ᠣᠷᠳᠣᠰ ᠬᠤᠳᠠ 45 ᠵᠦᠢᠯ ᠤ᠋ᠨ ᠠᠷᠭ᠎ᠠ ᠬᠡᠮᠵᠢᠶ᠎ᠡ ᠨᠡᠢᠳᠡᠯᠡᠵᠦ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ᠋ ᠰᠢᠯᠢᠳᠡᠭᠵᠢᠬᠦᠯᠦᠨ ᠲᠡᠰ ᠳᠡᠪᠰᠢᠭᠦᠯᠵᠡᠢ
2026-04-13 10:22:46
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠣᠢᠷ᠎ᠠ ᠶ᠋ᠢᠨ ᠡᠳᠦᠷ᠂ ᠣᠷᠳᠣᠰ ᠬᠣᠲᠠ《ᠣᠷᠳᠣᠰ ᠬᠣᠲᠠ ᠲᠡᠷᠢᠭᠦᠨ ᠤ᠋ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠢ᠋ ᠦᠷᠭᠦᠯᠵᠢᠯᠡᠨ ᠪᠠᠢᠭᠤᠯᠬᠤ ᠠᠵᠢᠯᠯᠠᠭᠠᠨ ᠤ᠋ ᠲᠥᠰᠥᠯ (2026 ᠣᠨ) (ᠳᠣᠷᠣᠭ᠍ᠰᠢ 《ᠲᠥᠰᠥᠯ》 ᠭᠡᠵᠦ ᠲᠣᠪᠴᠢᠯᠠᠨ᠎ᠠ) ᠢ᠋ ᠨᠡᠢᠲᠡᠯᠡᠵᠦ᠂ 6 ᠶᠡᠬᠡ  ᠬᠦᠷᠢᠶ᠎ᠡ  ᠴᠠᠷᠠᠭᠠᠨ ᠳ᠋ᠤ 45 ᠵᠤᠷᠪᠤᠰ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠢᠲᠡᠯᠡᠨ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠵᠢᠯ ᠤ᠋ᠨ ᠠᠵᠢᠯᠯᠠᠭ᠎ᠠ ᠵᠢ ᠪᠥᠬᠥ ᠲᠠᠯ᠎ᠠ ᠪᠡᠷ ᠥᠷᠨᠢᠭᠦᠯᠬᠦ ᠵᠢᠨ ᠬᠠᠮᠲᠤ ᠨᠠᠩ ᠪᠣᠳᠠᠲᠠᠢ ᠠᠷᠭ᠎ᠠ ᠬᠡᠮᠵᠢᠶ᠎ᠡ ᠪᠡᠷ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠤ᠋ᠨ ᠪᠠᠢᠭᠤᠯᠤᠯᠲᠠ ᠵᠢ ᠪᠥᠬᠥ ᠤᠯᠤᠰ ᠤ᠋ᠨ ᠲᠡᠷᠢᠭᠦᠨ ᠤ᠋ ᠬᠢᠷᠢ ᠲᠦᠪᠰᠢᠨ ᠳᠠᠢᠰᠢ ᠠᠬᠢᠭᠤᠯᠵᠤ ᠪᠠᠢᠨ᠎ᠠ᠃

ᠣᠢᠯᠠᠭᠠᠭᠰᠠᠨ ᠶ᠋ᠢᠡᠷ᠂ ᠳᠤᠰ 《ᠲᠥᠰᠥᠯ》 ᠢ᠋ ᠳᠡᠯᠡᠬᠡᠢ ᠵᠢᠨ ᠪᠠᠩᠬᠢ ᠵᠢᠨ ᠬᠠᠮᠤᠭ ᠤ᠋ᠨ ᠰᠢᠨ᠎ᠡ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠤ᠋ᠨ ᠦᠨᠡᠯᠡᠯᠲᠡ ᠵᠢᠨ ᠰᠢᠰᠲᠧᠮ ᠲᠠᠢ ᠬᠠᠷᠭᠤᠭᠤᠯᠵᠤ᠂ 《ᠠᠵᠤ ᠠᠬᠤᠢᠯᠠᠯ ᠳ᠋ᠤ ᠬᠣᠯᠪᠣᠭᠳᠠᠬᠤ ᠦᠢᠯᠡᠴᠢᠯᠡᠭᠡ᠂ ᠵᠠᠰᠠᠭ ᠤ᠋ᠨ ᠶᠠᠪᠤᠳᠠᠯ ᠤ᠋ᠨ ᠦᠢᠯᠡᠳᠦᠯ ᠴᠢᠳᠠᠪᠬᠢ᠂ ᠵᠠᠬ᠎ᠠ ᠳᠡᠯᠭᠡᠭᠦᠷ ᠤ᠋ᠨ ᠥᠷᠢᠰᠦᠯᠳᠦᠭᠡᠨ᠂ ᠠᠵᠤ ᠦᠢᠯᠡᠰ ᠤ᠋ᠨ ᠠᠮᠢ ᠠᠬᠤᠢ᠂ ᠬᠠᠤᠯᠢ ᠪᠡᠷ ᠵᠠᠰᠠᠬᠤ ᠣᠷᠴᠢᠨ ᠨᠥᠬᠥᠴᠡᠯ᠂ ᠨᠡᠢᠭᠡᠮ ᠤ᠋ᠨ ᠰᠣᠶᠣᠯ ᠢᠷᠭᠡᠨᠰᠢᠯ》 ᠵᠡᠷᠭᠡ 6 ᠶᠡᠬᠡ ᠬᠠᠷᠠᠭᠠᠰᠤ ᠡᠴᠡ ᠬᠠᠮᠵᠢᠯᠴᠠᠨ ᠬᠦᠴᠦᠯᠡᠬᠦ ᠪᠣᠰᠣᠭ᠎ᠠ ᠴᠣᠭᠴᠠᠲᠤ ᠪᠣᠷᠣ᠌ ᠲᠥᠯᠥᠪ ᠢ᠋ ᠪᠠᠢᠭᠤᠯᠤᠨ᠂ ᠪᠥᠬᠥ ᠬᠣᠲᠠ ᠵᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠢ᠋ ᠰᠢᠰᠲᠧᠮ ᠳᠠᠢ ᠬᠦᠭᠵᠢᠬᠦ ᠳᠠᠢᠰᠢ ᠤᠯᠠᠷᠢᠭᠤᠯᠤᠨ ᠬᠤᠪᠢᠷᠠᠭᠤᠯᠬᠤ ᠵᠢ ᠪᠡᠶᠡᠯᠡᠭᠦᠯᠦᠭᠰᠡᠨ ᠪᠠᠢᠨ᠎ᠠ᠃ ᠥᠩᠭᠡᠷᠡᠭᠰᠡᠨ ᠤ᠋ ᠳᠦᠰᠦᠯ ᠲᠠᠢ ᠬᠠᠷᠢᠴᠠᠭᠤᠯᠪᠠᠯ᠂ ᠳᠤᠰ 《ᠲᠥᠰᠥᠯ》 ᠤ᠋ᠨ ᠭᠣᠣᠯ ᠭᠢᠯᠠᠰ ᠴᠡᠭ ᠪᠣᠯ ᠭᠤᠷᠪᠠᠨ ᠶᠡᠬᠡ ᠦᠨᠳᠦᠰᠦᠨ ᠴᠢᠨᠠᠷᠲᠠᠢ ᠳᠠᠪᠠᠯᠲᠠ ᠵᠢ ᠪᠡᠶᠡᠯᠡᠭᠦᠯᠦᠭᠰᠡᠨ ᠶᠠᠪᠤᠳᠠᠯ ᠪᠣᠯᠣᠨ᠎ᠠ᠂ ᠳᠤᠬᠠᠢᠯᠠᠪᠠᠯ᠂ ᠦᠢᠯᠡᠴᠢᠯᠡᠭᠡᠨ ᠤ᠋ ᠵᠠᠭᠪᠤᠷ ᠤ᠋ᠨ ᠲᠠᠯ᠎ᠠ ᠪᠡᠷ᠂ 《ᠵᠣᠬᠢᠶᠠᠮᠠᠯ ᠤᠶᠤᠨ ᠴᠢᠳᠠᠪᠤᠷᠢ + ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ》 ᠵᠢ ᠣᠷᠣᠭᠤᠯᠤᠨ ᠠᠪᠴᠢᠷᠠᠵᠤ᠂ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠵᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠪᠠᠢᠭᠰᠠᠨ ᠡᠴᠠ ᠣᠶᠤᠨᠴᠢ ᠪᠡᠷ ᠤᠷᠢᠳᠴᠢᠯᠠᠨ ᠬᠢᠨᠠᠬᠤ᠂ ᠣᠶᠤᠨᠴᠢ ᠪᠡᠷ ᠭᠦᠢᠴᠡᠳᠬᠡᠬᠦ ᠳᠠᠢᠰᠢ ᠬᠦᠭᠵᠢᠬᠦ ᠵᠢ ᠠᠬᠢᠭᠤᠯᠤᠨ᠂ ᠦᠢᠯᠡᠴᠢᠯᠡᠭᠡᠨ ᠤ᠋ ᠦᠷ᠎ᠡ ᠪᠦᠲᠦᠮᠵᠢ ᠵᠢ ᠶᠡᠬᠡ ᠪᠡᠷ ᠳᠡᠭᠡᠭᠰᠢᠯᠡᠭᠦᠯᠵᠡᠢ᠃ ᠬᠢᠨᠠᠨ ᠬᠠᠮᠢᠶᠠᠷᠬᠤ ᠠᠷᠭ᠎ᠠ ᠮᠠᠶᠢᠭ᠋ ᠤ᠋ᠨ ᠲᠠᠯ᠎ᠠ ᠪᠡᠷ᠂ 《ᠠᠵᠤ ᠠᠬᠤᠢᠯᠠᠯ ᠳ᠋ᠤ ᠬᠣᠯᠪᠣᠭᠳᠠᠭᠰᠠᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠬᠡᠷᠡᠭ ᠤ᠋ᠨ ᠠᠵᠤ ᠠᠬᠤᠢ ᠵᠢᠨ ᠨᠥᠯᠥᠭᠡ ᠵᠢ ᠦᠨᠡᠯᠡᠨ ᠵᠢᠱ᠌ᠢᠬᠦ ᠲᠣᠭᠲᠠᠴᠠ》 ᠵᠢ ᠠᠩᠬ᠎ᠠ ᠡᠭᠦᠳᠦᠨ ᠬᠡᠷᠡᠭᠯᠡᠵᠦ᠂ ᠬᠠᠤᠯᠢ ᠬᠡᠷᠡᠭᠵᠢᠭᠦᠯᠬᠦ ᠠᠵᠢᠯ ᠳ᠋ᠤ 《ᠬᠠᠤᠯᠢ ᠴᠠᠭᠠᠵᠠ ᠵᠢᠨ ᠲᠠᠨᠭᠰᠠ》 ᠪᠠ 《ᠠᠵᠤ ᠠᠬᠤᠢ ᠵᠢᠨ ᠲᠠᠨᠭᠰᠠ》 ᠵᠢ ᠪᠠᠢᠭᠤᠯᠤᠨ᠂ ᠬᠠᠲᠠᠭᠤ ᠴᠢᠨᠠᠷᠲᠠᠢ ᠬᠠᠤᠯᠢ ᠬᠡᠷᠡᠭᠵᠢᠭᠦᠯᠵᠤ ᠪᠠᠢᠭᠰᠠᠨ ᠡᠴᠡ ᠤᠶᠠᠨ ᠴᠢᠨᠠᠷᠲᠠᠢ ᠬᠢᠨᠠᠭᠤᠷ ᠪᠣᠯᠭᠣᠮᠵᠢᠲᠠᠢ ᠬᠠᠤᠯᠢ ᠬᠡᠷᠡᠭᠵᠢᠬᠦᠯᠬᠦ ᠣᠢᠯᠠᠭᠠᠭᠳᠠᠬᠤᠨ ᠲᠡᠢᠰᠢ ᠳᠠᠪᠰᠢᠬᠤ ᠵᠢ ᠪᠡᠶᠡᠯᠡᠭᠦᠯᠵᠠᠢ᠃ ᠲᠥᠷᠥᠯ ᠲᠡᠮᠳᠡᠭ ᠤ᠋ᠨ ᠠᠭᠤᠯᠤᠭᠳᠠᠬᠤᠨ ᠤ᠋ ᠲᠠᠯ᠎ᠠ ᠪᠡᠷ᠂ ᠤᠷᠳᠤᠰ ᠬᠤᠳᠠ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤ᠋ᠨ ᠲᠥᠷᠥᠯ ᠲᠡᠮᠳᠡᠭ ᠢ᠋ 45 ᠵᠦᠢᠯ ᠤ᠋ᠨ ᠬᠡᠮᠵᠢᠶᠡᠵᠢᠭᠦᠯᠵᠦ ᠪᠣᠯᠬᠤᠢᠴᠠ᠂ ᠬᠢᠨᠠᠨ ᠰᠢᠯᠭᠠᠵᠤ ᠪᠣᠯᠬᠤᠢᠴᠠ ᠪᠣᠳᠠᠲᠠᠢ ᠭᠦᠢᠴᠡᠳᠬᠡᠯ ᠲᠣᠭ᠎ᠠ ᠪᠣᠯᠭᠠᠵᠤ᠂ ᠤᠷᠢᠶ᠎ᠠ ᠬᠠᠰᠬᠢᠷᠴᠤ ᠪᠠᠢᠭᠰᠠᠨ ᠡᠴᠠ ᠪᠣᠳᠠᠲᠠᠢ ᠠᠵᠢᠯᠯᠠᠬᠤ ᠬᠦᠷᠲᠡᠯᠡᠬᠢ ᠥᠷᠲᠡᠭ ᠤ᠋ᠨ ᠳᠠᠪᠠᠯᠲᠠ ᠵᠢ ᠪᠡᠶᠡᠯᠡᠭᠦᠯᠵᠦ᠂ ᠠᠵᠤ ᠠᠬᠤᠢᠯᠠᠯ ᠤ᠋ᠨ ᠬᠦᠷᠲᠡᠮᠵᠢ ᠵᠢᠨ ᠲᠥᠷᠥᠭᠳᠡᠯ ᠢ᠋ ᠨᠠᠩ ᠦᠨᠡᠨ ᠪᠣᠳᠠᠲᠠᠢ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号