ᠵᠢᠷᠭᠤᠭᠠᠨ ᠰᠠᠯᠠᠭ᠎ᠠ ᠮᠥᠴᠢᠷ ᠪᠢᠴᠢᠭ ᠮᠠᠲᠧᠷᠢᠶᠠᠯ ᠪᠠᠭᠤᠯᠭᠠᠵᠤ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ
2026-04-13 11:38:59
ᠵᠣᠬᠢᠶᠠᠭ᠍ᠴᠢ᠄
ᠸᠠᠩ ᠢᠦᠢ ᠬᠤᠤ ᠰᠢᠶᠸ ᠰᠢ ᠶᠣᠣ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 6᠎ᠤ᠋ ᠡᠳᠦᠷ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠡᠴᠡ ᠣᠢᠯᠠᠭᠠᠭᠰᠠᠨ ᠵᠢᠡᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ ᠣᠢᠷ᠎ᠠ᠎ᠳᠤ 《 ᠪᠣᠳᠠᠲᠤ ᠴᠣᠭᠴᠠ᠎ᠶᠢᠨ ᠠᠵᠤ ᠠᠬᠤᠢ᠎ᠳᠤ ᠨᠠᠩ ᠰᠠᠢᠨ ᠦᠢᠯᠡᠴᠢᠯᠡᠵᠦ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠲᠤᠬᠠᠢ ᠵᠢᠯᠤᠭᠣᠳᠬᠤ ᠰᠠᠨᠠᠯ 》 ᠢ᠋ ᠳᠠᠷᠤᠮᠠᠯᠯᠠᠨ ᠲᠠᠷᠬᠠᠭᠠᠵᠤ᠂ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ᠂ ᠥᠨᠳᠥᠷ ᠪᠦᠲᠦᠮᠵᠢᠲᠡᠶ ᠵᠠᠰᠠᠯᠲᠠ᠎ᠶᠢ ᠦᠷᠭᠦᠯᠵᠢᠯᠡᠨ ᠠᠬᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ ᠵᠢᠨ᠎ᠪᠡᠬᠢᠵᠢᠨ ᠪᠤᠵᠠᠭᠠᠢᠷᠠᠬᠤ᠎ᠳᠤ ᠨᠠᠩ ᠰᠠᠢᠨ ᠦᠢᠯᠡᠴᠢᠯᠡᠬᠦ ᠵᠢ ᠵᠤᠷᠢᠵᠠᠢ᠃

ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠤᠷᠭᠠᠨ᠎ᠤ ᠬᠠᠷᠢᠭᠤᠴᠠᠯᠭᠠᠲᠠᠨ᠂ ᠡᠯᠧᠺᠲᠷᠣᠨ ᠬᠤᠳᠠᠯᠳᠤᠭᠠᠨ᠎ᠤ ᠶᠠᠪᠤᠳᠠᠯ ᠨᠢ ᠪᠣᠳᠠᠲᠤ ᠴᠣᠭᠴᠠ᠎ᠶᠢᠨ ᠠᠵᠤ ᠠᠬᠤᠢ᠎ᠳᠤ ᠦᠨᠳᠦᠰᠦᠯᠡᠵᠦ᠂ ᠪᠣᠳᠠᠲᠤ ᠴᠣᠭᠴᠠ᠎ᠶᠢᠨ ᠠᠵᠤ ᠠᠬᠤᠢ ᠵᠢᠨ ᠲᠤᠮᠳᠠ ᠦᠰᠦᠨ ᠪᠣᠢᠵᠢᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠴᠢᠬᠤᠯᠠ ᠪᠦᠷᠢᠯᠳᠦᠭᠦᠨ ᠪᠣᠯᠬᠤ᠎ᠪᠠᠷ ᠪᠠᠷᠠᠬᠤ ᠦᠭᠡᠢ ᠪᠠᠰᠠ ᠪᠣᠳᠠᠲᠤ ᠴᠣᠭᠴᠠ᠎ᠶᠢᠨ ᠠᠵᠤ ᠠᠬᠤᠢ᠎ᠳᠤ ᠬᠦᠴᠦᠨ ᠣᠯᠭᠣᠬᠤ ᠴᠢᠬᠤᠯᠠ ᠭᠠᠷᠳᠡᠴᠡ ᠪᠣᠯᠬᠤ ᠶᠤᠮ᠃ ᠰᠠᠨᠠᠯ ᠨᠢ ᠠᠬᠢᠭᠤᠯᠬᠤ ᠪᠠ ᠵᠢᠷᠤᠮᠵᠢᠭᠤᠯᠬᠤ᠂ ᠦᠷ᠎ᠡ ᠪᠦᠲᠦᠮᠵᠢ ᠪᠠ ᠡᠷᠬᠡ ᠲᠡᠭᠰᠢ᠂ ᠠᠮᠢᠵᠢᠷᠠᠯ᠎ᠤᠨ ᠬᠦᠴᠦᠨ ᠪᠠ ᠡᠮᠬᠢ ᠳᠢᠭ᠌ᠯᠢᠮ ᠎ᠢ ᠨᠢᠭᠡᠳᠦᠯᠲᠡᠢ ᠲᠥᠯᠥᠪᠵᠢᠭᠦᠯᠵᠦ᠂ 5 ᠲᠠᠯ᠎ᠠ᠎ᠶᠢᠨ 16 ᠵᠦᠢᠯ᠎ᠦᠨ ᠠᠷᠭ᠎ᠠ ᠬᠡᠮᠵᠢᠶ᠎ᠡ ᠎ᠶᠢ ᠳᠤᠷᠠᠳᠴᠤ᠂ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ ᠎ᠶᠢᠨ ᠪᠦᠲᠦᠭᠦᠪᠴᠢ ᠲᠦᠰᠦᠪ᠎ᠦᠨ ᠰᠢᠰᠲ᠋ᠸᠮ᠎ᠢ ᠪᠠᠢᠭᠤᠯᠪᠠ ᠭᠡᠵᠤ ᠲᠠᠨᠢᠯᠴᠠᠭᠤᠯᠵᠠᠢ᠃

ᠬᠦᠴᠦᠨ ᠣᠯᠭᠣᠵᠤ ᠦᠷ᠎ᠡ ᠠᠰᠢᠭ᠋᠎ᠢ ᠨᠡᠮᠡᠭᠳᠡᠭᠦᠯᠬᠦ ᠲᠠᠯ᠎ᠠ᠎ᠪᠠᠷ᠂ ᠰᠠᠨᠠᠯ᠎ᠳᠤ ᠳᠤᠮᠳᠠ ᠪᠠᠭ᠎ᠠ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦ ᠨᠡᠮᠡᠷᠢᠯᠡᠬᠦ᠂ ᠬᠥᠳᠡᠭᠡ ᠲᠣᠰᠬᠣᠨ ᠎ᠤ ᠡᠯᠧᠺᠲᠷᠣᠨ ᠬᠤᠳᠠᠯᠳᠤᠭ᠎ᠠ ᠎ᠶᠢ ᠭᠦᠨᠵᠡᠭᠡᠢᠷᠡᠭᠦᠯᠬᠦ᠂ ᠠᠵᠤ ᠦᠢᠯᠡᠰ᠎ᠦᠨ ᠡᠯᠧᠺᠲᠷᠣᠨ ᠬᠤᠳᠠᠯᠳᠤᠭ᠎ᠠ᠎ᠶᠢ ᠪᠣᠢᠵᠢᠭᠤᠯᠬᠤ 3 ᠵᠦᠢᠯ ᠎ᠦᠨ ᠠᠷᠭ᠎ᠠ ᠬᠡᠮᠵᠢᠶ᠎ᠡ᠎ᠶᠢ ᠳᠤᠷᠠᠳᠴᠦ᠂ ᠡᠯᠧᠺᠲᠷᠣᠨ ᠬᠤᠳᠠᠯᠳᠤᠭ᠎ᠠ᠎ᠶᠢᠨ ᠳᠠᠪᠠᠭᠤᠯᠢᠭ᠋᠎ᠢ ᠪᠠᠳᠠᠷᠠᠭᠤᠯᠵᠤ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠦᠨ ᠪᠤᠵᠠᠭᠠᠢᠷᠠᠭᠤᠯᠬᠤ᠎ᠳᠤ ᠬᠦᠴᠦ ᠨᠡᠮᠡᠷᠢᠯᠡᠪᠡ᠃

ᠰᠢᠨ᠎ᠡ᠎ᠶᠢ ᠡᠭᠦᠳᠬᠦ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠬᠤ ᠲᠠᠯ᠎ᠠ᠎ᠪᠠᠷ᠂ ᠰᠠᠨᠠᠯ᠎ᠳᠤ ᠮᠡᠷᠭᠡᠵᠢᠯ᠎ᠦᠨ ᠰᠢᠨ᠎ᠡ᠎ᠶᠢ ᠡᠭᠦᠳᠬᠦ ᠬᠡᠷᠡᠭᠯᠡᠭᠡ᠎ᠶᠢ ᠲᠦᠷᠭᠡᠳᠬᠡᠵᠦ᠂ ᠴᠢᠨᠰᠠᠭᠠᠲᠦ ᠬᠡᠷᠡᠭᠯᠡᠭᠡ᠎ᠶᠢ ᠶᠡᠬᠡ ᠪᠡᠷ ᠬᠥᠭᠵᠢᠭᠦᠯᠵᠦ᠂ ᠠᠭᠤᠰᠤᠯᠴᠠᠬᠤ ᠠᠴᠢᠶᠠᠯᠠᠪᠤᠷᠢ᠎ᠶᠢ ᠢᠳᠡᠪᠬᠢᠲᠡᠢ ᠪᠣᠶ ᠪᠣᠯᠭᠠᠬᠤ 3 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠴᠦ᠂ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ᠎ᠶᠢᠨ ᠠᠭᠤᠰᠤᠯᠴᠠᠯ᠎ᠢ ᠭᠦᠨᠵᠡᠭᠡᠢᠷᠡᠭᠦᠯᠵᠤ᠂ ᠨᠠᠩ ᠥᠨᠳᠥᠷ ᠲᠦᠪᠰᠢᠨ ᠪᠦᠬᠦᠢ ᠬᠠᠩᠭᠠᠯᠭ᠎ᠠ ᠬᠡᠷᠡᠭᠴᠡᠭᠡ᠎ᠶᠢᠨ ᠬᠥᠳᠡᠯᠦᠩᠭᠦᠢ ᠲᠡᠩᠴᠡᠭᠦᠷᠢ ᠎ᠶᠢ ᠪᠡᠶᠡᠯᠡᠭᠦᠯᠬᠦ᠎ᠳᠦ ᠬᠦᠴᠦᠨ ᠨᠡᠮᠡᠷᠢᠯᠡᠪᠡ᠃

ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠠᠬᠢᠭᠤᠯᠬᠤ ᠲᠠᠯ᠎ᠠ᠎ᠪᠠᠷ᠂ ᠰᠠᠨᠠᠯ᠎ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠎ᠶᠢ ᠠᠬᠢᠭᠤᠯᠬᠤ᠂ 《ᠲᠣᠷᠭᠠᠨ ᠵᠠᠮ᠎ᠤᠨ ᠡᠯᠧᠺᠲᠷᠣᠨ ᠬᠤᠳᠠᠯᠳᠤᠭ᠎ᠠ》 ᠶ᠋ᠢ ᠥᠷᠭᠡᠳᠬᠡᠬᠦ᠂ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠲᠦᠷᠭᠡᠳᠬᠡᠬᠦ᠂ ᠳᠦᠷᠢᠮ᠎ᠢ ᠵᠣᠯᠭᠠᠭᠤᠯᠬᠤ᠎ᠶᠢ ᠠᠬᠢᠭᠤᠯᠬᠤ 4 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠴᠤ᠂ ᠳᠤᠮᠳᠠᠳᠤ ᠤᠯᠤᠰ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠲᠣᠮᠣ᠌ ᠵᠠᠬ᠎ᠠ ᠳᠡᠯᠭᠡᠭᠦᠷ᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠨ᠎ᠡ᠃

ᠰᠠᠢᠨ ᠰᠠᠢᠬᠠᠨ ᠠᠮᠢ ᠠᠬᠤᠢ ᠎ᠶᠢ ᠪᠣᠶ ᠪᠣᠯᠭᠠᠬᠤ ᠲᠠᠯ᠎ᠠ᠎ᠪᠠᠷ᠂ ᠰᠠᠨᠠᠯ᠎ᠳᠤ ᠲᠠᠪᠴᠠᠩ᠎ᠤᠨ ᠬᠠᠷᠢᠭᠤᠴᠠᠯᠭ᠎ᠠ ᠎ᠶᠢ ᠪᠣᠳᠠᠲᠠᠢᠵᠢᠭᠤᠯᠬᠤ᠂ ᠪᠠᠢᠩᠭᠤ ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠲᠣᠭᠲᠠᠭᠠᠯ᠎ᠳᠤ ᠨᠡᠢᠴᠡᠭᠦᠯᠦᠨ ᠲᠡᠯᠡᠶ ᠎ᠳᠦ ᠭᠠᠷᠬᠤ᠎ᠶᠢ ᠵᠢᠯᠤᠭᠣᠳᠬᠤ 3 ᠵᠦᠢᠯ ᠎ᠤᠨ  ᠠᠷᠭ᠎ᠠ ᠬᠡᠮᠵᠢᠶ᠎ᠡ᠎ᠶᠢ ᠳᠤᠷᠠᠳᠴᠦ᠂ ᠠᠮᠢ ᠠᠬᠤᠢ᠎ᠶᠢᠨ ᠡᠯ᠎ᠡ ᠲᠠᠯ᠎ᠠ᠎ᠶᠢᠨ ᠬᠢᠨ᠎ᠦ ᠬᠠᠮᠲᠤ᠎ᠪᠠᠷ ᠠᠰᠢᠭ᠋ ᠭᠥᠷᠳᠡᠬᠦ ᠬᠥᠭᠵᠢᠯᠲᠡ᠎ᠶᠢ ᠲᠦᠯᠬᠢᠨ ᠠᠬᠢᠭᠤᠯᠪᠠ᠃

ᠲᠤᠯᠭᠠᠭᠤᠷᠢᠯᠠᠨ ᠪᠠᠲᠤᠯᠠᠬᠤ᠎ᠶᠢ ᠴᠢᠩᠭᠠᠳᠬᠠᠬᠤ ᠲᠠᠯ᠎ᠠ᠎ᠪᠠᠷ᠂ ᠰᠠᠨᠠᠯ ᠎ᠳᠤ ᠮᠥᠩᠭᠥᠨ ᠭᠦᠢᠯᠭᠡᠭᠡᠨ᠎ᠦ ᠦᠢᠯᠡᠳᠬᠦᠨ ᠎ᠦ ᠬᠠᠩᠭᠠᠯᠭ᠎ᠠ ᠎ᠶᠢ ᠰᠢᠯᠢᠳᠡᠭᠵᠢᠭᠦᠯᠬᠦ᠂ ᠲᠣᠭ᠎ᠠ ᠪᠠᠷᠢᠮᠲᠠ᠎ᠶᠢᠨ ᠡᠯᠧᠮᠧᠨ᠋ᠲ᠎ᠦᠨ ᠦᠷᠳᠡᠭ ᠎ᠢ ᠬᠥᠭᠵᠢᠭᠡᠬᠦ᠂ ᠴᠢᠳᠠᠪᠤᠷᠢᠲᠠᠨ᠎ᠢ ᠤᠨᠢᠨ ᠳᠡᠭᠡᠷ᠎ᠡ ᠨᠢ ᠬᠥᠮᠥᠵᠢᠭᠦᠯᠬᠦ᠎ᠶᠢ ᠴᠢᠩᠭᠠᠳᠬᠠᠬᠤ 3 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠴᠤ᠂ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠥᠭᠵᠢᠯᠲᠡ᠎ᠶᠢᠨ ᠰᠠᠭᠤᠷᠢ᠎ᠶᠢ ᠦᠷᠭᠦᠯᠵᠢᠯᠡᠨ ᠪᠠᠲᠤᠳᠬᠠᠪᠠ᠃

《ᠲᠠᠷᠠᠭᠠᠴᠢ᠎ᠶᠢᠨ ᠠᠯᠬᠤᠮ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ᠎ᠪᠠᠷ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠰᠠᠢᠲᠤᠷ ᠬᠢᠵᠦ᠂ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠪᠣᠳᠠᠲᠤ ᠴᠣᠭᠴᠠ᠎ᠳᠤ ᠨᠠᠩ ᠰᠠᠢᠨ ᠦᠢᠯᠡᠴᠢᠯᠡᠵᠦ᠂ ᠠᠵᠤ ᠦᠢᠯᠡᠰ᠎ᠲᠦ ᠬᠦᠴᠦᠨ ᠣᠯᠭᠣᠵᠤ᠂ ᠠᠷᠠᠳ᠎ᠤᠨ ᠠᠮᠢᠳᠤᠷᠠᠯ᠎ᠳᠤ ᠪᠤᠶᠠᠨ ᠦᠢᠯᠡᠳᠴᠦ᠂ ᠪᠥᠬᠥ ᠪᠥᠮᠪᠥᠷᠴᠡᠭ᠎ᠲᠦ ᠠᠰᠢᠭ᠋ ᠬᠦᠷᠲᠡᠭᠡᠵᠦ᠂ ᠦᠢᠯᠡᠴᠢᠯᠡᠭᠡᠨ᠎ᠦ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠵᠦ ᠲᠤᠰ ᠬᠠᠷᠢᠭᠤᠴᠠᠯᠭᠠᠲᠠᠨ ᠬᠡᠯᠡᠵᠡᠢ᠃

ᠰᠢᠨᠬᠤᠸᠠ ᠬᠣᠷᠢᠶ᠎ᠡ ᠵᠢᠨ ᠪᠡᠭᠡᠵᠢᠩ ᠎ᠦᠨ 4 ᠰᠠᠷ᠎ᠠ᠎ᠶᠢᠨ 6᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号