ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ 4 ᠠᠢᠮᠠᠭ ᠬᠤᠳᠠ᠎ᠲᠠᠶ ᠠᠶᠤᠯᠭᠦᠢ ᠦᠢᠯᠡᠳᠪᠦᠷᠢᠯᠡᠯ᠎ᠦᠨ ᠲᠤᠬᠠᠢ ᠪᠣᠯᠵᠣᠨ ᠶᠠᠷᠢᠯᠴᠠᠪᠠ
2026-04-13 09:23:22
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ 《ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠪᠣᠯᠵᠣᠨ ᠶᠠᠷᠢᠯᠴᠠᠬᠤ ᠠᠷᠭ᠎ᠠ》 ᠵᠢᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠠ ᠵᠠᠰᠠᠭ᠎ᠤᠨ ᠣᠷᠳᠣᠨ᠎ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠡᠴᠡ ᠪᠤᠭᠤᠲᠤ ᠬᠤᠳᠠ᠂ ᠠᠯᠠᠱᠠ ᠠᠢᠮᠠᠭ᠂ ᠬᠥᠯᠥᠨ ᠪᠤᠢ᠌ᠷ ᠬᠤᠳᠠ᠂ ᠤᠯᠠᠭᠠᠨᠬᠠᠳᠠ ᠬᠤᠳᠠ᠎ᠶ᠋ᠢᠨ ᠵᠠᠰᠠᠭ᠎ᠤᠨ ᠣᠷᠳᠣᠨ (ᠵᠠᠬᠢᠷᠭ᠎ᠠ) ᠤ᠋ ᠭᠣᠣᠯ ᠬᠠᠷᠢᠭᠤᠴᠠᠯᠭᠠᠲᠠᠨ᠎ᠲᠠᠶ ᠪᠣᠯᠵᠣᠨ ᠶᠠᠷᠢᠯᠴᠠᠪᠠ᠃

ᠪᠣᠯᠵᠣᠨ ᠶᠠᠷᠢᠯᠴᠠᠬᠤ ᠲᠤᠮᠳᠠ᠂ ᠡᠨᠡ ᠵᠢᠯ᠎ᠡᠴᠡ ᠨᠠᠭᠠᠰᠢ᠂ ᠤᠷᠢᠳ ᠬᠣᠵᠢᠳ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭᠯᠡᠯ᠎ᠤᠨ  ᠬᠤᠪᠤᠷ ᠰᠢᠷᠤᠢ ᠵᠢᠨ ᠪᠤᠯᠤᠳ ᠬᠠᠪᠲᠠᠰᠤᠨ ᠮᠠᠲ᠋ᠧᠷᠢᠶᠠᠯ᠎ᠤᠨ ᠦᠶ᠋ᠯᠡᠳᠪᠦᠷᠢ᠎ᠶ᠋ᠢᠨ 《1·18》 ᠤ᠋ ᠬᠦᠨᠳᠦ ᠶᠡᠬᠡ ᠳᠡᠯᠪᠡᠷᠡᠯᠲᠡ᠎ᠶ᠋ᠢᠨ ᠡᠨᠳᠡᠯ᠂ ᠠᠯᠠᠱᠠ ᠠᠢᠮᠠᠭ᠎ᠤᠨ ᠯᠢ ᠶᠤᠸᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠺᠣᠮᠫᠠᠨᠢ᠎ᠶ᠋ᠢᠨ 《3·19》 ᠤ᠋ ᠳᠡᠯᠪᠡᠷᠡᠯᠲᠡ᠎ᠶ᠋ᠢᠨ ᠡᠨᠳᠡᠯ᠂ ᠬᠥᠯᠥᠨ ᠪᠣᠢᠷ᠎ᠤᠨ ᠳ᠋ᠦᠩ ᠨᠸᠩ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠺᠣᠮᠫᠠᠨᠢ᠎ᠶ᠋ᠢᠨ 《3·31》 ᠤ᠋ ᠨᠡᠯᠢᠶᠡᠳ ᠶᠡᠬᠡ ᠬᠤᠤᠷᠳᠠᠭ᠍ᠳᠠᠵᠤ ᠪᠥᠳᠡᠭ᠌ᠰᠡᠨ ᠡᠨᠳᠡᠯ᠂ ᠤᠯᠠᠭᠠᠨᠬᠠᠳᠠ ᠬᠣᠲᠠ᠎ᠳᠤ ᠨᠢᠭᠡᠳᠦᠭᠡᠷ ᠤᠯᠠᠷᠢᠯ᠎ᠳᠤ 11 ᠤᠳᠠᠭ᠎ᠠ᠎ᠶ᠋ᠢᠨ ᠵᠠᠮ ᠬᠠᠷᠢᠯᠴᠠᠭᠠᠨ᠎ᠤ ᠡᠨᠳᠡᠯ ᠭᠠᠷᠴᠤ᠌᠂ 11 ᠬᠥᠮᠦᠨ ᠡᠨᠳᠡᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠶᠡᠬᠡ᠎ᠪᠡᠷ ᠨᠡᠮᠡᠭ᠌ᠳᠡᠪᠡ᠃ ᠡᠨᠡ ᠨᠢ ᠳᠥᠷᠪᠡᠨ ᠠᠢᠮᠠᠭ ᠬᠣᠲᠠ᠎ᠶ᠋ᠢᠨ ᠠᠮᠤᠷ ᠲᠦᠪᠱᠢᠨ ᠬᠥᠭ᠌ᠵᠢᠯᠲᠡ᠎ᠶ᠋ᠢᠨ ᠤᠢᠯᠠᠭᠠᠭᠳᠠᠬᠤᠨ᠎ᠢ ᠲᠤᠭᠤᠰᠢᠯᠠᠭᠤᠯᠤᠭ᠍ᠰᠠᠨ᠎ᠨᠢ ᠪᠠᠲᠤ ᠪᠠᠬᠢ ᠪᠢᠰᠢ᠂ ᠠᠶᠤᠯᠭᠦᠢ ᠦᠶ᠋ᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠨᠢ ᠪᠣᠳᠠᠲᠠᠶ ᠪᠢᠰᠢ᠂ ᠡᠨᠳᠡᠯ᠎ᠡᠴᠡ ᠭᠦᠨᠵᠡᠭᠡᠶ ᠰᠤᠷᠭᠠᠮᠵᠢ ᠠᠪᠤᠭ᠍ᠰᠠᠨ ᠥᠬᠡᠶ᠂ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠳᠠ᠎ᠨᠢ ᠴᠢᠩᠭ᠎ᠠ ᠪᠤᠰᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠲᠤᠰᠭᠠᠶ ᠴᠡᠭ᠌ᠴᠡᠯᠡᠨ ᠵᠠᠰᠠᠯᠳᠠ᠎ᠨᠢ ᠬᠦᠴᠦᠳᠠᠢ ᠪᠢᠰᠢ ᠵᠡᠷᠭᠡ ᠲᠣᠪᠣᠢᠮ᠎ᠠ ᠠᠰᠠᠭᠤᠳᠠᠯ᠎ᠢ ᠭᠦᠶ᠋ᠴᠡᠳ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃

ᠪᠣᠯᠵᠣᠨ ᠶᠠᠷᠢᠯᠴᠠᠬᠤ ᠲᠤᠮᠳᠠ᠂ ᠳᠥᠷᠪᠡᠨ ᠠᠢᠮᠠᠭ ᠬᠣᠲᠠ ᠵᠢᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌》 ᠶ᠋ᠢ ᠪᠠᠷᠢᠮᠲᠠᠯᠠᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌》᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠶ᠋ᠢᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠦᠨᠵᠡᠭᠡᠶ ᠡᠷᠭᠢᠴᠡᠭᠦᠯᠦᠨ ᠲᠤᠩᠭᠠᠵᠤ ᠰᠡᠩᠬᠡᠷᠡᠬᠦᠯᠤᠯ ᠠᠪᠴᠤ᠂ ᠲᠡᠮᠡᠴᠡᠯ᠎ᠦᠨ ᠤᠬᠠᠮᠰᠠᠷ᠎ᠢᠶᠠᠨ ᠴᠢᠩᠭᠠᠳᠭᠠᠨ᠂ ᠠᠶᠤᠯᠭᠦᠶ ᠦᠶ᠋ᠯᠡᠳᠪᠦᠷᠢᠯᠡᠯ᠎ᠦᠨ ᠦᠨᠳᠦᠰᠦ᠎ᠡᠴᠡ᠎ᠨᠢ ᠵᠠᠰᠠᠬᠤ ᠪᠣᠭᠣᠮᠲᠠ ᠱᠢᠪᠲᠤᠯᠬᠤ ᠭᠤᠷᠪᠠᠨ ᠵᠢᠯ᠎ᠦᠨ ᠠᠵᠢᠯᠯᠠᠭ᠎ᠠ ᠪᠣᠯᠤᠨ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ᠎ᠦ 《ᠨᠢᠭᠡ ᠶᠠᠪᠤᠳᠠᠯ》 ᠢ᠋ ᠪᠥᠬᠥ᠌ ᠬᠡᠯᠬᠢᠶ᠎ᠡ᠎ᠪᠡᠷ ᠴᠡᠭ᠌ᠴᠡᠯᠡᠨ ᠵᠠᠰᠠᠬᠤ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠨᠠᠷᠢᠨ ᠬᠢᠨᠠᠮᠠᠭᠠᠶ ᠪᠠᠢᠴᠠᠭᠠᠨ ᠢᠯᠡᠷᠡᠬᠦᠯᠵᠦ᠂ ᠡᠷᠡᠭᠦᠯ ᠮᠡᠨᠳᠤ ᠠᠮᠢ ᠨᠠᠰᠤ ᠪᠡᠷ ᠦᠷᠡᠭᠳᠡᠯ ᠪᠤᠯᠭᠠᠭᠰᠠᠨ GDP᠂ ᠪᠣᠬᠢᠷᠲᠤᠯ᠎ᠲᠠᠶ GDP᠎ᠶᠢ ᠡᠷᠡᠰ ᠠᠪᠴᠤ ᠪᠣᠯᠬᠤ ᠥᠬᠡᠶ᠂ ᠨᠡᠯᠢᠶᠡᠳ ᠶᠡᠬᠡ᠎ᠡᠴᠡ ᠳᠡᠭᠡᠭ᠌ᠰᠢᠬᠢ ᠡᠨᠳᠡᠯ ᠭᠠᠷᠬᠤ᠎ᠶ᠋ᠢ ᠡᠷᠡᠰ ᠰᠡᠷᠭᠡᠢᠯᠡᠵᠦ᠍᠂ ᠡᠩ᠎ᠦᠨ ᠴᠢᠨᠠᠷᠲᠠᠶ ᠡᠨᠳᠡᠯ᠎ᠢ ᠪᠠᠭᠠᠰᠬᠠᠬᠤ ᠬᠡᠷᠡᠭᠲᠡᠢ᠃ ᠠᠵᠤ ᠦᠶ᠋ᠯᠡᠳᠪᠦᠷᠢ ᠠᠷᠠᠯᠵᠢᠶᠠᠨ᠎ᠤ ᠠᠵᠢᠯ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠣᠨᠴᠠ ᠲᠥᠷᠥᠯ᠎ᠦᠨ ᠲᠥᠬᠥᠭᠡᠷᠦᠮᠵᠢ ᠵᠡᠷᠭᠡ ᠵᠠᠩᠭᠢᠯᠠᠭ᠎ᠠ᠎ᠶ᠋ᠢᠨ ᠬᠦᠷᠢᠶ᠎ᠡ᠎ᠶ᠋ᠢ ᠴᠢᠩᠭ᠎ᠠ ᠠᠩᠬᠠᠷᠴᠤ᠌᠂ ᠲᠤᠨᠤᠭ ᠲᠥᠬᠥᠭᠡᠷᠦᠮᠵᠢ᠎ᠶ᠋ᠢᠨ 《ᠠᠰᠠᠭᠤᠳᠠᠯ᠎ᠲᠠᠶ ᠪᠠᠢᠳᠠᠯ᠎ᠠ ᠦᠷᠬᠦᠯᠵᠢᠯᠡᠨ ᠠᠵᠢᠯᠯᠠᠬᠤ》 ᠶ᠋ᠢ ᠡᠷᠡᠰ ᠬᠣᠷᠢᠭ᠍ᠯᠠᠬᠤ ᠬᠡᠷᠡᠭ᠌ᠲᠡᠶ᠃ 《ᠵᠢᠭᠤᠯᠴᠢᠯᠠᠯ᠎ᠤᠨ ᠠᠶᠠᠨᠴᠢᠨ᠎ᠤ ᠮᠠᠱᠢᠨ ᠲᠡᠷᠭᠡ ᠪᠠ ᠠᠶᠠᠨᠴᠢᠨ᠎ᠤ ᠵᠦᠬᠡᠬᠡᠪᠦᠷᠢ ᠵᠢᠨ ᠮᠠᠰᠢᠨ ᠲᠡᠷᠬᠡ᠂ ᠠᠶᠤᠯᠲᠠᠢ ᠬᠢᠮᠢ ᠵᠢᠨ ᠡᠳ᠋ ᠪᠤᠳᠠᠰ᠎ᠤᠨ ᠲᠡᠬᠡᠬᠡᠪᠦᠷᠢ ᠵᠢᠨ ᠮᠠᠰᠢᠨ ᠲᠡᠷᠭᠡ᠂  ᠪᠠᠷᠠᠭᠠᠨ᠎ᠤ ᠲᠡᠭᠡᠭᠡᠪᠦᠷᠢ ᠵᠢᠨ ᠮᠠᠰᠢᠨ ᠲᠡᠷᠭᠡ᠂ ᠮᠤᠬᠤᠯᠠᠭ ᠮᠠᠰᠢᠨ ᠲᠡᠷᠭᠡ》᠂ ᠲᠦᠷᠭᠡᠨ᠎ᠦ ᠵᠠᠰᠠᠮᠠᠯ ᠵᠠᠮ ᠵᠡᠷᠭᠡ ᠳ᠋ᠡᠬᠢ ᠭᠣᠣᠯᠳᠠᠯᠭ᠎ᠠ᠎ᠲᠠᠶ ᠲᠡᠷᠭᠡ ᠬᠥᠰᠭᠡ ᠪᠣᠯᠤᠨ ᠡᠨᠳᠡᠯ ᠤᠯᠠᠨ ᠡᠬᠦᠰᠳᠡᠭ ᠵᠠᠮ᠎ᠤᠨ ᠬᠡᠰᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠶᠡᠷᠦᠩᠬᠡᠢᠯᠡᠭ᠌ᠰᠡᠨ ᠴᠡᠭ᠌ᠴᠡᠯᠡᠨ ᠵᠠᠰᠠᠯᠲᠠ᠎ᠶ᠋ᠢ ᠭᠦᠨᠵᠡᠭᠡᠢ ᠥᠷᠨᠢᠭᠦᠯᠬᠦ᠌ ᠬᠡᠷᠡᠭ᠌ᠲᠡᠢ᠃ ᠬᠢᠮᠢ᠎ᠶ᠋ᠢᠨ ᠠᠵᠤ ᠦᠶ᠋ᠯᠡᠳᠪᠦᠷᠢ ᠪᠠ ᠠᠶᠤᠯᠲᠠᠶ ᠬᠢᠮᠢ᠎ᠶ᠋ᠢᠨ ᠪᠣᠳᠠᠰ᠎ᠤᠨ ᠠᠵᠤ ᠠᠬᠤᠢᠯᠠᠯ᠎ᠳᠤ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠪᠠ ᠠᠶᠤᠯ ᠲᠦᠭ᠌ᠰᠢᠭᠦᠷᠢ᠎ᠶ᠋ᠢᠨ ᠳᠡᠰ᠎ᠢ ᠦᠨᠡᠯᠡᠨ ᠲᠣᠭ᠍ᠲᠠᠭᠠᠬᠤ ᠠᠵᠢᠯ᠎ᠢ ᠥᠷᠨᠢᠭᠦᠯᠵᠦ᠍᠂ 《ᠨᠢᠭᠡ ᠠᠵᠤ ᠠᠬᠤᠢᠯᠠᠯ᠎ᠳᠤ ᠨᠢᠭᠡ ᠪᠣᠳᠣᠯᠭ᠎ᠠ᠎ᠠᠪᠴᠤ》 ᠣᠨᠣᠴᠠᠲᠠᠶ ᠵᠠᠰᠠᠬᠤ ᠬᠡᠷᠡᠭ᠌ᠲᠡᠶ᠃ ᠬᠢᠵᠠᠭᠠᠷ᠎ᠲᠠᠶ ᠣᠷᠣᠨ ᠵᠠᠢ᠎ᠳᠤ ᠠᠵᠢᠯᠯᠠᠬᠤ 《ᠳᠦᠷᠪᠡᠨ ᠪᠦᠭᠦᠳᠡ》 ᠵᠢᠨ ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠵᠤ᠂ 《ᠳᠠᠭᠠᠭᠠᠴᠢᠯᠠᠬᠤ᠎ᠪᠠᠷ ᠬᠠᠮᠢᠶᠠᠷᠬᠤ᠎ᠶ᠋ᠢ ᠣᠷᠣᠯᠠᠭᠤᠯᠵᠤ᠂ ᠳᠠᠭᠠᠭᠠᠴᠢᠯᠠᠪᠠᠴᠤ ᠬᠠᠮᠢᠶᠠᠷᠬᠤ ᠦᠭᠡᠢ ᠪᠠᠢᠬᠤ》 ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠴᠢᠩᠭᠠᠳᠭᠠᠬᠤ ᠬᠡᠷᠡᠭ᠌ᠲᠡᠢ ᠭᠡᠵᠦ ᠱᠠᠭᠠᠷᠳᠠᠪᠠ᠃

ᠪᠣᠯᠵᠣᠨ ᠶᠠᠷᠢᠯᠴᠠᠬᠤ ᠬᠤᠷᠠᠯ ᠳᠡᠭᠡᠷ᠎ᠡ᠂ ᠪᠤᠭᠤᠲᠤ ᠬᠣᠲᠠ᠂ ᠠᠯᠠᠱᠠ ᠠᠢᠮᠠᠭ᠂ ᠬᠥᠯᠥᠨ ᠪᠣᠢᠷ ᠬᠣᠲᠠ᠂ ᠤᠯᠠᠭᠠᠨᠬᠠᠳᠠ ᠬᠣᠲᠠ᠎ᠶ᠋ᠢᠨ ᠵᠠᠰᠠᠭ᠎ᠤᠨ ᠣᠷᠳᠣᠨ (ᠵᠠᠬᠢᠷᠭ᠎ᠠ)᠎ᠤ᠋ ᠭᠤᠤᠯ ᠬᠠᠷᠢᠭᠤᠴᠠᠯᠭᠠᠲᠠᠨ ᠨᠦᠬᠦᠳ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠬᠢᠨ᠎ᠡ ᠭᠡᠵᠤ ᠣᠪᠣᠷ᠎ᠢᠶᠠᠨ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号