— ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠠᠵᠤ ᠠᠬᠤᠢ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠰᠢᠷᠢᠰ ᠬᠦᠤᠷᠨᠢᠯ ᠰᠢᠭᠦᠮᠵᠢ (ᠭᠤᠷᠪᠠ)
ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ᠂ ᠬᠥᠭ᠌ᠵᠢᠯᠲᠡ ᠪᠣᠯ ᠠᠮᠤᠷ ᠲᠦᠪᠱᠢᠨ᠎ᠦ ᠪᠠᠲᠤᠯᠠᠭ᠎ᠠ ᠮᠥᠨ᠃ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ᠂ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠬᠤ ᠪᠣᠯ ᠠᠵᠤ ᠠᠬᠤᠢ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ᠎ᠶ᠋ᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠲᠤᠯᠭᠠᠭᠤᠷᠢᠯᠠᠯ ᠮᠥᠨ᠃
ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠬᠣᠷᠢᠭ᠎ᠠ ᠱᠤᠭᠤᠮ᠎ᠤᠨ ᠰᠡᠳᠭᠢᠬᠦᠢ᠎ᠪᠡᠷ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠬᠦ᠌ ᠴᠢᠬᠤᠯᠠ ᠥᠭᠦᠯᠡᠯᠲᠡ ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠦᠨ ᠪᠠᠢᠯᠳᠤᠬᠤ ᠪᠤᠳᠤᠯᠭ᠎ᠠ᠎ᠶ᠋ᠢᠨ ᠣᠷᠣᠨ ᠪᠠᠢᠷᠢ᠎ᠳᠤ ᠰᠠᠭᠤᠷᠢᠯᠠᠵᠤ᠂ ᠱᠢᠨ᠎ᠡ ᠠᠮᠤᠷ ᠲᠦᠪᠱᠢᠨ᠎ᠦ ᠪᠠᠢᠷᠢᠱᠢᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠲᠤᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠳᠤ ᠴᠢᠬᠤᠯᠠ ᠶᠡᠬᠡ ᠵᠢᠯᠣᠭᠣᠳᠭᠤ ᠦᠢᠯᠡᠳᠦᠯ᠎ᠲᠡᠶ ᠶᠤᠮ᠃
《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦᠶ᠎ᠡ᠂ ᠮᠠᠨ᠎ᠤ ᠤᠯᠤᠰ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠬᠡᠷ ᠭᠠᠵᠠᠷ᠎ᠤᠨ ᠬᠥᠷᠥᠩᠭᠡ᠂ ᠣᠷᠣᠨ ᠨᠤᠲᠤᠭ᠎ᠤᠨ ᠥᠷᠢ ᠥᠭ᠌ᠴᠡᠭᠡ᠂ ᠳᠤᠮᠳᠠ ᠪᠠᠭ᠎ᠠ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠵᠡᠷᠭᠡ᠎ᠶ᠋ᠢᠨ ᠠᠶᠤᠯ ᠲᠦᠭ᠌ᠰᠢᠭᠦᠷᠢ᠎ᠶ᠋ᠢ ᠥᠩᠭᠡᠨ ᠲᠠᠯ᠎ᠠ ᠪᠠ ᠦᠨᠳᠦᠰᠦ᠎ᠡᠴᠡ᠎ᠨᠢ ᠵᠠᠰᠠᠵᠤ ᠠᠷᠢᠯᠭᠠᠨ᠂ ᠠᠮᠤ ᠪᠤᠳᠠᠭ᠎ᠠ᠂ ᠡᠨᠧᠷᠭᠢ᠂ ᠰᠦᠯᠵᠢᠶᠡᠨ᠎ᠦ ᠲᠣᠭ᠎ᠠ ᠪᠠᠷᠢᠮᠲᠠ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠬᠦᠴᠦᠲᠡᠶ ᠠᠷᠭᠠᠴᠠᠭᠠᠵᠤ᠂ ᠱᠢᠰᠲ᠋ᠧᠮ᠎ᠦᠨ ᠴᠢᠨᠠᠷᠲᠠᠶ ᠠᠶᠤᠯ ᠲᠦᠭ᠌ᠰᠢᠭᠦᠷᠢ ᠥᠯᠥ᠍ ᠭᠠᠷᠭᠠᠬᠤ ᠬᠣᠷᠢᠭ᠎ᠠ ᠱᠤᠭᠤᠮ᠎ᠢ ᠪᠠᠲᠤ ᠰᠠᠬᠢᠪᠠ᠃
ᠶᠡᠷᠦᠩᠬᠡᠢ ᠱᠦᠵᠢ ᠰᠢ ᠵᠢᠨ ᠫᠢᠩ᠂ ᠠᠮᠤᠷ ᠲᠦᠪᠱᠢᠨ ᠪᠠ ᠬᠥᠭ᠌ᠵᠢᠯᠲᠡ ᠪᠣᠯ ᠨᠢᠭᠡ ᠴᠣᠭ᠍ᠴᠠ᠎ᠶ᠋ᠢᠨ ᠬᠣᠶᠠᠷ ᠵᠢᠭᠦᠷ᠂ ᠬᠥᠳᠡᠯᠭᠡᠭᠦᠷ᠎ᠤᠨ ᠬᠣᠣᠰ ᠬᠦᠷᠳᠦ ᠮᠥᠨ ᠭᠡᠵᠦ ᠵᠢᠭᠠᠵᠤ ᠭᠠᠷᠭᠠᠪᠠ᠃ ᠲᠡᠷᠡ᠂ 《ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠯᠠᠪᠳᠠᠭᠤᠨ᠎ᠢᠶᠠᠷ ᠱᠢᠢᠳᠪᠦᠷᠢᠯᠡᠬᠦ ᠬᠡᠷᠡᠭᠲᠡᠢ》᠂ 《ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠬᠥᠭ᠌ᠵᠢᠯᠲᠡ᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠥᠭ᠌ᠵᠢᠯᠲᠡ᠎ᠶ᠋ᠢᠨ ᠤᠶᠠᠨ ᠬᠠᠳᠠᠨ ᠴᠢᠨᠠᠷ᠎ᠢ ᠴᠢᠨᠠᠭ᠍ᠰᠢᠳᠠ ᠴᠢᠩᠭᠠᠳᠬᠠᠬᠤ ᠬᠡᠷᠡᠭᠲᠡᠢ》 ᠭᠡᠵᠦ᠍ ᠴᠢᠬᠤᠯᠠᠴᠢᠯᠠᠪᠠ᠃
ᠥᠨᠳᠥᠷ ᠲᠦᠪᠱᠢᠨ ᠪᠦᠬᠦᠢ ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ ᠮᠥᠨ᠂ ᠥᠨᠳᠥᠷ ᠲᠦᠪᠱᠢᠨ ᠪᠦᠬᠦᠢ ᠠᠮᠤᠷ ᠲᠦᠪᠱᠢᠨ ᠪᠠᠢᠬᠤ ᠦᠭᠡᠢ ᠪᠣᠯ ᠴᠢᠨᠠᠷ ᠰᠠᠢᠲᠠᠢ ᠬᠥᠭ᠌ᠵᠢᠯᠲᠡ ᠪᠠᠢᠵᠤ ᠴᠢᠳᠠᠬᠤ ᠦᠭᠡᠢ᠃
508.9 ᠺᠢᠯᠣᠭ᠌ᠷᠠᠮ — 2025 ᠣᠨ᠎ᠳᠤ ᠮᠠᠨ᠎ᠤ ᠤᠯᠤᠰ᠎ᠤᠨ ᠬᠥᠮᠦᠨ ᠳᠤᠮᠳᠠᠴᠢ᠎ᠶ᠋ᠢᠨ ᠠᠮᠤ ᠪᠤᠳᠠᠭᠠᠨ᠎ᠤ ᠡᠵᠡᠯᠡᠬᠦ᠌ ᠬᠡᠮᠵᠢᠶ᠎ᠡ ᠨᠢᠭᠡᠨᠲᠡ ᠳᠡᠯᠡᠬᠡᠶ ᠨᠡᠢᠲᠡ᠎ᠳᠦ ᠮᠡᠳᠡᠷᠡᠭ᠌ᠳᠡᠭ᠌ᠰᠡᠨ 400 ᠺᠢᠯᠣᠭ᠌ᠷᠠᠮ᠎ᠤᠨ ᠠᠮᠤᠷ ᠲᠦᠪᠱᠢᠨ᠎ᠦ ᠱᠤᠭᠤᠮ᠎ᠡᠴᠡ ᠬᠣᠯᠠ ᠳᠠᠪᠠᠭ᠍ᠰᠠᠨ ᠪᠠᠢᠨ᠎ᠠ᠃ ᠤᠢ᠍ᠢᠷ᠎ᠠ᠎ᠶ᠋ᠢᠨ ᠵᠢᠯ᠎ᠡᠴᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠡᠯᠪᠡᠭ ᠪᠠᠶᠠᠯᠢᠭ᠂ ᠵᠠᠬ᠎ᠠ ᠳᠡᠯᠭᠡᠭᠦᠷ ᠲᠣᠭ᠍ᠲᠠᠭᠤᠨ᠂ ᠨᠥᠭᠡᠴᠡ ᠭᠦᠢᠴᠡᠳ ᠪᠠᠢᠵᠤ᠂ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠪᠠ᠃
《ᠠᠮᠤ ᠪᠤᠳᠠᠭᠠᠨ᠎ᠤ ᠨᠦᠬᠡᠴᠡ ᠲᠠᠢ ᠪᠠᠢᠪᠠᠯ ᠰᠡᠳᠭᠢᠯᠠᠮᠤᠷ ᠪᠤᠯᠳᠠᠭ》᠂ 《ᠳᠤᠮᠳᠠᠳᠤᠴᠤᠳ᠎ᠤᠨ ᠪᠤᠳᠠᠭᠠᠨ ᠠᠶᠠᠭ᠎ᠠ᠎ᠶ᠋ᠢ ᠬᠡᠵᠢᠶ᠎ᠡ ᠴᠦ᠍ ᠭᠡᠰᠡᠨ ᠴᠦᠮ ᠥᠪᠡᠷ᠎ᠦᠨ ᠭᠠᠷ᠎ᠲᠠᠭᠠᠨ ᠪᠠᠲᠤ ᠡᠵᠡᠮᠳᠡᠬᠦ ᠬᠡᠷᠡᠭ᠌ᠲᠡᠢ᠂ ᠪᠢᠳᠡᠨ᠎ᠤ ᠪᠤᠳᠠᠭᠠᠨ ᠠᠶᠠᠭ᠎ᠠ᠎ᠳᠠᠭᠠᠨ ᠭᠣᠣᠯᠳᠠᠭᠤ ᠳᠤᠮᠳᠠᠳᠤ ᠤᠯᠤᠰ᠎ᠤᠨ ᠠᠮᠤ ᠪᠤᠳᠠᠭ᠎ᠠ ᠵᠢ ᠰᠠᠪᠠᠯᠠᠪᠠᠯ ᠵᠣᠬᠢᠨ᠎ᠠ》᠂ 《ᠳᠤᠮᠳᠠᠳᠤ ᠤᠯᠤᠰ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠬᠦᠳᠤ ᠲᠦᠰᠢᠭᠯᠡᠵᠦ᠂ ᠥᠪᠡᠷ᠎ᠦᠨ ᠬᠦᠴᠦ᠍᠎ᠪᠡᠷ᠎ᠢᠶᠡᠨ ᠥᠪᠡᠷ᠎ᠢ᠎ᠪᠡᠨ ᠲᠡᠵᠢᠭᠡᠬᠦ᠌ ᠬᠡᠷᠡᠭ᠌ᠲᠡᠢ》᠂ 《ᠬᠡᠷᠪᠡ ᠠᠮᠤ ᠪᠤᠳᠠᠭᠠᠨ᠎ᠤ ᠲᠠᠯ᠎ᠠ ᠪᠡᠷ 〈ᠪᠤᠭᠤᠮᠢ〉 ᠠᠰᠠᠭᠤᠳᠠᠯ᠎ᠳᠤ ᠲᠤᠯᠭᠠᠷᠠᠪᠠᠯ᠂ ᠪᠦᠷᠢᠮᠦᠰᠦᠨ ᠢᠯᠠᠭᠳᠠᠬᠤ ᠪᠣᠯᠤᠨ᠎ᠠ》 ᠁ ᠶᠡᠷᠦᠩᠬᠡᠢ ᠱᠦᠵᠢ ᠰᠢ ᠵᠢᠨ ᠫᠢᠩ᠎ᠦᠨ ᠠᠮᠤ ᠪᠤᠳᠠᠭᠠᠨ᠎ᠤ ᠠᠮᠤᠷ ᠲᠦᠪᠱᠢᠨ᠎ᠦ ᠠᠰᠠᠭᠤᠳᠠᠯ᠎ᠤᠨ ᠲᠤᠬᠠᠢ ᠴᠢᠬᠤᠯᠠ ᠥᠭᠦᠯᠡᠯᠲᠡ ᠵᠢᠨ ᠦᠭᠡ ᠦᠰᠦᠭ ᠪᠦᠷᠢ ᠨᠢ ᠮᠠᠰᠢ ᠴᠢᠬᠤᠯᠠ ᠶᠤᠮ᠃
ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠠᠬᠢᠭᠤᠯᠵᠤ᠂ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠤᠨ ᠡᠯᠪᠡᠭ ᠬᠤᠷᠢᠶᠠᠯᠲᠠ᠎ᠶ᠋ᠢ ᠦᠨᠡᠨ ᠬᠦ᠌ ᠪᠠᠲᠤᠯᠠᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ ᠪᠠ ᠪᠥᠲᠥᠭᠡᠨ ᠪᠠᠢᠭᠤᠯᠤᠯᠲᠠ᠎ᠶ᠋ᠢ ᠴᠢᠩᠭᠠᠳᠬᠠᠪᠠ ᠁ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠮᠠᠨ᠎ᠤ ᠤᠯᠤᠰ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠦᠷᠢ ᠵᠢ ᠪᠠᠲᠤᠯᠠᠵᠤ᠂ ᠮᠡᠷᠭᠡᠵᠢᠯ᠎ᠢᠶᠡᠷ ᠠᠮᠤ ᠪᠤᠳᠠᠭᠠᠨ᠎ᠤ ᠤᠨᠠᠯᠲᠠ ᠵᠢ ᠨᠡᠮᠡᠭᠳᠡᠭᠦᠯᠬᠦ ᠵᠢ ᠴᠢᠩᠭᠠᠳᠭᠠᠵᠤ᠂ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ᠎ᠶ᠋ᠢ ᠪᠥᠬᠥ᠌ ᠲᠠᠯ᠎ᠠ᠎ᠪᠠᠷ ᠪᠡᠬᠢᠵᠢᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠦᠨᠡᠨ ᠬᠦ᠌ ᠴᠢᠩᠭᠠᠳᠬᠠᠭᠰᠠᠨ ᠪᠥᠭᠡᠳ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠤᠶᠠᠨ ᠬᠠᠲᠠᠨ ᠴᠢᠨᠠᠷ᠎ᠢ ᠴᠢᠨᠠᠭᠰᠢᠳᠠ ᠳᠡᠭᠡᠭ᠌ᠰᠢᠯᠡᠭᠦᠯᠵᠦ᠍᠂ ᠭᠠᠳᠠᠭᠠᠳᠤ ᠣᠷᠴᠢᠨ ᠲᠣᠭᠣᠷᠢᠨ᠎ᠤ ᠲᠤᠭᠳᠠᠭᠠᠯᠳᠤ ᠪᠤᠰᠤ ᠴᠢᠨᠠᠷ᠎ᠢ ᠠᠷᠭᠠᠴᠠᠭᠠᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃
ᠠᠮᠤ ᠪᠤᠳᠠᠭᠠᠨ᠎ᠤ ᠠᠮᠤᠷ ᠲᠦᠪᠰᠢᠨ᠎ᠦ ᠬᠦᠨᠳᠦ ᠡᠭᠦᠷᠭᠡ᠎ᠶᠢ ᠡᠭᠦᠷᠭᠡᠯᠡᠬᠦ᠎ᠡᠴᠡ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠬᠦᠷᠲᠡᠯ᠎ᠡ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠠᠮᠤᠷ ᠲᠦᠪᠰᠢᠨ᠎ᠢ ᠪᠠᠲᠤᠯᠠᠬᠤ᠎ᠡᠴᠡ ᠤᠯᠤᠰ᠎ᠤᠨ ᠮᠥᠩᠭᠥᠨ ᠭᠦᠢᠯᠭᠡᠭᠡᠨ᠎ᠦ ᠠᠮᠤᠷ ᠲᠦᠪᠰᠢᠨ᠎ᠢ ᠬᠠᠮᠠᠭᠠᠯᠠᠬᠤ ᠬᠦᠷᠲᠡᠯ᠎ᠡ ᠁ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠷᠴᠢᠨ ᠨᠦᠭᠦᠴᠡᠯ᠎ᠤᠨ ᠡᠮᠦᠨ᠎ᠡ᠂ ᠮᠠᠨ᠎ᠤ ᠤᠯᠤᠰ ᠴᠢᠨᠠᠷ ᠰᠠᠢᠲᠠᠢ ᠬᠥᠭᠵᠢᠯᠲᠡ᠎ᠲᠠᠢ ᠵᠣᠬᠢᠴᠠᠭᠰᠠᠨ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠰᠲ᠋ᠸᠮ᠎ᠢ ᠬᠦᠴᠦᠯᠡᠨ ᠪᠠᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠦ ᠰᠢᠰᠲ᠋ᠸᠮ᠎ᠤᠨ ᠰᠡᠷᠭᠡᠢᠯᠡᠯᠲᠡ᠎ᠳᠦ ᠬᠣᠷᠢᠭ᠎ᠠ ᠱᠤᠭᠤᠮ᠎ᠤᠨ ᠰᠡᠳᠬᠢᠬᠦᠢ᠎ᠶᠢ ᠲᠤᠭᠤᠰᠢᠯᠠᠭᠤᠯᠪᠠ᠃ ᠡᠨᠡ ᠨᠢ ᠠᠵᠤ ᠠᠬᠤᠢ᠎ᠶᠢᠨ ᠲᠣᠭᠲᠠᠭᠤᠨ ᠡᠷᠭᠢᠯᠳᠡᠳᠤ ᠠᠮᠤᠷ ᠲᠦᠪᠰᠢᠨ᠎ᠦ ᠰᠠᠭᠤᠷᠢ᠎ᠶᠢ ᠪᠠᠲᠤᠳᠬᠠᠭᠰᠠᠨ᠎ᠢᠶᠠᠷ ᠪᠠᠷᠠᠬᠤ ᠦᠭᠡᠢ ᠪᠠᠰᠠ ᠮᠠᠨ᠎ᠤ ᠤᠯᠤᠰ᠎ᠤᠨ ᠠᠵᠤ ᠠᠬᠤᠢ᠎ᠶᠢᠨ ᠭᠠᠳᠠᠭᠠᠳᠤ᠎ᠶᠢᠨ ᠳᠠᠭᠠᠷᠢᠯᠲᠠ᠎ᠶᠢ ᠡᠰᠡᠷᠭᠦᠴᠡᠬᠦ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠢᠯᠡᠳᠲᠡ ᠳᠡᠭᠡᠭᠰᠢᠯᠡᠭᠦᠯᠦᠭᠰᠡᠨ ᠪᠠᠢᠨ᠎ᠠ᠃
ᠴᠠᠭᠠᠷᠠᠭᠰᠠᠨ ᠡᠷᠳᠡᠮ ᠴᠢᠳᠠᠪᠤᠷᠢ ᠪᠣᠯ ᠥᠷᠢᠰᠦᠯᠳᠦᠭᠡᠨ᠎ᠢ ᠠᠷᠭᠠᠴᠠᠭᠠᠬᠤ᠎ᠶᠢᠨ ᠵᠠᠩᠭᠢᠯᠠᠭ᠎ᠠ ᠮᠥᠨ᠂ ᠪᠦᠲᠦᠮᠵᠢᠲᠡᠢ ᠠᠷᠭ᠎ᠠ ᠪᠣᠳᠠᠲᠠᠢ ᠠᠷᠭ᠎ᠠ ᠠᠪᠬᠤ ᠦᠭᠡᠢ ᠪᠣᠯ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠢ ᠰᠢᠢᠳᠪᠦᠷᠢᠯᠡᠵᠦ ᠴᠢᠳᠠᠬᠤ ᠦᠭᠡᠢ ᠶᠤᠮ᠃
2025 ᠣᠨ᠎ᠤ 5 ᠰᠠᠷ᠎ᠠ᠎ᠳᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠬᠤᠳᠠᠯᠳᠤᠭᠠᠨ᠎ᠤ ᠪᠠᠩᠬᠢ ᠫᠠᠢᠰᠠ ᠡᠯᠭᠦᠨ ᠪᠠᠢᠭᠤᠯᠤᠭᠳᠠᠵᠤ᠂ 121 ᠬᠥᠳᠡᠭᠡ ᠲᠣᠰᠬᠣᠨ᠎ᠤ ᠢᠲᠡᠭᠡᠮᠵᠢ᠎ᠶᠢᠨ ᠪᠠᠢᠭᠤᠯᠤᠮᠵᠢ ᠵᠢᠴᠢ ᠲᠣᠰᠬᠣᠨ ᠪᠠᠯᠭᠠᠰᠤ᠎ᠶᠢᠨ ᠪᠠᠩᠬᠢ᠎ᠶᠢ ᠨᠢᠭᠡ ᠯᠡ ᠤᠳᠠᠭ᠎ᠠ᠎ᠳᠤ ᠨᠡᠢᠯᠡᠭᠦᠯᠵᠦ᠂ ᠥᠩᠭᠡᠷᠡᠭᠰᠡᠨ᠎ᠦ ᠲᠠᠩ ᠭᠠᠭᠴᠠ ᠪᠠᠢᠭᠤᠯᠤᠮᠵᠢ᠎ᠶᠢᠨ 《ᠵᠢᠵᠢᠭ᠂ ᠲᠠᠷᠠᠬᠠᠢ᠂ ᠪᠠᠭᠤᠷᠠᠢ》 ᠪᠠᠢᠭᠰᠠᠨ ᠠᠰᠠᠭᠤᠳᠠᠯ᠎ᠢ ᠰᠢᠢᠳᠪᠦᠷᠢᠯᠡᠵᠦ᠂ ᠠᠶᠤᠯ ᠲᠦᠭᠰᠢᠭᠦᠷᠢ᠎ᠶᠢ ᠬᠣᠷᠢᠭ᠍ᠯᠠᠬᠤ ᠪᠠ ᠦᠢᠯᠡᠴᠢᠯᠡᠬᠦ ᠴᠢᠳᠠᠪᠤᠷᠢ᠎ᠶᠢ ᠶᠡᠬᠡᠪᠡᠷ ᠳᠡᠭᠡᠭᠰᠢᠯᠡᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠣᠯᠠᠨ ᠭᠠᠵᠠᠷ᠎ᠤᠨ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠶᠢ ᠲᠦᠷᠭᠡᠳᠬᠡᠨ ᠠᠬᠢᠭᠤᠯᠪᠠ᠂ ᠡᠭᠦᠨ᠎ᠦ ᠠᠷᠤ᠎ᠳᠤ ᠭᠣᠣᠯᠳᠠᠯᠭ᠎ᠠ᠎ᠲᠠᠢ ᠭᠠᠵᠠᠷ ᠣᠷᠣᠨ᠎ᠤ 《ᠨᠢᠭᠡ ᠮᠤᠵᠢ ᠨᠢᠭᠡ ᠠᠷᠭ᠎ᠠ ᠪᠣᠳᠣᠯᠭ᠎ᠠ》 ᠨᠢ ᠥᠭᠡᠷᠡᠴᠢᠯᠡᠯᠲᠡ᠎ᠶᠢᠨ ᠲᠦᠭᠰᠢᠭᠦᠷᠢ ᠵᠢ ᠠᠷᠢᠯᠭᠠᠬᠤ ᠲᠥᠰᠥᠯ᠎ᠢ ᠪᠣᠶ ᠪᠣᠯᠭᠠᠵᠤ᠂ ᠨᠡᠢᠯᠡᠭᠦᠯᠦᠨ ᠳᠠᠬᠢᠨ ᠵᠣᠬᠢᠶᠠᠨ ᠪᠠᠶ᠋ᠢᠭᠤᠯᠬᠤ᠂ ᠰᠦᠯᠵᠢᠶᠡᠨ ᠳᠡᠭᠡᠷ᠎ᠡ ᠵᠠᠰᠠᠨ ᠰᠡᠷᠭᠦᠭᠡᠬᠦ᠂ ᠵᠠᠬ᠎ᠠ ᠳᠡᠯᠭᠡᠭᠦᠷ᠎ᠡᠴᠡ ᠤᠬᠤᠷᠢᠨ ᠭᠠᠷᠬᠤ ᠵᠡᠷᠭᠡ ᠣᠯᠠᠨ ᠵᠦᠢᠯ᠎ᠦᠨ ᠠᠷᠭ᠎ᠠ ᠮᠠᠶᠢᠭ᠋᠎ᠢ ᠶᠡᠷᠦᠩᠬᠡᠢᠯᠡᠨ ᠬᠡᠷᠡᠭᠯᠡᠵᠦ ᠪᠠᠢᠭᠠᠳ ᠯᠠᠪᠳᠠᠭᠤᠨ᠎ᠢᠶᠠᠷ ᠠᠬᠢᠭᠤᠯᠤᠭᠰᠠᠨ ᠪᠠᠢᠨ᠎ᠠ᠃
ᠮᠥᠩᠭᠥᠨ ᠭᠦᠢᠯᠭᠡᠭᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠲᠠᠯ᠎ᠠ᠎ᠪᠠᠷ᠂ ᠶᠡᠷᠦᠩᠬᠡᠢ ᠱᠦᠵᠢ ᠰᠢ᠎ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ ᠨᠢ 《ᠴᠢᠨᠭᠭ᠎ᠠ ᠬᠠᠲᠠᠭᠤ》 ᠪᠠᠢᠵᠤ᠂ ᠪᠦᠲᠦᠮᠵᠢᠲᠦ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ; ᠬᠠᠷᠢᠭᠤᠴᠠᠯᠭ᠎ᠠ᠎ᠶᠢ ᠪᠣᠳᠠᠲᠠᠢᠵᠢᠭᠤᠯᠬᠤ᠎ᠶᠢ ᠴᠢᠬᠤᠯᠠᠴᠢᠯᠠᠵᠤ᠂ 《ᠬᠡᠨ᠎ᠦ ᠬᠡᠦᠬᠡᠳ ᠪᠣᠯ ᠬᠡᠨ ᠲᠡᠪᠡᠷᠢᠬᠦ》 ᠬᠡᠷᠡᠭᠲᠡᠢ; 《ᠡᠪᠡᠳᠴᠢᠯᠡᠬᠦ᠎ᠡᠴᠡ ᠡᠮᠦᠨ᠎ᠡ ᠡᠮᠴᠢᠯᠡᠵᠤ᠂ ᠶᠠᠪᠤᠳᠠᠯ ᠤᠴᠢᠷ᠎ᠢ ᠤᠷᠢᠳᠴᠢᠯᠠᠨ ᠠᠳᠬᠤᠬᠤ》 ᠶ᠋ᠢ ᠱᠠᠭᠠᠷᠳᠠᠵᠤ᠂ ᠠᠶᠤᠯ ᠲᠦᠭᠰᠢᠭᠦᠷᠢ᠎ᠶᠢ ᠡᠷᠲᠡ ᠢᠯᠭᠠᠨ ᠲᠠᠨᠢᠵᠤ᠂ ᠡᠷᠲᠡ ᠰᠡᠷᠡᠮᠵᠢᠯᠡᠭᠦᠯᠵᠦ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ ᠭᠡᠵᠤ ᠵᠠᠬᠢᠪᠠ ᠁
ᠣᠢᠷ᠎ᠠ᠎ᠶᠢᠨ ᠵᠢᠯ᠎ᠡᠴᠡ᠂ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶᠢᠨ ᠰᠠᠯᠠᠭ᠎ᠠ ᠮᠥᠴᠢᠷ 《ᠶᠡᠬᠡ ᠲᠠᠯ᠎ᠠ᠎ᠶᠢ ᠲᠣᠭᠲᠠᠪᠤᠷᠢᠵᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠨᠢᠨ ᠳᠡᠭᠡᠷ᠎ᠡ ᠨᠢ ᠠᠶᠤᠯ ᠲᠦᠭᠰᠢᠭᠦᠷᠢ ᠵᠢ ᠠᠷᠢᠯᠭᠠᠬᠤ》 ᠴᠢᠭᠯᠡᠯᠲᠡ᠎ᠪᠡᠷ ᠵᠢᠯᠣᠭᠣᠳᠤᠯᠭ᠎ᠠ ᠪᠣᠯᠭᠠᠵᠤ᠂ ᠡᠷᠬᠡ ᠪᠠ ᠬᠠᠷᠢᠭᠤᠴᠠᠯᠭ᠎ᠠ᠂ ᠲᠦᠷᠭᠡᠨ ᠪᠠ ᠲᠣᠭᠲᠠᠭᠤᠨ᠂ ᠰᠡᠷᠭᠡᠢᠯᠡᠬᠦ ᠪᠠ ᠤᠰᠠᠳᠬᠠᠬᠤ ᠭᠤᠷᠪᠠᠨ ᠬᠣᠣᠰ ᠬᠠᠷᠢᠴᠠᠭ᠎ᠠ᠎ᠶᠢ ᠴᠢᠷᠮᠠᠢᠨ ᠰᠠᠢᠲᠤᠷ ᠡᠵᠡᠮᠳᠡᠵᠦ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ ᠦᠷᠭᠦᠯᠵᠢᠯᠡᠨ ᠪᠠᠭᠠᠰᠬᠤ᠎ᠶᠢ ᠠᠬᠢᠭᠤᠯᠪᠠ᠃
2025 ᠣᠨ᠎ᠤ ᠡᠴᠦᠰ᠎ᠲᠦ᠂ ᠪᠡᠯᠡ ᠬᠤᠷᠠᠮᠳᠤᠭᠤᠯᠬᠤ ᠲᠠᠪᠴᠠᠩ᠎ᠤᠨ ᠲᠣᠭ᠎ᠠ ᠬᠡᠮᠵᠢᠶ᠎ᠡ ᠪᠠ ᠥᠭᠴᠡᠭᠡᠨ᠎ᠦ ᠬᠡᠪᠴᠢᠶ᠎ᠡ ᠨᠢ 2023 ᠣᠨ᠎ᠤ ᠡᠬᠢᠨ᠎ᠦ ᠬᠢ᠎ᠡᠴᠡ ᠳᠤᠮᠳᠠᠴᠢ᠎ᠪᠠᠷ 70% ᠪᠡᠷ ᠪᠠᠭᠤᠷᠠᠪᠠ; ᠲᠦᠭᠰᠢᠭᠦᠷᠢ ᠶᠡᠬᠡᠲᠡᠢ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠲᠣᠭ᠎ᠠ ᠬᠡᠮᠵᠢᠶ᠎ᠡ ᠨᠢ ᠣᠷᠭᠢᠯ ᠬᠡᠮᠵᠢᠭᠳᠡᠯ᠎ᠡᠴᠡ ᠬᠠᠭᠠᠰ᠎ᠢᠶᠠᠷ ᠪᠠᠭᠤᠷᠠᠪᠠ; ᠭᠡᠷ ᠭᠠᠵᠠᠷ᠎ᠤᠨ ᠬᠦᠷᠦᠨᠭᠭᠡ ᠵᠢᠨ ᠮᠥᠩᠭᠥᠨ ᠭᠦᠢᠯᠭᠡᠭᠡᠨ᠎ᠦ ᠬᠣᠷᠸ᠎ᠠ ᠲᠠᠯ᠎ᠠ᠎ᠶᠢᠨ ᠬᠢᠨᠠᠭᠤᠷ ᠪᠣᠯᠭᠣᠮᠵᠢᠲᠠᠢ ᠬᠠᠮᠢᠶᠠᠷᠤᠯᠲᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ 《ᠲᠤᠰᠢᠶᠠᠬᠤ ᠵᠢ ᠪᠠᠲᠤᠯᠠᠭᠰᠠᠨ ᠣᠷᠣᠨ ᠰᠠᠭᠤᠴᠠ》 ᠵᠢᠨ ᠡᠭᠦᠷᠭᠡ᠎ᠶᠢ ᠪᠥᠬᠥ ᠲᠠᠯ᠎ᠠ᠎ᠪᠠᠷ ᠪᠡᠶᠡᠯᠡᠭᠦᠯᠪᠡ ᠁
ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ ᠦᠷᠭᠦᠯᠵᠢᠯᠡᠨ ᠪᠠᠭᠠᠰᠴᠦ᠂ ᠶᠡᠷᠦᠩᠬᠡᠢ᠎ᠳᠡᠭᠡᠨ ᠡᠵᠡᠮᠳᠡᠵᠦ ᠳᠡᠶ᠋ᠢᠯᠬᠦ ᠪᠣᠯᠭᠠᠵᠤ᠂ ᠮᠥᠩᠭᠥᠨ ᠭᠦᠢᠯᠭᠡᠭᠡᠨ᠎ᠦ ᠰᠢᠰᠲ᠋ᠸᠮ ᠲᠣᠭᠲᠠᠭᠤᠨ᠎ᠢᠶᠠᠷ ᠠᠵᠢᠯᠯᠠᠵᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ᠂ ᠠᠵᠤ ᠠᠬᠤᠢ᠎ᠶᠢᠨ ᠠᠶᠤᠯ ᠲᠦᠭᠰᠢᠭᠦᠷᠢ᠎ᠶᠢ ᠡᠰᠡᠷᠭᠦᠴᠡᠬᠦ ᠴᠢᠳᠠᠪᠤᠷᠢ ᠪᠣᠯᠣᠨ ᠳᠣᠲᠣᠭᠠᠳᠤ᠎ᠶᠢᠨ ᠤᠶᠠᠨ ᠬᠠᠳᠠᠨ ᠴᠢᠨᠠᠷ᠎ᠢ ᠪᠦᠲᠦᠮᠵᠢᠲᠡᠢ ᠴᠢᠩᠭᠠᠳᠬᠠᠪᠠ᠃
ᠬᠣᠷᠢᠭ᠎ᠠ ᠱᠤᠭᠤᠮ᠎ᠤᠨ ᠰᠡᠳᠬᠢᠬᠦᠢ᠎ᠶᠢ ᠪᠠᠷᠢᠮᠲᠠᠯᠠᠬᠤ ᠪᠣᠯ ᠴᠢᠬᠤᠯᠠ ᠦᠵᠡᠯ ᠰᠠᠨᠠᠭᠠᠨ᠎ᠤ ᠠᠷᠭ᠎ᠠ ᠪᠠ ᠠᠵᠢᠯ᠎ᠤᠨ ᠠᠷᠭ᠎ᠠ ᠪᠣᠯᠣᠨ᠎ᠠ᠂ ᠤᠷᠢᠳᠴᠢᠯᠠᠨ ᠮᠠᠭᠠᠳᠯᠠᠬᠤ ᠦᠭᠡᠢ ᠪᠣᠯ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠰᠢᠬᠦ᠎ᠳᠦ ᠪᠡᠷᠬᠡ ᠶᠤᠮ᠃
ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠦᠨ ᠬᠤᠪᠢᠰᠤᠯᠲᠠ ᠲᠦᠷᠭᠡᠨ ᠬᠤᠪᠢᠷᠠᠵᠤ᠂ ᠳᠡᠯᠡᠬᠡᠢ᠎ᠶ᠋ᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠤᠯᠵᠤ ᠪᠠᠢᠨ᠎ᠠ᠃ ᠳᠡᠯᠡᠬᠡᠢ᠎ᠶ᠋ᠢᠨ ᠠᠵᠤ ᠠᠬᠤᠢ᠎ᠶ᠋ᠢᠨ ᠬᠥᠳᠡᠯᠭᠡᠬᠦ᠌ ᠬᠦᠴᠦᠨ ᠮᠠᠭᠤᠳᠠᠵᠤ᠂ ᠤᠯᠠᠨ ᠲᠠᠯᠠᠲᠤ ᠦᠵᠡᠯ᠂ ᠴᠢᠯᠥᠭᠡᠲᠦ ᠠᠷᠠᠯᠵᠢᠶ᠎ᠠ ᠬᠦᠨᠳᠦ ᠨᠣᠴᠢᠲᠠᠢ ᠳᠠᠭᠠᠷᠢᠯᠳᠠ᠎ᠳᠤ ᠤᠴᠠᠷᠠᠪᠠ᠃ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠬᠥᠭ᠌ᠵᠢᠯᠲᠡ ᠪᠠ ᠬᠡᠯᠪᠡᠷᠢ᠎ᠪᠡᠨ ᠬᠤᠪᠢᠷᠠᠭᠤᠯᠬᠤ ᠳᠤᠮᠳᠠ ᠲᠤᠯᠭᠠᠷᠠᠭ᠍ᠰᠠᠨ ᠬᠠᠭᠤᠴᠢᠨ ᠠᠰᠠᠭᠤᠳᠠᠯ᠂ ᠱᠢᠨ᠎ᠡ ᠥᠷᠢᠰᠥᠯᠳᠦᠭᠡᠨ ᠮᠥᠨ ᠯᠡ ᠴᠥᠭᠡᠨ ᠪᠤᠰᠤ ᠪᠠᠢᠨ᠎ᠠ᠃
ᠳᠡᠯᠡᠬᠡᠢ᠎ᠶ᠋ᠢᠨ ᠪᠠᠢᠳᠠᠯ᠎ᠤᠨ ᠬᠤᠪᠢᠷᠠᠯᠲᠠ ᠪᠠ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠦ ᠡᠮᠦᠨ᠎ᠡ᠂ ᠬᠤᠪᠢᠷᠠᠯᠲᠠ᠎ᠶ᠋ᠢ ᠣᠨᠣᠪᠴᠢᠲᠠᠢ ᠲᠠᠨᠢᠵᠤ᠂ ᠱᠢᠨᠵᠢᠯᠡᠬᠦ᠌ ᠤᠬᠠᠭᠠᠨᠴᠢ᠎ᠪᠠᠷ ᠬᠤᠪᠢᠷᠠᠯᠲᠠ᠎ᠶ᠋ᠢ ᠠᠷᠭᠠᠴᠠᠭᠠᠵᠤ᠂ ᠰᠠᠨᠠᠭᠠᠴᠢᠯᠠᠭ᠎ᠠ᠎ᠡᠴᠡ᠎ᠪᠠᠨ ᠬᠤᠪᠢᠷᠠᠯᠲᠠ᠎ᠶ᠋ᠢ ᠡᠷᠢᠯᠬᠢᠯᠡᠵᠦ᠍᠂ ᠤᠶᠤᠨ ᠴᠢᠳᠠᠯ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠲᠤᠰ ᠪᠡᠶ᠎ᠡ᠎ᠶ᠋ᠢᠨ ᠪᠣᠳᠠᠲᠤ ᠬᠦᠴᠦᠨ ᠪᠠ ᠬᠥᠭ᠌ᠵᠢᠯᠲᠡ᠎ᠶ᠋ᠢᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠢ᠂ ᠡᠨᠡ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢ ᠰᠠᠢ᠌ᠳᠤᠷ ᠡᠬᠢᠯᠡᠭᠦᠯᠵᠦ᠂ ᠠᠨᠭᠬᠠᠨ᠎ᠤ ᠠᠯᠬᠤᠭ᠎ᠠ ᠵᠢ ᠯᠠᠪᠳᠠᠭᠤᠨ ᠪᠠᠳᠤᠳᠠᠢ ᠠᠯᠬᠤᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠵᠠᠩᠭᠢᠯᠠᠭ᠎ᠠ ᠮᠥᠨ᠃
ᠠᠮᠤᠷ ᠲᠦᠪᠱᠢᠨ ᠪᠠᠢᠬᠤ᠎ᠳᠠᠭᠠᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠲᠤᠭᠳᠠᠭᠤᠨ ᠪᠠᠢᠬᠤ᠎ᠳᠠᠭᠠᠨ ᠴᠦ᠍ ᠰᠠᠮᠠᠭᠤᠨ ᠪᠠᠢᠳᠠᠯ᠎ᠳᠦ ᠰᠠᠨᠠᠭᠠᠰᠢᠷᠠᠬᠤ ᠬᠡᠷᠡᠭᠳᠡᠢ᠃ ᠶᠡᠷᠦᠩᠬᠡᠢ ᠱᠦᠵᠢ ᠰᠢ ᠵᠢᠨ ᠫᠢᠩ᠂ ᠪᠢᠳᠡ ᠡᠷᠬᠡᠪᠰᠢ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠵᠤ᠂ ᠠᠮᠤᠷ ᠲᠤᠭᠳᠠᠭᠤᠨ ᠪᠠᠢᠭᠰᠠᠨ ᠴᠤ᠌ ᠠᠶᠤᠯ ᠲᠦᠭᠰᠢᠭᠦᠷᠢ ᠵᠢ ᠦᠯᠦ ᠮᠠᠷᠳᠠᠵᠤ᠂ ᠪᠣᠷᠣᠭᠠᠨ᠎ᠡᠴᠡ ᠡᠮᠦᠨ᠎ᠡ ᠪᠠᠢᠱᠢᠩ᠎ᠢᠶᠠᠨ ᠰᠡᠯᠪᠢᠬᠦ ᠵᠢ ᠰᠠᠢᠳᠤᠷ ᠬᠢᠵᠦ᠂ ᠶᠡᠬᠡ ᠰᠠᠯᠬᠢ ᠱᠢᠷᠦᠭᠦᠨ ᠳᠠᠪᠠᠯᠭᠠᠨᠢᠯᠠᠨᠭᠭᠤᠶᠠ ᠬᠦᠨᠳᠦ ᠶᠡᠬᠡ ᠠᠶᠤᠯ ᠲᠦᠭᠰᠢᠭᠦᠷᠢ ᠵᠢᠨ ᠴᠢᠬᠤᠯᠠ ᠶᠡᠬᠡ ᠱᠢᠯᠭᠠᠯᠲᠠ᠎ᠶ᠋ᠢ ᠲᠠᠭᠠᠭᠠᠵᠤ ᠭᠠᠷᠬᠤ ᠪᠡᠷ ᠪᠡᠯᠡᠳᠭᠡᠬᠦ᠌ ᠬᠡᠷᠡᠭ᠌ᠲᠡᠢ ᠭᠡᠵᠦ᠍ ᠭᠦᠨᠵᠡᠭᠡᠢ ᠵᠢᠭᠠᠵᠤ ᠭᠠᠷᠭᠠᠪᠠ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ 《ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠎ᠶ᠋ᠢ ᠪᠠᠷᠢᠮᠲᠠᠯᠠᠬᠤ》 ᠶ᠋ᠢ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠷᠬᠡᠪᠰᠢ ᠵᠢᠷᠤᠮᠯᠠᠬᠤ ᠵᠠᠷᠴᠢᠮ᠎ᠤᠨ ᠨᠢᠭᠡ ᠭᠡᠵᠦ᠍ ᠲᠣᠳᠣᠷᠬᠠᠢ ᠲᠣᠭ᠍ᠲᠠᠭᠠᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠡᠴᠡ ᠬᠣᠶᠠᠷ 《ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠬᠦ》 ᠲᠣᠳᠣᠷᠬᠠᠢ ᠱᠠᠭᠠᠷᠳᠠᠯᠭ᠎ᠠ᠎ᠶ᠋ᠢ ᠳᠤᠷᠠᠳᠤᠨ ᠭᠠᠷᠭᠠᠪᠠ᠃
ᠬᠥᠭ᠌ᠵᠢᠯᠲᠡ ᠪᠣᠯ ᠮᠠᠨ᠎ᠤ ᠤᠯᠤᠰ᠎ᠤᠨ ᠠᠯᠢᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠪᠠ ᠵᠠᠩᠭᠢᠯᠠᠭ᠎ᠠ ᠮᠥᠨ᠃ ᠠᠵᠤ ᠠᠬᠤᠢ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠᠲᠤ ᠪᠡᠬᠢ ᠲᠤᠯᠭᠠᠭᠤᠷᠢᠯᠠᠯ ᠪᠣᠯᠬᠤ ᠪᠥᠭᠡᠳ ᠪᠠᠰᠠ ᠭᠠᠳᠠᠭᠠᠳᠤ ᠣᠷᠴᠢᠨ᠎ᠤ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠪᠠᠲᠤ ᠪᠡᠬᠢ ᠬᠠᠯᠬᠠᠪᠴᠢ ᠪᠣᠯᠤᠨ᠎ᠠ᠃
ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠬᠡᠷ ᠭᠠᠵᠠᠷ᠎ᠤᠨ ᠬᠥᠷᠥᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠬᠠᠨ᠎ᠠ ᠁ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠠᠯᠢ ᠣᠯᠠᠨ ᠪᠠᠢᠷᠢᠯᠠᠭᠤᠯᠤᠯᠲᠠ ᠵᠢ ᠲᠤᠳᠤᠷᠬᠠᠢᠯᠠᠵᠤ᠂ ᠳᠣᠲᠣᠭᠠᠳᠤ ᠬᠦᠴᠦᠨ ᠴᠢᠳᠠᠯ᠎ᠢᠶᠠᠨ ᠰᠠᠢᠲᠤᠷ ᠪᠣᠯᠪᠠᠰᠤᠷᠠᠭᠤᠯᠬᠤ᠂ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠳᠦ ᠰᠠᠭᠤᠷᠢᠯᠠᠵᠤ᠂ ᠤᠯᠤᠰ᠎ᠤᠨ ᠠᠮᠤᠷ ᠲᠦᠪᠱᠢᠨ᠎ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠲᠡᠶ ᠬᠠᠮᠲᠤ᠎ᠪᠠᠷ ᠲᠥᠯᠥᠪᠵᠢᠭᠦᠯᠵᠦ᠍᠂ ᠬᠠᠮᠲᠤ᠎ᠪᠠᠷ ᠪᠠᠢᠷᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ ᠪᠣᠯᠤᠨ ᠥᠨᠳᠥᠷ ᠲᠦᠪᠱᠢᠨ ᠪᠥᠬᠥᠶ ᠠᠮᠤᠷ ᠲᠦᠪᠱᠢᠨ᠎ᠦ ᠰᠠᠢᠨ ᠰᠠᠢᠬᠠᠨ ᠬᠤᠷᠱᠢᠯᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃
ᠬᠥᠭ᠌ᠵᠢᠯᠲᠡ ᠭᠡᠬᠦ᠌ ᠡᠨᠡ ᠬᠦ᠌ 《ᠲᠡᠷᠢᠭᠦᠨ ᠴᠢᠬᠤᠯᠠ ᠡᠭᠦᠷᠭᠡ》 ᠶ᠋ᠢ ᠰᠠᠢᠲᠤᠷ ᠠᠳᠭᠤᠬᠤ᠎ᠪᠠᠷ ᠪᠠᠷᠠᠬᠤ ᠦᠭᠡᠢ ᠪᠠᠰᠠ ᠠᠮᠤᠷ ᠲᠦᠪᠱᠢᠨ ᠭᠡᠬᠦ᠌ ᠡᠨᠡ ᠬᠦ᠌ 《ᠲᠡᠷᠢᠭᠦᠨ ᠴᠢᠬᠤᠯᠠ ᠶᠡᠬᠡ ᠶᠠᠪᠤᠳᠠᠯ》 ᠢ᠋ ᠰᠠᠢᠲᠤᠷ ᠬᠢᠪᠡᠯ ᠰᠠᠶᠢ ᠭᠠᠳᠠᠭᠠᠳᠤ ᠣᠷᠴᠢᠨ᠎ᠤ ᠰᠠᠯᠬᠢ ᠳᠠᠪᠠᠯᠭᠠᠨ᠎ᠢ ᠡᠰᠡᠷᠭᠦᠴᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠤᠷ ᠲᠦᠪᠱᠢᠨ᠎ᠦ ᠰᠠᠭᠤᠷᠢ᠎ᠶ᠋ᠢ ᠪᠡᠬᠢᠵᠢᠭᠦᠯᠵᠦ᠍᠂ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠣᠴᠠ᠎ᠶ᠋ᠢᠨ ᠳᠠᠪᠠᠯᠭᠠᠨ᠎ᠢ ᠰᠦᠷᠦᠨ ᠤᠷᠤᠭ᠍ᠰᠢᠯᠠᠬᠤ᠂ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠵᠤ ᠴᠢᠳᠠᠨ᠎ᠠ᠃
ᠬᠢᠮᠤᠷᠠᠯ᠎ᠤᠨ ᠳᠤᠮᠳᠠ ᠠᠵᠠ ᠲᠣᠬᠢᠶᠠᠯ᠎ᠢ ᠪᠣᠢᠵᠢᠭᠤᠯᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠢ᠃
ᠱᠢᠨ᠎ᠡ ᠴᠠᠭ ᠦᠶ᠎ᠡ᠎ᠶ᠋ᠢᠨ ᠰᠦᠷ ᠳᠠᠯᠠᠢᠴᠠᠲᠠᠢ ᠠᠶᠠᠨ ᠵᠠᠮ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠶᠡᠬᠡ ᠬᠥᠱᠢᠭᠡ ᠨᠢᠭᠡᠨᠲᠡ ᠨᠡᠭᠡᠭᠡᠭ᠌ᠳᠡᠪᠡ᠃ ᠤᠷᠢᠳ ᠡᠮᠦᠨ᠎ᠡ ᠪᠠᠢᠭ᠎ᠠ ᠦᠭᠡᠢ ᠠᠵᠠ ᠲᠣᠬᠢᠶᠠᠯ ᠪᠣᠯᠤᠨ ᠥᠷᠢᠰᠥᠯᠳᠦᠭᠡᠨ᠎ᠦ ᠡᠮᠦᠨ᠎ᠡ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠲᠤ ᠪᠤᠢ ᠪᠣᠯᠭᠠᠵᠤ᠂ ᠠᠵᠤ ᠠᠬᠤᠢ᠎ᠶ᠋ᠢᠨ ᠤᠶᠠᠨ ᠬᠠᠳᠠᠨ ᠴᠢᠨᠠᠷ᠎ᠤᠨ ᠰᠠᠭᠤᠷᠢ᠎ᠶ᠋ᠢ ᠪᠠᠲᠤᠳᠭᠠᠵᠤ᠂ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠤᠮᠳᠠᠬᠢ ᠱᠢᠨ᠎ᠡ ᠠᠰᠠᠭᠤᠳᠠᠯ᠎ᠢ ᠲᠠᠰᠤᠷᠠᠯᠳᠠ ᠦᠭᠡᠢ ᠱᠢᠢᠳᠪᠦᠷᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠴᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)