠦ ᠠᠴᠢ ᠡᠨᠡᠷᠢᠯ᠎ᠳᠤ ᠲᠠᠯᠠᠷᠬᠠᠨ ᠡᠷᠡᠮᠡᠭᠡᠢᠯᠡᠨ ᠤᠷᠤᠭᠰᠢᠯᠠᠵᠤ ᠱᠢᠨ᠎ᠡ ᠠᠶᠠᠨ᠎ᠢᠶᠠᠨ ᠳᠠᠬᠢᠨ ᠡᠬᠢᠯᠡᠭᠦᠯᠦᠨ᠎ᠡ
2026-04-13 09:21:28
ᠵᠣᠬᠢᠶᠠᠭ᠍ᠴᠢ᠄
ᠵᠧᠩ ᠱᠢᠤᠸᠠᠢ ᠯᠢᠶᠠᠩ ᠯᠢᠶᠠᠩ ᠯᠢᠶᠠᠩ ᠪᠠᠶᠠᠰᠭᠤᠯᠠᠩ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠎ᠤ ᠲᠤᠷᠱᠢᠯᠲᠠ ᠎ᠶ᠋ᠢᠨ ᠣᠷᠣᠨ ᠴᠤᠬᠤᠯᠠᠪᠤᠷᠢᠯᠠᠬᠳᠠᠬᠰᠠᠨ ᠶᠠᠪᠤᠳᠠᠯ ᠮᠠᠨ ᠎ᠤ ᠣᠷᠣᠨ ᠎ᠳᠤ ᠬᠠᠯᠠᠭᠤᠨ ᠲᠤᠰᠭᠠᠯ ᠭᠠᠷᠪᠠ


ᠥᠭᠡᠷᠡᠴᠢᠯᠡᠯᠲᠡ ᠪᠡᠷ ᠰᠢᠨ᠎ᠡ ᠪᠠᠢᠳᠠᠯ᠎ᠢ ᠡᠭᠦᠳᠴᠦ᠂ ᠨᠡᠭᠡᠭᠡᠯᠲᠡ ᠪᠡᠷ ᠡᠨᠧᠷᠭᠢ ᠣᠯᠭᠣᠨ᠎ᠡ᠃ 4 ᠰᠠᠷ᠎ᠠ᠎ᠶ᠋ᠢᠨ 11 ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ ᠎ᠶ᠋ᠢᠨ ᠣᠷᠣᠨ᠎ᠤ ᠫᠠᠢᠰᠠ ᠰᠡᠬᠦᠬᠦ᠌ ᠶᠣᠰᠣᠯᠠᠯ ᠵᠢᠴᠢ ᠪᠥᠲᠥᠭᠡᠨ ᠪᠠᠢᠭᠤᠯᠤᠯᠲᠠ᠎ᠶ᠋ᠢᠨ ᠳᠠᠢᠴᠢᠯᠠᠯᠲᠠ ᠎ᠶ᠋ᠢᠨ ᠶᠡᠬᠡ ᠬᠤᠷᠠᠯ ᠬᠥᠬᠡᠬᠣᠲᠠ᠎ᠳᠤ ᠶᠠᠪᠤᠭ᠍ᠳᠠᠪᠠ᠃ ᠡᠨᠡ ᠬᠦ᠌ ᠥᠪᠥᠷ ᠮᠣᠩᠭᠣᠯ ᠎ᠤᠨ ᠥᠭᠡᠷᠡᠴᠢᠯᠡᠯᠲᠡ ᠨᠡᠭᠡᠭᠡᠯᠲᠡ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠠᠬᠢᠴᠠ ᠳᠤᠮᠳᠠᠬᠢ ᠪᠡᠯᠭᠡ ᠲᠡᠮᠳᠡᠭ ᠎ᠦᠨ ᠠᠴᠢ ᠬᠣᠯᠪᠣᠭ᠍ᠳᠠᠯ᠎ᠪᠦᠬᠦᠶ ᠶᠡᠬᠡ ᠶᠠᠪᠤᠳᠠᠯ᠎ᠨᠢ ᠮᠠᠨ᠎ᠤ ᠣᠷᠣᠨ᠎ᠳᠤ ᠬᠠᠯᠠᠭᠤᠨ ᠲᠤᠰᠭᠠᠯ ᠭᠠᠷᠪᠠ᠃

ᠬᠥᠬᠡᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠲᠠᠨ ᠵᠢᠨ ᠯᠦᠩ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠬᠥᠬᠡᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠍᠂ ᠠᠵᠤ ᠠᠬᠤᠶ᠂ ᠰᠣᠶᠣᠯ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠂ ᠮᠥᠩᠭᠥᠨ ᠭᠦᠶ᠋ᠯᠭᠡᠭᠡᠨ᠎ᠦ ᠲᠥᠪ ᠪᠣᠯᠤᠭ᠍ᠰᠠᠨ᠎ᠤ ᠬᠤᠪᠢ᠎ᠳᠤ᠂ ᠤᠮᠠᠷᠠᠲᠤ ᠣᠷᠣᠨ᠎ᠤ ᠴᠢᠬᠤᠯᠠ ᠲᠥᠪ ᠬᠣᠲᠠ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠨᠡᠭᠡᠭᠡᠯᠲᠡ᠎ᠶ᠋ᠢᠨ ᠭᠤᠤᠯ ᠬᠥᠳᠡᠯᠭᠡᠭᠦᠷ ᠪᠣᠯᠤᠨ᠎ᠠ᠃ ᠬᠥᠬᠡᠬᠣᠲᠠ᠎ᠶ᠋ᠢᠨ ᠬᠡᠰᠡᠭ᠎ᠨᠢ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ᠂ ᠥᠭᠡᠷᠡᠴᠢᠯᠡᠯᠲᠡ ᠎ᠶ᠋ᠢᠨ ᠡᠭᠦᠷᠭᠡ᠎ᠶ᠋ᠢ ᠬᠠᠮᠤᠭ᠎ᠤᠨ ᠣᠯᠠᠨ ᠡᠭᠦᠷᠭᠡᠯᠡᠵᠦ ᠪᠠᠢᠭ᠎ᠠ ᠭᠤᠤᠯ ᠬᠡᠰᠡᠭ ᠪᠣᠯᠤᠭ᠍ᠰᠠᠨ ᠎ᠤ ᠬᠤᠪᠢ᠎ᠳᠤ᠂ ᠶᠡᠷᠦᠩᠬᠡᠶ ᠲᠠᠯᠠᠪᠠᠶ᠎ᠨᠢ  76.28 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠭᠠᠵᠠᠷ ᠰᠣᠩᠭᠣᠭᠰᠠᠨ ᠬᠡᠪᠴᠢᠶ᠎ᠡ᠎ᠨᠢ ᠠᠭᠠᠷ᠎ᠤᠨ ᠭᠠᠷᠠᠮ᠂ ᠡᠬᠡ ᠬᠠᠭᠤᠷᠠᠶ᠎ᠶ᠋ᠢᠨ ᠭᠠᠷᠠᠮ ᠬᠣᠶᠠᠷ ᠶᠡᠬᠡ ᠵᠠᠮ ᠬᠠᠷᠢᠯᠴᠠᠭᠠᠨ᠎ᠤ ᠬᠦᠶ᠋ᠰᠦ᠎ᠶ᠋ᠢ ᠬᠠᠮᠤᠷᠤᠭ᠍ᠰᠠᠨ ᠪᠥᠭᠡᠳ ᠪᠠᠰᠠ ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠂ ᠵᠢᠨᠱᠠᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠣᠭᠣᠷᠢᠭ᠂ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠤᠷᠤᠨ ᠵᠡᠷᠭᠡ ᠤᠯᠤᠰ᠎ᠤᠨ ᠲᠠᠰ᠎ᠤᠨ 3 ᠲᠠᠪᠴᠠᠩ ᠎ᠢ ᠪᠠᠭ᠍ᠲᠠᠭᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠭᠤᠤᠯ ᠬᠦᠶ᠋ᠰᠦ᠂ ᠤᠨᠴᠠᠯᠢᠬ᠍ᠳᠤ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ᠎ᠶ᠋ᠢ ᠡᠭᠦᠳᠬᠦ᠌ ᠲᠥᠪᠯᠡᠷᠡᠯ ᠣᠷᠣᠨ ᠎ᠢ ᠪᠠᠢᠭᠤᠯᠬᠤ ᠪᠠᠢᠷᠢ ᠲᠣᠭ᠍ᠲᠠᠭᠠᠯᠲᠠ ᠲᠠᠢ ᠶᠤᠮ ᠭᠡᠵᠦ ᠲᠠᠨᠢᠯᠴᠠᠭᠤᠯᠪᠠ᠃

《ᠢᠷᠡᠭᠡᠳᠦᠢ᠎ᠳᠦ᠂ ᠬᠥᠬᠡᠬᠣᠲᠠ᠎ᠶ᠋ᠢᠨ ᠬᠡᠰᠡᠭ ᠨᠢ ᠣᠷᠣᠨ᠎ᠤ ᠲᠥᠪ ᠪᠤᠯᠬᠤ ᠳᠠᠪᠠᠭᠤᠯᠢᠭ᠎ᠢᠶᠠᠨ ᠪᠠᠳᠠᠷᠠᠭᠤᠯᠵᠤ᠂ ᠤᠯᠠᠨ ᠤᠯᠤᠰ ᠎ᠤᠨ ᠡᠳ᠋ ᠪᠠᠷᠠᠭᠠᠨ᠎ᠤ ᠭᠦᠢᠯᠭᠡᠭᠡ᠎ᠶ᠋ᠢᠨ ᠬᠦᠢᠰᠦ᠎ᠶ᠋ᠢ ᠴᠣᠭ᠍ᠴᠠᠯᠠᠬᠤ᠂ ᠭᠠᠳᠠᠭᠠᠳᠤ ᠨᠡᠭᠡᠭᠡᠯᠳᠠ ᠎ᠶ᠋ᠢᠨ ᠴᠢᠳᠠᠪᠬᠢ ᠲᠡᠰ᠎ᠢ ᠳᠡᠭᠡᠭ᠌ᠰᠢᠯᠡᠭᠦᠯᠬᠦ᠌᠂ ᠤᠨᠴᠠᠯᠢᠬ᠍ᠳᠤ ᠠᠵᠤ ᠦᠢᠯᠡᠰ᠎ᠦᠨ ᠱᠢᠨ᠎ᠡ ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ ᠲᠦᠷᠢᠮ᠎ᠦᠨ ᠱᠢᠨ᠎ᠡ᠎ᠶ᠋ᠢ ᠡᠭᠦᠳᠬᠦ᠌ ᠎ᠶ᠋ᠢ ᠠᠬᠢᠭᠤᠯᠵᠤ᠂ ᠥᠨᠳᠥᠷ ᠲᠦᠪᠱᠢᠨ ᠪᠦᠬᠦᠢ ᠨᠡᠭᠡᠭᠡᠯᠳᠠ᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ》 ᠬᠡᠵᠦ ᠲᠠᠨ ᠵᠢᠨ ᠯᠦᠩ ᠬᠡᠯᠡᠪᠡ᠃ ᠲᠡᠷᠡ᠂ ᠤᠯᠤᠰ᠎ᠤᠨ ᠰᠥ᠎ᠶᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠤᠯᠤᠰ᠎ᠤᠨ ᠳᠡᠰ᠎ᠤᠨ ᠲᠠᠪᠴᠠᠩ᠎ᠳᠤ ᠲᠦᠱᠢᠭ᠌ᠯᠡᠵᠦ᠍᠂ ᠤᠨᠴᠠᠯᠢᠬ᠍ᠳᠤ ᠠᠵᠤ ᠦᠢᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠎ᠠ; ᠪᠥᠬᠥ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠪᠤᠳᠤᠯᠳᠠ᠎ᠶᠢᠨ ᠬᠦᠴᠦᠨ᠎ᠦ ᠲᠤᠤᠷ᠎ᠤᠨ ᠥᠪᠥᠷ ᠮᠣᠩᠭᠣᠯ᠎ᠤᠨ ᠬᠦᠢᠰᠦ ᠴᠡᠭ᠎ᠲᠦ ᠲᠦᠱᠢᠭ᠌ᠯᠡᠨ᠂ ᠤᠯᠤᠰ᠎ᠤᠨ ᠴᠢᠬᠤᠯᠠ ᠪᠣᠬᠢᠷᠲᠤᠯ ᠥᠬᠡᠶ ᠪᠤᠳᠤᠯᠳᠠ᠎ᠶᠢᠨ ᠬᠦᠴᠦᠨ᠎ᠦ ᠪᠠᠲᠤᠯᠠᠭ᠎ᠠ᠎ᠶ᠋ᠢᠨ ᠰᠠᠭᠤᠷᠢᠨ᠎ᠢ ᠪᠠᠢᠭᠤᠯᠤᠨ᠎ᠠ; ᠤᠯᠠᠨ ᠤᠯᠤᠰ᠎ᠤᠨ ᠠᠭᠠᠷ᠎ᠤᠨ ᠭᠠᠷᠠᠮ᠂ ᠡᠬᠡ ᠬᠠᠭᠤᠷᠠᠢ᠎ᠶ᠋ᠢᠨ ᠭᠠᠷᠠᠮ᠎ᠳᠤ ᠲᠦᠱᠢᠭ᠌ᠯᠡᠨ ᠠᠭᠠᠷ᠎ᠤᠨ ᠦᠢᠯᠡᠰ᠎ᠤᠨ ᠠᠵᠤ ᠠᠬᠤᠢ ᠪᠠ ᠤᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢ ᠲᠦᠷᠭᠡᠳᠬᠡᠨ ᠬᠥᠭ᠌ᠵᠢᠭᠦᠯᠵᠦ᠍᠂  ᠣᠷᠣᠨ ᠪᠦᠰᠡ᠎ᠶ᠋ᠢ ᠨᠦᠯᠦᠭᠡᠯᠡᠭᠰᠡᠨ ᠵᠠᠮ ᠬᠠᠷᠢᠯᠴᠠᠭ᠎ᠠ ᠡᠳ᠋ ᠪᠠᠷᠠᠭᠠᠨ᠎ᠤ ᠭᠦᠢᠯᠭᠡᠭᠡ ᠵᠢᠨ ᠲᠥᠪ ᠎ᠢ ᠪᠠᠢᠭᠤᠯᠤᠨ᠎ᠠ᠃ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠷᠭᠦᠯᠵᠢᠯᠡᠨ ᠠᠬᠢᠭᠤᠯᠬᠤ᠎ᠪᠠᠷ ᠳᠠᠮᠵᠢᠨ᠂ ᠣᠷᠣᠨ᠎ᠤ ᠲᠥᠪ᠎ᠦᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠴᠢᠳᠠᠪᠬᠢ ᠲᠠᠰ ᠬᠢᠭᠡᠳ ᠭᠤᠤᠯᠯᠠᠬᠤ ᠥᠷᠢᠰᠦᠯᠳᠦᠬᠦ᠌ ᠬᠦᠴᠦᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃

ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠴᠤᠬᠤᠯᠠᠪᠤᠷᠢᠯᠠᠬᠳᠠᠵᠦ᠂ ᠮᠠᠨᠵᠤᠤᠷ ᠨᠢᠭᠡ ᠬᠡᠰᠡᠭ᠎ᠨᠢ  ᠪᠣᠯᠤᠭ᠍ᠰᠠᠨ᠎ᠤ ᠬᠤᠪᠢ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠎ᠢ ᠤᠭ᠍ᠲᠤᠨ ᠠᠪᠴᠢᠷᠠᠪᠠ᠃ ᠮᠠᠨᠵᠤᠤᠷ ᠎ᠦᠨ ᠬᠡᠰᠡᠭ ᠎ᠤᠨ ᠭᠤᠶᠤᠴᠢᠯᠠᠨ ᠪᠠᠢᠭᠤᠯᠬᠤ  ᠠᠵᠢᠯ ᠎ᠤᠨ ᠳᠤᠭᠤᠢᠯᠠᠩ᠎ᠤᠨ ᠳᠠᠷᠤᠭ᠎ᠠ ᠵᠣᠣ ᠳ᠋ᠠᠨ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠎ᠤ ᠪᠦᠲᠦᠭᠡᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠤ᠂ ᠪᠡᠭᠡᠵᠢᠩ ᠥᠪᠥᠷ ᠮᠣᠩᠭᠣᠯ ᠬᠠᠮᠳᠤ ᠪᠡᠷ ᠬᠢᠯᠢ ᠳᠠᠭᠠᠤ᠎ᠶᠢᠨ ᠠᠵᠤ ᠦᠶ᠋ᠯᠡᠰ᠎ᠦᠨ ᠬᠠᠮᠵᠢᠯᠴᠠᠭᠠᠨ᠎ᠤ ᠬᠦᠷᠢᠶᠡᠯᠡᠩ ᠪᠠᠢᠭᠤᠯᠬᠤ ᠵᠡᠷᠭᠡ ᠨᠡᠭᠡᠭᠡᠯᠲᠡ᠎ᠶ᠋ᠢᠨ ᠲᠠᠪᠴᠠᠩ ᠯᠤᠭ᠎ᠠ ᠬᠤᠯᠪᠤᠭᠠᠯᠠᠨ᠂ ᠳᠦᠷᠢᠮ᠎ᠦᠨ ᠱᠢᠨ᠎ᠡ ᠵᠢ ᠡᠭᠦᠳᠬᠦ᠎ᠪᠡᠷ ᠭᠣᠣᠯ ᠪᠣᠯᠭᠠᠵᠤ᠂ ᠠᠵᠤ ᠦᠢᠯᠡᠰ᠎ᠦᠨ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠵᠤ᠂ ᠭᠤᠤᠯᠳᠠᠭᠤ ᠭᠠᠳᠠᠭᠠᠳᠤ ᠡᠴᠡ ᠣᠷᠣᠭᠤᠯᠤᠭ᠍ᠰᠠᠨ ᠡᠬᠢ ᠪᠠᠶᠠᠯᠢᠭ᠎ᠢ ᠨᠤᠳᠤᠬᠱᠢᠭᠤᠯᠤᠨ ᠪᠣᠯᠪᠠᠰᠤᠷᠠᠭᠤᠯᠬᠤ᠂ ᠬᠢᠯᠢ ᠠᠯᠤᠰᠯᠠᠭ᠍ᠰᠠᠨ ᠵᠢᠭᠤᠯᠴᠢᠯᠠᠯ᠂ ᠬᠢᠯᠢ ᠠᠯᠤᠰᠯᠠᠭ᠍ᠰᠠᠨ ᠮᠥᠩᠭᠥᠨ ᠭᠦᠢᠯᠭᠡᠭᠡᠨ᠂ ᠬᠢᠯᠢ᠎ᠶᠢᠨ ᠪᠣᠭᠣᠮᠲᠠ᠎ᠶ᠋ᠢᠨ ᠦᠶ᠋ᠯᠡᠴᠢᠯᠡᠭᠡᠨ᠎ᠦ ᠲᠠᠯ᠎ᠠ᠎ᠪᠠᠷ ᠱᠢᠨ᠎ᠡ᠎ᠶ᠋ᠢ ᠡᠭᠦᠳᠬᠦ ᠱᠢᠪᠲᠤᠯᠤᠯᠲᠠ᠎ᠶ᠋ᠢ ᠪᠡᠶᠡᠯᠡᠭᠦᠯᠵᠦ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ 《ᠬᠢᠯᠢ᠎ᠶ᠋ᠢᠨ ᠨᠡᠪᠲᠡᠷᠡᠯ ᠵᠠᠮ》 ᠎ᠡᠴᠡ 《ᠨᠡᠭᠡᠭᠡᠯᠲᠡ᠎ᠶ᠋ᠢᠨ ᠬᠦᠢᠰᠦ》 ᠲᠡᠢᠰᠢ ᠬᠤᠪᠢᠷᠠᠬᠤ᠎ᠶ᠋ᠢ ᠪᠡᠶᠡᠯᠡᠭᠦᠯᠵᠦ᠂ ᠵᠡᠭᠦᠨ ᠬᠣᠢᠲᠤ ᠠᠽᠢᠶ᠎ᠠ ᠪᠠ ᠧᠦ᠋ᠷᠣᠫᠠ ᠲᠢᠪ᠎ᠢ ᠨᠦᠯᠦᠭᠡᠯᠡᠬᠦ ᠴᠢᠬᠤᠯᠠ ᠴᠣᠩᠬᠣᠪᠴᠢ᠂ ᠳᠤᠮᠳᠠᠳᠤ ᠣᠷᠣᠰ ᠮᠣᠩᠭᠣᠯ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠴᠢᠬᠤᠯᠠ ᠲᠠᠪᠴᠠᠩ ᠢ᠋ ᠪᠠᠢᠭᠤᠯᠤᠨ᠎ᠡ᠃  ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠱᠢᠨ᠎ᠡ ᠪᠠᠢᠳᠠᠯ ᠡᠴᠡ ᠪᠣᠯᠤᠭ᠍ᠰᠠᠨ ᠳᠦᠷᠢᠮ᠎ᠦᠨ ᠵᠣᠯᠭᠠᠯᠴᠠᠭ᠎ᠠ᠂ ᠡᠬᠢ ᠪᠠᠶᠠᠯᠢᠭ᠎ᠢ ᠨᠡᠢᠳᠭᠡᠬᠦ ᠵᠡᠷᠭᠡ ᠲᠠᠯ᠎ᠠ᠎ᠶ᠋ᠢᠨ ᠥᠷᠢᠰᠥᠯᠳᠦᠭᠡᠨ᠎ᠦ ᠡᠮᠦᠨ᠎ᠡ᠂ ᠮᠠᠨᠵᠤᠤᠷ᠎ᠤᠨ ᠬᠢᠨ 《ᠦᠵᠦ᠍ ᠲᠥᠯᠥᠪᠯᠡᠭᠡ + ᠠᠵᠤ ᠦᠢᠯᠡᠰ ᠬᠣᠯᠪᠣᠭᠠᠯᠠᠨ ᠬᠥᠳᠡᠯᠦᠯᠴᠡᠬᠦ᠌》 ᠵᠢᠴᠢ ᠤᠷᠤᠰ ᠮᠣᠩᠭᠣᠯ ᠯᠤᠭ᠎ᠠ ᠵᠢᠨ ᠤᠯᠤᠯᠴᠠᠭ᠎ᠠ ᠵᠣᠬᠢᠴᠠᠭᠤᠯᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠡᠯ᠎ᠡ ᠵᠦᠢᠯ᠎ᠦᠨ ᠲᠤᠷᠱᠢᠯᠲᠠ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠬᠤ ᠪᠠ ᠤᠤᠭᠠᠯ ᠡᠭᠦᠳᠦᠯᠲᠡ᠎ᠶ᠋ᠢᠨ ᠴᠢᠨᠠᠷᠲᠠᠢ᠂ ᠬᠤᠷᠠᠮᠠᠯ ᠮᠠᠶᠢᠭ᠎ᠤᠨ᠂ ᠵᠦᠷᠢᠶᠡᠴᠢᠯᠡᠭ᠌ᠰᠡᠨ ᠰᠥᠪᠡᠭ᠌ᠴᠢᠯᠡᠯᠲᠡ ᠥᠷᠨᠢᠭᠦᠯᠬᠦ᠌᠎ᠶ᠋ᠢ ᠠᠬᠢᠭᠤᠯᠵᠤ᠂ 《ᠮᠠᠨᠵᠤᠤᠷ᠎ᠤᠨ e ᠦᠢᠯᠡᠴᠢᠯᠡᠭᠡ》᠂ 《ᠮᠠᠨᠵᠤᠤᠷ᠎ᠤᠨ e ᠬᠦᠷᠭᠡᠯᠳᠡ》᠂ 《ᠮᠠᠨᠵᠤᠤᠷ ᠎ᠤᠨ ᠬᠠᠷᠢᠯᠴᠠᠨ ᠨᠡᠪᠲᠡᠷᠡᠯᠴᠡᠬᠡ》 ᠮᠠᠨᠵᠤᠤᠷ᠎ᠤᠨ ᠤᠨᠴᠠᠯᠢᠬ᠍ᠳᠤ ᠳᠦᠷᠢᠮ᠎ᠦᠨ ᠱᠢᠨ᠎ᠡ᠎ᠶ᠋ᠢ ᠡᠭᠦᠳᠦᠭ᠌ᠰᠡᠨ ᠬᠡᠷᠡᠭ᠎ᠦᠨ ᠵᠢᠱ᠌ᠢᠶ᠎ᠡ᠎ᠶ᠋ᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠴᠢᠨᠠᠭ᠍ᠰᠢᠯᠠᠪᠠᠯ ᠤᠯᠤᠰ᠂ ᠢᠯᠠᠩᠭᠤᠶ᠎ᠠ ᠬᠢᠯᠢ ᠳᠠᠭᠠᠤ᠎ᠶᠢᠨ ᠨᠡᠬᠡᠬᠡᠯᠳᠡ ᠬᠢᠭ᠌ᠦ ᠭᠠᠵᠠᠷ ᠣᠷᠣᠨ᠎ᠳᠤ《ᠮᠠᠨᠵᠤᠤᠷ᠎ᠤᠨ ᠲᠤᠷᠱᠢᠯᠭ᠎ᠠ》 ᠵᠢ ᠬᠠᠩᠭᠠᠬᠤ ᠪᠣᠯᠤᠨ᠎ᠠ ᠭᠡᠵᠦ ᠢᠯᠡᠳᠬᠡᠪᠡ᠃

ᠬᠢᠯᠢ ᠵᠢᠨ ᠪᠣᠭᠣᠮᠲᠠ᠎ᠡᠴᠡ ᠬᠣᠶᠠᠷ ᠺᠢᠯᠣᠮᠧᠲᠷ ᠵᠠᠢᠲᠠᠢ ᠪᠠᠢᠭ᠎ᠠ ᠡᠷᠢᠶᠡᠨ ᠪᠣᠭᠣᠮᠲᠠ᠎ᠶᠢᠨ ᠵᠢᠯᠤᠭᠣᠳᠬᠤ ᠲᠥᠪ᠎ᠲᠦ᠂ ᠠᠵᠢᠯᠲᠠᠳ ᠠᠯᠤᠰ᠎ᠡᠴᠡ ᠪᠠᠢᠴᠠᠭᠠᠨ ᠰᠢᠯᠭᠠᠬᠤ ᠰᠢᠰᠲᠧᠮ᠎ᠢᠶᠡᠷ ᠳᠠᠮᠵᠢᠭᠤᠯᠤᠨ ᠲᠤᠬᠠᠢ᠎ᠶᠢᠨ ᠲᠠᠯᠠᠪᠤᠷ ᠲᠡᠬᠢ ᠪᠠᠢᠴᠠᠭᠠᠨ ᠰᠢᠯᠭᠠᠬᠤ ᠬᠥᠮᠥᠰ᠎ᠲᠠᠢ ᠴᠠᠭ ᠲᠤᠬᠠᠢ ᠳ᠋ᠤᠨᠢ ᠬᠣᠯᠪᠤᠭᠠᠯᠠᠨ ᠬᠥᠳᠡᠯᠦᠯᠴᠡᠵᠦ᠂ ᠪᠠᠷᠠᠭᠠᠨ᠎ᠤ ᠪᠠᠢᠴᠠᠭᠠᠨ ᠰᠢᠯᠭᠠᠯᠲᠠ᠎ᠶᠢᠨ《ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ + ᠪᠤᠲᠠᠳᠤ ᠴᠤᠭᠴᠠ᠎ᠳᠦ ᠬᠠᠷᠭᠤᠭᠤᠯᠤᠨ ᠲᠠᠯᠪᠢᠬᠤ》 ᠥᠨᠳᠥᠷ ᠪᠦᠲᠦᠮᠵᠢᠲᠡᠶ ᠬᠠᠮᠵᠢᠯᠴᠠᠭ᠎ᠠ᠎ᠶᠢ ᠪᠡᠶᠡᠯᠡᠭᠦᠯᠵᠦ᠂ ᠪᠣᠭᠣᠮᠲᠠ᠎ᠪᠠᠷ ᠥᠩᠭᠡᠷᠡᠬᠦ ᠴᠠᠭ᠎ᠢ ᠶᠡᠬᠡ᠎ᠪᠡᠷ ᠪᠤᠭᠤᠨᠢᠰᠬᠠᠪᠠ᠃ ᠪᠣᠭᠣᠮᠲᠠ ᠎ᠪᠠᠷ ᠥᠩᠭᠡᠷᠡᠬᠦ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠵᠦ᠂ ᠬᠢᠯᠢ ᠵᠢᠨ ᠪᠣᠭᠣᠮᠲᠠ ᠎ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ᠎ᠶᠢᠨ ᠲᠣᠭᠲᠠᠭᠤᠨ᠎ᠢᠶᠠᠷ ᠨᠡᠮᠡᠭᠳᠡᠬᠦ᠎ᠶᠢ ᠠᠬᠢᠭᠤᠯᠪᠠ᠃ ᠡᠨᠡ ᠵᠢᠯ᠎ᠦᠨ ᠲᠦᠷᠦᠭᠦᠦ ᠤᠯᠠᠷᠢᠯ᠎ᠳᠤ᠂ ᠡᠷᠢᠶᠡᠨ ᠬᠢᠯᠢ ᠵᠢᠨ  ᠪᠣᠭᠣᠮᠲᠠ᠎ᠶᠢᠨ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 520.7 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.5% ᠪᠡᠷ ᠨᠡᠮᠡᠭᠳᠡᠪᠡ᠃ ᠡᠷᠢᠶᠡᠨ ᠪᠣᠭᠣᠮᠲᠠ᠎ᠶᠢᠨ ᠵᠠᠰᠠᠮᠠᠯ ᠵᠠᠮ᠎ᠤᠨ ᠬᠢᠨᠠᠯᠲᠠ ᠬᠠᠮᠢᠶᠠᠷᠤᠯᠲᠠ᠎ᠶᠢᠨ ᠲᠠᠪᠤᠳᠤᠭᠠᠷ ᠰᠠᠯᠠᠭᠠᠨ᠎ᠤ ᠳᠡᠳ᠋ ᠳᠠᠷᠤᠭ᠎ᠠ ᠰᠢᠨ ᠾᠧᠩ ᠶᠤᠸᠠᠨ᠄ 《ᠪᠢᠳᠡ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠥᠷᠥ᠎ᠶᠢᠨ ᠪᠣᠳᠣᠯᠭ᠎ᠠ᠎ᠶᠢᠨ ᠳᠠᠪᠠᠭᠤᠯᠢᠭ᠋᠎ᠲᠤ ᠲᠦᠰᠢᠭᠯᠡᠵᠤ᠂ ᠪᠣᠭᠣᠮᠲᠠ᠎ᠪᠠᠷ ᠥᠩᠭᠡᠷᠡᠬᠦ ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠢ ᠦᠷᠭᠦᠯᠵᠢᠯᠡᠨ ᠰᠢᠯᠢᠳᠡᠭᠵᠢᠭᠦᠯᠵᠦ᠂ 〈ᠣᠶᠤᠨᠲᠤ ᠪᠣᠭᠣᠮᠲᠠ〉 ᠶ᠋ᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠵᠤ᠂ 7×24 ᠴᠠᠭ᠎ᠲᠤ ᠪᠣᠭᠣᠮᠲᠠ᠎ᠪᠠᠷ ᠦᠨᠭᠭᠡᠷᠡᠬᠦ ᠵᠢ ᠤᠷᠢᠳᠴᠢᠯᠠᠨ ᠪᠣᠯᠵᠣᠬᠤ ᠵᠡᠷᠭᠡ ᠲᠥᠬᠥᠮ ᠦᠵᠡᠭᠦᠯᠬᠦ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠬᠢᠯᠢ ᠠᠯᠤᠰᠯᠠᠭᠰᠠᠨ ᠡᠳ᠋ ᠪᠠᠷᠠᠭᠠᠨ᠎ᠤ ᠭᠦᠢᠯᠭᠡᠭᠡ ᠵᠢᠨ ᠬᠡᠯᠬᠢᠶ᠎ᠡ᠎ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ᠂ ᠣᠷᠣᠨ ᠨᠤᠲᠤᠭ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠳᠦ ᠦᠢᠯᠡᠴᠢᠯᠡᠨ᠎ᠡ》 ᠭᠡᠪᠡ᠃

ᠠᠷᠠᠯᠵᠢᠶᠠᠨ ᠎ᠤ ᠠᠮᠢᠵᠢᠷᠠᠯ᠎ᠤᠨ ᠬᠦᠴᠦᠨ ᠦᠷᠭᠦᠯᠵᠢᠯᠡᠨ ᠴᠢᠩᠭᠠᠷᠠᠬᠤ ᠵᠢᠨ ᠬᠠᠮᠳᠤ᠂ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠡᠬᠡ ᠬᠠᠭᠤᠷᠠᠢ ᠵᠢᠨ ᠬᠢᠯᠢ ᠵᠢᠨ ᠪᠣᠭᠣᠮᠲᠠ ᠪᠣᠯᠣᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠳᠤᠮᠳᠠ ᠨᠡᠪᠲᠡᠷᠡᠯ ᠵᠠᠮ᠎ᠤᠨ ᠵᠠᠩᠭᠢᠯᠠᠭ᠎ᠠ᠎ᠶᠢᠨ ᠴᠡᠭ ᠪᠣᠯᠤᠭᠰᠠᠨ᠎ᠤ ᠬᠤᠪᠢ᠎ᠳᠤ᠂ ᠡᠷᠢᠶᠡᠨ ᠬᠤᠳᠠ ᠬᠢᠯᠢ ᠵᠢᠨ ᠪᠣᠭᠣᠮᠲᠠ᠎ᠶᠢᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠠᠶᠠᠯᠠᠯ᠎ᠤᠨ ᠲᠣᠭ᠎ᠠ ᠬᠡᠮᠵᠢᠶ᠎ᠡ ᠴᠦ᠍ ᠲᠠᠰᠤᠷᠠᠯᠲᠠ ᠦᠭᠡᠢ ᠨᠡᠮᠡᠭᠳᠡᠵᠦ ᠪᠠᠢᠨ᠎ᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠡᠨᠡ ᠵᠢᠯ᠎ᠦᠨ ᠲᠦᠷᠦᠭᠦᠦ ᠤᠯᠠᠷᠢᠯ᠎ᠳᠤ᠂ ᠡᠷᠢᠶᠡᠨ ᠬᠤᠳᠠ  ᠬᠢᠯᠢ ᠵᠢᠨ ᠪᠣᠭᠣᠮᠲᠠ᠎ᠪᠠᠷ ᠬᠢᠯᠢ᠎ᠪᠡᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠢᠭᠡᠨᠲᠡ 1145 ᠳ᠋ᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 22.3% ᠪᠡᠷ ᠨᠡᠮᠡᠭᠳᠡᠪᠡ᠃ ᠡᠭᠦᠨ᠎ᠳᠦ᠂ ᠥᠨᠳᠥᠷ ᠨᠡᠮᠡᠯᠲᠡ ᠥᠷᠲᠡᠭᠲᠦ ᠡᠳ᠋ ᠪᠠᠷᠠᠭᠠᠨ᠎ᠤ ᠡᠵᠡᠯᠡᠬᠦ ᠬᠠᠷᠢᠴᠠᠯ ᠢᠯᠡᠳᠲᠡ ᠳᠡᠭᠡᠭᠰᠢᠯᠡᠵᠦ᠂ ᠰᠢᠨ᠎ᠡ ᠡᠨᠧᠷᠭᠢ ᠎ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ 《ᠰᠢᠨ᠎ᠡ ᠭᠤᠷᠪᠠᠨ ᠵᠦᠢᠯ》 ᠤ᠋ᠨ ᠡᠵᠡᠯᠡᠬᠦ ᠬᠠᠷᠢᠴᠠᠯ ᠤᠯᠠᠮ᠎ᠡᠴᠡ ᠤᠯᠠᠮ ᠥᠨᠳᠥᠷ ᠪᠣᠯᠵᠤ᠂ ᠳᠤᠮᠳᠠᠳᠤ ᠡᠸᠦ᠋ᠷᠦᠫᠡ᠎ᠶᠢᠨ ᠵᠢᠱᠢᠶᠠᠨ᠎ᠤ ᠭᠠᠯᠲᠤ ᠲᠡᠷᠭᠡᠨ᠎ᠦ ᠲᠡᠭᠡᠭᠡᠪᠦᠷᠢ᠎ᠶᠢᠨ ᠪᠦᠲᠦᠴᠡ ᠶᠠᠭ ᠴᠢᠨᠠᠷ ᠰᠠᠢᠲᠠᠢ᠂ ᠥᠨᠳᠥᠷ ᠨᠡᠮᠡᠯᠲᠡ ᠥᠷᠲᠡᠭᠲᠦ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ ᠪᠠᠢᠬᠤ᠎ᠶᠢ ᠬᠠᠷᠠᠭᠤᠯᠵᠤ ᠪᠠᠢᠨ᠎ᠠ᠃ ᠡᠷᠢᠶᠡᠨ᠎ᠦ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠦᠷᠳᠡᠭᠡ᠎ᠶᠢᠨ ᠳᠠᠷᠤᠭ᠎ᠠ ᠸᠠᠩ ᠭᠦᠸᠧ ᠬᠤᠸᠠ᠄ 《ᠪᠢᠳᠡ ᠣᠶᠤᠨᠲᠤ ᠬᠢᠯᠢ᠎ᠶᠢᠨ ᠪᠠᠢᠴᠠᠭᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠢᠨ᠎ᠡ ᠲᠡᠷᠢᠬᠦᠨ᠎ᠤ ᠲᠤᠨᠤᠭ ᠲᠥᠬᠦᠭᠡᠷᠦᠮᠵᠢ᠎ᠶᠢ ᠭᠦᠨᠵᠡᠭᠡᠢ ᠬᠡᠷᠡᠭᠯᠡᠬᠦ᠎ᠪᠡᠷ ᠭᠠᠷᠳᠡᠴᠡ ᠪᠣᠯᠭᠠᠵᠤ᠂ ᠤᠯᠤᠰ᠎ᠤᠨ ᠡᠭᠦᠳᠡ ᠵᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠣᠶᠤᠨᠲᠤ ᠬᠢᠯᠢ᠎ᠶᠢᠨ ᠪᠠᠢᠴᠠᠭᠠᠯᠲᠠ ᠪᠣᠯᠣᠨ ᠬᠢᠯᠢ ᠵᠢᠨ ᠪᠣᠭᠣᠮᠲᠠ᠎ᠶᠢᠨ ᠡᠳ᠋ ᠪᠠᠷᠠᠭᠠᠨ᠎ᠤ ᠭᠦᠢᠯᠭᠡᠭᠡ᠂ ᠬᠢᠯᠢ ᠠᠯᠤᠰᠯᠠᠭᠰᠠᠨ ᠠᠷᠠᠯᠵᠢᠶ᠎ᠠ᠎ᠶᠢᠨ ᠭᠦᠨᠵᠡᠭᠡᠢ ᠠᠭᠤᠰᠤᠯᠴᠠᠯ᠎ᠢ ᠵᠡᠷᠭᠡ᠎ᠳᠤᠨᠢ ᠠᠬᠢᠭᠤᠯᠤᠨ᠎ᠠ᠃ ᠣᠶᠤᠨᠴᠢ ᠪᠠᠢᠴᠠᠭᠠᠨ ᠰᠢᠯᠭᠠᠯᠲᠠ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠵᠡᠷᠭᠡ ᠲᠣᠭᠠᠴᠢᠯᠠᠭᠰᠠᠨ ᠠᠷᠭ᠎ᠠ ᠪᠠᠷᠢᠯ᠎ᠢᠶᠠᠷ ᠳᠠᠮᠵᠢᠭᠤᠯᠤᠨ᠂ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠵᠦ᠂ ᠬᠢᠯᠢ᠎ᠶᠢᠨ ᠪᠠᠢᠴᠠᠭᠠᠯᠲᠠ᠎ᠶᠢᠨ ᠲᠦᠷᠬᠡᠨ ᠬᠤᠷᠳᠤᠴᠠ᠎ᠪᠠᠷ ᠣᠯᠠᠨ ᠤᠯᠤᠰ᠎ᠤᠨ ᠡᠳ᠋ ᠪᠠᠷᠠᠭᠠᠨ᠎ᠤ ᠭᠦᠢᠯᠭᠡᠭᠡ ᠵᠢᠨ ᠰᠠᠭᠠᠳ ᠦᠭᠡᠢ ᠥᠨᠳᠥᠷ ᠪᠦᠲᠦᠮᠵᠢᠲᠡᠶ ᠶᠠᠪᠤᠬᠳᠠᠬᠤ᠎ᠶᠢ ᠠᠬᠢᠭᠤᠯᠵᠤ᠂ ᠬᠢᠯᠢ᠎ᠶᠢᠨ ᠪᠠᠢᠴᠠᠭᠠᠯᠲᠠ᠎ᠶᠢᠨ ᠠᠵᠢᠯ ᠵᠢᠡᠷ ᠬᠢᠯᠢ ᠵᠢᠨ ᠪᠣᠭᠣᠮᠲᠠ ᠎ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠡᠷᠢᠶᠡᠨ ᠬᠣᠲᠠ᠎ᠶᠢᠨ ᠴᠢᠯᠦᠭᠡᠲᠦ ᠠᠷᠠᠯᠵᠢᠶᠠᠨ᠎ᠤ ᠬᠡᠰᠡᠭ ᠎ᠢ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ ᠎ᠤᠨ ᠨᠡᠭᠡᠭᠡᠯᠲᠡ᠎ᠶᠢᠨ ᠬᠦᠢᠰᠦ ᠪᠠ ᠬᠠᠮᠲᠤᠷᠠᠯᠴᠠᠭᠠᠨ᠎ᠤ ᠥᠯᠢᠭᠡᠷ ᠲᠠᠭᠤᠷᠢᠶᠠᠯ ᠪᠣᠯᠭᠠᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号