ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠢ ᠨᠡᠭᠡᠭᠡᠵᠦ ᠤᠯᠠᠨ ᠤᠯᠤᠰ᠎ᠤᠨ ᠣᠷᠴᠢᠯ᠎ᠢ ᠬᠣᠯᠪᠣᠯᠳᠤᠨ ᠨᠡᠪᠲᠡᠷᠡᠯᠴᠡᠭᠦᠯᠦᠨ᠎ᠡ
2026-04-13 16:10:12
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠽᠸᠦ ᠳ᠋ᠦᠸᠸ ᠸᠧᠶ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠠᠵᠤ ᠠᠬᠤᠢ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠰᠢᠷᠢᠰ ᠬᠦᠤᠷᠨᠢᠯ ᠰᠢᠭᠦᠮᠵᠢ (ᠬᠤᠶᠠᠷ)


ᠬᠤᠷᠴᠠ ᠱᠢᠷᠦᠭᠦᠨ ᠰᠠᠯᠬᠢ ᠳᠠᠪᠠᠯᠭᠠᠨ ᠲᠠᠢ ᠭᠠᠳᠠᠭᠠᠳᠤ ᠣᠷᠴᠢᠨ᠎ᠳᠤ᠂ ᠨᠡᠬᠡᠬᠡᠯᠳᠡ ᠬᠢᠬᠦ᠌ ᠣᠪᠣᠷ᠎ᠢᠶᠠᠷ ᠤᠯᠠᠨ ᠡᠱᠢᠵᠢᠭ᠌ᠰᠡᠨ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠥᠷᠭᠡᠳᠭᠡᠬᠦ᠌ ᠪᠣᠯ ᠳᠠᠭᠠᠷᠢᠯᠳᠠ ᠥᠷᠢᠰᠥᠯᠳᠦᠭᠡᠨ ᠎ᠢ ᠠᠷᠭᠠᠴᠡᠭᠠᠬᠤ ᠪᠦᠲᠦᠮᠵᠢᠲᠡᠢ ᠠᠷᠭ᠎ᠠ ᠪᠠᠷᠢᠯ ᠪᠣᠯᠤᠨ᠎ᠠ᠃ ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠪᠥᠬᠥ᠌ ᠪᠥᠮᠪᠥᠷᠴᠡᠭ᠎ᠦᠨ ᠵᠠᠬ᠎ᠠ ᠳᠡᠯᠭᠡᠭᠦᠷ ᠎ᠢ ᠥᠷᠭᠡᠨ᠎ᠢᠶᠡᠷ ᠨᠡᠭᠡᠭᠡᠵᠦ᠍᠂ ᠣᠯᠠᠨ ᠤᠯᠤᠰ᠎ᠤᠨ ᠣᠷᠴᠢᠯ᠎ᠢ ᠨᠠᠩ ᠰᠠᠢᠲᠤᠷ ᠬᠣᠯᠪᠣᠯᠳᠤᠨ ᠨᠡᠪᠲᠡᠷᠡᠯᠴᠡᠭᠦᠯᠬᠦ ᠬᠡᠷᠡᠭ᠌ᠲᠡᠶ ᠭᠡᠵᠦ᠍ ᠴᠢᠬᠤᠯᠠᠴᠢᠯᠠᠪᠠ᠃

ᠡᠨᠡ ᠬᠦ᠌ ᠴᠢᠬᠤᠯᠠ ᠥᠭᠦᠯᠡᠯᠲᠡ᠎ᠨᠢ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠳᠡᠯᠡᠬᠡᠶ᠎ᠶ᠋ᠢᠨ ᠪᠠᠢᠳᠠᠯ᠎ᠳᠤ ᠰᠠᠭᠤᠷᠢᠯᠠᠵᠤ᠂ ᠮᠠᠨ᠎ᠤ ᠤᠯᠤᠰ᠎ᠤᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌ ᠴᠢᠩᠭ᠎ᠠ ᠳᠣᠬᠢᠶ᠎ᠠ᠎ᠶ᠋ᠢ ᠳᠠᠮᠵᠢᠭᠤᠯᠵᠤ᠂ ᠬᠠᠮᠲᠤᠷᠠᠯᠴᠠᠵᠤ ᠬᠠᠮᠲᠤ ᠎ᠪᠠᠷ ᠠᠱᠢᠭ ᠭᠥᠷᠳᠡᠬᠦ᠌ ᠲᠣᠮᠣ ᠤᠯᠤᠰ ᠎ᠤᠨ ᠡᠭᠦᠷᠭᠡᠯᠡᠯ᠎ᠢ ᠢᠯᠡᠷᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠎ᠢ ᠱᠢᠯᠤᠭᠤᠳᠭᠠᠬᠤ᠂ ᠮᠠᠨ᠎ᠤ ᠤᠯᠤᠰ᠎ᠤᠨ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠪᠣᠢᠵᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦᠶ᠎ᠡ᠂ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠲᠠᠶ ᠠᠯᠢ ᠣᠯᠠᠨ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ ᠨᠢ ᠮᠠᠨ᠎ᠤ ᠤᠯᠤᠰ᠎ᠤᠨ ᠭᠠᠳᠠᠭᠠᠳᠤ ᠨᠡᠭᠡᠭᠡᠯᠲᠡ᠎ᠶ᠋ᠢᠨ ᠦᠶ᠋ᠯᠡᠰ᠎ᠦᠨ ᠲᠡᠦᠬᠡᠲᠦ ᠴᠢᠨᠠᠷᠲᠠᠶ ᠠᠮᠵᠢᠯᠲᠠ ᠤᠯᠬᠤ᠎ᠶ᠋ᠢ ᠠᠬᠢᠭᠤᠯᠪᠠ —

ᠲᠠᠪᠤᠨ ᠵᠢᠯ᠎ᠦᠨ ᠲᠤᠷᠰᠢ᠂ ᠮᠠᠨ ᠎ᠤ ᠤᠯᠤᠰ ᠎ᠤᠨ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ ᠎ᠶ᠋ᠢᠨ ᠶᠡᠷᠦᠩᠬᠡᠢ ᠦᠷᠳᠡᠭ ᠤᠷᠢᠳ ᠬᠣᠵᠢᠳ 40 ᠲᠦᠮᠡᠨ ᠳ᠋ᠦᠩᠱᠢᠭᠤᠷ ᠲᠥᠭᠥᠷᠢᠭ ᠪᠣᠯᠤᠨ 45 ᠲᠦᠮᠡᠨ ᠳ᠋ᠦᠩᠱᠢᠭᠤᠷ ᠲᠥᠭᠥᠷᠢᠭ᠎ᠦᠨ ᠪᠣᠭᠣᠮᠲᠠ᠎ᠶ᠋ᠢ ᠳᠠᠪᠠᠵᠤ᠂ 2025 ᠣᠨ᠎ᠳᠤ 45.47 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ 2020 ᠣᠨ᠎ᠤ ᠬᠢ᠎ᠡᠴᠡ 41.1 % ᠪᠡᠷ ᠨᠡᠮᠡᠭ᠌ᠳᠡᠵᠦ᠍᠂ ᠵᠢᠯ ᠳᠤᠮᠳᠠᠴᠢ᠎ᠪᠠᠷ 7.1 % ᠪᠡᠷ ᠨᠡᠮᠡᠭ᠌ᠳᠡᠪᠡ᠃

ᠡᠳ᠋ ᠪᠠᠷᠠᠭᠠᠨ᠎ᠤ ᠠᠷᠠᠯᠵᠢᠶ᠎ᠠ᠎ᠶ᠋ᠢᠨ ᠬᠡᠪᠴᠢᠶ᠎ᠡ ᠶᠢᠰᠦᠨ ᠵᠢᠯ ᠳᠠᠷᠠᠭᠠᠯᠠᠨ ᠳᠡᠯᠡᠬᠡᠶ᠎ᠶ᠋ᠢᠨ ᠨᠢᠭᠡᠳᠦᠭᠡᠷ᠎ᠲᠦ ᠣᠷᠣᠬᠤ᠎ᠶ᠋ᠢ ᠪᠠᠲᠤᠯᠠᠬᠤ᠎ᠶ᠋ᠢᠨ ᠬᠠᠮᠲᠤ᠂ 2025 ᠣᠨ᠎ᠳᠤ᠂ ᠮᠠᠨ᠎ᠤ ᠤᠯᠤᠰ᠎ᠤᠨ ᠦᠶ᠋ᠯᠡᠴᠢᠯᠡᠭᠡᠨ᠎ᠦ ᠠᠷᠠᠯᠵᠢᠶ᠎ᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠡ 8 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 7.4 % ᠎ᠪᠠᠷ ᠨᠡᠮᠡᠭ᠌ᠳᠡᠪᠡ; ᠭᠠᠳᠠᠭᠠᠳᠤ ᠪᠠᠯᠠ᠎ᠶ᠋ᠢ ᠠᠱᠢᠭ᠍ᠯᠠᠬᠤ ᠪᠦᠲᠦᠴᠡ ᠲᠠᠰᠤᠷᠠᠯᠲᠠ ᠥᠬᠡᠶ ᠱᠢᠯᠢᠳᠡᠭ᠌ᠵᠢᠵᠦ᠍᠂ ᠭᠠᠳᠠᠭᠠᠳᠤ᠎ᠳᠤ ᠪᠠᠯᠠ ᠣᠷᠣᠭᠤᠯᠬᠤ ᠬᠠᠳᠠᠭᠠᠯᠠᠯᠲᠠ ᠵᠢᠨ ᠬᠡᠮᠵᠢᠶ᠎ᠡ ᠶᠢᠰᠦᠨ ᠵᠢᠯ ᠳᠠᠷᠠᠭᠠᠯᠠᠨ ᠳᠡᠯᠡᠬᠡᠶ᠎ᠶ᠋ᠢᠨ ᠲᠦᠷᠦᠭᠦᠦ ᠭᠤᠷᠪᠠ᠎ᠳᠤ ᠣᠷᠣᠵᠤ᠂ 2025 ᠣᠨ᠎ᠳᠤ ᠭᠠᠳᠠᠭᠠᠳᠤ᠎ᠳᠤ 1743.8 ᠳ᠋ᠦᠩᠱᠢᠭᠤᠷ ᠳ᠋ᠣᠯᠯᠠᠷ᠎ᠤᠨ ᠱᠢᠭᠤᠳ ᠪᠠᠯᠠ ᠣᠷᠣᠭᠤᠯᠵᠤ᠂ ᠲᠡᠭᠡᠷ᠎ᠡ ᠵᠢᠯ᠎ᠦᠨ᠎ᠬᠢ᠎ᠡᠴᠡ 7.1 %᠎ᠪᠠᠷ ᠨᠡᠮᠡᠭ᠌ᠳᠡᠪᠡ᠃

ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢᠨ ᠠᠯᠬᠤᠴᠠ ᠲᠦᠷᠭᠡᠳᠬᠦ᠌᠎ᠶ᠋ᠢ ᠳᠠᠭᠠᠯᠳᠤᠨ᠂ ᠮᠠᠨ᠎ᠤ ᠤᠯᠤᠰ᠎ᠤᠨ《ᠨᠠᠢᠵᠠ ᠎ᠶ᠋ᠢᠨ ᠲᠣᠭᠣᠷᠢᠭ》ᠲᠠᠰᠤᠷᠠᠯᠲᠠ ᠥᠬᠡᠶ ᠥᠷᠭᠡᠵᠢᠨ ᠲᠠᠰ ᠳᠡᠪᠱᠢᠪᠡ᠃ ᠬᠠᠮᠤᠭ᠎ᠤᠨ ᠱᠢᠨ᠎ᠡ ᠤᠯᠠᠨ ᠤᠯᠤᠰ᠎ᠤᠨ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠮᠠᠨ ᠎ᠤ ᠤᠯᠤᠰ ᠨᠢᠭᠡᠨᠲᠡ ᠪᠦᠬᠦ᠌ ᠪᠥᠮᠪᠥᠷᠴᠡᠭ᠎ᠦᠨ 160 ᠭᠠᠷᠤᠢ ᠤᠯᠤᠰ ᠪᠠ ᠭᠠᠵᠠᠷ ᠣᠷᠣᠨ ᠎ᠤ ᠭᠣᠣᠯ ᠪᠣᠯᠬᠤ ᠠᠷᠠᠯᠵᠢᠶᠠᠨ᠎ᠤ ᠬᠠᠨᠢᠲᠠᠨ ᠪᠤᠯᠵᠤ᠂ 2020 ᠣᠨ᠎ᠤ ᠬᠢ᠎ᠡᠴᠡ 20 ᠭᠠᠷᠤᠢ ᠨᠡᠮᠡᠭ᠌ᠳᠡᠵᠡᠢ᠃

ᠠᠩᠬᠠᠷᠤᠭᠤᠱᠢᠲᠠᠶ᠎ᠨᠢ᠂ ᠡᠨᠡ ᠵᠢᠯ᠎ᠦᠨ ᠲᠦᠷᠦᠭᠦᠦ 2 ᠰᠠᠷ᠎ᠠ᠎ᠳᠤ᠂ ᠠᠮᠧᠷᠢᠺᠠ᠎ᠯᠤᠭ᠎ᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠢ ᠨᠢᠳᠤᠨᠤᠨ᠎ᠤ ᠠᠳᠠᠯᠢ ᠬᠤᠭᠤᠴᠠᠭᠠᠨ ᠎ᠤ ᠎ᠬᠢ ᠡᠴᠡ 16.9 % ᠎ᠪᠠᠷ ᠪᠠᠭᠤᠷᠠᠭ᠍ᠰᠠᠨ ᠪᠠᠢᠳᠠᠯ ᠳᠤᠤᠷ᠎ᠠ᠂ ᠮᠠᠨ᠎ᠤ ᠤᠯᠤᠰ᠎ᠤᠨ ᠠᠮᠧᠷᠢᠺᠠ᠎ᠶ᠋ᠢᠨ ᠪᠤᠰᠤ ᠭᠠᠳᠠᠭᠠᠳᠤ ᠣᠷᠣᠭᠤᠯᠤᠯᠲᠠ ᠭᠠᠷᠭᠠᠯᠲᠠ᠎ᠳᠤ ᠨᠡᠯᠢᠶᠡᠳ ᠴᠢᠩᠭ᠎ᠠ ᠬᠥᠳᠡᠯᠭᠡᠬᠦ᠌ ᠬᠦᠴᠦᠨ ᠢᠯᠡᠷᠡᠭ᠌ᠰᠡᠨ ᠪᠠᠢᠨ᠎ᠠ᠃ ᠡᠭᠦᠨ᠎ᠳᠦ᠂ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠂ ᠠᠹᠷᠢᠺᠠ ᠲᠢᠪ᠂ ᠯᠠᠲ᠋ᠢᠨ ᠠᠮᠧᠷᠢᠺᠠ ᠲᠢᠪ᠎ᠯᠦᠭᠡ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠲᠤᠰ ᠲᠤᠰ 19.9 %᠂ 20.3 %᠂ 34.2 % ᠪᠠ 19.7 % ᠪᠡᠷ ᠨᠡᠮᠡᠭ᠌ᠳᠡᠪᠡ᠃

《ᠠᠷᠪᠠᠨ ᠲᠠᠪᠤᠳᠤᠭᠠᠷ ᠲᠠᠪᠤᠨ ᠵᠢᠯ》ᠤ᠋ᠨ ᠡᠬᠢᠯᠡᠯᠲᠡ᠎ᠶ᠋ᠢᠨ ᠵᠢᠯ᠎ᠳᠦ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠠᠵᠢᠯᠯᠠᠭᠠᠨ᠎ᠤ ᠡᠬᠢᠯᠡᠯᠲᠡ ᠬᠦᠴᠦᠲᠡᠶ ᠪᠠᠢᠭ᠎ᠠ ᠪᠣᠯᠪᠠᠴᠤ᠌᠂ ᠣᠢᠷ᠎ᠠ᠎ᠶ᠋ᠢᠨ ᠬᠤᠭᠤᠴᠠᠭᠠᠨ᠎ᠳᠤ ᠭᠠᠵᠠᠷ ᠣᠷᠣᠨ᠎ᠤ ᠮᠥᠷᠭᠥᠯᠳᠦᠭᠡᠨ᠎ᠦ ᠨᠥᠯᠥᠭᠡ ᠦᠷᠭᠦᠯᠵᠢᠯᠡᠨ ᠢᠯᠡᠷᠡᠵᠦ᠍᠂ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠡᠮᠬᠢ ᠳᠢᠭ᠌ᠯᠢᠮ ᠪᠣᠯᠤᠨ ᠪᠦᠬᠦ᠌ ᠪᠥᠮᠪᠥᠷᠴᠡᠭ᠎ᠦᠨ ᠦᠢᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ ᠳᠠᠭᠠᠷᠢᠯᠲᠠ᠎ᠳᠤ ᠤᠴᠠᠷᠠᠵᠤ᠂ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠦᠨ ᠢᠷᠡᠭᠡᠳᠦᠶ᠎ᠳᠤ ᠲᠣᠭ᠍ᠲᠠᠭᠠᠯᠲᠤ ᠪᠤᠰᠤ ᠴᠢᠨᠠᠷ ᠳᠠᠬᠢᠨ ᠨᠡᠮᠡᠭ᠌ᠳᠡᠭ᠌ᠰᠡᠨ ᠎ᠢ ᠣᠯᠵᠤ ᠬᠠᠷᠠᠬᠤ ᠬᠡᠷᠡᠭ᠌ᠲᠡᠶ᠃

ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶᠢᠨ ᠠᠷᠠᠯᠵᠢᠶ᠎ᠠ ᠪᠠ ᠬᠥᠭᠵᠢᠯᠲᠡ᠎ᠶᠢᠨ ᠬᠤᠷᠠᠯ᠎ᠤᠨ ᠣᠢᠷ᠎ᠠ ᠎ᠶᠢᠨ ᠡᠳᠦᠷ ᠨᠡᠢᠲᠡᠯᠡᠭᠰᠡᠨ ᠦᠨᠡᠯᠡᠯᠲᠡ᠎ᠶᠢᠨ ᠮᠡᠳᠡᠭᠦᠯᠦᠯᠲᠡ᠎ᠳᠦ᠂ ᠳᠤᠮᠳᠠᠳᠤ ᠳᠣᠷᠣᠨᠠᠲᠤ᠎ᠶᠢᠨ ᠮᠥᠷᠭᠥᠯᠳᠦᠭᠡᠨ ᠴᠢᠨᠠᠭᠰᠢᠳᠠ ᠲᠡᠰ ᠳᠡᠪᠰᠢᠬᠦ᠎ᠪᠡᠨ ᠪᠣᠯᠢᠭ᠍ᠰᠠᠨ ᠤᠷᠢᠲᠠᠯ ᠳᠣᠣᠷ᠎ᠠ᠂ 2026 ᠣᠨ᠎ᠤ ᠪᠦᠬᠦ ᠪᠥᠮᠪᠥᠷᠴᠡᠭ ᠎ᠦᠨ ᠲᠠᠸᠠᠷ᠎ᠤᠨ ᠠᠷᠠᠯᠵᠢᠶᠠᠨ᠎ᠤ ᠨᠡᠮᠡᠭᠳᠡᠯ᠎ᠦᠨ ᠬᠤᠷᠳᠤᠴᠠ 2025 ᠣᠨ᠎ᠳᠤ 4.7% ᠪᠠᠢᠭᠰᠠᠨ᠎ᠡᠴᠡ᠎ᠪᠠᠨ 1.5% ︱ 2.5% ᠪᠣᠯᠣᠨ ᠤᠳᠠᠭᠠᠰᠢᠷᠠᠵᠤ᠂ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ 2025 ᠣᠨ᠎ᠳᠤ 2.9% ᠪᠠᠢᠭᠰᠠᠨ᠎ᠡᠴᠡ᠎ᠪᠠᠨ 2.6% ᠪᠣᠯᠣᠨ ᠪᠠᠭᠤᠷᠠᠬᠤ ᠪᠣᠯᠣᠨ᠎ᠠ ᠭᠡᠵᠦ ᠵᠢᠱ᠌ᠢᠵᠡᠢ᠃

ᠳᠡᠯᠡᠬᠡᠢᠵᠢᠯᠲᠡ ᠰᠥᠷᠭᠡᠦ ᠤᠷᠤᠰᠬᠠᠯ᠎ᠳᠤ ᠤᠴᠠᠷᠠᠬᠤ ᠲᠤᠳᠤᠮ ᠨᠡᠭᠡᠭᠡᠯᠲᠡ ᠬᠢᠬᠦ ᠵᠣᠷᠢᠭ᠋᠎ᠢᠶᠠᠨ ᠤᠯᠠᠮ ᠪᠠᠲᠤᠳᠬᠠᠵᠤ᠂ ᠨᠡᠭᠡᠭᠡᠯᠲᠡ ᠬᠢᠬᠦ ᠪᠠᠢᠷᠢᠰᠢᠯ᠎ᠢᠶᠠᠨ ᠳᠡᠭᠡᠭᠰᠢᠯᠡᠭᠦᠯᠵᠦ᠂ ᠠᠵᠤ ᠠᠬᠤᠢ᠎ᠶᠢᠨ ᠤᠶᠠᠨ ᠬᠠᠳᠠᠨ ᠴᠢᠨᠠᠷ᠎ᠢᠶᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠳᠡᠭ᠎ᠢ ᠲᠡᠦᠬᠡ᠎ᠶᠢᠨ ᠲᠤᠷᠰᠢᠯᠭ᠎ᠠ ᠲᠠᠬᠢᠨ ᠳᠠᠪᠲᠠᠨ ᠭᠡᠷᠡᠴᠢᠯᠡᠵᠤ ᠪᠠᠢᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠂ ᠶᠡᠷᠦᠩᠬᠡᠢ ᠱᠦᠵᠢ ᠰᠢ᠎ᠶᠢᠨ ᠫᠢᠩ ᠠᠳᠠᠯᠢ ᠪᠤᠰᠤ ᠲᠠᠯᠠᠪᠤᠷ᠎ᠲᠤ ᠤᠯᠠᠨ ᠤᠳᠠᠭ᠎ᠠ ᠳᠡᠯᠡᠬᠡᠢ ᠳ᠋ᠠᠬᠢᠨ᠎ᠳᠤ ᠬᠠᠨᠳᠤᠵᠤ ᠳᠤᠮᠳᠠᠳᠤ ᠤᠯᠤᠰ ᠨᠡᠭᠡᠭᠡᠯᠲᠡ᠎ᠶᠢᠨ ᠡᠭᠦᠳᠡ᠎ᠪᠡᠨ ᠤᠯᠠᠮ ᠲᠤᠮᠤ ᠨᠡᠭᠡᠭᠡᠨ᠎ᠡ ᠭᠡᠵᠦ ᠲᠤᠩᠬᠠᠭᠯᠠᠵᠠᠢ᠄ 《ᠥᠩᠭᠡᠷᠡᠭᠰᠡᠨ 40 ᠵᠢᠯ᠎ᠳᠦ ᠳᠤᠮᠳᠠᠳᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠨᠡᠭᠡᠭᠡᠯᠲᠡ ᠬᠢᠭᠰᠡᠨ ᠨᠥᠬᠥᠴᠡᠯ ᠳᠣᠣᠷ᠎ᠠ ᠣᠯᠣᠭᠰᠠᠨ ᠶᠤᠮ᠂ ᠢᠷᠡᠭᠡᠳᠦᠢ᠎ᠳᠦ ᠳᠤᠮᠳᠠᠳᠤ ᠤᠯᠤᠰ᠎ᠤᠨ ᠠᠵᠤ ᠠᠬᠤᠢ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠡᠷᠬᠡᠪᠰᠢ ᠨᠡᠩ ᠨᠡᠭᠡᠭᠡᠯᠲᠡᠲᠡᠢ ᠨᠥᠬᠥᠴᠡᠯ ᠳᠣᠣᠷ᠎ᠠ ᠬᠢᠬᠦ ᠬᠡᠷᠡᠭᠲᠡᠢ》᠂ 《ᠳᠤᠮᠳᠠᠳᠤ ᠤᠯᠤᠰ᠎ᠤᠨ ᠭᠠᠳᠠᠭᠠᠳᠤ ᠨᠡᠭᠡᠭᠡᠯᠲᠡ ᠪᠣᠯ ᠪᠦᠬᠦ ᠲᠠᠯ᠎ᠠ᠎ᠶᠢᠨ᠂ ᠪᠦᠬᠦ ᠬᠦᠷᠢᠶᠡᠨ᠎ᠦ ᠶᠤᠮ᠂ ᠪᠦᠬᠦ ᠲᠠᠯ᠎ᠠ᠎ᠪᠠᠷ ᠨᠡᠭᠡᠭᠡᠯᠲᠡ ᠬᠢᠬᠦ ᠰᠢᠨ᠎ᠡ ᠪᠠᠢᠷᠢᠰᠢᠯ᠎ᠢ ᠪᠦᠷᠢᠯᠳᠦᠭᠦᠯᠬᠦ᠎ᠶᠢ ᠲᠦᠷᠭᠡᠳᠬᠡᠨ ᠠᠬᠢᠭᠤᠯᠵᠤ ᠪᠠᠢᠨ᠎ᠠ》᠂《ᠳᠤᠮᠳᠠᠳᠤ ᠤᠯᠤᠰ᠎ᠤᠨ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ᠎ᠶᠢ ᠥᠷᠭᠡᠳᠬᠡᠬᠦ ᠡᠷᠡᠰ ᠵᠣᠷᠢᠭ᠋ ᠬᠤᠪᠢᠷᠠᠬᠤ ᠦᠭᠡᠢ᠂ ᠳᠡᠯᠡᠬᠡᠢ ᠳ᠋ᠠᠬᠢᠨ᠎ᠲᠠᠢ ᠬᠥᠭᠵᠢᠯᠲᠡ᠎ᠶᠢᠨ ᠠᠵᠠ ᠲᠣᠬᠢᠶᠠᠯ᠎ᠢ ᠬᠤᠪᠢᠶᠠᠯᠴᠠᠬᠤ ᠡᠷᠡᠰ ᠵᠣᠷᠢᠭ᠋ ᠬᠤᠪᠢᠷᠠᠬᠤ ᠦᠭᠡᠢ》᠃

ᠠᠷᠠᠯᠵᠢᠶᠠᠨ᠎ᠤ ᠬᠠᠮᠠᠭᠠᠯᠠᠬᠤ ᠦᠵᠡᠯ ᠨᠢ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠰᠡᠷᠭᠦᠯᠲᠡ᠎ᠶᠢ ᠰᠦᠷᠳᠡᠭᠦᠯᠵᠦ᠂ ᠲᠠᠸᠠᠷ ᠪᠠ ᠬᠦᠴᠦᠨ ᠵᠦᠢᠯ᠎ᠤᠨ ᠡᠷᠭᠢᠯᠲᠡ᠎ᠶᠢᠨ ᠬᠡᠯᠪᠡᠷᠢ᠎ᠶᠢᠨ ᠨᠡᠭᠡᠭᠡᠯᠲᠡ᠎ᠡᠴᠡ ᠳᠦᠷᠢᠮ᠂ ᠲᠤᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠦᠨ ᠬᠡᠯᠪᠡᠷᠢ᠎ᠶᠢᠨ ᠨᠡᠭᠡᠭᠡᠯᠲᠡ ᠲᠡᠢᠰᠢ ᠬᠤᠪᠢᠷᠠᠬᠤ᠎ᠶᠢ ᠲᠦᠯᠬᠢᠨ ᠠᠬᠢᠭᠤᠯᠬᠤ ᠨᠢ ᠨᠢᠭᠡᠨᠲᠡ ᠮᠠᠨ᠎ᠤ ᠤᠯᠤᠰ᠎ᠤᠨ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠬᠦ ᠴᠢᠬᠤᠯᠠ ᠬᠠᠨᠳᠤᠰᠢ ᠪᠣᠯᠵᠠᠢ᠃

ᠦᠢᠯᠡᠳᠬᠦ ᠦᠢᠯᠡᠰ᠎ᠦᠨ ᠬᠦᠷᠢᠶᠡᠨ᠎ᠳᠡᠬᠢ ᠭᠠᠳᠠᠭᠠᠳᠤ ᠪᠡᠯᠡ᠎ᠶᠢ ᠵᠦᠪᠰᠢᠶᠡᠷᠡᠨ ᠣᠷᠣᠭᠤᠯᠬᠤ ᠬᠢᠵᠠᠭᠠᠷᠯᠠᠬᠤ ᠠᠷᠭ᠎ᠠ ᠬᠡᠮᠵᠢᠶ᠎ᠡ ᠎ᠶᠢ ᠪᠦᠬᠦ ᠲᠠᠯ᠎ᠠ᠎ᠪᠠᠷ 《ᠦᠭᠡᠢᠰᠬᠡᠵᠤ》᠂ ᠦᠷᠳᠡᠭ ᠨᠡᠮᠡᠭᠳᠡᠯ᠎ᠦᠨ ᠴᠠᠬᠢᠯᠭᠠᠨ ᠬᠣᠯᠪᠣᠭ᠎ᠠ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠦᠢᠯᠡᠴᠢᠯᠡᠭᠡᠨ᠎ᠦ ᠦᠢᠯᠡᠰ᠎ᠦᠨ ᠬᠦᠷᠢᠶᠡᠨ᠎ᠳᠡᠬᠢ ᠨᠡᠭᠡᠭᠡᠯᠲᠡ᠎ᠶᠢᠨ ᠲᠤᠷᠰᠢᠯᠲᠠ᠎ᠶᠢ ᠡᠮᠬᠢ ᠵᠢᠷᠤᠮ ᠲᠡᠢ ᠦᠷᠨᠢᠭᠦᠯᠪᠡ; 22 ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠥᠭᠡᠷᠡᠴᠢᠯᠡᠯᠲᠡ ᠨᠡᠭᠡᠭᠡᠯᠲᠡ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠲᠠᠪᠴᠠᠩ᠎ᠤᠨ ᠦᠢᠯᠡᠳᠦᠯ᠎ᠢ ᠪᠦᠲᠦᠮᠵᠢᠲᠡᠢ ᠪᠠᠳᠠᠷᠠᠭᠤᠯᠵᠤ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠪᠠ; ᠬᠠᠮᠤᠭ ᠡᠴᠡ ᠬᠥᠭᠵᠢᠭᠡᠳᠦᠢ ᠤᠯᠤᠰ᠂ ᠠᠹᠷᠢᠺᠠ ᠲᠢᠪ᠎ᠦᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ ᠤᠯᠤᠰ᠎ᠲᠤ 100% ᠵᠢᠨ ᠭᠠᠢᠯᠢ᠎ᠶᠢᠨ ᠲᠥᠷᠥᠯ᠎ᠦᠨ ᠦᠢᠯᠡᠳᠬᠦᠨ᠎ᠳᠦ ᠪᠣᠭᠣᠮᠲᠠ᠎ᠶᠢᠨ ᠭᠠᠢᠯᠢ ᠠᠪᠬᠤ ᠦᠭᠡᠢ ᠬᠠᠷᠠᠭᠠᠯᠵᠠᠯ ᠣᠯᠭᠣᠪᠠ; ᠦᠯᠦ ᠸᠢᠰᠠᠯᠠᠬᠤ ᠲᠥᠷᠥ᠎ᠶᠢᠨ ᠪᠣᠳᠣᠯᠭ᠎ᠠ᠎ᠶᠢᠨ《ᠡᠭᠦᠳᠡ᠎ᠪᠡᠨ ᠨᠡᠭᠡᠭᠡᠵᠦ ᠵᠣᠴᠢᠨ ᠤᠭᠲᠤᠬᠤ》ᠶ᠋ᠢ ᠰᠢᠯᠢᠳᠡᠭᠵᠢᠭᠦᠯᠵᠤ᠂ ᠣᠳᠣᠬᠠᠨ᠎ᠳᠤ ᠮᠠᠨ᠎ᠤ ᠤᠯᠤᠰ ᠨᠢᠭᠡᠨᠲᠡ 29 ᠤᠯᠤᠰ᠎ᠲᠠᠢ ᠪᠥᠬᠥ ᠲᠠᠯ᠎ᠠ᠎ᠪᠠᠷ ᠬᠠᠷᠢᠯᠴᠠᠨ ᠦᠯᠦ ᠸᠢᠰᠠᠯᠠᠬᠤ᠎ᠶᠢ ᠪᠡᠶᠡᠯᠡᠭᠦᠯᠦᠭᠰᠡᠨ ᠪᠥᠭᠡᠳ 50 ᠤᠯᠤᠰ᠎ᠲᠤ ᠭᠠᠭᠴᠠ ᠲᠠᠯ᠎ᠠ᠎ᠶᠢᠨ ᠦᠯᠦ ᠸᠢᠰᠠᠯᠠᠬᠤ᠎ᠶᠢ ᠬᠡᠷᠡᠭᠵᠢᠭᠦᠯᠵᠦ᠂ 2025 ᠣᠨ ᠎ᠳᠤ ᠦᠯᠦ ᠸᠢᠰᠠᠯᠠᠬᠤ ᠪᠡᠷ ᠬᠢᠯᠢ ᠪᠡᠷ ᠤᠷᠤᠭᠰᠠᠨ ᠭᠠᠳᠠᠭᠠᠳᠤ᠎ᠶᠢᠨ ᠬᠥᠮᠥᠨ ᠎ᠦ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 49.5% ᠪᠡᠷ ᠨᠡᠮᠡᠭᠳᠡᠪᠡ᠃

ᠴᠢᠯᠦᠭᠡᠲᠦ ᠠᠷᠠᠯᠵᠢᠶᠠᠨ᠎ᠤ ᠭᠠᠷᠠᠮ ᠪᠣᠯ ᠪᠦᠬᠦ ᠪᠥᠮᠪᠥᠷᠴᠡᠭ᠎ᠦᠨ ᠨᠡᠭᠡᠭᠡᠯᠲᠡ ᠬᠠᠮᠲᠤᠷᠠᠯᠴᠠᠭ᠎ᠠ᠎ᠶᠢ ᠬᠥᠲᠥᠯᠥᠨ ᠳᠠᠭᠠᠭᠤᠯᠬᠤ᠂ ᠰᠢᠨ᠎ᠡ᠎ᠶᠢ ᠡᠭᠦᠳᠬᠦ ᠬᠥᠭᠵᠢᠯᠲᠡ᠎ᠶᠢ ᠳᠠᠢᠴᠢᠯᠠᠬᠤ ᠴᠢᠬᠤᠯᠠ ᠲᠠᠪᠴᠠᠩ ᠪᠣᠯᠣᠨ᠎ᠠ᠃ 3 ᠰᠠᠷ᠎ᠠ᠎ᠶᠢᠨ 27᠎ᠤ᠋ ᠡᠳᠦᠷ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠨᠢ ᠪᠦᠬᠦ ᠠᠷᠠᠯ᠎ᠢ ᠪᠢᠲᠡᠭᠦᠮᠵᠢᠯᠡᠵᠤ 100 ᠡᠳᠦᠷ ᠠᠵᠢᠯᠯᠠᠪᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠪᠣᠭᠣᠮᠲᠠ ᠬᠠᠭᠠᠵᠤ ᠠᠵᠢᠯᠯᠠᠭᠤᠯᠤᠭᠰᠠᠨ ᠵᠠᠭᠤᠨ ᠡᠳᠦᠷ᠎ᠦᠨ ᠲᠤᠷᠰᠢ᠂ ᠬᠠᠢᠨᠠᠨ᠎ᠤ ᠰᠢᠨ᠎ᠡ᠎ᠪᠡᠷ ᠨᠡᠮᠡᠭᠳᠡᠭᠰᠡᠨ ᠡᠵᠡᠩᠨᠡᠯᠲᠡ᠎ᠶᠢᠨ ᠭᠣᠣᠯ ᠴᠣᠭᠴᠠ 8.5 ᠲᠦᠮᠡᠨ ᠡᠷᠦᠬᠡ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠠᠷᠪᠠᠨ᠎ᠤ ᠲᠦᠷᠪᠡᠨ ᠬᠤᠪᠢ ᠰᠢᠬᠠᠮ ᠨᠡᠮᠡᠭᠳᠡᠵᠡᠢ; 《ᠪᠣᠭᠣᠮᠲᠠ᠎ᠶᠢᠨ ᠲᠡᠭ ᠭᠠᠢᠯᠢ》ᠵᠢᠨ ᠲᠠᠸᠠᠷ᠎ᠤᠨ ᠭᠠᠢᠯᠢ᠎ᠶᠢᠨ ᠵᠦᠢᠯ᠎ᠦᠨ ᠬᠠᠷᠢᠴᠠᠯ 21% ᠪᠠᠢᠭᠰᠠᠨ᠎ᠡᠴᠡ᠎ᠪᠠᠨ ᠳᠡᠭᠡᠭᠰᠢᠯᠡᠭᠡᠳ 74% ᠪᠣᠯᠵᠤ᠂ 6637 ᠵᠦᠢᠯ᠎ᠳᠦ ᠬᠦᠷᠴᠦ᠂《ᠣᠷᠣᠨ ᠪᠦᠰᠡ᠎ᠶᠢᠨ ᠪᠦᠬᠦ ᠲᠠᠯ᠎ᠠ᠎ᠶᠢᠨ ᠠᠵᠤ ᠠᠬᠤᠢ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ》 (RCEP) ᠤ᠋ᠨ ᠡᠬᠢᠯᠡᠯᠲᠡ᠎ᠶᠢᠨ ᠲᠦᠪᠰᠢᠨ᠎ᠡᠴᠡ ᠥᠨᠳᠥᠷ ᠪᠣᠯᠪᠠ ᠁ ᠳᠦᠷᠢᠮ ᠎ᠦᠨ ᠬᠡᠯᠪᠡᠷᠢ ᠎ᠶᠢᠨ ᠨᠡᠭᠡᠭᠡᠯᠲᠡ᠎ᠪᠡᠷ ᠬᠥᠲᠥᠯᠥᠮᠵᠢ ᠪᠣᠯᠭᠠᠵᠤ᠂ ᠬᠠᠢᠨᠠᠨ ᠨᠡᠭᠡᠭᠡᠯᠲᠡ᠎ᠶᠢᠨ ᠬᠥᠭᠵᠢᠯᠲᠡ᠎ᠶᠢᠨ ᠶᠠᠪᠤᠴᠠ᠎ᠳᠤ ᠳᠣᠲᠣᠭᠠᠳᠤ ᠭᠠᠳᠠᠭᠠᠳᠤ᠎ᠶᠢᠨ ᠬᠠᠮᠵᠢᠯᠴᠠᠭ᠎ᠠ᠂ ᠬᠣᠣᠰ ᠴᠢᠭᠯᠡᠯ᠎ᠢᠶᠡᠷ ᠡᠨᠧᠷᠭᠢ ᠣᠯᠭᠣᠬᠤ ᠰᠢᠨ᠎ᠡ ᠠᠶᠠᠰ᠎ᠢ ᠬᠠᠩᠭᠢᠨᠠᠭᠤᠯᠪᠠ᠃

ᠣᠳᠣᠬᠠᠨ᠎ᠳᠤ᠂ ᠮᠠᠨ᠎ᠤ ᠤᠯᠤᠰ᠎ᠤᠨ ᠠᠵᠤ ᠠᠬᠤᠶ ᠲᠦᠷᠭᠡᠨ ᠨᠡᠮᠡᠭ᠌ᠳᠡᠯ᠎ᠦᠨ ᠱᠠᠲᠤᠨ᠎ᠡᠴᠡ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠲᠤᠨ᠎ᠳᠤ ᠱᠢᠯᠵᠢᠨ ᠤᠷᠤᠪᠠ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠪᠡᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠦᠶ᠋ᠯᠡᠴᠢᠯᠡᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ ᠪᠠ ᠨᠠᠢᠳᠠᠪᠤᠷᠢᠲᠤ ᠴᠢᠨᠠᠷ᠎ᠢ ᠴᠢᠩᠭᠠᠳᠭᠠᠵᠤ᠂ ᠣᠯᠠᠨ ᠤᠯᠤᠰ᠎ᠤᠨ ᠣᠷᠴᠢᠯ᠎ᠤᠨ ᠶᠠᠰᠤ ᠴᠢᠨᠠᠷ ᠪᠠ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠪᠣᠯ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠎ᠶ᠋ᠢᠨ ᠵᠠᠢᠯᠠᠰᠢ ᠥᠬᠡᠶ ᠠᠷᠭ᠎ᠠ ᠬᠡᠮᠵᠢᠶ᠎ᠡ ᠪᠣᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠎ᠶ᠋ᠢ ᠲᠤᠰᠭᠠᠶ ᠪᠦᠯᠦᠭ᠎ᠢᠶᠡᠷ ᠪᠠᠢᠷᠢᠯᠠᠭᠤᠯᠵᠤ᠂ 《ᠨᠠᠩ ᠥᠨᠳᠥᠷ ᠲᠦᠪᠱᠢᠨ ᠪᠥᠬᠥᠶ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠱᠢᠨ᠎ᠡ ᠪᠠᠢᠭᠤᠯᠤᠯ᠎ᠢ ᠪᠠᠢᠭᠤᠯᠵᠤ᠂〈ᠨᠢᠭᠡ ᠪᠦᠰᠡ ᠨᠢᠭᠡ ᠵᠠᠮ〉ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠲᠤ᠎ᠪᠠᠷ ᠪᠠᠢᠭᠤᠯᠬᠤ᠎ᠶ᠋ᠢ ᠠᠬᠢᠭᠤᠯᠵᠤ᠂ ᠣᠯᠠᠨ ᠤᠯᠤᠰ᠎ᠤᠨ ᠣᠷᠴᠢᠯ᠎ᠢ ᠥᠷᠭᠡᠳᠭᠡᠨ᠎ᠡ》 ᠭᠡᠵᠦ᠍ ᠲᠣᠳᠣᠷᠬᠠᠢᠯᠠᠪᠠ᠃

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ 《ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠴᠢᠨᠠᠭ᠍ᠰᠢᠳᠠ ᠥᠷᠭᠡᠳᠭᠡᠬᠦ᠌》 ᠬᠡᠰᠡᠭ᠎ᠲᠦ᠂《ᠬᠢᠯᠢ ᠠᠯᠤᠰᠯᠠᠭ᠍ᠰᠠᠨ ᠦᠶ᠋ᠯᠡᠴᠢᠯᠡᠭᠡᠨ᠎ᠦ ᠠᠷᠠᠯᠵᠢᠶ᠎ᠠ᠎ᠶ᠋ᠢᠨ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠶ᠋ᠢ ᠪᠠᠭᠠᠰᠭᠠᠬᠤ》᠂《ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠥᠬᠥ᠌ ᠪᠥᠮᠪᠥᠷᠴᠡᠭ᠎ᠦᠨ ᠵᠠᠬ᠎ᠠ ᠳᠡᠯᠭᠡᠭᠦᠷ ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌》᠂《ᠭᠠᠳᠠᠭᠠᠳᠤ᠎ᠶ᠋ᠢᠨ ᠠᠷᠠᠯᠵᠢᠶᠠᠴᠢᠨ ᠎ᠤ ᠪᠠᠯᠠ ᠣᠷᠣᠭᠤᠯᠤᠯᠲᠠ᠎ᠶ᠋ᠢ ᠭᠦᠨᠵᠡᠭᠡᠢᠷᠡᠭᠦᠯᠵᠦ᠍ ᠪᠠᠢᠭᠤᠯᠤᠯ ᠲᠣᠭ᠍ᠲᠡᠴᠡ᠎ᠶ᠋ᠢᠨ ᠥᠭᠡᠷᠡᠴᠢᠯᠡᠯᠲᠡ᠎ᠶ᠋ᠢ ᠠᠬᠢᠭᠤᠯᠬᠤ》ᠵᠡᠷᠭᠡ ᠪᠣᠳᠠᠲᠠᠶ ᠪᠠᠢᠷᠢᠯᠠᠭᠤᠯᠤᠯᠲᠠ᠎ᠶ᠋ᠢ ᠳᠤᠷᠠᠳᠴᠤ᠌᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌ ᠱᠢᠨ᠎ᠡ ᠪᠠᠢᠳᠠᠯ᠎ᠢ ᠡᠭᠦᠳᠬᠦ᠌᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃

ᠵᠢᠯ᠎ᠦᠨ ᠡᠬᠢᠨ ᠎ᠡᠴᠡ ᠨᠠᠭᠠᠰᠢ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠴᠢᠯᠥᠭᠡᠲᠦ ᠠᠷᠠᠯᠵᠢᠶᠠᠨ᠎ᠤ ᠣᠷᠣᠨ 3.0 ᠬᠡᠪᠯᠡᠯ᠎ᠢ ᠪᠣᠳᠠᠲᠠᠢ ᠨᠠᠢᠳᠠᠪᠤᠷᠢᠵᠢᠭᠤᠯᠵᠤ᠂ 《ᠳᠤᠮᠳᠠᠳᠤ ᠤᠯᠤᠰ᠎ᠲᠤ ᠭᠠᠷᠭᠠᠬᠤ》ᠱᠢᠷᠢᠰ ᠠᠵᠢᠯᠯᠠᠭ᠎ᠠ ᠨᠢ ᠠᠱᠢᠭ ᠬᠦᠷᠲᠡᠭᠡᠵᠦ᠍᠂ ᠨᠡᠭᠡᠭᠡᠯᠳᠠ᠎ᠶ᠋ᠢᠨ ᠲᠠᠪᠴᠠᠩ᠎ᠤᠨ ᠴᠢᠳᠠᠪᠬᠢ ᠲᠡᠰ᠎ᠢ ᠳᠡᠭᠡᠭ᠌ᠰᠢᠯᠡᠭᠦᠯᠵᠦ᠍᠂ ᠨᠡᠭᠡᠭᠡᠯᠳᠠ ᠎ᠶ᠋ᠢᠨ ᠬᠦᠢᠰᠦ ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠦᠢᠯᠡᠴᠢᠯᠡᠭᠡᠨ᠎ᠦ ᠠᠷᠠᠯᠵᠢᠶ᠎ᠠ᠎ᠶ᠋ᠢ ᠶᠡᠬᠡ᠎ᠪᠡᠷ ᠬᠥᠭ᠌ᠵᠢᠭᠦᠯᠪᠡ ᠁ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠠᠷᠠᠯᠲᠠ᠎ᠪᠠᠨ ᠲᠣᠭ᠍ᠲᠠᠭᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠳᠤᠮᠳᠠᠳᠤ ᠤᠯᠤᠰ᠎ᠤᠨ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢᠨ ᠴᠣ ᠱᠢᠨ᠎ᠡ ᠵᠢᠷᠤᠭ ᠲᠥᠰᠦᠪ᠎ᠢ ᠵᠢᠷᠤᠭ᠍ᠯᠠᠪᠠ᠃

ᠶᠡᠷᠦᠩᠬᠡᠢ ᠱᠦᠵᠢ ᠰᠢ ᠵᠢᠨ ᠫᠢᠩ᠂ ᠨᠡᠬᠡᠬᠡᠯᠳᠡ ᠬᠢᠬᠦ᠌ ᠨᠢ ᠨᠢᠭᠡᠨᠲᠡ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠢᠯᠡ ᠲᠣᠳᠣ ᠪᠡᠯᠭᠡ ᠳᠡᠮᠳᠡᠭ ᠪᠣᠯᠵᠠᠢ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ᠎ᠪᠡᠨ ᠲᠠᠰᠤᠷᠠᠯᠲᠠ ᠦᠭᠡᠢ ᠥᠷᠭᠡᠳᠭᠡᠭ᠌ᠰᠡᠨ ᠨᠢ ᠥᠪᠡᠷ᠎ᠢ᠎ᠪᠡᠨ ᠬᠥᠭ᠌ᠵᠢᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ᠎ᠳᠤ ᠪᠤᠶᠠᠨ ᠦᠢᠯᠡᠳᠴᠡᠢ ᠭᠡᠵᠦ ᠵᠢᠭᠠᠵᠤ ᠭᠠᠷᠭᠠᠪᠠ᠃

ᠣᠢᠷ᠎ᠠ᠎ᠳᠤ᠂ ᠳᠡᠯᠡᠬᠡᠶ ᠎ᠶ᠋ᠢᠨ ᠲᠡᠷᠢᠭᠦᠨ ᠲᠠᠰ᠎ᠤᠨ ᠤᠷᠤᠯᠳᠤᠭᠠᠨ᠎ᠤ ᠲᠠᠯᠠᠪᠤᠷ᠎ᠲᠤ ᠣᠯᠠᠨ ᠤᠯᠤᠰ᠎ᠤᠨ ᠲᠦᠷᠦᠯ ᠲᠡᠮᠳᠡᠭ᠎ᠦᠨ ᠭᠠᠭ᠍ᠴᠠᠭᠠᠷ ᠡᠵᠡᠮᠱᠢᠯ᠎ᠢ ᠡᠪᠳᠡᠵᠦ᠍ ᠮᠠᠩᠯᠠᠶ᠎ᠳᠤ ᠱᠢᠯᠭᠠᠷᠠᠭᠰᠠᠨ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠮᠣᠲ᠋ᠣᠷ ᠲᠡᠷᠭᠡᠨ᠎ᠦ ᠲᠦᠷᠦᠯ ᠲᠡᠮᠳᠡᠭ 《ᠵᠠᠩ ᠱᠢᠤᠸᠠᠢ ᠪᠤᠬ᠎ᠠ ᠲᠡᠷᠭᠡ》 ᠮᠠᠰᠢ ᠲᠦᠷᠭᠡᠨ᠎ᠢᠶᠡᠷ ᠣᠯᠠᠨ᠎ᠤ ᠠᠩᠬᠠᠷᠤᠯ ᠳ᠋ᠦ ᠬᠦᠷᠪᠠ᠃ ᠪᠥᠬᠥ᠌ ᠪᠥᠮᠪᠥᠷᠴᠡᠭ᠎ᠦᠨ ᠠᠵᠤ ᠦᠶ᠋ᠯᠡᠰ᠎ᠦᠨ ᠥᠷᠢᠰᠥᠯᠳᠦᠭᠡᠨ ᠡᠳᠦᠷ ᠢᠷᠡᠬᠦᠶ᠎ᠡ ᠱᠢᠷᠦᠭᠦᠰᠴᠦ᠍᠂ 《ᠪᠣᠭᠣᠮᠢ》 ᠪᠣᠯᠵᠤ ᠪᠠᠢᠭ᠎ᠠ ᠮᠡᠷᠭᠡᠵᠢᠯ᠎ᠦᠨ ᠬᠢᠵᠠᠭᠠᠷᠯᠠᠯ᠎ᠤᠨ ᠬᠥᠭ᠌ᠵᠢᠯᠲᠡ᠎ᠶ᠋ᠢᠨ ᠠᠬᠤᠶ ᠪᠠᠢᠳᠠᠯ ᠳᠤᠤᠷ᠎ᠠ᠂ 《ᠵᠠᠩ ᠱᠢᠤᠸᠠᠢ ᠪᠤᠬ᠎ᠠ ᠲᠡᠷᠭᠡ》 ᠶ᠋ᠢᠨ ᠦᠶ᠋ᠯᠡᠳᠦᠯᠭᠡ᠎ᠨᠢ ᠱᠢᠨ᠎ᠡ᠎ᠶ᠋ᠢ ᠡᠭᠦᠳᠴᠦ᠍ ᠱᠢᠪᠲᠤᠯᠤᠯᠲᠠ ᠭᠠᠷᠭᠠᠬᠤ᠎ᠨᠢ 《ᠡᠭᠦᠳᠡ᠎ᠪᠡᠨ ᠲᠦᠭ᠌ᠵᠢᠵᠦ᠍ ᠲᠡᠷᠭᠡ ᠦᠶ᠋ᠯᠡᠳᠬᠦ᠌》 ᠶᠠᠪᠤᠳᠠᠯ ᠪᠢᠰᠢ᠂ ᠬᠠᠷᠢᠨ ᠵᠣᠷᠢᠭ᠍ᠲᠠᠶ᠎ᠪᠠᠷ ᠭᠠᠳᠠᠭᠠᠳᠤ᠎ᠳᠤ ᠭᠠᠷᠴᠤ᠌᠂ ᠣᠯᠠᠨ ᠤᠯᠤᠰ᠎ᠤᠨ ᠪᠠᠷᠢᠮᠵᠢᠶ᠎ᠠ᠎ᠲᠠᠢ ᠵᠣᠷᠢᠭ᠍ᠲᠠᠶ᠎ᠪᠠᠷ ᠵᠣᠯᠭᠠᠭᠤᠯᠵᠤ᠂ ᠪᠥᠬᠥ᠌ ᠪᠥᠮᠪᠥᠷᠴᠡᠭ ᠎ᠦᠨ ᠥᠷᠢᠰᠥᠯᠳᠦᠭᠡᠨ᠎ᠳᠦ ᠣᠷᠣᠯᠴᠠᠬᠤ᠎ᠶ᠋ᠢᠨ ᠤᠯᠠᠮ᠎ᠡᠴᠡ ᠴᠠᠭᠠᠷᠠᠭ᠍ᠰᠠᠨ ᠮᠡᠷᠭᠡᠵᠢᠯ ᠎ᠢ ᠳᠠᠪᠲᠠᠨ ᠪᠣᠯᠪᠠᠰᠤᠷᠠᠭᠤᠯᠵᠤ᠂ ᠴᠢᠬᠤᠯᠠ ᠶᠡᠬᠡ ᠱᠢᠪᠲᠤᠯᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠳᠡᠭ᠎ᠢ ᠭᠡᠷᠡᠴᠢᠯᠡᠪᠡ᠃

ᠣᠳᠣᠬᠠᠨ᠎ᠤ ᠳᠡᠯᠡᠬᠡᠢ ᠶᠢᠷᠲᠢᠨᠴᠦ᠍ ᠪᠣᠯ ᠨᠡᠭᠡᠭᠡᠯᠲᠡᠲᠡᠢ ᠳᠡᠯᠡᠬᠡᠢ ᠶᠢᠷᠲᠢᠨᠴᠦ᠍ ᠮᠥᠨ᠂ ᠳᠤᠮᠳᠠᠳᠤ ᠤᠯᠤᠰ᠎ᠤᠨ ᠬᠥᠭ᠌ᠵᠢᠯᠲᠡ ᠡᠷᠬᠡᠪᠰᠢ ᠳᠡᠯᠡᠬᠡᠢ ᠳ᠋ᠠᠬᠢᠨ᠎ᠳᠤ ᠬᠠᠨᠳᠤᠬᠤ ᠬᠡᠷᠡᠭ᠌ᠲᠡᠢ᠃ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠳᠤᠮᠳᠠᠳᠤ ᠤᠯᠤᠰ᠎ᠤᠨ ᠵᠣᠬᠢᠶᠠᠮᠠᠯ ᠤᠶᠤᠨ ᠴᠢᠳᠠᠪᠤᠷᠢ᠂ 5G᠂ ᠱᠢᠨ᠎ᠡ ᠡᠨᠧᠷᠭᠢ ᠵᠡᠷᠭᠡ ᠬᠦᠷᠢᠶᠡᠨ᠎ᠦ ᠲᠦᠷᠭᠡᠨ ᠬᠥᠭ᠌ᠵᠢᠯᠲᠡ ᠨᠢ ᠨᠡᠭᠡᠭᠡᠯᠲᠡᠲᠦ ᠱᠢᠨ᠎ᠡ᠎ᠶ᠋ᠢ ᠡᠭᠦᠳᠬᠦ᠌ ᠣᠷᠴᠢᠨ ᠲᠣᠭᠣᠷᠢᠨ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠭᠠᠭ᠍ᠴᠠ ᠬᠦ᠌ ᠳᠡᠯᠡᠬᠡᠢ ᠳ᠋ᠠᠬᠢᠨ᠎ᠵᠦᠭ ᠥᠷᠥᠴᠡ ᠴᠡᠭᠡᠵᠢ᠎ᠪᠡᠨ ᠳᠡᠯᠭᠡᠨ᠂ ᠤᠯᠤᠰ᠎ᠤᠨ ᠭᠠᠳᠠᠭᠠᠳᠤ ᠳᠣᠲᠣᠭᠠᠳᠤ᠎ᠶ᠋ᠢᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠢᠯ ᠎ᠦᠨ ᠡᠬᠢ ᠪᠠᠶᠠᠯᠢᠭ᠎ᠢ ᠨᠡᠩ ᠰᠠᠢ᠌ᠨ ᠠᠱᠢᠭ᠍ᠯᠠᠪᠠᠯ ᠰᠠᠶᠢ ᠮᠠᠨ ᠎ᠤ ᠤᠯᠤᠰ᠎ᠤᠨ ᠠᠵᠤ ᠦᠢᠯᠡᠰ ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠪᠠ ᠮᠡᠷᠭᠡᠵᠢᠯ ᠎ᠦᠨ ᠳᠡᠭᠡᠭ᠌ᠰᠢᠯᠡᠯᠲᠡ᠎ᠶ᠋ᠢ ᠲᠦᠷᠭᠡᠳᠭᠡᠵᠦ᠍᠂ ᠤᠯᠠᠨ ᠤᠯᠤᠰ᠎ᠤᠨ ᠬᠤᠷᠴᠠ ᠱᠢᠷᠦᠭᠦᠨ ᠥᠷᠢᠰᠥᠯᠳᠦᠭᠡᠨ ᠎ᠦ ᠳᠤᠮᠳᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠪᠠᠢᠷᠢ᠎ᠶ᠋ᠢ ᠣᠯᠵᠤ ᠴᠢᠳᠠᠨ᠎ᠠ᠃

ᠬᠠᠪᠤᠷ ᠎ᠢ ᠤᠭᠳᠤᠨ ᠮᠤᠷᠳᠠᠵᠤ᠂ ᠲᠣᠮᠣ ᠠᠯᠬᠤᠮ᠎ᠢᠶᠠᠷ ᠱᠢᠨ᠎ᠡ ᠠᠶᠠᠨ᠎ᠢᠶᠠᠨ ᠡᠬᠢᠯᠡᠭᠦᠯᠦᠨ᠎ᠡ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠭ᠍ᠰᠠᠨ ᠳᠤᠮᠳᠠᠳᠤ ᠤᠯᠤᠰ᠂ ᠳᠡᠭᠡᠳᠦ ᠬᠡᠮᠵᠢᠶ᠎ᠡ᠎ᠪᠡᠷ ᠨᠡᠬᠡᠬᠡᠯᠳᠡ ᠬᠢᠭ᠌ᠰᠡᠨ ᠳᠤᠮᠳᠠᠳᠤ ᠤᠯᠤᠰ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠬᠤᠪᠢᠶᠠᠯᠴᠠᠨ ᠡᠳ᠋ᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ ᠎ᠢ ᠬᠠᠩᠭᠠᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠨᠡᠩ ᠤᠯᠠᠨ ᠲᠣᠭ᠍ᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠬᠦ᠌ ᠨᠢ ᠯᠠᠪᠲᠠᠢ ᠶᠤᠮ᠃

   (ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号