​ᠬᠠᠩᠰᠢ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠪᠥᠬᠥ᠌ ᠤᠯᠤᠰ᠎ᠤᠨ ᠵᠠᠮ ᠬᠠᠷᠢᠯᠴᠠᠭ᠎ᠠ ᠶᠡᠷᠦᠩᠬᠡᠶ᠎ᠳᠡᠭᠡᠨ ᠠᠮᠤᠷ ᠲᠦᠪᠰᠢᠨ ᠪᠦᠭᠡᠳ ᠰᠠᠭᠠᠳ ᠦᠭᠡᠢ ᠨᠡᠪᠲᠡᠷᠡᠪᠡ
2026-04-13 11:50:03
ᠵᠣᠬᠢᠶᠠᠭ᠍ᠴᠢ᠄
ᠰᠦᠨ ᠫᠸᠩ ᠴᠧᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 4 ᠰᠠᠷ᠎ᠠ᠎ᠶ᠋ᠢᠨ 6 ᠎ᠤ᠋ ᠡᠳᠦᠷ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ ᠎ᠤ ᠬᠠᠮᠢᠶᠠᠷᠤᠯᠲᠠ ᠎ᠶ᠋ᠢᠨ ᠲᠣᠪᠴᠢᠶ᠎ᠠ ᠎ᠡᠴᠡ ᠣᠢᠯᠠᠭᠠᠭ᠍ᠰᠠᠨ᠎ᠵᠢᠡᠷ᠂ ᠬᠠᠩᠰᠢ᠎ᠶ᠋ᠢᠨ ᠠᠮᠠᠷᠠᠯᠲᠠ᠎ᠶ᠋ᠢᠨ ᠬᠤᠭᠤᠴᠠᠭᠠᠨ ᠎ᠳᠤ᠂ ᠪᠥᠬᠥ᠌ ᠤᠯᠤᠰ ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠣᠷᠣᠭᠠᠨ ᠴᠠᠰᠤ ᠮᠠᠨᠠᠨ᠎ᠤ ᠮᠠᠭᠤ ᠠᠭᠤᠷ ᠠᠮᠢᠰᠭᠤᠯ᠎ᠢ ᠢᠳᠡᠪᠬᠢᠲᠡᠶ ᠠᠷᠭᠠᠴᠡᠭᠠᠵᠤ᠂ ᠬᠠᠩᠰᠢ᠎ᠶ᠋ᠢᠨ ᠡᠳᠦᠷ᠎ᠦᠨ ᠲᠠᠬᠢᠯᠭ᠎ᠠ᠂ ᠬᠥᠳᠡᠭᠡ᠎ᠭᠡᠭᠡᠷ᠎ᠡ ᠭᠠᠷᠬᠤ᠂ ᠲᠥᠷᠥᠯ ᠰᠠᠳᠤᠨ᠎ᠢᠶᠠᠨ ᠡᠷᠭᠢᠵᠦ᠍ ᠦᠵᠡᠬᠦ᠌ ᠵᠡᠷᠭᠡ ᠳᠠᠪᠬᠤᠴᠠᠭ᠍ᠰᠠᠨ ᠠᠮᠤᠷ ᠲᠦᠪᠱᠢᠨ ᠪᠠ ᠲᠦᠭ᠌ᠵᠢᠷᠡᠯ᠎ᠦᠨ ᠠᠶᠤᠯ ᠲᠦᠭ᠌ᠰᠢᠭᠦᠷᠢ᠎ᠶ᠋ᠢ ᠬᠦᠴᠦᠲᠡᠶ ᠠᠷᠭᠠᠴᠡᠭᠠᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ ᠪᠥᠭᠡᠳ ᠰᠠᠭᠠᠳ ᠥᠬᠡᠶ ᠨᠡᠪᠲᠡᠷᠡᠬᠦ ᠶ᠋ᠢ ᠬᠦᠴᠦᠲᠡᠶ ᠪᠠᠲᠤᠯᠠᠵᠤ᠂ ᠪᠥᠬᠥ᠌ ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠪᠠ᠃

ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠲᠠᠨᠢᠯᠴᠠᠭᠤᠯᠤᠭ᠍ᠰᠠᠨ᠎ᠢᠶᠠᠷ᠂ 4 ᠰᠠᠷ᠎ᠠ᠎ᠶ᠋ᠢᠨ 4 ᠎ᠡᠴᠡ 6 ᠎ᠤ᠋ ᠡᠳᠦᠷ ᠪᠣᠯᠲᠠᠯᠠᠬᠢ ᠬᠠᠩᠰᠢ᠎ᠶ᠋ᠢᠨ ᠠᠮᠠᠷᠠᠯᠲᠠ ᠎ᠶ᠋ᠢᠨ ᠬᠤᠭᠤᠴᠠᠭᠠᠨ᠎ᠳᠤ᠂ ᠪᠥᠬᠥ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠳᠦᠷ ᠳᠤᠮᠳᠠᠴᠢ᠎ᠪᠠᠷ ᠴᠠᠭ᠍ᠳᠠᠭᠠᠨ᠎ᠤ ᠬᠦᠴᠦᠨ᠎ᠢ 16.1 ᠲᠦᠮᠡᠨ ᠬᠥᠮᠦᠨ ᠤᠳᠠᠭ᠎ᠠ᠂ ᠴᠠᠭ᠍ᠳᠠᠭᠠᠨ᠎ᠤ ᠲᠡᠷᠭᠡ᠎ᠶ᠋ᠢ 5.4 ᠲᠦᠮᠡᠨ ᠤᠳᠠᠭ᠎ᠠ ᠬᠥᠳᠡᠯᠭᠡᠵᠦ᠍᠂ ᠪᠤᠨᠭᠬᠤᠨ᠎ᠤ ᠬᠦᠷᠢᠶᠡᠯᠡᠩ ᠣᠩᠭᠣᠨ᠎ᠤ ᠤᠷᠤᠨ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠬᠣᠲᠠ᠎ᠶ᠋ᠢᠨ ᠲᠡᠭᠦᠷᠭᠡ᠂ ᠬᠥᠳᠡᠭᠡ ᠲᠣᠰᠭᠣᠨ ᠠᠭᠤᠯᠠᠷᠬᠠᠭ ᠣᠷᠣᠨ᠎ᠤ ᠲᠣᠭᠣᠷᠢᠭ ᠲᠤ᠌᠂ 《ᠵᠠᠰᠠᠮᠠᠯ ᠵᠠᠮ᠎ᠤᠨ ᠠᠶᠠᠨᠴᠢᠳ᠎ᠤᠨ ᠵᠦᠭᠡᠭᠡᠪᠦᠷᠢ ᠵᠢᠨ ᠲᠡᠷᠭᠡ ᠵᠢᠭᠤᠯᠴᠢᠯᠠᠯ᠎ᠤᠨ ᠠᠶᠠᠨᠴᠢᠳ᠎ᠤᠨ ᠵᠦᠭᠡᠭᠡᠪᠦᠷᠢ᠎ᠵᠢᠨ ᠲᠡᠷᠭᠡ ᠠᠶᠤᠯᠲᠠᠶ ᠬᠢᠮᠢ᠎ᠵᠢᠨ ᠪᠤᠳᠠᠰ ᠲᠡᠭᠡᠭᠡᠪᠦᠷᠢᠯᠡᠬᠦ ᠲᠡᠷᠭᠡ ᠪᠠᠷᠠᠭ᠎ᠠ ᠳᠡᠭᠡᠭᠡᠪᠦᠷᠢᠯᠡᠬᠦ ᠲᠡᠷᠭᠡ》 ᠪᠠ ᠬᠥᠳᠡᠭᠡ ᠲᠣᠰᠭᠣᠨ᠎ᠤ ᠮᠤᠬᠤᠯᠠᠭ ᠮᠠᠰᠢᠨ ᠲᠡᠷᠭᠡ᠎ᠶ᠋ᠢ ᠴᠢᠩᠭ᠎ᠠ ᠠᠩᠬᠠᠷᠴᠤ᠌᠂ ᠵᠠᠮ ᠬᠠᠷᠢᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠱᠢᠯᠢᠳᠡᠭ᠌ᠵᠢᠭᠦᠯᠦᠨ᠂ ᠵᠠᠮ ᠨᠡᠪᠲᠡᠷᠡᠯᠭᠡ᠎ᠶ᠋ᠢᠨ ᠡᠮᠬᠢ ᠵᠢᠷᠤᠮ᠎ᠢ ᠴᠢᠩᠭ᠎ᠠ ᠬᠠᠮᠢᠶᠠᠷᠴᠤ᠌᠂ ᠪᠣᠷᠣᠭᠠᠨ ᠴᠠᠰᠤ ᠮᠠᠨᠠᠨ ᠲᠠᠢ ᠡᠳᠦᠷ ᠵᠠᠮ ᠬᠠᠷᠢᠯᠴᠠᠭᠠᠨ᠎ᠤ ᠪᠠᠴᠢᠮ ᠪᠠᠢᠳᠠᠯ ᠎ᠢ ᠠᠷᠭᠠᠴᠡᠭᠠᠬᠤ ᠬᠠᠮᠢᠶᠠᠷᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠶᠠᠪᠤᠵᠤ ᠰᠠᠭᠤᠬᠤ᠎ᠶ᠋ᠢ ᠬᠥᠲᠥᠯᠥᠨ ᠵᠢᠯᠣᠭᠣᠳᠭᠤ ᠰᠠᠨᠠᠭᠤᠯᠭ᠎ᠠ᠎ᠶ᠋ᠢ ᠴᠠᠭ ᠲᠤᠬᠠᠶ᠎ᠳᠤᠨᠢ ᠬᠠᠩᠭᠠᠪᠠ᠃ 4 ᠰᠠᠷ᠎ᠠ᠎ᠶ᠋ᠢᠨ 6 ᠎ᠤ᠋ ᠡᠳᠦᠷ᠎ᠦᠨ 17 ᠴᠠᠭ ᠪᠣᠯᠲᠠᠯ᠎ᠠ᠂ ᠪᠦᠬᠦ᠌ ᠤᠯᠤᠰ᠎ᠤᠨ ᠵᠠᠮ ᠬᠠᠷᠢᠯᠴᠠᠭ᠎ᠠ ᠶᠡᠷᠦᠩᠬᠡᠶ᠎ᠳᠡᠭᠡᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠵᠤ᠂ ᠬᠦᠨᠳᠦ ᠣᠨᠴᠠ ᠶᠡᠬᠡ ᠵᠠᠮ ᠬᠠᠷᠢᠯᠴᠠᠭᠠᠨ᠎ᠤ ᠡᠨᠳᠡᠯ᠎ᠤᠨ ᠬᠡᠷᠡᠭ᠎ᠦᠨ ᠮᠡᠳᠡᠭᠦᠯᠦᠯᠲᠡ᠎ᠶ᠋ᠢ ᠲᠤᠰᠤᠭᠰᠠᠨ ᠦᠭᠡᠶ; ᠬᠡᠰᠡᠭ ᠭᠠᠵᠠᠷ ᠣᠷᠣᠨ᠎ᠤ ᠲᠡᠷᠭᠡ ᠬᠥᠰᠭᠡ ᠤᠳᠠᠭᠠᠨ ᠨᠡᠪᠲᠡᠷᠡᠬᠰᠡᠨ᠎ᠢ ᠭᠠᠷᠭᠠᠪᠠᠯ᠂ ᠤᠷᠲᠤ ᠬᠤᠭᠤᠴᠠᠭ᠎ᠠ᠂ ᠬᠣᠯᠠ ᠵᠠᠶ᠂ ᠶᠡᠬᠡ ᠬᠡᠪᠴᠢᠶᠡᠨ᠎ᠦ ᠵᠠᠮ ᠬᠠᠷᠢᠯᠴᠠᠭᠠᠨ᠎ᠤ ᠲᠦᠭ᠌ᠵᠢᠷᠡᠯ ᠭᠠᠷᠤᠭ᠍ᠰᠠᠨ ᠦᠭᠡᠶ᠃

ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ ᠎ᠤ ᠬᠠᠮᠢᠶᠠᠷᠤᠯᠲᠠ᠎ᠶ᠋ᠢᠨ ᠲᠣᠪᠴᠢᠶ᠎ᠠ ᠡᠴᠡ᠂ ᠣᠳᠣᠬᠠᠨ᠎ᠳᠤ ᠣᠯᠠᠨ ᠭᠠᠵᠠᠷ᠎ᠲᠤ ᠬᠠᠪᠤᠷ ᠎ᠤᠨ ᠲᠠᠷᠢᠶᠠᠯᠠᠭ᠎ᠠ᠂ ᠬᠠᠪᠤᠷ᠎ᠤᠨ ᠲᠠᠷᠢᠯᠭ᠎ᠠ᠂ ᠬᠠᠪᠤᠷ᠎ᠤᠨ ᠦᠶᠡᠷ ᠎ᠦᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ ᠎ᠦ ᠠᠶᠤᠯ ᠲᠦᠭ᠌ᠰᠢᠭᠦᠷᠢ᠎ᠶ᠋ᠢᠨ ᠬᠡᠮ ᠰᠤᠭᠤᠭ ᠨᠡᠮᠡᠭ᠌ᠳᠡᠵᠦ᠍᠂ ᠳᠠᠷᠤᠯᠲᠠ ᠨᠡᠮᠡᠭ᠌ᠳᠡᠵᠦ᠍ ᠪᠠᠢᠨ᠎ᠠ᠃ ᠥᠷᠭᠡᠨ ᠣᠯᠠᠨ ᠵᠢᠯᠣᠭᠣᠴᠢ ᠲᠡᠷᠭᠡᠨ᠎ᠦ ᠪᠠᠢᠳᠠᠯ᠂ ᠵᠠᠮ᠎ᠤᠨ ᠪᠠᠢᠳᠠᠯ᠂ ᠴᠠᠭ ᠠᠭᠤᠷ᠎ᠤᠨ ᠪᠠᠢᠳᠠᠯ᠎ᠢ ᠤᠷᠢᠳᠴᠢᠯᠠᠨ ᠣᠢᠯᠠᠭᠠᠵᠤ᠂ ᠭᠠᠳᠠᠭ᠍ᠰᠢ ᠭᠠᠷᠬᠤ ᠴᠠᠭ ᠪᠠ ᠵᠠᠮ ᠱᠤᠭᠤᠮ᠎ᠢ ᠵᠦᠶ ᠵᠣᠬᠢᠰᠲᠠᠶ ᠲᠣᠬᠢᠷᠠᠭᠤᠯᠵᠤ᠂ ᠶᠠᠳᠠᠷᠠᠭ᠎ᠠ ᠲᠠᠢ᠎ᠪᠠᠷ ᠲᠡᠷᠭᠡ ᠵᠢᠯᠣᠭᠣᠳᠴᠤ᠌ ᠪᠣᠯᠬᠤ ᠥᠬᠡᠶ ᠭᠡᠵᠦ ᠰᠠᠨᠠᠭᠤᠯᠪᠠ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 4 ᠰᠠᠷ᠎ᠠ᠎ᠶ᠋ᠢᠨ 6 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号