ᠨᠢᠭᠡᠳᠦᠯᠲᠡᠢ ᠲᠤᠮᠤ ᠵᠠᠬ᠎ᠠ ᠳᠡᠯᠭᠡᠭᠦᠷ ᠎ᠲᠦ ᠠᠭᠤᠰᠤᠯᠴᠠᠵᠤ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ ᠎ᠢ ᠱᠢᠯᠤᠭᠤᠳᠬᠠᠨ᠎ᠠ
2026-04-13 16:26:35
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠰᠶ᠋ᠶᠸ ᠰᠢ ᠶᠣᠣ ᠸᠠᠩ ᠢᠦᠶ ᠬᠤᠤ
ᠣᠩᠱᠢᠭ᠍ᠰᠠᠨ ᠣᠳᠠᠭ᠎ᠠ᠄
★★★☆☆

 — ᠶᠡᠷᠦᠩᠬᠡᠢ ᠱᠦᠵᠢ ᠰᠢ ᠵᠢᠨ ᠫᠢᠩ ᠎ᠦᠨ ᠪᠦᠬᠦ᠌ ᠤᠯᠤᠰ ᠎ᠤᠨ ᠬᠣᠶᠠᠷ ᠬᠤᠷᠠᠯ ᠎ᠤᠨ ᠬᠤᠭᠤᠴᠠᠭᠠᠨ᠎ᠳᠠᠬᠢ ᠠᠵᠤ ᠠᠬᠤᠢ ᠎ᠶ᠋ᠢᠨ ᠤᠶᠠᠨ ᠬᠠᠳᠠᠨ ᠴᠢᠨᠠᠷ ᠎ᠢ  ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠱᠢᠷᠢᠰ ᠬᠦᠦᠷᠨᠢᠯ ᠱᠢᠭᠦᠮᠵᠢ (ᠨᠢᠭᠡ)


ᠵᠠᠬ᠎ᠠ ᠳᠡᠯᠭᠡᠭᠦᠷ ᠪᠣᠯ ᠬᠠᠮᠤᠭ᠎ᠤᠨ ᠬᠣᠪᠣᠷ ᠴᠤᠬᠠᠭ ᠡᠬᠢ ᠪᠠᠶᠠᠯᠢᠭ ᠮᠥᠨ᠂ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ ᠪᠣᠯ ᠮᠠᠨ᠎ᠤ ᠤᠯᠤᠰ᠎ᠤᠨ ᠳᠠᠪᠠᠭᠤᠯᠢᠭ ᠲᠠᠯ᠎ᠠ ᠮᠥᠨ᠃ ᠵᠠᠬ᠎ᠠ ᠳᠡᠯᠭᠡᠭᠦᠷ᠎ᠦᠨ ᠡᠬᠢ ᠪᠠᠶᠠᠯᠢᠭ ᠪᠠ ᠳᠠᠪᠠᠭᠤᠯᠢᠭ᠎ᠢ ᠰᠠᠢᠲᠤᠷ ᠬᠡᠷᠡᠭ᠌ᠯᠡᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ ᠪᠣᠯ ᠪᠠᠷᠢᠨ ᠭᠦᠢᠴᠡᠳᠭᠡᠬᠦ᠌ ᠪᠠᠴᠢᠮ ᠡᠭᠦᠷᠭᠡ ᠮᠥᠨ᠂ ᠨᠡᠩ ᠴᠤ᠌ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠬᠡᠮᠵᠢᠶ᠎ᠡ ᠮᠥᠨ᠃

ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠎ᠳᠠᠭᠠᠨ᠂ ᠠᠵᠤ ᠠᠬᠤᠢ ᠎ᠶ᠋ᠢᠨ ᠲᠤᠮᠤ ᠮᠤᠵᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠲᠣᠭ᠍ᠲᠠᠭᠤᠨ᠂ ᠭᠠᠳᠠᠭᠠᠳᠤ ᠣᠷᠴᠢᠨ᠎ᠤ ᠳᠠᠭᠠᠷᠢᠯᠳᠠ᠎ᠶ᠋ᠢ ᠡᠰᠡᠷᠭᠦᠴᠡᠬᠦ᠌ ᠴᠢᠳᠠᠪᠤᠷᠢ ᠴᠢᠩᠭ᠎ᠠ ᠪᠠᠢᠪᠠᠯ ᠰᠠᠶᠢ ᠪᠦᠬᠦ᠌ ᠤᠯᠤᠰ᠎ᠤᠨ ᠠᠵᠤ ᠠᠬᠤᠢ᠎ᠶ᠋ᠢᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠲᠤᠯᠭᠠᠭᠤᠷᠢᠯᠠᠵᠤ ᠴᠢᠳᠠᠨ᠎ᠠ ᠭᠡᠵᠦ᠍ ᠵᠢᠭᠠᠵᠤ ᠭᠠᠷᠭᠠᠵᠤ᠂《ᠳᠣᠲᠣᠷ ᠲᠠᠮᠢᠷ᠎ᠢᠶᠠᠨ ᠰᠠᠢᠲᠤᠷ ᠪᠣᠯᠪᠠᠰᠤᠷᠠᠭᠤᠯᠵᠤ᠂ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠪᠦᠬᠦ᠌ ᠲᠠᠯ᠎ᠠ᠎ᠪᠠᠷ ᠠᠭᠤᠰᠤᠯᠴᠠᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠱᠢᠯᠤᠭᠤᠳᠭᠠᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ 》 ᠭᠡᠵᠦ᠍ ᠴᠢᠬᠤᠯᠠᠴᠢᠯᠠᠪᠠ᠃

《 ᠠᠷᠪᠠᠨ ᠳᠥᠷᠪᠡᠳᠦᠭᠡᠷ ᠲᠠᠪᠤᠨ ᠵᠢᠯ  》 ᠢ᠋ ᠡᠷᠭᠢᠴᠡᠭᠦᠯᠬᠦᠶ᠎ᠡ᠂  ᠨᠢᠭᠡᠨ ᠲᠣᠭ᠎ᠠ ᠪᠠᠷᠢᠮᠳᠠ ᠨᠢ ᠬᠦᠮᠦᠰ᠎ᠤᠨ ᠠᠩᠬᠠᠷᠤᠯ᠎ᠢ ᠲᠠᠲᠠᠨ᠎ᠠ᠄ 86.4 %!

ᠡᠨᠡ ᠪᠣᠯ 2021 ᠣᠨ᠎ᠡᠴᠡ 2024 ᠣᠨ ᠪᠣᠯᠲᠠᠯᠠᠬᠢ ᠳᠣᠲᠣᠭᠠᠳᠤ ᠬᠡᠷᠡᠭ᠌ᠴᠡᠭᠡ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠦᠭ᠌ᠰᠡᠨ ᠳᠤᠮᠳᠠᠴᠢ ᠬᠤᠪᠢ ᠨᠡᠮᠡᠷᠢ ᠪᠠᠢᠵᠤ᠂ ᠳᠤᠮᠳᠠᠳᠤ ᠤᠯᠤᠰ ᠎ᠤᠨ 《ᠲᠤᠮᠤ ᠵᠠᠬ᠎ᠠ ᠳᠡᠯᠭᠡᠭᠦᠷ 》 ᠤ᠋ᠨ《ᠬᠦᠴᠦᠷᠬᠡᠭ ᠵᠠᠬ᠎ᠠ ᠳᠡᠯᠭᠡᠭᠦᠷ 》 ᠲᠡᠢᠰᠢ ᠲᠣᠭ᠍ᠲᠠᠭᠤᠨ᠎ᠢᠶᠠᠷ ᠳᠡᠭᠡᠭ᠌ᠰᠢᠯᠡᠭ᠌ᠰᠡᠨ᠎ᠢ ᠭᠡᠷᠡᠴᠢᠯᠡᠵᠦ᠍ ᠪᠠᠢᠨ᠎ᠠ᠃ ᠬᠤᠷᠴᠠ ᠱᠢᠷᠦᠭᠦᠨ ᠰᠠᠯᠬᠢ ᠳᠠᠪᠠᠯᠭᠠᠨ ᠲᠠᠢ  ᠭᠠᠳᠠᠭᠠᠳᠤ ᠣᠷᠴᠢᠨ᠎ᠳᠤ ᠬᠠᠨᠳᠤᠵᠤ᠂ ᠳᠤᠮᠳᠠᠳᠤ ᠤᠯᠤᠰ ᠪᠦᠬᠦ᠌ ᠪᠥᠮᠪᠥᠷᠴᠡᠭ ᠎ᠦᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ᠂ ᠦᠢᠯᠡᠳᠬᠦ᠌ ᠦᠢᠯᠡᠰ᠎ᠦᠨ ᠨᠢᠭᠡᠳᠦᠭᠡᠷ ᠲᠤᠮᠤ ᠤᠯᠤᠰ ᠵᠢᠴᠢ ᠪᠦᠬᠦ᠌ ᠪᠥᠮᠪᠥᠷᠴᠡᠭ᠎ᠦᠨ ᠬᠣᠶᠠᠳᠤᠭᠠᠷ ᠲᠤᠮᠤ ᠬᠡᠷᠡᠭ᠌ᠯᠡᠭᠡᠨ᠎ᠦ ᠵᠠᠬ᠎ᠠ ᠳᠡᠯᠭᠡᠭᠦᠷ᠂ ᠨᠢᠭᠡᠳᠦᠭᠡᠷ ᠲᠤᠮᠤ ᠰᠦᠯᠵᠢᠶᠡᠨ᠎ᠦ ᠵᠢᠵᠢᠭ᠌ᠯᠡᠨ ᠬᠤᠳᠠᠯᠳᠤᠬᠤ ᠵᠠᠬ᠎ᠠ ᠳᠡᠯᠭᠡᠭᠦᠷ᠂ ᠬᠣᠶᠠᠳᠤᠭᠠᠷ ᠲᠤᠮᠤ ᠭᠠᠳᠠᠭᠠᠳᠤ ᠣᠷᠣᠭᠤᠯᠤᠯᠲᠠ᠎ᠶ᠋ᠢᠨ ᠵᠠᠬ᠎ᠠ ᠳᠡᠯᠭᠡᠭᠦᠷ᠎ᠤᠨ ᠪᠠᠢᠷᠢ ᠰᠠᠭᠤᠷᠢ ᠪᠠᠨ ᠲᠤᠭᠲᠠᠭᠤᠨ᠎ᠪᠠᠳᠤᠯᠠᠵᠤ᠂ ᠮᠠᠨ᠎ᠤ ᠤᠯᠤᠰ ᠎ᠤᠨ ᠠᠵᠤ ᠠᠬᠤᠢ᠎ᠶ᠋ᠢᠨ ᠬᠦᠴᠦᠷᠬᠡᠭ ᠶᠡᠬᠡ ᠤᠶᠠᠨ ᠬᠠᠳᠠᠨ ᠴᠢᠨᠠᠷ ᠪᠣᠯᠤᠨ ᠠᠮᠢᠵᠢᠷᠠᠯ᠎ᠤᠨ ᠬᠦᠴᠦᠨ ᠎ᠢ ᠢᠯᠡᠷᠡᠭᠦᠯᠪᠡ᠃

ᠶᠡᠷᠦᠩᠬᠡᠶ ᠱᠦᠵᠢ ᠰᠢ ᠵᠢᠨ ᠫᠢᠩ᠄《 ᠵᠠᠬ᠎ᠠ ᠳᠡᠯᠭᠡᠭᠦᠷ᠎ᠦᠨ ᠡᠬᠢ ᠪᠠᠶᠠᠯᠢᠭ ᠪᠣᠯ ᠮᠠᠨ᠎ᠤ ᠤᠯᠤᠰ᠎ᠤᠨ ᠯᠤᠲᠤ ᠶᠡᠬᠡ ᠳᠠᠪᠠᠭᠤᠯᠢᠭ ᠮᠥᠨ᠂ ᠡᠷᠬᠡᠪᠰᠢ ᠡᠨᠡ ᠬᠦ᠌ ᠳᠠᠪᠠᠭᠤᠯᠢᠭ᠎ᠢ ᠭᠦᠶ᠋ᠴᠡᠳ ᠠᠱᠢᠭ᠍ᠯᠠᠨ ᠪᠠᠳᠠᠷᠠᠭᠤᠯᠵᠤ᠂ ᠡᠨᠡ ᠬᠦ᠌ ᠳᠠᠪᠠᠭᠤᠯᠢᠭ᠎ᠢ ᠲᠠᠰᠤᠷᠠᠯᠲᠠ ᠥᠬᠡᠶ ᠪᠡᠬᠢᠵᠢᠭᠦᠯᠦᠨ ᠴᠢᠩᠭᠠᠳᠭᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠬᠦᠴᠦᠷᠬᠡᠭ ᠶᠡᠬᠡ ᠲᠤᠯᠭᠠᠭᠤᠷᠢᠯᠠᠯ ᠎ᠢ ᠪᠦᠷᠢᠯᠳᠦᠭᠦᠯᠬᠦ᠌ ᠬᠡᠷᠡᠭ᠌ᠲᠡᠶ 》᠂ 《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠎ᠢ ᠪᠠᠢᠭᠤᠯᠬᠤ᠎ᠨᠢ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢᠨ ᠬᠡᠷᠡᠭ᠌ᠴᠡᠭᠡ ᠪᠣᠯᠬᠤ᠎ᠪᠠᠷ ᠪᠠᠷᠠᠬᠤ ᠥᠬᠡᠶ ᠪᠠᠰᠠ ᠴᠤ᠌ ᠣᠯᠠᠨ ᠤᠯᠤᠰ᠎ᠤᠨ ᠥᠷᠢᠰᠥᠯᠳᠦᠭᠡᠨ᠎ᠦ ᠰᠠᠨᠠᠭᠠᠴᠢᠯᠠᠭᠠᠲᠤ ᠡᠷᠬᠡ᠎ᠶ᠋ᠢ ᠤᠯᠬᠤ ᠵᠢᠨ ᠬᠡᠷᠡᠭ᠌ᠴᠡᠭᠡ ᠮᠥᠨ 》 ᠭᠡᠵᠦ᠍ ᠭᠦᠨᠵᠡᠭᠡᠶ ᠵᠢᠭᠠᠵᠤ ᠭᠠᠷᠭᠠᠪᠠ᠃

ᠴᠠᠭ ᠎ᠢ ᠦᠵᠡᠨ ᠪᠠᠢᠳᠠᠯ᠎ᠢ ᠱᠢᠨᠵᠢᠵᠦ᠍᠂ ᠪᠦᠬᠦ᠌ ᠲᠠᠯ᠎ᠠ᠎ᠶ᠋ᠢ ᠪᠣᠳᠣᠯᠬᠢᠯᠠᠨ᠂ ᠠᠯᠤᠰ ᠬᠡᠳᠦ᠍᠎ᠶ᠋ᠢ ᠤᠬᠠᠭᠠᠯᠠᠨ ᠲᠦᠯᠦᠪᠯᠡᠨ᠎ᠡ᠃

2025 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠵᠢᠷᠭᠤᠳᠤᠭᠠᠷ ᠤᠳᠠᠭ᠎ᠠ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠤᠷᠠᠯ᠎ᠡᠴᠡ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ᠎ᠶ᠋ᠢᠨ ᠦᠨᠳᠦᠰᠦᠨ ᠱᠠᠭᠠᠷᠳᠠᠯᠭ᠎ᠠ ᠪᠣᠯ 《 ᠲᠠᠪᠤ ᠎ᠶ᠋ᠢ ᠨᠢᠭᠡᠳᠦᠯᠲᠡᠢ ᠪᠤᠯᠭᠠᠬᠤ᠂ ᠨᠢᠭᠡ ᠨᠡᠭᠡᠭᠡᠯᠲᠡ ᠬᠢᠬᠦ 》 ᠪᠤᠯᠤᠨ᠎ᠠ᠂ ᠲᠤᠬᠠᠢᠯᠠᠪᠠᠯ ᠵᠠᠬ᠎ᠠ ᠳᠡᠯᠭᠡᠭᠦᠷ᠎ᠦᠨ ᠰᠠᠭᠤᠷᠢ ᠲᠦᠷᠢᠮ᠎ᠢ ᠨᠢᠭᠡᠳᠦᠯᠲᠡᠢ ᠪᠤᠯᠭᠠᠬᠤ᠂ ᠵᠠᠬ᠎ᠠ ᠳᠡᠯᠭᠡᠭᠦᠷ᠎ᠦᠨ ᠰᠠᠭᠤᠷᠢ ᠲᠥᠬᠥᠭᠡᠷᠦᠮᠵᠢ᠎ᠶ᠋ᠢ ᠨᠢᠭᠡᠳᠦᠯᠲᠡᠢ ᠪᠤᠯᠭᠠᠬᠤ᠂ ᠵᠠᠰᠠᠭ᠎ᠤᠨ ᠣᠷᠳᠣᠨ᠎ᠤ ᠠᠵᠢᠯᠯᠠᠭ᠎ᠠ᠎ᠶ᠋ᠢᠨ ᠪᠠᠷᠢᠮᠵᠢᠶ᠎ᠠ᠎ᠶ᠋ᠢ ᠨᠢᠭᠡᠳᠦᠯᠲᠡᠢ ᠪᠤᠯᠭᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠬᠠᠤᠯᠢ ᠬᠡᠷᠡᠭ᠌ᠵᠢᠭᠦᠯᠦᠯᠲᠡ᠎ᠶ᠋ᠢ ᠨᠢᠭᠡᠳᠦᠯᠲᠡᠢ ᠪᠤᠯᠭᠠᠬᠤ᠂ ᠴᠢᠬᠤᠯᠠ ᠡᠯᠧᠮᠧᠨ᠋ᠲ᠎ᠦᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠨᠢᠭᠡᠳᠦᠯᠲᠡᠢ ᠪᠤᠯᠭᠠᠬᠤ᠂ ᠳᠣᠲᠣᠭᠠᠳᠤ ᠭᠠᠳᠠᠭᠠᠳᠤ ᠨᠡᠭᠡᠭᠡᠯᠳᠠ᠎ᠶ᠋ᠢ ᠦᠷᠭᠦᠯᠵᠢᠯᠡᠨ ᠥᠷᠭᠡᠳᠭᠡᠬᠦ᠌ ᠶᠠᠪᠤᠳᠠᠯ ᠪᠣᠯᠤᠨ᠎ᠠ᠃

ᠦᠵᠦ᠍ ᠲᠥᠯᠥᠪᠯᠡᠭᠡ᠎ᠳᠤ ᠠᠩᠬᠠᠷᠤᠯ᠎ᠢᠶᠡᠨ ᠲᠦᠪᠯᠡᠷᠡᠭᠦᠯᠵᠦ᠂《ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠲᠦᠷᠭᠡᠳᠭᠡᠨ ᠪᠠᠢᠭᠤᠯᠬᠤ ᠲᠤᠬᠠᠢ ᠨᠠᠮ᠎ᠤᠨ ᠲᠥᠪ ᠬᠣᠷᠢᠢ᠎ᠠ ᠲᠦᠷᠦ᠍᠎ᠶ᠋ᠢᠨ ᠶᠠᠪᠤᠳᠠᠯ ᠎ᠤᠨ  ᠬᠤᠷᠢᠶ᠎ᠠ ᠵᠢᠨ ᠰᠠᠨᠠᠯ 》᠂ 《ᠪᠦᠭᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠎ᠦᠨ ᠪᠠᠢᠭᠤᠯᠤᠯᠲᠠ᠎ᠶ᠋ᠢᠨ ᠵᠢᠯᠣᠭᠣᠳᠤᠮᠵᠢ (ᠲᠤᠷᠱᠢᠨ ᠬᠡᠷᠡᠭ᠌ᠵᠢᠭᠦᠯᠬᠦ᠌)》 ᠵᠢ ᠨᠡᠢᠲᠡᠯᠡᠪᠡ; ᠨᠡᠢᠭᠡᠮ᠎ᠦᠨ ᠢᠲᠡᠭᠡᠮᠵᠢ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠨᠡᠢᠭᠡᠮ᠎ᠦᠨ ᠢᠲᠡᠭᠡᠮᠵᠢ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠪᠠ; ᠡᠷᠬᠡ ᠲᠡᠭ᠌ᠰᠢ ᠥᠷᠢᠰᠥᠯᠳᠦᠭᠡᠨ᠎ᠳᠤ ᠴᠢᠭᠯᠡᠭᠦᠯᠵᠦ᠂ ᠲᠥᠪ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ᠎ᠳᠤ ᠵᠠᠰᠠᠪᠤᠷᠢ ᠣᠷᠣᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠪᠡ ᠁ 《ᠨᠢᠷᠤᠭᠤ ᠲᠤᠯᠭᠠᠭᠤᠷᠢ 》 ᠵᠢ ᠦᠨᠳᠦᠰᠦᠨ᠎ᠳᠡᠭᠡᠨ ᠪᠠᠢᠭᠤᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠤᠨ ᠰᠠᠭᠤᠷᠢ᠎ᠶ᠋ᠢ ᠪᠡᠬᠢᠵᠢᠭᠦᠯᠪᠡ᠃

《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠤ 《ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ 》 ᠵᠢ ᠲᠤᠰᠭᠠᠢ ᠪᠦᠯᠦᠭ᠎ᠢᠶᠡᠷ ᠪᠠᠢᠷᠢᠯᠠᠭᠤᠯᠵᠤ᠂ 《ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠰᠠᠭᠤᠷᠢ ᠲᠦᠷᠢᠮ ᠲᠣᠭ᠍ᠲᠠᠭᠠᠯ᠎ᠢ ᠲᠡᠭᠦᠯᠳᠡᠷᠵᠢᠭᠦᠯᠬᠦ᠌ 》᠂ 《ᠡᠷᠬᠡ ᠲᠡᠭ᠌ᠰᠢ᠎ᠪᠡᠷ ᠦᠷᠢᠰᠦᠯᠳᠦᠬᠦ᠌ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠬᠤ 》᠂《ᠵᠠᠬ᠎ᠠ ᠳᠡᠯᠭᠡᠭᠦᠷ ᠎ᠦᠨ ᠲᠥᠬᠥᠭᠡᠷᠦᠮᠵᠢ᠎ᠶ᠋ᠢᠨ ᠥᠨᠳᠥᠷ ᠪᠠᠷᠢᠮᠵᠢᠶ᠎ᠠ᠎ᠪᠠᠷ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠬᠤ  》 ᠵᠡᠷᠭᠡ ᠭᠤᠷᠪᠠᠨ ᠲᠠᠯ᠎ᠠ᠎ᠡᠴᠡ ᠪᠣᠳᠠᠲᠠᠢ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠪᠠ᠃

ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠦ ᠡᠬᠢ ᠪᠤᠯᠠᠭ ᠨᠢ ᠣᠷᠣᠨ ᠨᠤᠲᠤᠭ᠎ᠲᠤ ᠪᠤᠢ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠬᠤ 《ᠡᠴᠦᠰ᠎ᠦᠨ ᠨᠢᠭᠡ ᠺᠢᠯᠣᠮᠧᠲᠷ 》 ᠨᠢ ᠴᠦ᠍ ᠣᠷᠣᠨ ᠨᠤᠲᠤᠭ᠎ᠲᠤ ᠪᠤᠢ᠃ ᠶᠡᠷᠦᠩᠬᠡᠢ ᠱᠦᠵᠢ ᠰᠢ᠎ᠶᠢᠨ ᠫᠢᠩ ᠣᠷᠣᠨ ᠨᠤᠲᠤᠭ᠎ᠲᠤ ᠣᠯᠠᠨ ᠤᠳᠠᠭ᠎ᠠ ᠰᠢᠨᠵᠢᠯᠡᠨ ᠪᠠᠢᠴᠠᠭᠠᠬᠤ᠎ᠳᠠᠭᠠᠨ《ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠳᠤ ᠠᠭᠤᠰᠤᠯᠴᠠᠬᠤ ᠬᠡᠷᠡᠭᠲᠡᠢ》 ᠭᠡᠵᠦ ᠴᠢᠬᠤᠯᠠᠴᠢᠯᠠᠪᠠ᠃

ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠦ ᠠᠭᠤᠰᠤᠯᠴᠠᠬᠤ᠎ᠳᠤ᠂《ᠪᠠᠭ᠎ᠠ ᠡᠷᠭᠢᠯᠲᠡ》 ᠶ᠋ᠢ ᠡᠪᠳᠡᠵᠦ᠂ 《ᠲᠣᠮᠣ᠌ ᠲᠠᠪᠴᠠᠩ  》 ᠢ᠋ ᠬᠠᠮᠲᠤ ᠪᠠᠷ ᠪᠠᠶ᠋ᠢᠭᠤᠯᠬᠤ ᠬᠡᠷᠡᠭᠲᠡᠢ᠃

ᠡᠷᠭᠢᠯᠲᠡ ᠰᠠᠭᠠᠳ ᠦᠭᠡᠢ ᠨᠡᠪᠲᠡᠷᠡᠪᠡᠯ᠂ ᠵᠠᠬ᠎ᠠ ᠳᠡᠯᠭᠡᠭᠦᠷ ᠰᠠᠶᠢ ᠬᠡᠢ ᠴᠢᠰᠦ ᠬᠦᠢᠴᠡᠳ ᠪᠣᠯᠵᠤ ᠴᠢᠳᠠᠨ᠎ᠠ᠃ ᠶᠡᠷᠦᠩᠬᠡᠢ ᠱᠦᠵᠢ ᠰᠢ᠎ᠶᠢᠨ ᠫᠢᠩ᠄  《ᠡᠯ᠎ᠡ ᠭᠠᠵᠠᠷ᠎ᠤᠨ ᠬᠢᠨ ᠥᠪᠡᠷ᠎ᠢ᠎ᠪᠡᠨ ᠪᠠᠭ᠎ᠠ ᠡᠷᠭᠢᠯᠲᠡ᠎ᠲᠠᠢ ᠪᠣᠯᠭᠠᠬᠤ᠎ᠶᠢ ᠰᠡᠷᠭᠡᠢᠯᠡᠵᠦ᠂ ᠣᠷᠣᠨ ᠪᠦᠰᠡ᠎ᠶᠢᠨ ᠬᠣᠷᠢᠭ᠎ᠠ ᠰᠠᠭᠠᠳ᠎ᠢ ᠠᠷᠢᠯᠭᠠᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠦᠨᠡᠨ ᠬᠦ᠌ ᠪᠤᠢ ᠪᠣᠯᠭᠠᠨ᠎ᠠ 》᠂ 《 ᠵᠠᠬ᠎ᠠ ᠳᠡᠯᠭᠡᠭᠦᠷ᠎ᠦᠨ ᠦᠢᠯᠡᠳᠦᠯ᠎ᠢᠶᠡᠨ ᠠᠯᠳᠠᠬᠤ᠎ᠶᠢ ᠬᠦᠴᠦᠯᠡᠨ ᠵᠠᠯᠠᠷᠠᠭᠤᠯᠵᠤ᠂ ᠥᠷᠢᠰᠦᠯᠳᠦᠭᠡᠨ᠎ᠦ ᠡᠮᠬᠢ ᠵᠢᠷᠤᠮ᠎ᠢ ᠵᠢᠷᠤᠮᠵᠢᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠡᠯ᠎ᠡ ᠲᠦᠷᠦᠯ᠎ᠦᠨ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠡᠷᠬᠡ ᠲᠡᠭᠰᠢ᠎ᠪᠡᠷ ᠥᠷᠢᠰᠦᠯᠳᠦᠬᠦ ᠲᠣᠮᠣ᠌ ᠲᠠᠪᠴᠠᠩ ᠪᠣᠯᠭᠠᠨ᠎ᠠ 》 ᠭᠡᠵᠦ ᠴᠢᠬᠤᠯᠠᠴᠢᠯᠠᠪᠠ᠃

ᠬᠦᠴᠦᠨ ᠵᠦᠢᠯ᠎ᠤᠨ ᠵᠠᠬ᠎ᠠ ᠳᠡᠯᠭᠡᠭᠦᠷ᠎ᠦᠨ ᠥᠭᠡᠷᠡᠴᠢᠯᠡᠯᠲᠡ᠎ᠶᠢ ᠠᠬᠢᠭᠤᠯᠵᠤ᠂ ᠭᠤᠸᠠᠨᠭᠳᠦᠢ᠍ᠩ ᠰᠢᠶᠠᠩᠭᠠᠩ ᠣᠣᠮᠧᠨ ᠎ᠦ ᠲᠤᠮᠤ ᠪᠤᠯᠤᠩ ᠎ᠤᠨ ᠣᠷᠣᠨ ᠎ᠤ ᠲᠤᠲᠤᠷ ᠭᠠᠵᠠᠷ᠎ᠤᠨ ᠶᠢᠰᠦᠨ ᠬᠤᠳᠠ᠎ᠶᠢᠨ ᠬᠦᠴᠦᠨ ᠵᠦᠢᠯ ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭᠰᠡᠨ ᠥᠭᠡᠷᠡᠴᠢᠯᠡᠯᠲᠡ ᠎ᠶᠢᠨ ᠲᠤᠷᠰᠢᠯᠲᠠ ᠎ᠶᠢᠨ ᠡᠭᠦᠷᠭᠡ᠎ᠶᠢ ᠨᠠᠢᠳᠠᠪᠤᠷᠢᠵᠢᠭᠤᠯᠬᠤ ᠎ᠶᠢ ᠭᠤᠸᠠᠨᠭᠳᠦᠢ᠍ᠩ ᠲᠣᠪᠣᠢᠮ᠎ᠠ ᠰᠠᠢᠲᠤᠷ ᠠᠳᠬᠤᠪᠠ; ᠣᠷᠣᠨ ᠨᠤᠲᠤᠭ᠎ᠤᠨ ᠬᠠᠮᠠᠭᠠᠯᠠᠯᠲᠠ᠂ ᠵᠠᠬ᠎ᠠ ᠳᠡᠯᠭᠡᠭᠦᠷ ᠎ᠦᠨ ᠬᠡᠰᠡᠭᠯᠡᠯᠲᠡ ᠪᠠ ᠳᠣᠲᠣᠭᠠᠳᠦ ᠵᠢᠨ ᠰᠢᠷᠦᠭᠦᠨ ᠥᠷᠢᠰᠦᠯᠳᠦᠭᠡᠨ ᠎ᠢ ᠡᠪᠳᠡᠵᠦ᠂ ᠵᠢᠶᠠᠩᠰᠤ ᠭᠡᠷᠡᠯᠴᠢ ᠴᠡᠨᠡᠭ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠢ ᠬᠢᠨᠠᠨ ᠬᠡᠮᠵᠢᠬᠦ ᠲᠣᠭᠲᠡᠴᠡ᠎ᠶᠢ ᠪᠠᠢᠭᠤᠯᠪᠠ; ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠠᠤᠯᠢ ᠪᠡᠷ ᠵᠠᠰᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠵᠦ᠂ ᠵᠧᠵᠢᠶᠠᠩ《ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ 32 ᠵᠤᠷᠪᠤᠰ 》 ᠢ᠋ ᠲᠡᠰ ᠳᠡᠪᠰᠢᠭᠦᠯᠵᠡᠢ  ᠁

ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠦ ᠠᠭᠤᠰᠤᠯᠴᠠᠬᠤ᠎ᠳᠤ᠂ 《ᠬᠠᠪᠰᠤᠷᠤᠯ ᠬᠥᠭᠵᠢᠮ 》 ᠢ᠋ ᠰᠠᠢᠲᠤᠷ ᠬᠥᠭᠵᠢᠮᠳᠡᠵᠦ᠂ ᠬᠠᠮᠲᠤ᠎ᠪᠠᠷ《ᠨᠢᠭᠡ ᠬᠥᠯᠭᠡ ᠰᠢᠲᠠᠷ᠎ᠠ》 ᠲᠣᠭᠯᠠᠬᠤ ᠬᠡᠷᠡᠭᠲᠡᠢ᠃

ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠬᠡᠷᠡᠭᠵᠢᠭᠦᠯᠦᠯᠲᠡ᠎ᠲᠠᠢ ᠤᠶᠠᠯᠳᠤᠭᠤᠯᠵᠤ᠂ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢᠨ ᠠᠵᠢᠯ᠎ᠢ ᠤᠷᠢᠳ ᠵᠢᠡᠷ ᠥᠷᠨᠢᠭᠦᠯᠵᠦ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃

ᠣᠢᠷ᠎ᠠ᠎ᠶᠢᠨ ᠬᠤᠭᠤᠴᠠᠭᠠᠨ᠎ᠳᠤ᠂ 《ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠴᠢᠩᠫᠦ᠋ ᠦᠵᠢᠶᠠᠩ ᠵᠢᠶᠠᠱᠠᠨ ᠎ᠤ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠨ ᠬᠥᠭᠵᠢᠭᠦᠯᠦᠯᠲᠡ᠎ᠶᠢᠨ ᠲᠣᠭᠣᠷᠢᠭ᠋ 》 ᠤ᠋ᠨ ᠨᠡᠷᠡᠢᠳᠦᠯ᠎ᠢ ᠱᠠᠩᠬᠠᠢ᠂ ᠵᠢᠶᠠᠩᠰᠤ᠂ ᠵᠧᠵᠢᠶᠠᠩ ᠭᠤᠷᠪᠠᠨ ᠣᠷᠣᠨ᠎ᠤ ᠮᠤᠵᠢ᠎ᠶᠢᠨ ᠱᠠᠲᠤᠨ᠎ᠤ ᠵᠠᠰᠠᠭ᠎ᠤᠨ ᠣᠷᠳᠣᠨ ᠬᠠᠮᠲᠤᠷᠠᠨ ᠴᠣᠬᠣᠯᠠᠪᠤᠷᠢᠯᠠᠨ ᠵᠥᠪᠰᠢᠶᠡᠷᠡᠵᠦ᠂ ᠪᠦᠬᠦ ᠤᠯᠤᠰ᠎ᠤᠨ ᠠᠩᠬᠠᠳᠠᠭ᠍ᠴᠢ ᠮᠤᠵᠢ ᠠᠯᠤᠰᠯᠠᠭᠰᠠᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠪᠣᠯᠵᠤ᠂ ᠴᠢᠩᠫᠦ᠋᠂ ᠦᠵᠢᠶᠠᠩ᠂ ᠵᠢᠶᠠᠱᠠᠨ ᠭᠤᠷᠪᠠᠨ ᠣᠷᠣᠨ ᠥᠩᠭᠡᠷᠡᠭᠰᠡᠨ᠎ᠦ ᠥᠷᠢᠰᠦᠯᠳᠦᠭᠡᠨ ᠨᠢ ᠬᠠᠮᠲᠤᠷᠠᠯᠴᠠᠭ᠎ᠠ᠎ᠡᠴᠡ ᠶᠡᠬᠡ 》 ᠪᠠᠢᠭᠰᠠᠨ᠎ᠡᠴᠡ᠎ᠪᠠᠨ《ᠬᠠᠮᠵᠢᠯᠴᠠᠨ ᠬᠥᠭᠵᠢᠬᠦ》ᠲᠡᠢᠰᠢ ᠰᠢᠯᠵᠢᠵᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠭᠰᠡᠨ ᠠᠵᠤ ᠦᠢᠯᠡᠰ᠎ᠦᠨ ᠠᠮᠢ ᠠᠬᠤᠢ᠎ᠶᠢᠨ ᠰᠢᠰᠲ᠋ᠸᠮ ᠎ᠢ ᠪᠦᠷᠢᠯᠳᠦᠭᠦᠯᠵᠡᠢ᠃

《ᠥᠨᠥᠴᠢᠨ ᠠᠷᠠᠯ᠎ᠤᠨ ᠰᠡᠳᠬᠢᠬᠦᠢ 》 ᠶ᠋ᠢ ᠲᠠᠶᠠᠭᠳᠠᠵᠤ᠂ 《ᠤᠷᠤᠨ ᠬᠤᠪᠢᠶᠠᠨ ᠪᠢᠲᠡᠭᠦᠮᠵᠢᠯᠡᠬᠦ 》 ᠡᠴᠡ ᠰᠠᠯᠵᠤ᠂ ᠥᠪᠡᠷ᠎ᠦᠨ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠬᠠᠷᠢᠴᠠᠨᠭᠭᠤᠢ ᠳᠠᠪᠠᠭᠤᠯᠢᠭ᠋᠎ᠢᠶᠠᠨ ᠪᠠᠳᠠᠷᠠᠭᠤᠯᠪᠠᠯ ᠰᠠᠶᠢ ᠬᠠᠮᠵᠢᠯᠴᠠᠨ ᠬᠥᠭᠵᠢᠬᠦ ᠶᠠᠪᠤᠴᠠ᠎ᠳᠤ ᠵᠠᠬ᠎ᠠ ᠳᠡᠯᠭᠡᠭᠦᠷ᠎ᠦᠨ 《 ᠪᠣᠭᠣᠷᠰᠣᠭ 》 ᠢ᠋ ᠲᠣᠮᠣ᠌ ᠪᠣᠯᠭᠠᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠰᠠᠭᠠᠳ ᠦᠭᠡᠢ ᠨᠡᠪᠲᠡᠷᠡᠭᠦᠯᠬᠦ ᠶᠠᠪᠤᠴᠠ᠎ᠳᠤ ᠰᠢᠨ᠎ᠡ ᠲᠠᠩᠭᠢᠰ᠎ᠢ ᠨᠡᠭᠡᠭᠡᠵᠦ ᠴᠢᠳᠠᠨ᠎ᠠ᠃

ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠭᠠᠵᠠᠷ ᠣᠷᠣᠨ᠎ᠤ ᠭᠤᠷᠪᠠᠨ ᠮᠤᠵᠢ ᠨᠢᠭᠡ ᠬᠤᠳᠠ ᠠᠵᠢᠯ᠎ᠤᠨ ᠬᠤᠪᠢᠶᠠᠷᠢᠯᠠᠯ᠎ᠢᠶᠠᠨ ᠰᠢᠯᠢᠳᠡᠭᠵᠢᠭᠦᠯᠵᠦ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ 《4 ᠴᠠᠭ᠎ᠤᠨ ᠠᠵᠤ ᠦᠢᠯᠡᠰ᠎ᠦᠨ ᠴᠠᠭᠠᠷᠢᠭ 》᠎ᠢ᠋ ᠪᠠᠢᠭᠤᠯᠪᠠ; ᠭᠤᠸᠠᠨᠭᠰᠢ《ᠠᠵᠤ ᠦᠢᠯᠡᠰ᠎ᠦᠨ ᠤᠢ 》 ᠵᠢᠨ ᠪᠠᠢᠷᠢᠰᠢᠭᠤᠯᠤᠯᠲᠠ᠎ᠶᠢᠨ ᠪᠦᠬᠦ ᠦᠵᠡᠮᠵᠢ᠎ᠶᠢᠨ ᠵᠢᠷᠤᠭ᠎ᠢ ᠨᠠᠢᠷᠠᠭᠤᠯᠤᠨ ᠵᠣᠬᠢᠶᠠᠵᠤ᠂ ᠭᠤᠸᠠᠨᠭᠳᠦᠢ᠍ᠩ ᠰᠢᠶᠠᠩᠭᠠᠩ ᠣᠣᠮᠧᠨ ᠵᠡᠷᠭᠡ ᠭᠠᠵᠠᠷ᠎ᠤᠨ ᠠᠵᠤ ᠦᠢᠯᠡᠰ᠎ᠦᠨ ᠰᠢᠯᠵᠢᠯᠲᠡ᠎ᠶᠢ ᠰᠠᠨᠠᠭᠠᠴᠢᠯᠠᠭ᠎ᠠ᠎ᠡᠴᠡ᠎ᠪᠠᠨ ᠬᠦᠯᠢᠶᠡᠨ ᠠᠪᠤᠪᠠ; ᠹᠦᠵᠢᠶᠠᠨ᠎ᠤ ᠡᠯ᠎ᠡ ᠰᠢᠶᠠᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠨᠢᠭᠡ ᠪᠦᠯᠦᠭ ᠰᠢᠶᠠᠨ᠎ᠤ ᠬᠡᠪᠴᠢᠶᠡᠨ᠎ᠦ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ 《ᠮᠠᠩᠯᠠᠢ 》 ᠠᠵᠤ ᠠᠬᠤᠢᠯᠠᠯ ᠪᠦᠬᠦ ᠳᠡᠯᠡᠬᠡᠢ᠎ᠳᠦ ᠲᠡᠷᠢᠭᠦᠯᠡᠪᠡ ᠁

ᠤᠯᠠᠮ᠎ᠡᠴᠡ ᠤᠯᠠᠨ ᠭᠠᠵᠠᠷ ᠣᠷᠣᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠬᠠᠷᠢᠴᠠᠨᠭᠭᠤᠢ ᠳᠠᠪᠠᠭᠤᠯᠢᠭ᠋᠎ᠢᠶᠠᠨ ᠪᠠᠳᠠᠷᠠᠭᠤᠯᠵᠤ᠂  ᠠᠵᠢᠯ᠎ᠢᠶᠠᠨ ᠵᠣᠬᠢᠰᠲᠠᠢ ᠬᠤᠪᠢᠶᠠᠷᠢᠯᠠᠬᠤ᠂ ᠰᠢᠯᠢᠳᠡᠭᠵᠢᠭᠦᠯᠦᠨ ᠬᠥᠭᠵᠢᠭᠦᠯᠬᠦ ᠵᠠᠮ᠎ᠢᠶᠠᠷ ᠵᠠᠮᠨᠠᠵᠤ᠂ 《 ᠶᠡᠷᠦᠩᠬᠡᠢ ᠬᠡᠯᠲᠡᠰ + ᠰᠠᠭᠤᠷᠢᠨ 》᠂ 《 ᠰᠤᠳᠤᠯᠤᠨ ᠨᠡᠭᠡᠭᠡᠬᠦ + ᠦᠢᠯᠡᠳᠪᠦᠷᠢᠯᠡᠬᠦ 》  《ᠤᠭᠤᠷᠴᠤᠭ ᠭᠠᠵᠠᠷ᠎ᠤᠨ ᠠᠵᠤ ᠠᠬᠤᠢ 》 ᠵᠡᠷᠭᠡ ᠣᠷᠣᠨ ᠪᠦᠰᠡ ᠠᠯᠤᠰᠯᠠᠭᠰᠠᠨ ᠠᠰᠢᠭ᠋ ᠲᠤᠰᠠ᠎ᠶᠢ ᠬᠠᠮᠲᠤ ᠪᠠᠷ ᠡᠳ᠋ᠯᠡᠬᠦ ᠲᠣᠭᠲᠡᠴᠡ᠎ᠶᠢ ᠰᠦᠪᠡᠭᠴᠢᠯᠡᠵᠦ᠂ 《ᠵᠦᠷᠢᠭᠦᠯᠦᠨ ᠬᠦᠭᠵᠢᠭᠦᠯᠬᠦ᠂ ᠬᠠᠮᠵᠢᠯᠴᠠᠨ ᠬᠠᠮᠲᠤ ᠪᠠᠷ ᠤᠷᠤᠭᠰᠢᠯᠠᠬᠤ 》 ᠵᠠᠬ᠎ᠠ ᠳᠡᠯᠭᠡᠭᠦᠷ᠎ᠦᠨ ᠰᠢᠨ᠎ᠡ ᠵᠢᠷᠤᠭ ᠲᠥᠰᠥᠪ᠎ᠢ ᠵᠢᠷᠤᠭᠯᠠᠵᠤ ᠪᠠᠢᠨ᠎ᠠ᠃

ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠠᠭᠤᠰᠤᠯᠴᠠᠵᠤ᠂ ᠶᠡᠬᠡ ᠪᠠᠢᠷᠢᠱᠢᠯ᠎ᠢ ᠪᠠᠢᠭᠤᠯᠵᠤ᠂ ᠳᠣᠲᠣᠭᠠᠳᠤ ᠭᠠᠳᠠᠭᠠᠳᠤ᠎ᠶ᠋ᠢ ᠨᠢᠭᠡᠳᠦᠯᠲᠡᠢ ᠲᠥᠯᠥᠪᠵᠢᠭᠦᠯᠬᠦ᠌ ᠬᠡᠷᠡᠭ᠌ᠲᠡᠢ᠃

ᠶᠡᠷᠦᠩᠬᠡᠶ ᠱᠦᠵᠢ ᠰᠢ ᠵᠢᠨ ᠫᠢᠩ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠬᠤ᠎ᠨᠢ ᠡᠭᠦᠳᠡ᠎ᠪᠡᠨ ᠬᠠᠭᠠᠵᠤ ᠪᠢᠲᠡᠭᠦᠮᠵᠢᠯᠡᠨ ᠠᠵᠢᠯᠯᠠᠬᠤ ᠶᠠᠪᠤᠳᠠᠯ ᠣᠭ᠍ᠲᠣ ᠪᠢᠰᠢ᠂ ᠬᠠᠷᠢᠨ ᠳᠣᠲᠣᠭᠠᠳᠤ ᠬᠡᠷᠡᠭ᠌ᠴᠡᠭᠡ᠎ᠶ᠋ᠢᠨ ᠳᠠᠯᠳᠠ ᠬᠦᠴᠦᠨ᠎ᠢ ᠪᠠᠳᠠᠷᠠᠭᠤᠯᠬᠤ᠎ᠪᠠᠷ ᠳᠠᠮᠵᠢᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠨᠠᠩ ᠰᠠᠢᠲᠤᠷ ᠬᠣᠯᠪᠣᠨ ᠨᠡᠪᠲᠡᠷᠡᠯᠴᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠶ᠋ᠯ᠎ᠦᠨ ᠡᠬᠢ ᠪᠠᠶᠠᠯᠢᠭ᠎ᠢ ᠨᠠᠩ ᠰᠠᠢᠲᠤᠷ ᠠᠱᠢᠭ᠍ᠯᠠᠵᠤ᠂ ᠨᠠᠩ ᠡᠷᠴᠢᠮᠲᠡᠶ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠵᠦ᠍ ᠴᠢᠬᠤᠯᠠᠴᠢᠯᠠᠪᠠ᠃

ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠣᠢᠷ᠎ᠠ᠎ᠳᠤ ᠠᠷᠭ᠎ᠠ ᠬᠡᠮᠵᠢᠶ᠎ᠡ ᠨᠡᠢᠲᠡᠯᠡᠵᠦ᠍᠂ ᠳᠣᠲᠣᠭᠠᠳᠤ ᠭᠠᠳᠠᠭᠠᠳᠤ ᠠᠷᠠᠯᠵᠢᠶᠠᠨ᠎ᠤ ᠦᠶ᠋ᠯᠡᠳᠬᠦᠨ᠎ᠦ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠴᠢᠨᠠᠷ᠎ᠢ ᠤᠯᠠᠮ ᠴᠢᠨᠠᠭᠰᠢᠳᠠ ᠠᠬᠢᠭᠤᠯᠪᠠ; ᠵᠢᠯ ᠳᠠᠷᠠᠭᠠᠯᠠᠨ ᠶᠠᠪᠤᠭ᠍ᠳᠠᠭ᠍ᠰᠠᠨ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠂  ᠳᠤᠮᠳᠠᠳᠤ ᠤᠯᠤᠰ᠎ᠤᠨ ᠭᠠᠳᠠᠭᠠᠳᠤ ᠤᠷᠤᠭᠤᠯᠤᠯᠲᠠ ᠭᠠᠷᠭᠠᠯᠲᠠ᠎ᠵᠢᠨ ᠲᠠᠸᠠᠷ ᠎ᠤᠨ ᠠᠷᠠᠯᠵᠢᠶᠠᠨ᠎ᠤ ᠴᠤᠭ᠍ᠯᠠᠭᠠᠨ᠂ ᠳᠤᠮᠳᠠᠳᠤ ᠤᠯᠤᠰ᠎ᠦᠨ ᠤᠯᠠᠨ ᠤᠯᠤᠰ᠎ᠤᠨ ᠬᠡᠷᠡᠭᠯᠡᠭᠡᠨ ᠎ᠤ ᠡᠳ᠋᠎ᠤᠨ ᠦᠵᠡᠰᠭᠦᠯᠡᠩ᠎ᠦᠨ ᠴᠤᠭ᠍ᠯᠠᠭᠠᠨ᠎ᠨᠢ ᠴᠢᠨᠠᠷ ᠰᠠᠢᠲᠠᠶ ᠬᠡᠷᠡᠭ᠌ᠴᠡᠭᠡ ᠱᠠᠭᠠᠷᠳᠠᠯᠭ᠎ᠠ ᠪᠣᠯᠤᠨ ᠴᠢᠨᠠᠷ ᠰᠠᠢᠲᠠᠶ ᠬᠠᠩᠭᠠᠯᠭ᠎ᠠ᠎ᠶ᠋ᠢ ᠬᠤᠤᠰ ᠴᠢᠭᠯᠡᠯ᠎ᠢᠶᠡᠷ ᠠᠬᠢᠭᠤᠯᠪᠠ; ᠵᠧᠵᠢᠶᠠᠩ᠎ᠤᠨ ᠬᠢᠨ ᠲᠤᠰᠤ ᠭᠡᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠨᠡᠭᠡᠭᠡᠯᠲᠡᠲᠦ ᠬᠥᠭ᠌ᠵᠢᠯᠲᠡ᠎ᠪᠡᠷ ᠭᠠᠷᠳᠠᠴᠠ ᠪᠣᠯᠭᠠᠵᠤ᠂ ᠶᠡᠬᠡ ᠬᠡᠮᠵᠢᠶᠡᠨ᠎ᠦ ᠲᠠᠸᠠᠷ᠎ᠤᠨ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠬᠦᠢᠰᠦ᠎ᠶ᠋ᠢ ᠲᠦᠷᠭᠡᠨ ᠴᠣᠭ᠍ᠴᠠᠯᠠᠵᠤ ᠪᠠᠢᠨ᠎ᠠ; ᠨᠢᠩᠱᠢᠶᠠ᠎ᠵᠢᠨ ᠬᠢᠨ ᠠᠷᠠᠪ᠎ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠣᠲᠣᠭᠠᠳᠤ ᠬᠠᠭᠤᠷᠠᠶ᠎ᠶ᠋ᠢᠨ ᠨᠡᠭᠡᠭᠡᠯᠲᠡ᠎ᠶ᠋ᠢᠨ ᠬᠢᠷᠢ ᠲᠦᠪᠰᠢᠨ᠎ᠵᠢᠡᠨ ᠳᠡᠭᠡᠭ᠌ᠰᠢᠯᠡᠭᠦᠯᠪᠡ ᠁

ᠡᠯ᠎ᠡ ᠭᠠᠵᠠᠷ᠎ᠤᠨ᠎ᠬᠢᠨ᠎ᠳᠦ ᠠᠪᠴᠤ᠌ ᠬᠡᠯᠡᠪᠡᠯ᠂ ᠲᠣᠰ ᠪᠡᠶ᠎ᠡ᠎ᠶ᠋ᠢᠨ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ ᠪᠠ ᠤᠯᠤᠰ᠎ᠤᠨ ᠳᠣᠲᠣᠭᠠᠳᠤ ᠪᠠ ᠣᠯᠠᠨ ᠤᠯᠤᠰ᠎ᠤᠨ ᠬᠤᠤᠰ ᠣᠷᠴᠢᠯ᠎ᠳᠠᠬᠢ ᠪᠠᠢᠷᠢ ᠰᠠᠭᠤᠷᠢ ᠪᠠ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠣᠨᠣᠪᠴᠢᠲᠠᠶ ᠡᠷᠢᠨ ᠤᠯᠵᠦ᠍᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠢ ᠢᠳᠡᠪᠬᠢᠲᠡᠶ ᠵᠣᠯᠭᠠᠭᠤᠯᠵᠤ᠂ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠪᠡᠷ ᠭᠦᠨ ᠳᠠᠪᠬᠤᠷᠭ᠎ᠠ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ ᠎ᠢ ᠠᠷᠢᠯᠭᠠᠬᠤ᠂ ᠪᠥᠬᠥ᠌ ᠪᠥᠮᠪᠥᠷᠴᠡᠭ᠎ᠦᠨ ᠡᠯᠧᠮᠧᠨ᠋ᠲ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠎ᠳᠤ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠬᠠᠩᠭᠠᠬᠤ ᠬᠡᠷᠡᠭ᠌ᠲᠡᠶ᠃

ᠪᠦᠬᠦ᠌ ᠤᠯᠤᠰ ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠠᠭᠤᠰᠤᠯᠴᠠᠬᠤ ᠎ᠳᠤ᠂《ᠪᠣᠭᠣᠮᠲᠠ ᠱᠢᠪᠲᠤᠯᠬᠤ ᠳᠠᠢᠯᠠᠯᠳᠤᠭᠠᠨ》 ᠪᠣᠯᠤᠨ《ᠤᠳᠠᠭᠠᠨ ᠳᠠᠭᠠᠭᠠᠮᠠᠭᠠᠢ ᠳᠠᠢᠯᠠᠯᠳᠤᠭᠠᠨ》 ᠢ᠋ ᠰᠠᠢᠲᠤᠷ ᠬᠢᠬᠦ᠌ ᠬᠡᠷᠡᠭ᠌ᠲᠡᠢ᠃

ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠦᠳᠦᠭᠡᠨ ᠪᠠᠢᠭᠤᠯᠬᠤ ᠨᠢ ᠭᠦᠨ ᠳᠠᠪᠬᠤᠷᠭ᠎ᠠ᠎ᠶ᠋ᠢᠨ ᠠᠱᠢᠭ ᠲᠤᠰᠠ᠎ᠶ᠋ᠢᠨ ᠪᠠᠢᠷᠢᠱᠢᠯ᠎ᠤᠨ ᠲᠤᠬᠢᠷᠠᠭᠤᠯᠤᠯᠳᠠ᠎ᠶ᠋ᠢ ᠬᠦᠨᠳᠡᠬᠦ᠌ ᠪᠣᠯᠬᠣᠷ ᠡᠯ᠎ᠡ ᠵᠦᠢᠯ᠎ᠦᠨ ᠬᠠᠷᠰᠢ ᠰᠠᠭᠠᠳ ᠪᠠ ᠥᠷᠢᠰᠥᠯᠳᠦᠭᠡᠨ᠎ᠳᠦ ᠲᠤᠯᠭᠠᠷᠠᠬᠤ ᠨᠢ ᠵᠠᠢᠯᠠᠰᠢ ᠦᠭᠡᠢ ᠶᠤᠮ᠃ ᠶᠡᠷᠦᠩᠬᠡᠢ ᠱᠦᠵᠢ ᠰᠢ ᠵᠢᠨ ᠫᠢᠩ ᠲᠡᠭᠦᠨ᠎ᠢ 《ᠪᠣᠭᠣᠮᠲᠠ ᠱᠢᠪᠲᠤᠯᠬᠤ ᠳᠠᠢᠯᠠᠯᠳᠤᠭᠠᠨ》 ᠪᠣᠯᠤᠨ 《ᠤᠳᠠᠭᠠᠨ ᠳᠠᠭᠠᠭᠠᠮᠠᠭᠠᠢ ᠳᠠᠢᠯᠠᠯᠳᠤᠭᠠᠨ 》 ᠬᠡᠮᠡᠨ ᠲᠣᠭ᠍ᠲᠠᠭᠠᠵᠤ᠂ ᠡᠯ᠎ᠡ ᠲᠠᠯ᠎ᠠ᠎ᠶ᠋ᠢᠨ ᠬᠢᠨ᠎ᠦ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ᠌᠎ᠶ᠋ᠢ ᠵᠣᠷᠢᠭ᠍ᠵᠢᠭᠤᠯᠪᠠ᠃

ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠠᠭᠤᠰᠤᠯᠴᠠᠬᠤ᠎ᠳᠤ᠂ ᠬᠠᠮᠤᠭ᠎ᠤᠨ ᠬᠦᠴᠢᠷᠲᠡᠢ ᠨᠢ ᠵᠠᠰᠠᠭ ᠵᠠᠬᠢᠷᠭᠠᠨ᠎ᠤ ᠪᠡᠬᠢᠯᠡᠯᠲᠡ ᠪᠢᠰᠢ᠂ ᠬᠠᠷᠢᠨ ᠣᠷᠣᠨ ᠨᠤᠲᠤᠭ᠎ᠤᠨ ᠺᠠᠳ᠋ᠷ᠎ᠤᠨ ᠦᠵᠡᠯ ᠰᠠᠨᠠᠭᠠᠨ᠎ᠤ ᠬᠦᠯᠢᠶᠡᠰᠦᠯᠡᠯ ᠪᠣᠯᠤᠨ᠎ᠠ᠃ ᠡᠯ᠎ᠡ ᠭᠠᠵᠠᠷ᠎ᠤᠨ ᠬᠢᠨ 《ᠪᠠᠭ᠎ᠠ ᠶᠣᠰᠣ ᠨᠢ ᠶᠡᠬᠡ ᠶᠣᠰᠣ᠎ᠪᠠᠨ ᠲᠠᠭᠠᠬᠤ᠂ ᠣᠷᠣᠨ ᠨᠤᠲᠤᠭ᠎ᠤᠨ ᠠᠱᠢᠭ ᠲᠤᠰᠠ ᠨᠢ ᠤᠯᠤᠰ᠎ᠤᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠲᠠᠭᠠᠬᠤ᠎ᠶ᠋ᠢ ᠪᠠᠷᠢᠮᠲᠠᠯᠠᠵᠤ 》᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠬᠢᠨᠠᠨ ᠲᠣᠭ᠍ᠲᠠᠭᠠᠵᠤ᠂ 《ᠦᠵᠡᠭᠳᠡᠬᠦ ᠭᠠᠷ ᠪᠤᠯᠤᠨ ᠦᠯᠦ ᠦᠵᠡᠭᠳᠡᠬᠦ ᠭᠠᠷ 》 ᠢ᠋ ᠰᠠᠢᠲᠤᠷ ᠬᠡᠷᠡᠭᠯᠡᠨ᠂《ᠶᠡᠬᠡ ᠳᠠᠨᠭᠰᠠ ᠪᠤᠳᠤᠬᠤ 》 ᠳ᠋ᠠᠭᠠᠨ ᠴᠢᠳᠠᠮᠠᠭᠠᠢ ᠪᠠᠢᠵᠤ᠂ ᠪᠠᠢᠭᠤᠯᠬᠤ ᠪᠠ ᠡᠪᠳᠡᠬᠦ᠌ ᠳᠤᠮᠳᠠ ᠢᠵᠢᠯ ᠴᠢᠭᠯᠡᠯ᠎ᠢᠶᠡᠷ ᠬᠦᠴᠦᠯᠡᠵᠦ᠍᠂ ᠬᠠᠮᠲᠤᠷᠠᠯ ᠬᠦᠴᠦᠨ᠎ᠢ ᠪᠤᠢ ᠪᠣᠯᠭᠠᠨ᠂ ᠦᠨᠢ ᠤᠳᠠᠭᠠᠨ ᠵᠢᠳᠭᠦᠬᠦ ᠬᠡᠷᠡᠭ᠌ᠲᠡᠢ᠃

ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠠᠭᠤᠰᠤᠯᠴᠠᠬᠤ ᠪᠣᠯ ᠬᠥᠭ᠌ᠵᠢᠯᠲᠡ᠎ᠶ᠋ᠢᠨ ᠰᠡᠳᠦᠪ ᠮᠥᠨ᠂ ᠨᠡᠩ ᠴᠤ᠌ ᠬᠤᠪᠢᠰᠭᠠᠯ᠎ᠤᠨ ᠰᠡᠳᠦᠪ ᠮᠥᠨ᠃ ᠡᠯ᠎ᠡ ᠭᠠᠵᠠᠷ᠎ᠤᠨ ᠬᠢᠨ 《ᠰᠠᠨᠠᠬᠰᠠᠨ ᠳ᠋ᠠᠭᠠᠨ ᠬᠦᠷᠬᠦ ᠪᠡᠷ ᠰᠢᠨᠳᠠᠷᠠᠰᠢ ᠦᠭᠡᠢ ᠴᠢᠷᠮᠠᠢᠬᠤ 》 ᠡᠷᠴᠢ ᠵᠣᠷᠢᠭ᠎ᠢᠶᠠᠷ᠂ ᠤᠯᠤᠰ᠎ᠤᠨ ᠬᠡᠷᠡᠭ᠌ᠴᠡᠭᠡ᠂ ᠣᠷᠣᠨ ᠨᠤᠲᠤᠭ᠎ᠤᠨ ᠴᠢᠳᠠᠪᠤᠷᠢ᠂ ᠵᠠᠬ᠎ᠠ ᠳᠡᠯᠭᠡᠭᠦᠷ᠎ᠦᠨ ᠡᠷᠡᠮᠡᠯᠵᠡᠯ᠎ᠢ ᠨᠢᠭ᠍ᠲᠠ ᠤᠶᠠᠯᠳᠤᠭᠤᠯᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠭᠦᠨᠵᠡᠭᠡᠢᠷᠡᠭᠦᠯᠬᠦ᠌᠎ᠪᠡᠷ ᠬᠣᠷᠢᠭ᠎ᠠ ᠲᠦᠭᠵᠢᠷᠡᠯ᠎ᠢ ᠡᠪᠳᠡᠵᠦ᠍᠂ ᠬᠣᠯᠪᠣᠭᠠᠯᠠᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠬᠦᠢᠰᠦ ᠪᠠᠢᠭᠤᠯᠵᠤ᠂ ᠬᠥᠳᠡᠯᠭᠡᠬᠦ᠌ ᠬᠦᠴᠦᠨ᠎ᠢ ᠨᠡᠮᠡᠭ᠌ᠳᠡᠭᠦᠯᠵᠦ᠍᠂ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠬᠤ ᠪᠠ ᠦᠢᠯᠡᠴᠢᠯᠡᠬᠦ᠌ ᠳᠤᠮᠳᠠ ᠨᠡᠩ ᠶᠡᠬᠡ ᠬᠥᠭ᠌ᠵᠢᠯᠲᠡ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠣᠴᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃


    (ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 4 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号