ᠪᠦᠬᠦ᠌ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢᠯᠡᠰ ᠪᠤᠰᠭᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠪᠠ
2026-04-13 11:47:47
ᠵᠣᠬᠢᠶᠠᠭ᠍ᠴᠢ᠄
​ᠮᠧᠢ ᠭᠠᠩ
ᠣᠩᠱᠢᠭ᠍ᠰᠠᠨ ᠣᠳᠠᠭ᠎ᠠ᠄
★★★☆☆

ᠴᠢ᠊ ᠪᠠᠲᠤ ᠶᠠᠷᠢᠶ᠎ᠠ ᠲᠠᠯᠪᠢᠵᠤ  ᠰᠦᠬᠡ ᠤᠷᠤᠯᠴᠠᠪᠠ

4 ᠰᠠᠷ᠎ᠠ᠎ᠶ᠋ᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠦᠬᠦ᠌ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢᠯᠡᠰ ᠪᠤᠰᠭᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠰᠦᠬᠡ ᠪᠦᠬᠦ᠌ ᠤᠯᠤᠰ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢᠯᠡᠰ ᠪᠤᠰᠭᠠᠬᠤ ᠠᠵᠢᠯ᠎ᠤᠨ ᠸᠢᠳᠢᠣ᠋ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃

ᠬᠤᠷᠠᠯ᠎ᠡᠴᠡ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠴᠢᠩᠭ᠎ᠠ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠤᠳᠤᠯ᠎ᠢᠶᠠᠷ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠵᠤ ᠦᠢᠯᠡᠰ ᠪᠤᠰᠭᠠᠬᠤ ᠠᠵᠢᠯ᠎ᠢ ᠰᠠᠢᠲᠤᠷ ᠬᠢᠵᠦ᠍᠂ ᠠᠵᠢᠯ᠎ᠤᠨ ᠪᠠᠢᠷᠢ᠎ᠶ᠋ᠢᠨ ᠬᠠᠩᠭᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠵᠤ ᠦᠢᠯᠡᠰ ᠪᠤᠰᠭᠠᠬᠤ ᠠᠷᠭ᠎ᠠ ᠵᠠᠮ᠎ᠢ ᠪᠦᠬᠦ᠌ ᠲᠠᠯ᠎ᠠ᠎ᠪᠠᠷ ᠥᠷᠭᠡᠳᠭᠡᠵᠦ᠍᠂ ᠦᠢᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠵᠤ ᠦᠢᠯᠡᠰ ᠪᠤᠰᠭᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠤᠯᠬᠤ ᠬᠢᠷᠢ ᠲᠦᠪᠱᠢᠨ ᠶᠡᠷᠦᠩᠬᠡᠢ᠎ᠳᠡᠭᠡᠨ ᠲᠣᠭ᠍ᠲᠠᠭᠤᠨ ᠪᠠᠢᠬᠤ᠎ᠶ᠋ᠢ ᠪᠦᠬᠦ᠌ ᠬᠦᠴᠦᠨ᠎ᠢᠶᠡᠷ ᠪᠠᠲᠤᠯᠠᠬᠤ ᠬᠡᠷᠡᠭ᠌ᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号