ᠲᠦᠷᠦᠬᠦᠭᠡᠨ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠤᠢ᠍ᠢᠯᠠᠭᠠᠭ᠍ᠰᠠᠨ ᠢ᠋ᠶ᠋ᠡᠷ᠂ ᠡᠨᠡ ᠵᠢᠯ ᠥᠪᠥᠷ ᠮᠣᠩᠭᠣᠯ ᠵᠠᠬ᠎ᠠ ᠳᠡᠯᠭᠡᠭᠦᠷ ᠤ᠋ᠨ ᠲᠦᠪ ᠭᠤᠤᠯᠴᠢ ᠦᠷᠢᠰᠦᠯᠳᠦᠬᠡᠨ ᠤ᠋ ᠡᠮᠬᠢ ᠲᠢᠭᠯᠢᠮ ᠢ᠋ ᠬᠠᠮᠠᠭᠠᠯᠠᠬᠤ ᠭᠣᠣᠯ ᠱᠤᠭᠤᠮ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠤᠯᠠᠨ ᠲᠠᠯ᠎ᠠ ᠪᠡᠷ ᠬᠦᠴᠦᠯᠡᠨ᠂ ᠡᠬᠢ ᠡᠭᠦᠰᠦᠯ ᠡᠴᠡ ᠨᠢ ᠵᠢᠷᠤᠮᠵᠢᠭᠤᠯᠬᠤ᠂ ᠡᠮᠬᠢ ᠲᠢᠭᠯᠢᠮ ᠦᠭᠡᠢ ᠪᠠᠢᠳᠠᠯ ᠢ᠋ ᠴᠡᠭ᠌ᠴᠡᠯᠡᠨ ᠵᠠᠰᠠᠬᠤ᠂ ᠬᠠᠤᠯᠢ ᠵᠢ ᠴᠢᠩᠭ᠎ᠠ ᠬᠡᠷᠡᠭ᠌ᠵᠢᠭᠦᠯᠬᠦ᠌᠂ ᠪᠠᠢᠨᠭᠭᠤᠵᠢᠬᠰᠠᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠬᠤ ᠪᠡᠷ ᠳᠠᠮᠵᠢᠭᠤᠯᠤᠨ᠂ ᠵᠠᠬ᠎ᠠ ᠳᠡᠯᠭᠡᠭᠦᠷ ᠤ᠋ᠨ ᠠᠮᠢ ᠠᠬᠤᠢ ᠵᠢ ᠪᠦᠬᠦ᠌ ᠲᠠᠯ᠎ᠠ ᠪᠡᠷ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠵᠦ᠍᠂ ᠠᠷᠠᠳ ᠤ᠋ᠨ ᠠᠮᠢᠳᠤᠷᠠᠯ ᠤ᠋ᠨ ᠡᠷᠬᠡ ᠠᠱᠢᠭ ᠢ᠋ ᠬᠠᠮᠠᠭᠠᠯᠠᠵᠤ ᠪᠠᠢᠨ᠎ᠠ᠃
ᠡᠨᠡ ᠵᠢᠯ ᠦᠨ ᠡᠬᠢᠨ ᠡᠴᠡ ᠨᠠᠭᠠᠰᠢ᠂ ᠦᠪᠦᠷ ᠮᠤᠨᠭᠭᠤᠯ ᠲᠦᠪ ᠭᠤᠤᠯᠴᠢ ᠥᠷᠢᠰᠥᠯᠳᠦᠭᠡᠨ ᠤ᠋ ᠬᠢᠨᠠᠨ ᠪᠠᠢᠴᠠᠭᠠᠯᠲᠠ ᠶ᠋ᠢᠨ ᠲᠦᠷᠢᠮ ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠰᠭᠠᠶ ᠠᠵᠢᠯᠯᠠᠭ᠎ᠠ ᠥᠷᠨᠢᠭᠦᠯᠵᠦ᠍᠂ ᠵᠠᠬ᠎ᠠ ᠳᠡᠯᠭᠡᠭᠦᠷ ᠲᠦ᠍ ᠤᠷᠤᠭᠤᠯᠬᠤ ᠪᠠ ᠵᠠᠬ᠎ᠠ ᠳᠡᠯᠭᠡᠭᠦᠷ ᠡᠴᠡ ᠭᠠᠷᠭᠠᠬᠤ᠂ ᠠᠵᠤ ᠠᠬᠤᠢᠯᠠᠯ ᠤ᠋ᠨ ᠣᠷᠣᠨ ᠪᠦᠰᠡ ᠠᠯᠤᠰᠯᠠᠨ ᠨᠡᠭᠦᠨ ᠰᠢᠯᠵᠢᠬᠦ ᠵᠡᠷᠭᠡ ᠲᠠᠯ᠎ᠠ ᠶ᠋ᠢᠨ ᠬᠠᠷᠰᠢ ᠰᠠᠭᠠᠳ ᠢ᠋ ᠬᠦᠴᠦᠯᠡᠨ ᠰᠢᠢᠳᠪᠤᠷᠢᠯᠡᠵᠤ ᠪᠤᠢ᠃ ᠡᠭᠦᠨ ᠤ᠋ ᠬᠠᠮᠳᠤ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠵᠢ ᠵᠣᠷᠢᠭ᠍ᠵᠢᠭᠤᠯᠬᠤ ᠪᠠ ᠬᠢᠵᠠᠭᠠᠷᠯᠠᠬᠤ ᠵᠦᠶ᠋ᠯᠡᠰ ᠤ᠋ᠨ ᠲᠣᠳᠣᠷᠬᠠᠶ ᠨᠠᠷᠢᠨ ᠳᠠᠨᠭᠰᠠ ᠵᠢ ᠴᠢᠩᠭ᠎ᠠ ᠨᠠᠢᠳᠠᠪᠤᠷᠢᠵᠢᠭᠤᠯᠵᠤ᠂ ᠡᠬᠢ ᠡᠭᠦᠰᠦᠯ ᠡᠴᠡ ᠨᠢ ᠲᠥᠪ ᠭᠤᠤᠯᠴᠢ ᠡᠮᠬᠢ ᠵᠢᠷᠤᠮ ᠲᠠᠢ ᠲᠥᠷᠥ ᠶ᠋ᠢᠨ ᠪᠣᠳᠣᠯᠭ᠎ᠠ ᠶ᠋ᠢᠨ ᠣᠷᠴᠢᠨ ᠨᠥᠬᠥᠴᠡᠯ ᠢ᠋ ᠪᠦᠷᠢᠯᠳᠤᠬᠦᠯᠵᠤ ᠪᠠᠢᠨ᠎ᠠ᠃ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠡᠬᠢ ᠬᠠᠤᠯᠢ ᠬᠡᠷᠡᠭ᠌ᠵᠢᠭᠦᠯᠤᠯᠳᠠᠵᠢ ᠦᠷᠭᠦᠯᠵᠢᠯᠡᠨ ᠴᠢᠡᠭᠭᠠᠳᠬᠠᠵᠤ᠂ ᠢᠳᠡᠭᠡᠨ ᠤ᠋ ᠠᠮᠤᠷ ᠲᠦᠪᠱᠢᠨ᠂ ᠦᠶ᠋ᠯᠡᠳᠬᠦᠨ ᠤ᠋ ᠶᠠᠰᠤ ᠴᠢᠨᠠᠷ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠤ ᠪᠤᠢ᠃ 《ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠤᠬᠢ ᠪᠦᠲᠦᠭᠡᠭ᠌ᠳᠡᠬᠦᠨ》 ᠢ᠋ ᠰᠠᠬᠢᠨ ᠬᠠᠮᠠᠭᠠᠯᠠᠬᠤ ᠲᠤᠰᠭᠠᠶ ᠠᠵᠢᠯᠯᠠᠭ᠎ᠠ ᠵᠢ ᠪᠥᠬᠥ᠌ ᠲᠠᠯ᠎ᠠ ᠪᠡᠷ ᠥᠷᠨᠢᠭᠦᠯᠵᠦ᠍᠂ ᠥᠪᠥᠷ ᠮᠣᠩᠭᠣᠯ ᠤ᠋ᠨ ᠲᠦᠷᠦᠯ ᠲᠡᠮᠲᠡᠭᠳᠤ ᠵᠢᠨ ᠠᠯᠳᠠᠷᠰᠢᠯᠢ ᠪᠥᠬᠥ᠌ ᠬᠦᠴᠦᠨ ᠢ᠋ᠶ᠋ᠡᠷ ᠢ᠋ᠶ᠋ᠡᠨ ᠬᠠᠮᠠᠭᠠᠯᠠᠵᠤ ᠪᠠᠢᠨ᠎ᠠ᠃
ᠣᠳᠣᠬᠠᠨ ᠳ᠋ᠤ᠂ ᠡᠯ᠎ᠡ ᠭᠠᠵᠠᠷ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷᠤᠨ ᠬᠢᠨ ᠪᠣᠳᠠᠲᠠᠢ ᠵᠢ ᠡᠷᠬᠢᠮᠯᠡᠬᠦ᠌ ᠠᠵᠢᠯᠯᠠᠭ᠎ᠠ ᠪᠡᠷ ᠡᠯ᠎ᠡ ᠵᠦᠢᠯ ᠤ᠋ᠨ ᠠᠵᠢᠯ ᠢ᠋ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠠᠬᠢᠭᠤᠯᠵᠤ ᠪᠠᠢᠨ᠎ᠠ᠃ ᠬᠥᠬᠡᠬᠣᠲᠠ ᠲᠦᠷᠢᠮ ᠤ᠋ᠨ ᠪᠠᠢᠭᠤᠯᠤᠯᠲᠠ᠂ ᠡᠬᠢ ᠡᠭᠦᠰᠦᠯ ᠡᠴᠡ ᠨᠢ ᠵᠠᠰᠠᠬᠤ᠂ ᠦᠯᠡᠳᠡᠭᠡᠯ ᠢ᠋ ᠢᠯᠭᠠᠷᠠᠭᠤᠯᠬᠤ ᠪᠡᠷ ᠭᠠᠷᠳᠠᠴᠠ ᠪᠣᠯᠭᠠᠨ᠂ ᠲᠦᠪ ᠭᠤᠤᠯᠴᠢ ᠥᠷᠢᠰᠥᠯᠳᠦᠭᠡᠨ ᠤ᠋ ᠬᠢᠨᠠᠨ ᠪᠠᠢᠴᠠᠭᠠᠯᠲᠠ ᠶ᠋ᠢᠨ ᠠᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠪᠥᠬᠥ᠌ ᠲᠠᠯᠠᠪᠠᠷ ᠠᠬᠢᠭᠤᠯᠵᠤ ᠪᠣᠶ; ᠣᠷᠳᠣᠰ ᠬᠣᠲᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠬᠦᠷᠢᠶᠡᠨ ᠤ᠋ ᠲᠦᠪ ᠭᠤᠤᠯᠴᠢ ᠦᠷᠢᠰᠦᠯᠳᠦᠭᠡᠨ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠬᠠᠷᠢᠭᠤᠴᠠᠯᠭ᠎ᠠ ᠵᠢ ᠪᠣᠳᠠᠲᠠᠢᠵᠢᠭᠤᠯᠬᠤ᠂ ᠢᠯᠡ ᠪᠡᠷ ᠬᠢᠨᠠᠯᠲᠠ ᠲᠠᠯᠪᠢᠬᠤ᠂ ᠨᠠᠷᠢᠨ ᠲᠠᠩᠰᠠ ᠪᠡᠷ ᠬᠢᠵᠠᠭᠠᠷᠯᠠᠬᠤ ᠪᠡᠷ ᠭᠤᠤᠯ ᠪᠣᠯᠭᠠᠵᠤ᠂ ᠪᠥᠬᠥ᠌ ᠶᠠᠪᠤᠴᠠ ᠵᠢ ᠬᠢᠨᠠᠨ ᠪᠠᠢᠴᠠᠭᠠᠬᠤ ᠱᠢᠰᠲ᠋ᠧᠮ ᠢ᠋ ᠪᠠᠢᠭᠤᠯᠪᠠ; ᠪᠤᠭᠤᠲᠤ ᠬᠣᠲᠠ 《ᠭᠤᠷᠪᠠᠨ ᠳᠠᠪᠬᠤᠷ ᠬᠢᠨᠠᠨ ᠪᠠᠢᠴᠠᠭᠠᠬᠤ + ᠳᠡᠰ ᠳᠠᠷᠠᠭᠠᠵᠢᠭᠤᠯᠤᠨ ᠠᠬᠢᠭᠤᠯᠬᠤ᠂ ᠭᠤᠤᠯᠳᠠᠯᠭ᠎ᠠ ᠲᠠᠢ ᠰᠢᠭᠰᠢᠨ ᠪᠠᠢᠴᠠᠭᠠᠬᠤ᠂ ᠨᠠᠷᠢᠨ ᠳᠠᠨᠭᠰᠠ ᠪᠠᠢᠭᠤᠯᠤᠨ ᠰᠡᠷᠡᠮᠵᠢᠯᠡᠭᠦᠯᠬᠦ᠂ ᠬᠠᠷᠢᠭᠤᠴᠠᠯᠭ᠎ᠠ ᠲᠤᠬᠲᠠᠭᠠᠨ ᠨᠠᠢᠳᠠᠪᠤᠷᠢᠵᠢᠭᠤᠯᠬᠤ ᠠᠵᠢᠯ ᠤ᠋ᠨ ᠠᠷᠭ᠎ᠠ》 ᠵᠢ ᠲᠤᠭᠳᠠᠭᠠᠵᠤ᠂ ᠲᠦᠪ ᠭᠤᠤᠯᠴᠢ ᠥᠷᠢᠰᠥᠯᠳᠦᠭᠡᠨ ᠤ᠋ ᠬᠢᠨᠠᠨ ᠪᠠᠢᠴᠠᠭᠠᠯᠲᠠ ᠶ᠋ᠢᠨ ᠶᠠᠰᠤ ᠴᠢᠨᠠᠷ ᠦᠷ᠎ᠡ ᠪᠦᠲᠦᠮᠵᠢ ᠵᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠪᠡ᠃