— ᠶᠡᠷᠦᠩᠬᠡᠶ ᠱᠦᠵᠢ ᠰᠢ ᠵᠢᠨ ᠫᠢᠩ ᠦᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠱᠢᠨ᠎ᠡ ᠴᠢᠨᠠᠷ ᠤᠨ ᠦᠶ᠋ᠯᠡᠳᠪᠦᠷᠢᠯᠡᠯ ᠦᠨ ᠬᠦᠴᠦᠨ ᠢ ᠬᠥᠭ᠌ᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠱᠢᠷᠢᠰ ᠬᠦᠦᠷᠨᠢᠯ ᠱᠢᠭᠦᠮᠵᠢ (ᠭᠤᠷᠪᠠ)
ᠠᠵᠤ ᠦᠢᠯᠡᠰ ᠪᠣᠯ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌ ᠴᠢᠬᠤᠯᠠ ᠠᠴᠢᠶᠠᠯᠠᠪᠤᠷᠢ ᠮᠥᠨ᠃ ᠡᠨᠡ ᠵᠢᠯ ᠦᠨ ᠪᠦᠬᠦ᠌ ᠤᠯᠤᠰ ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ ᠶ᠋ᠢᠨ ᠠᠵᠤ ᠦᠢᠯᠡᠰ ᠢ ᠤᠷᠢᠳᠴᠢᠯᠠᠨ ᠪᠠᠢᠷᠢᠯᠠᠭᠤᠯᠬᠤ ᠲᠠᠯ᠎ᠠ᠎ᠪᠠᠷ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠶᠡᠷᠦᠩᠬᠡᠢ ᠱᠦᠵᠢ ᠰᠢ ᠵᠢᠨ ᠫᠢᠩ ᠢᠮᠠᠭ᠍ᠲᠠ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠠᠬᠤᠢ ᠪᠠᠢᠳᠠᠯ ᠳᠣᠣᠷ᠎ᠠ ᠲᠠᠯᠪᠢᠵᠤ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠱᠢᠰᠲ᠋ᠧᠮ ᠲᠡᠶ ᠪᠠᠢᠷᠢᠯᠠᠭᠤᠯᠵᠤ᠂ ᠨᠢᠭᠡ ᠴᠤᠭ᠍ᠴᠠᠵᠢᠭᠤᠯᠤᠨ ᠠᠬᠢᠭᠤᠯᠪᠠ᠄ 2023 ᠣᠨ᠎ᠳᠤ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ ᠢ ᠠᠩᠬ᠎ᠠ ᠤᠳᠠᠭ᠎ᠠ ᠲᠤᠷᠠᠳᠴᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠡᠬᠢ ᠪᠠᠶᠠᠯᠢᠭ᠎ᠢ ᠨᠡᠢᠳᠭᠡᠵᠦ᠍᠂ ᠪᠠᠢᠯᠳᠤᠬᠤ ᠪᠤᠳᠤᠯᠭ᠎ᠠ ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ ᠢ ᠬᠦᠭᠵᠢᠭᠦᠯᠬᠦ ᠵᠢ ᠬᠦᠳᠦᠯᠦᠨ ᠳᠠᠭᠠᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ》 ᠭᠡᠵᠦ᠍ ᠲᠣᠳᠣᠷᠬᠠᠢᠯᠠᠪᠠ; ᠡᠭᠦᠨ᠎ᠡᠴᠡ ᠰᠡᠭᠦᠯᠡᠷ᠂ ᠬᠠᠮᠲᠤ ᠶ᠋ᠢᠨ ᠰᠤᠷᠤᠯᠴᠠᠯᠭ᠎ᠠ᠂ ᠴᠢᠬᠤᠯᠠ ᠬᠤᠷᠠᠯ᠂ ᠣᠷᠣᠨ ᠨᠤᠲᠤᠭ᠎ᠤᠨ ᠱᠢᠨᠵᠢᠯᠡᠨ ᠪᠠᠢᠴᠠᠭᠠᠯᠲᠠ ᠵᠡᠷᠭᠡ ᠴᠢᠬᠤᠯᠠ ᠲᠠᠯᠠᠪᠤᠷ᠎ᠲᠤ 《ᠭᠠᠵᠠᠷ ᠣᠷᠣᠨ ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌》 ᠵᠢᠨ ᠲᠣᠭᠣᠷᠢᠨ᠎ᠳᠤ ᠴᠢᠨᠠᠭ᠍ᠰᠢᠳᠠ ᠲᠣᠳᠣᠷᠬᠠᠢᠯᠠᠨ ᠲᠠᠢᠯᠪᠤᠷᠢᠯᠠᠵᠤ᠂ ᠱᠠᠭᠠᠷᠳᠠᠯᠭ᠎ᠠ ᠳᠤᠷᠠᠳᠴᠠᠢ᠃
ᠰᠠᠶᠢᠬᠠᠨ ᠥᠩᠭᠡᠷᠡᠭ᠌ᠰᠡᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠬᠦᠭᠵᠢᠵᠦ᠂ ᠬᠡᠪᠴᠢᠶᠡᠵᠢᠯ ᠡᠴᠡ ᠳᠡᠭᠡᠭ᠌ᠰᠢᠬᠢ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠵᠢᠯ ᠳᠤᠮᠳᠠᠴᠢ ᠪᠠᠷ 9.2 % ᠵᠢᠡᠷ ᠨᠡᠮᠡᠭ᠌ᠳᠡᠪᠡ᠃ ᠠᠯᠢ ᠤᠯᠠᠨ ᠱᠢᠨ᠎ᠡ᠎ᠶ᠋ᠢ ᠡᠭᠦᠳᠬᠦ᠌ ᠮᠡᠷᠭᠡᠵᠢᠯ ᠨᠢ ᠲᠤᠷᠱᠢᠯᠲᠠ᠎ᠶ᠋ᠢᠨ ᠲᠠᠰᠤᠭ᠎ᠡᠴᠡ ᠭᠠᠷᠴᠤ᠌᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠨᠡᠷ᠎ᠡ᠎ᠶ᠋ᠢᠨ ᠬᠠᠭᠤᠳᠠᠰᠤ ᠪᠤᠯᠵᠤ ᠬᠥᠭ᠌ᠵᠢᠭ᠌ᠰᠡᠨᠦ ᠠᠷᠤ᠎ᠳᠤ ᠶᠠᠭ ᠲᠦᠷᠭᠡᠨ ᠪᠠᠢᠭᠤᠯᠵᠤ ᠪᠠᠢᠭ᠎ᠠ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠬᠠᠩᠭᠠᠭ᠍ᠰᠠᠨ ᠥᠷᠭᠡᠨ ᠠᠭᠤᠳᠠᠮ ᠬᠡᠷᠡᠭ᠌ᠯᠡᠭᠡᠨ᠎ᠦ ᠪᠠᠢᠳᠠᠯ᠂ ᠵᠠᠬ᠎ᠠ ᠳᠡᠯᠭᠡᠭᠦᠷ᠎ᠦᠨ ᠣᠷᠣᠨ ᠵᠠᠢ ᠪᠤᠯᠤᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠢ ᠪᠠᠢᠭᠤᠯᠵᠤ᠂ ᠠᠵᠤ ᠦᠢᠯᠡᠰ᠎ᠦᠨ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠰᠦᠷᠦᠯᠲᠡ᠎ᠶ᠋ᠢ ᠪᠡᠶᠡᠯᠡᠭᠦᠯᠬᠦ᠌ ᠪᠣᠯ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠡᠭᠦᠷᠭᠡ ᠮᠥᠨ᠃ ᠱᠢᠨ᠎ᠡ ᠪᠠᠢᠳᠠᠯ᠂ ᠱᠢᠨ᠎ᠡ ᠡᠭᠦᠷᠭᠡ᠎ᠶ᠋ᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠤᠬᠠᠢ ᠴᠢᠬᠤᠯᠠ ᠥᠭᠦᠯᠡᠯᠲᠡ᠎ᠪᠡᠷ ᠵᠢᠯᠤᠭᠤᠳᠤᠯᠭ᠎ᠠ ᠪᠣᠯᠭᠠᠵᠤ᠂ ᠴᠥᠬᠥᠷᠡᠰᠢ ᠦᠭᠡᠢ ᠪᠠᠷᠢᠮᠲᠠᠯᠠᠵᠤ᠂ ᠤᠨᠢᠨ ᠳᠡᠭᠡᠷ᠎ᠡ ᠨᠢ ᠬᠦᠴᠦᠯᠡᠬᠦ᠌᠎ᠶ᠋ᠢ ᠨᠡᠩ ᠢᠯᠡᠭᠦᠦ ᠱᠠᠭᠠᠷᠳᠠᠨ᠎ᠠ᠃
ᠤᠯᠠᠮᠵᠢᠯᠠᠯᠲᠤ ᠠᠵᠤ ᠦᠶ᠋ᠯᠡᠰ ᠨᠢ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠎ᠡ ᠦᠦ ᠦᠭᠡᠢ ᠦᠦ? ᠵᠠᠷᠢᠮ ᠭᠠᠵᠠᠷ ᠣᠷᠣᠨ ᠪᠠ ᠠᠵᠤ ᠠᠬᠤᠢᠯᠠᠯ᠎ᠤᠨ ᠲᠥᠭᠡᠷᠢᠭ᠌ᠳᠡᠯ᠎ᠳᠦ ᠴᠢᠭ᠌ᠯᠡᠭᠦᠯᠦᠨ᠂ ᠶᠡᠷᠦᠩᠬᠡᠢ ᠱᠦᠵᠢ ᠰᠢ ᠵᠢᠨ ᠫᠢᠩ᠄《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠨᠢ ᠤᠯᠠᠮᠵᠢᠯᠠᠯᠲᠤ ᠠᠵᠤ ᠦᠢᠯᠡᠰ᠎ᠢ ᠣᠮᠲᠣᠭᠠᠢᠯᠠᠵᠤ᠂ ᠲᠠᠶᠠᠭ᠍ᠳᠠᠬᠤ ᠭᠡᠰᠡᠨ ᠶᠠᠪᠤᠳᠠᠯ ᠪᠢᠰᠢ》᠂ 《ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌᠎ᠪᠡᠷ ᠲᠠᠮᠵᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠴᠦ᠍ ᠬᠥᠭ᠌ᠵᠢᠭᠦᠯᠵᠦ᠍ ᠴᠢᠳᠠᠨ᠎ᠠ》 ᠭᠡᠵᠦ᠍ ᠲᠣᠳᠣᠷᠬᠠᠢ ᠵᠢᠭᠠᠵᠤ ᠭᠠᠷᠭᠠᠪᠠ᠃
ᠭᠤᠸᠠᠩᠳᠦ᠋ᠩ᠎ᠦᠨ ᠹᠦᠸᠸ ᠱᠠᠨ᠎ᠤ ᠬᠢᠨ ᠸᠠᠭᠠᠷ ᠱᠠᠭᠠᠵᠠᠩ ᠦᠢᠯᠡᠳᠬᠦ᠌ ᠤᠷ᠎ᠠ ᠮᠡᠷᠭᠡᠰᠢᠯ᠎ᠢᠶᠡᠨ ᠳᠡᠰ ᠳᠡᠪᠱᠢᠭᠦᠯᠵᠦ᠍᠂ ᠲᠣᠭᠠᠴᠢᠯᠠᠭ᠍ᠰᠠᠨ ᠱᠢᠯ ᠪᠤᠳᠤᠭ᠎ᠤᠨ ᠮᠠᠲᠧᠷᠢᠶᠠᠯ᠂ ᠤᠶᠤᠨᠲᠤ ᠱᠢᠲᠠᠭᠠᠨ ᠦᠢᠯᠡᠳᠬᠦ᠌ ᠵᠡᠷᠭᠡ ᠱᠢᠨ᠎ᠡ ᠮᠡᠷᠭᠡᠵᠢᠯ᠎ᠢ ᠰᠤᠳᠤᠯᠤᠨ ᠦᠢᠯᠡᠳᠴᠡᠢ;ᠱᠠᠨᠳᠦ᠋ᠩ᠎ᠦᠨ ᠿᠢ ᠵᠣᠣ᠎ᠵᠢᠨ ᠪᠣᠯᠣᠳ ᠲᠡᠮᠦᠷ᠎ᠦᠨ ᠠᠵᠤ ᠦᠶ᠋ᠯᠡᠰ᠎ᠤᠨ ᠬᠢᠨ ᠲᠣᠭᠠᠴᠢᠯᠠᠯᠲᠠᠲᠡᠢᠰᠢ ᠬᠡᠯᠪᠡᠷᠢ᠎ᠪᠡᠨ ᠬᠤᠪᠢᠷᠠᠭᠤᠯᠬᠤ᠎ᠪᠠᠷ ᠳᠡᠮᠵᠢᠨ᠂ ᠵᠠᠷᠢᠮ ᠠᠵᠤ ᠠᠬᠤᠢᠯᠠᠯ᠎ᠤᠨ ᠵᠠᠩᠭᠢᠯᠠᠭ᠎ᠠ ᠶ᠋ᠢᠨ ᠠᠵᠢᠯ ᠤᠨ ᠳᠠᠷᠠᠭᠠᠯᠠᠯ ᠤᠨ ᠲᠤᠭᠠᠴᠢᠯᠠᠭᠰᠠᠨ ᠡᠵᠡᠮᠱᠢᠯᠲᠡᠶ᠋ᠢᠨ ᠨᠣᠷᠮ᠎ᠠ ᠨᠢᠭᠡᠨᠲᠡ 90 % ᠶ᠋ᠢ ᠳᠠᠪᠠᠵᠤ᠂ ᠤᠯᠠᠮᠵᠢᠯᠠᠯᠲᠤ ᠠᠵᠤ ᠦᠶ᠋ᠯᠡᠰ᠎ᠲᠦ ᠲᠦᠱᠢᠭ᠌ᠯᠡᠨ ᠪᠣᠢᠵᠢᠭᠤᠯᠤᠭ᠍ᠰᠠᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠶᠠᠭ ᠲᠡᠷᠭᠡᠨ ᠬᠦᠭᠵᠢᠵᠦ ᠪᠠᠢᠨ᠎ᠠ ᠁
ᠣᠢᠷ᠎ᠠ᠎ᠶ᠋ᠢᠨ ᠬᠡᠳᠦᠨ ᠵᠢᠯ᠎ᠳᠦ᠂ ᠤᠯᠠᠮᠵᠢᠯᠠᠯᠲᠤ ᠠᠵᠤ ᠦᠶ᠋ᠯᠡᠰ᠎ᠨᠢ ᠬᠣᠴᠣᠷᠤᠩᠭᠤᠶ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢᠨ ᠳᠥᠯᠥᠭᠡᠨᠦ ᠨᠡᠷ᠎ᠡ ᠪᠢᠰᠢ᠂ ᠤᠯᠠᠮᠵᠢᠯᠠᠯᠲᠤ ᠠᠵᠤ ᠦᠶ᠋ᠯᠡᠰ᠎ᠢ ᠥᠭᠡᠷᠡᠴᠢᠯᠡᠨ ᠲᠠᠰ ᠳᠡᠪᠱᠢᠭᠦᠯᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠨᠢ ᠬᠠᠭᠤᠴᠢᠨ ᠬᠥᠳᠡᠯᠭᠡᠬᠦ᠌ ᠡᠨᠧᠷᠭᠢ᠎ᠶ᠋ᠢ ᠱᠢᠨᠡᠳᠭᠡᠬᠦ᠌ ᠳᠤᠮᠳᠠ ᠱᠢᠨ᠎ᠡ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍ ᠴᠢᠳᠠᠬᠤ᠎ᠪᠠᠷ ᠪᠠᠷᠠᠬᠤ ᠥᠬᠡᠶ ᠪᠠᠰᠠ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠢ ᠪᠣᠢᠵᠢᠭᠤᠯᠬᠤ᠂ ᠱᠢᠨ᠎ᠡ ᠠᠵᠤ ᠦᠶ᠋ᠯᠡᠰ ᠱᠢᠨ᠎ᠡ ᠤᠷᠤᠯᠳᠤᠭᠠᠨ᠎ᠤ ᠵᠠᠮ᠎ᠢ ᠴᠣᠭ᠍ᠴᠠᠯᠠᠬᠤ᠎ᠳᠤ ᠴᠢᠬᠤᠯᠠ ᠪᠥᠬᠥᠶ ᠲᠤᠯᠭᠠᠭᠤᠷᠢᠯᠠᠯ ᠬᠠᠩᠭᠠᠵᠤ ᠴᠢᠳᠠᠨ᠎ᠠ ᠭᠡᠳᠡᠭ᠎ᠢ ᠠᠯᠢ ᠤᠯᠠᠨ ᠠᠮᠢᠳᠤᠯᠢᠭ ᠪᠣᠳᠠᠲᠤ ᠬᠡᠷᠡᠭ ᠬᠠᠷᠠᠭᠤᠯᠤᠭᠰᠠᠨ ᠪᠠᠢᠨ᠎ᠠ᠃
ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ ᠤᠨ ᠢᠯᠡᠳᠭᠡᠯ᠎ᠳᠦ 《ᠤᠯᠠᠮᠵᠢᠯᠠᠯᠲᠤ ᠠᠵᠤ ᠦᠶ᠋ᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌》 ᠶ᠋ᠢ 《ᠱᠢᠨ᠎ᠡ ᠬᠥᠳᠡᠯᠭᠡᠬᠦ ᠡᠨᠧᠷᠭᠢ᠎ᠶ᠋ᠢ ᠲᠦᠷᠭᠡᠪᠴᠢᠯᠡᠨ ᠪᠣᠢᠵᠢᠭᠤᠯᠤᠨ ᠪᠤᠵᠠᠭᠠᠢᠷᠠᠭᠤᠯᠬᠤ》 ᠠᠵᠢᠯ ᠤᠨ ᠲᠡᠷᠢᠭᠦᠨ ᠪᠠᠢᠷᠢᠨ᠎ᠳᠤ ᠲᠠᠯᠪᠢᠪᠠ᠃ ᠭᠣᠣᠯᠳᠠᠯᠭ᠎ᠠ᠎ᠲᠠᠶ ᠠᠵᠤ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠴᠢᠬᠤᠯᠠ ᠶᠡᠬᠡ ᠮᠡᠷᠭᠡᠵᠢᠯ᠎ᠦᠨ ᠥᠭᠡᠷᠡᠴᠢᠯᠡᠯᠲᠡ ᠬᠢᠵᠦ᠍ ᠲᠡᠰ ᠳᠡᠪᠱᠢᠭᠦᠯᠬᠦ᠌ ᠲᠦᠷᠦᠯ ᠵᠦᠢᠯ ᠢ ᠱᠢᠨ᠎ᠡ᠎ᠪᠡᠷ ᠪᠠᠢᠷᠢᠯᠠᠭᠤᠯᠵᠤ᠂ 2000 ᠳ᠋ᠦᠩᠱᠢᠭᠤᠷ ᠲᠥᠭᠥᠷᠢᠭ᠎ᠦᠨ ᠤᠯᠤᠰ᠎ᠤᠨ ᠬᠡᠲᠤ ᠤᠷᠳᠤ ᠬᠤᠭᠤᠴᠠᠭ᠎ᠠ᠎ᠳᠤ ᠣᠨᠴᠠᠭᠠᠢ ᠵᠢᠭᠡᠯᠡᠯᠭᠡ᠎ᠶ᠋ᠢᠨ ᠪᠡᠯᠡ ᠮᠥᠩᠭᠥᠲᠤᠬᠢᠷᠠᠭᠤᠯᠵᠤ ᠶᠡᠬᠡ ᠬᠡᠪᠴᠢᠶᠡᠨ᠎ᠦ ᠲᠤᠨᠤᠭ ᠲᠥᠬᠥᠭᠡᠷᠦᠮᠵᠢ᠎ᠶ᠋ᠢ ᠱᠢᠨᠡᠴᠢᠯᠡᠬᠦ᠌᠎ᠶ᠋ᠢ ᠲᠡᠮᠵᠢᠨ᠎ᠠ ᠁
ᠱᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠪᠴᠢᠯᠡᠨ ᠪᠤᠢ ᠪᠣᠯᠭᠠᠬᠤ ᠵᠠᠩᠭᠢᠯᠠᠭ᠎ᠠ᠎ᠶ᠋ᠢᠨ ᠭᠠᠷᠳᠡᠴᠡ ᠮᠥᠨ᠃ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠨᠢ ᠬᠡᠪᠴᠢᠶᠡᠵᠢᠭ᠌ᠰᠡᠨ ᠠᠵᠤ ᠦᠶ᠋ᠯᠡᠰ᠎ᠦᠨ ᠪᠦᠯᠦᠭ᠌ᠵᠢᠯ ᠢ ᠲᠦᠷᠭᠡᠨ ᠪᠦᠷᠢᠯᠳᠦᠭᠦᠯᠵᠦ᠍᠂ 《ᠨᠢᠭᠡ ᠦᠶ᠋ᠯᠡᠰ᠎ᠢᠶᠡᠷ ᠵᠠᠭᠤᠨ ᠦᠶ᠋ᠯᠡᠰ᠎ᠢ ᠳᠠᠢᠴᠢᠯᠠᠬᠤ》 ᠦᠷᠡᠵᠢᠭᠦᠯᠬᠦ᠌ ᠲᠣᠭᠠᠨ᠎ᠤ ᠦᠶ᠋ᠯᠡᠳᠦᠯ᠎ᠢ ᠪᠠᠳᠠᠷᠠᠭᠤᠯᠵᠤ᠂ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠦᠶ᠋ᠯᠡᠰ᠎ᠦᠨ ᠬᠠᠮᠵᠢᠯᠴᠠᠨ ᠬᠥᠭ᠌ᠵᠢᠬᠦ᠌᠎ᠶ᠋ᠢ ᠳᠠᠢᠴᠢᠯᠠᠵᠤ᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌᠎ᠳᠦ ᠠᠱᠢᠭ᠍ᠲᠠᠶ ᠶᠤᠮ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠬᠤᠷᠠᠮᠠᠯ ᠴᠠᠬᠢᠯᠭᠠᠨ ᠬᠡᠯᠬᠢᠶ᠎ᠡ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠠᠮᠢᠳᠤ ᠪᠣᠳᠠᠰ ᠤᠨ ᠡᠮ ᠡᠮᠨᠡᠯᠭᠡ᠂ ᠤᠢᠷ᠎ᠠ ᠤᠭᠲᠠᠷᠭᠤᠢ ᠵᠢᠨ ᠠᠵᠤ ᠠᠬᠤᠶ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠂ ᠤᠶᠤᠨᠴᠢ ᠮᠠᠱᠢᠨ ᠬᠥᠮᠦᠨ ᠵᠡᠷᠭᠡ ᠵᠢᠷᠭᠤᠭᠠᠨ ᠶᠡᠬᠡ ᠱᠢᠨ᠎ᠡ᠎ᠪᠡᠷ ᠮᠠᠨᠳᠤᠭ᠍ᠰᠠᠨ ᠲᠤᠯᠭᠠᠭᠤᠷᠢ ᠠᠵᠤ ᠦᠶ᠋ᠯᠡᠰ᠎ᠦᠨ ᠬᠠᠮᠢᠶ᠎ᠠ ᠪᠥᠬᠥᠶ ᠦᠶ᠋ᠯᠡᠳᠬᠦᠨ᠎ᠦ ᠥᠷᠲᠡᠭ ᠨᠢ 2025 ᠣᠨ᠎ᠳᠤ ᠨᠢᠭᠡᠨᠲᠡ 6 ᠲᠦᠮᠡᠨ ᠳ᠋ᠦᠩᠱᠢᠭᠤᠷ ᠲᠥᠭᠥᠷᠢᠭ᠎ᠲᠦ ᠣᠢᠷᠠᠳᠴᠤ᠌᠂ ᠵᠢᠱ᠌ᠢᠯᠲᠡ᠎ᠪᠡᠷ 2030 ᠣᠨ ᠪᠣᠯᠬᠤ᠎ᠳᠤ 10 ᠲᠦᠮᠡᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠪᠣᠯᠲᠠᠯ᠎ᠠ ᠥᠷᠭᠡᠳᠬᠦ᠌ ᠪᠣᠯᠤᠮᠵᠢᠲᠠᠶ ᠪᠠᠢᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠳᠤ《ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠬᠤ》 ᠶ᠋ᠢ ᠲᠣᠳᠣᠷᠬᠠᠢᠯᠠᠭ᠍ᠰᠠᠨ ᠤ ᠬᠠᠮᠲᠤ ᠠᠯᠢ ᠣᠯᠠᠨ ᠪᠣᠳᠠᠲᠠᠶ ᠲᠣᠬᠢᠷᠠᠭᠤᠯᠤᠯᠲᠠ ᠬᠢᠪᠡ᠄ 《ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠲᠤᠰ ᠲᠤᠰ᠎ᠤᠨ ᠣᠨᠴᠠᠯᠢᠭ᠎ᠲᠠᠶ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠥᠪᠥᠷᠢᠯᠡᠭ᠌ᠰᠡᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠦᠯᠦᠭ᠌ᠵᠢᠯ᠎ᠢ ᠪᠠᠢᠭᠤᠯᠤᠨ᠎ᠠ》᠂ 《ᠱᠢᠨ᠎ᠡ ᠮᠡᠷᠭᠡᠵᠢᠯ ᠱᠢᠨ᠎ᠡ ᠦᠢᠯᠡᠳᠬᠦᠨ ᠱᠢᠨ᠎ᠡ ᠠᠬᠤᠢ ᠲᠠᠯᠠᠪᠠᠶ᠎ᠶ᠋ᠢᠨ ᠶᠡᠬᠡ ᠬᠡᠪᠴᠢᠶ᠎ᠡ᠎ᠪᠡᠷ ᠬᠡᠷᠡᠭ᠌ᠯᠡᠵᠦ᠍ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ》 ᠁
ᠭᠤᠸᠠᠩᠳᠦ᠋ᠩ᠎ᠤᠨ ᠬᠢᠨ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ᠂ ᠠᠮᠢᠳᠤ ᠪᠣᠳᠠᠰ᠎ᠤᠨ ᠦᠢᠯᠡᠳᠭᠡᠯ ᠵᠡᠷᠭᠡ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠭᠠᠷᠳᠠᠨ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ; ᠱᠠᠩᠬᠠᠢ᠎ᠶ᠋ᠢᠨ ᠬᠢᠨ eVTOL(ᠴᠠᠬᠢᠯᠭᠠᠨ ᠬᠥᠳᠡᠯᠭᠡᠭᠦᠷᠲᠦ ᠡᠭ᠌ᠴᠡ᠎ᠪᠡᠷ ᠨᠢᠰᠴᠦ᠍ ᠪᠠᠭᠤᠬᠤ ᠰᠠᠨᠰᠠᠷ᠎ᠤᠨ ᠨᠢᠰᠦᠭᠦᠷ)᠂ ᠬᠤᠳᠠᠯᠳᠤᠭᠠᠨ᠎ᠤ ᠲᠡᠢ᠌ᠷᠦᠯᠳᠦ ᠰᠤᠮᠤ ᠵᠡᠷᠭᠡ ᠱᠢᠨ᠎ᠡ᠎ᠶ᠋ᠢ ᠡᠭᠦᠳᠦᠭ᠌ᠰᠡᠨ ᠦᠢᠯᠡᠳᠬᠦᠨ᠎ᠤ ᠠᠵᠤ ᠦᠢᠯᠡᠰ᠎ᠦᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢᠨ ᠪᠣᠭᠣᠮᠢ᠎ᠶ᠋ᠢ ᠱᠢᠪᠲᠤᠯᠬᠤ ᠵᠢ ᠲᠦᠷᠭᠡᠳᠭᠡᠪᠡ ᠁ ᠰᠤᠷᠪᠤᠯᠵᠢᠯᠠᠭ᠍ᠴᠢ ᠤᠢ᠍ᠢᠷ᠎ᠠ᠎ᠶ᠋ᠢᠨ ᠬᠤᠭᠤᠴᠠᠭᠠᠨ᠎ᠳᠤ ᠪᠦᠬᠦ᠌ ᠤᠯᠤᠰ᠎ᠤᠨ ᠤᠯᠠᠨ ᠭᠠᠵᠠᠷ᠎ᠲᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ᠂ ᠡᠯ᠎ᠡ ᠭᠠᠵᠠᠷ᠎ᠤᠨ ᠬᠢᠨ ᠴᠠᠭ ᠪᠢᠳᠡᠨ᠎ᠢ ᠬᠦᠯᠢᠶᠡᠬᠦ᠌ ᠦᠭᠡᠢ ᠪᠠᠢᠬᠤ ᠲᠤᠯᠭᠠᠮ ᠪᠤᠳᠤᠯ᠎ᠢᠶᠠᠷ ᠱᠢᠨ᠎ᠡ ᠠᠵᠠ ᠲᠣᠬᠢᠶᠠᠯ᠎ᠢ ᠠᠮᠵᠢᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠥᠨᠳᠥᠷᠯᠢᠭ᠎ᠢ ᠲᠠᠰᠤᠷᠠᠯᠲᠠ ᠦᠭᠡᠢ ᠪᠤᠢ ᠪᠤᠯᠭᠠᠵᠤ ᠪᠠᠢᠬᠤ ᠵᠢ ᠣᠯᠵᠤ ᠬᠠᠷᠠᠪᠠ᠃
ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ ᠲᠦᠷᠭᠡᠨ ᠬᠤᠪᠢᠷᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠴᠢᠬᠤᠯᠠ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠢᠷᠡᠭᠡᠳᠦᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠪᠣᠯ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠥᠷᠢᠰᠥᠯᠳᠦᠭᠡᠨ᠎ᠢ ᠠᠷᠭᠠᠴᠡᠭᠠᠬᠤ ᠰᠠᠨᠠᠭᠠᠴᠢᠯᠠᠭᠠᠲᠤ ᠰᠣᠩᠭᠣᠯᠲᠠ ᠮᠥᠨ᠂ ᠠᠯᠤᠰ ᠬᠡᠳᠤ᠎ᠶ᠋ᠢᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠬᠤ ᠵᠠᠩᠭᠢᠯᠠᠭ᠎ᠠ᠎ᠶ᠋ᠢᠨ ᠲᠤᠯᠭᠠᠭᠤᠷᠢᠯᠠᠬᠤ ᠴᠡᠭ ᠮᠥᠨ᠃
ᠡᠨᠡ ᠵᠢᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠤᠬᠠᠢ ᠤᠯᠠᠨ ᠤᠳᠠᠭ᠎ᠠ ᠥᠭᠦᠯᠡᠵᠦ᠍᠂ 《ᠬᠦᠴᠦᠷᠬᠡᠭ᠌ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠪᠤᠰᠤᠳᠴᠢ ᠨᠥᠬᠥᠴᠡᠯ᠎ᠳᠦ ᠰᠠᠭᠤᠷᠢᠯᠠᠵᠤ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠂ ᠱᠠᠳᠤᠯᠠᠨ ᠪᠣᠢᠵᠢᠭᠤᠯᠬᠤ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠲᠠᠰᠤᠷᠠᠯᠳᠠ ᠦᠭᠡᠢ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
《ᠢᠷᠡᠭᠡᠳᠦᠢ᠎ᠶ᠋ᠢᠨ ᠠᠵᠤ ᠦᠢᠯᠡᠰ᠎ᠦᠨ ᠪᠦᠬᠦ᠌ ᠬᠡᠯᠬᠢᠶ᠎ᠡ᠎ᠶ᠋ᠢ ᠪᠣᠢᠵᠢᠭᠤᠯᠬᠤ ᠱᠢᠰᠲ᠋ᠧᠮ᠎ᠢ ᠪᠠᠢᠭᠤᠯᠤᠨ᠎ᠠ》᠂ 《ᠢᠷᠡᠭᠡᠳᠦᠢ᠎ᠶ᠋ᠢᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ ᠪᠣᠯᠤᠨ ᠠᠶᠤᠯ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠡᠴᠡ᠎ᠶ᠋ᠢ ᠪᠠᠢᠭᠤᠯᠤᠨ᠎ᠠ》᠂ 《ᠨᠢᠭᠡ ᠪᠦᠯᠦᠭ ᠤᠯᠤᠰ᠎ᠤᠨ ᠢᠷᠡᠭᠡᠳᠦᠢ᠎ᠶ᠋ᠢᠨ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ ᠪᠣᠯᠤᠨ ᠤᠬᠠᠭ᠍ᠳᠠᠬᠤᠨ᠎ᠢ ᠱᠢᠯᠭᠠᠨ ᠪᠠᠲᠤᠯᠠᠬᠤ ᠲᠥᠪ᠎ᠢ ᠪᠠᠢᠷᠢᠯᠠᠭᠤᠯᠤᠨ᠎ᠠ》᠁《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ ᠨᠢ 《ᠢᠷᠡᠭᠡᠳᠦᠢ᠎ᠶ᠋ᠢᠨ ᠠᠵᠤ ᠦᠢᠯᠡᠰ ᠢ ᠤᠷᠢᠳᠴᠢᠯᠠᠨ ᠪᠠᠢᠷᠢᠯᠠᠭᠤᠯᠬᠤ》 ᠵᠢᠨ ᠲᠣᠭᠣᠷᠢᠨ᠎ᠳᠤ ᠱᠢᠰᠲ᠋ᠧᠮ᠎ᠲᠡᠶ ᠪᠠᠢᠷᠢᠯᠠᠭᠤᠯᠤᠯᠲᠠ ᠬᠢᠪᠡ᠃
ᠱᠢᠨ᠎ᠡ ᠬᠥᠳᠡᠯᠭᠡᠬᠦ ᠡᠨᠧᠷᠭᠢ᠎ᠶ᠋ᠢ ᠪᠣᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ᠎ᠶ᠋ᠢ ᠱᠢᠨᠡᠳᠭᠡᠬᠦ᠌ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠵᠢᠨ ᠨᠢᠭᠡ ᠴᠣᠭ᠍ᠴᠠ ᠵᠢᠨ ᠬᠣᠶᠠᠷ ᠲᠠᠯ᠎ᠠ ᠮᠥᠨ᠃ ᠤᠯᠠᠮᠵᠢᠯᠠᠯᠲᠤ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠨᠢ ᠡᠢᠮᠦ ᠪᠢᠰᠢ ᠪᠤᠯ ᠲᠡᠢᠮᠦ ᠭᠡᠬᠦ᠌ ᠬᠠᠷᠢᠴᠠᠭ᠎ᠠ ᠪᠢᠰᠢ ᠶᠤᠮ᠃
ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ ᠤᠯᠠᠮᠵᠢᠯᠠᠯᠲᠤ ᠦᠶ᠋ᠯᠡᠳᠬᠦ᠌ ᠦᠶ᠋ᠯᠡᠰ᠎ᠦᠨ ᠦᠶ᠋ᠯᠡᠳᠪᠦᠷᠢᠯᠡᠯ ᠦᠨ ᠱᠤᠭᠤᠮ ᠳᠤ ᠱᠢᠭᠢᠳᠴᠦ᠍᠂ ᠦᠶ᠋ᠯᠡᠳᠪᠦᠷᠢ᠎ᠶ᠋ᠢᠨ ᠲᠣᠭᠠᠴᠢᠯᠠᠭ᠍ᠰᠠᠨ ᠣᠶᠤᠨᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠪᠠ; ᠺᠸᠠᠨ᠋ᠲ᠎ᠤᠨ ᠨᠠᠷᠢᠯᠢᠭ ᠬᠡᠮᠵᠢᠯᠲᠡ᠎ᠶ᠋ᠢᠨ ᠮᠡᠷᠭᠡᠵᠢᠯ᠎ᠨᠢ ᠳᠡᠭᠡᠳᠦ ᠲᠠᠰ᠎ᠤᠨ ᠲᠣᠨᠣᠭ᠍ᠯᠠᠯ᠎ᠤᠨ ᠬᠦᠷᠢᠶᠡᠨ᠎ᠳᠦ ᠪᠣᠳᠠᠲᠠᠶ ᠨᠠᠢᠳᠠᠪᠤᠷᠢᠵᠢᠭᠤᠯᠤᠭ᠍ᠳᠠᠵᠤ᠂ ᠠᠵᠢᠯ ᠲᠥᠷᠥᠯ᠎ᠦᠨ ᠬᠦᠴᠢᠷᠳᠡᠯ᠎ᠢ ᠱᠢᠶ᠋ᠳᠪᠦᠷᠢᠯᠡᠪᠡ; ᠨᠡᠢᠯᠡᠮᠡᠯ ᠠᠮᠢᠳᠤ ᠪᠣᠳᠠᠰ ᠤᠨ ᠤᠬᠠᠭᠠᠨ ᠪᠠ ᠤᠯᠠᠮᠵᠢᠯᠠᠯᠲᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢ ᠤᠶᠠᠯᠳᠤᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠱᠢᠨ᠎ᠡ ᠤᠷ᠎ᠠ ᠮᠡᠷᠭᠡᠰᠢᠯ᠎ᠢ ᠪᠣᠶ ᠪᠤᠯᠭᠠᠪᠠ ᠁
ᠤᠯᠠᠮᠵᠢᠯᠠᠯᠲᠤ ᠠᠵᠤ ᠦᠶ᠋ᠯᠡᠰ᠂ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠂ ᠢᠷᠡᠭᠡᠳᠦᠶ᠎ᠶ᠋ᠢᠨ ᠠᠵᠤ ᠦᠶ᠋ᠯᠡᠰ ᠪᠣᠯ ᠱᠠᠲᠤᠯᠠᠨ ᠦᠷᠭᠦᠯᠵᠢᠯᠡᠬᠦ᠌᠂ ᠬᠤᠤᠰ ᠴᠢᠭ᠌ᠯᠡᠯ᠎ᠢᠶᠡᠷ ᠡᠨᠧᠷᠭᠢ ᠣᠯᠭᠣᠬᠤ ᠣᠷᠭᠠᠨᠢᠭ ᠪᠦᠬᠦᠯᠢ ᠴᠣᠭ᠍ᠴᠠ ᠮᠥᠨ ᠭᠡᠳᠡᠭ᠎ᠢ ᠦᠶ᠋ᠯᠡᠳᠦᠯᠭᠡ ᠬᠠᠷᠠᠭᠤᠯᠤᠭᠰᠠᠨ ᠪᠠᠢᠨ᠎ᠠ᠃ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠠᠮᠵᠢᠯᠴᠠᠨ ᠬᠦᠴᠦᠯᠡᠪᠡᠯ ᠰᠠᠶᠢ ᠱᠢᠨ᠎ᠡ ᠬᠥᠳᠡᠯᠭᠡᠬᠦ᠌ ᠡᠨᠧᠷᠭᠢ᠎ᠶ᠋ᠢ ᠨᠠᠩ ᠰᠠᠢᠲᠤᠷ ᠬᠥᠭ᠌ᠵᠢᠭᠡᠵᠦ᠍᠂ ᠬᠥᠭ᠌ᠵᠢᠯᠲᠡ᠎ᠶ᠋ᠢᠨ ᠬᠠᠮᠲᠤᠷᠠᠯ ᠬᠦᠴᠦᠨ᠎ᠢ ᠨᠠᠩ ᠶᠡᠬᠡ ᠬᠡᠪᠴᠢᠶ᠎ᠡ᠎ᠪᠡᠷ ᠨᠢᠭ᠍ᠲᠠᠷᠠᠭᠤᠯᠵᠤ ᠴᠢᠳᠠᠨ᠎ᠠ᠃
ᠠᠳᠠᠯᠢ ᠪᠤᠰᠤ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠥᠬᠥᠴᠡᠯ ᠨᠢ ᠵᠥᠷᠢᠶ᠎ᠡ᠎ᠲᠡᠶ ᠪᠠᠢᠵᠤ᠂ ᠠᠳᠠᠯᠢ ᠪᠤᠰᠤ ᠠᠵᠤ ᠦᠢᠯᠡᠰ ᠦᠨ ᠬᠥᠭ᠌ᠵᠢᠯᠲᠡ᠎ᠶ᠋ᠢᠨ ᠨᠥᠬᠥᠴᠡᠯ᠎ᠦᠨ ᠲᠤᠬᠠᠶ ᠱᠠᠭᠠᠷᠳᠠᠯᠭ᠎ᠠ ᠨᠢ ᠴᠦ᠍ ᠠᠳᠠᠯᠢ ᠦᠭᠡᠶ ᠪᠠᠢᠳᠠᠭ᠃ ᠡᠯ᠎ᠡ ᠭᠠᠵᠠᠷ ᠤᠨ ᠬᠢᠨ ᠲᠤᠰ ᠪᠡᠶ᠎ᠡ᠎ᠶ᠋ᠢᠨ ᠨᠥᠬᠥᠴᠡᠯ᠎ᠢᠶᠡᠨ ᠦᠨᠳᠦᠰᠦᠯᠡᠨ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠱᠢᠨ᠎ᠡ ᠠᠵᠤ ᠦᠢᠯᠡᠰ᠂ ᠱᠢᠨ᠎ᠡ ᠵᠠᠭ᠍ᠪᠤᠷ᠂ ᠱᠢᠨ᠎ᠡ ᠬᠥᠳᠡᠯᠭᠡᠬᠦ᠌ ᠡᠨᠧᠷᠭᠢ ᠶ᠋ᠢᠨ ᠬᠥᠭ᠌ᠵᠢᠯᠲᠡ᠎ᠶ᠋ᠢ ᠰᠣᠩᠭᠣᠯᠲᠠᠲᠠᠶᠪᠠᠷ ᠠᠬᠢᠭᠤᠯᠵᠤ᠂ ᠨᠢᠭᠡᠨᠲᠡ ᠪᠠᠢᠭ᠎ᠠ ᠳᠠᠪᠠᠭᠤᠯᠢᠭ᠎ᠢᠶᠠᠨ ᠪᠡᠬᠢᠵᠢᠭᠦᠯᠬᠦ᠌ ᠵᠢᠨ ᠬᠠᠮᠲᠤ ᠱᠢᠨ᠎ᠡ ᠨᠡᠮᠡᠭ᠌ᠳᠡᠯ᠎ᠦᠨ ᠣᠷᠣᠨ ᠵᠠᠢ᠎ᠶ᠋ᠢ ᠨᠡᠭᠡᠭᠡᠬᠦ᠌ ᠵᠢ ᠪᠡᠶᠡᠯᠡᠭᠦᠯᠬᠦ ᠬᠡᠷᠡᠭ᠌ᠲᠡᠢ᠃
ᠱᠢᠨ᠎ᠡ᠎ᠶ᠋ᠢ ᠡᠭᠦᠳᠬᠦ᠌ ᠨᠢ ᠬᠠᠨᠳᠤᠰᠢ ᠴᠢᠳᠠᠪᠤᠷᠢ ᠵᠢ ᠬᠤᠷᠠᠮᠳᠤᠭᠤᠯᠵᠤ᠂ ᠠᠵᠤ ᠦᠢᠯᠡᠰ ᠨᠢ ᠱᠢᠨ᠎ᠡ ᠪᠠᠢᠳᠠᠯ᠎ᠢ ᠨᠡᠭᠡᠭᠡᠨ᠎ᠡ᠃ ᠪᠢᠳᠠ ᠡᠷᠡᠮᠡᠬᠡᠢᠯᠡᠨ ᠤᠷᠤᠭ᠍ᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ᠂ ᠤᠯᠠᠮᠵᠢᠯᠠᠯᠲᠤ ᠠᠵᠤ ᠦᠢᠯᠡᠰ᠎ᠢ ᠪᠡᠬᠢᠵᠢᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠢ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠲᠥᠯᠥᠪᠵᠢᠭᠦᠯᠵᠦ᠍᠂ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ ᠢ ᠲᠦᠷᠭᠡᠨ ᠪᠦᠷᠢᠯᠳᠦᠭᠦᠯᠵᠦ᠍᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠣᠷᠣᠨ ᠵᠠᠢ᠎ᠶ᠋ᠢ ᠲᠠᠰᠤᠷᠠᠯᠳᠠ ᠦᠭᠡᠢ ᠥᠷᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠨᠡᠩ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠦᠨ ᠰᠠᠭᠤᠷᠢ᠎ᠶ᠋ᠢ ᠲᠠᠯᠪᠢᠵᠠᠭᠠᠶᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)