ᠮᠠᠨ ᠎ᠤ ᠤᠯᠤᠰ ᠎ᠤᠨ ᠬᠠᠮᠤᠭ ᠎ᠤᠨ ᠭᠦᠨ ᠲᠡᠯᠡᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ ᠎ᠤ ᠲᠥᠷᠥᠯ ᠵᠦᠶ᠋ᠯ ᠨᠢ ᠪᠥᠬᠥ᠌ ᠪᠠᠭ᠍ᠲᠠᠭᠠᠮᠵᠢ᠎ᠪᠠᠷ ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠪᠠ
2026-04-13 16:33:50
ᠵᠣᠬᠢᠶᠠᠭ᠍ᠴᠢ᠄
ᠳ᠋ᠠᠶ ᠱᠢᠶᠤᠤ ᠾᠧ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠬᠤᠸᠠ ᠨᠸᠩ ᠪᠦᠯᠦᠭᠯᠡᠯ 7 ᠎ᠤ᠋ ᠡᠳᠦᠷ᠂ ᠱᠢᠷ᠎ᠠ ᠲᠠᠩᠭᠢᠰ᠎ᠤᠨ ᠬᠣᠢᠲᠤ ᠬᠡᠰᠡᠭ᠎ᠲᠦ ᠪᠠᠢᠭ᠎ᠠ ᠱᠠᠨᠳᠦ᠋ᠩ ᠬᠣᠢᠭ᠎ᠤᠨ ᠤᠮᠠᠷᠠᠲᠤ ᠵᠢᠨ ᠲᠡᠯᠡᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠥᠷᠥᠯ ᠵᠦᠶ᠋ᠯ ᠲᠣᠰ ᠡᠳᠦᠷ ᠪᠥᠬᠥ᠌ ᠪᠠᠭ᠍ᠲᠠᠭᠠᠮᠵᠢ᠎ᠪᠠᠷ ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠪᠠ ᠭᠡᠵᠦ᠍ ᠨᠡᠢᠲᠡᠯᠡᠪᠡ᠃ ᠡᠨᠡ ᠪᠣᠯ ᠮᠠᠨ᠎ᠤ ᠤᠯᠤᠰ᠎ᠤᠨ ᠤᠰᠤᠨ᠎ᠤ ᠭᠦᠨ᠎ᠢᠶᠡᠷ ᠬᠠᠮᠤᠭ᠎ᠤᠨ ᠭᠦᠨ ᠲᠠᠯᠠᠢ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ ᠤ᠋ ᠲᠦᠷᠦᠯ ᠵᠦᠢᠯ ᠪᠤᠯᠤᠨ᠎ᠠ᠂ ᠡᠨᠡ ᠨᠢ ᠮᠠᠨ᠎ᠤ ᠤᠯᠤᠰ᠎ᠤᠨ ᠲᠠᠯᠠᠢ ᠳᠡᠭᠡᠷᠡᠬᠢ ᠰᠠᠯᠬᠢᠨ ᠬᠦᠴᠦᠨ᠎ᠵᠢᠡᠷ ᠴᠠᠬᠢᠯᠭᠠᠨ ᠭᠠᠷᠭᠠᠬᠤ ᠦᠢᠯᠡᠰ᠎ᠤᠨ ᠠᠯᠤᠰ ᠭᠦᠨ ᠲᠠᠯᠠᠢ᠎ᠶ᠋ᠢᠨ ᠪᠤᠳᠤᠯᠢᠶᠠᠨᠲᠠᠢ ᠣᠷᠴᠢᠨ ᠠᠬᠤᠢ᠂ ᠶᠡᠬᠡ ᠪᠠᠭ᠍ᠲᠠᠭᠠᠮᠵᠢᠲᠤ ᠮᠠᠱᠢᠨ ᠴᠣᠭ᠍ᠴᠠᠯᠠᠪᠤᠷᠢ᠎ᠶ᠋ᠢᠨ ᠬᠤᠷᠠᠮᠠᠯ᠂ ᠳᠡᠭᠡᠳᠦ ᠨᠠᠷᠢᠯᠢᠭ ᠤᠶᠤᠨᠴᠢᠯᠠᠭ᠍ᠰᠠᠨ ᠪᠠᠷᠢᠯᠭ᠎ᠠ᠎ᠶ᠋ᠢᠨ ᠠᠵᠢᠯ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠳᠦ ᠱᠢᠨ᠎ᠡ ᠱᠢᠪᠲᠤᠯᠤᠯᠲᠠ᠎ᠲᠠᠶ ᠪᠣᠯᠤᠭ᠍ᠰᠠᠨ᠎ᠢ ᠬᠠᠷᠠᠭᠤᠯᠵᠤ ᠪᠠᠢᠨ᠎ᠠ᠃

ᠲᠣᠰ ᠲᠥᠷᠥᠯ ᠵᠦᠶ᠋ᠯ᠎ᠦᠨ ᠶᠡᠷᠦᠩᠬᠡᠶ ᠮᠠᠱᠢᠨ ᠴᠣᠭ᠍ᠴᠠᠯᠠᠪᠤᠷᠢ᠎ᠨᠢ 50.4 ᠲᠦᠮᠡᠨ ᠺᠢᠯᠦᠸᠠᠲ᠎ᠲᠤ ᠬᠦᠷᠴᠦ᠍᠂ 42 ᠰᠠᠭᠤᠷᠢ 12 ᠮᠧᠭ᠎ᠠ  ᠸᠠᠲ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ ᠤᠭ᠍ᠰᠠᠷᠠᠵᠤ᠂ ᠲᠠᠯᠠᠪᠤᠷ ᠭᠠᠵᠠᠷ᠎ᠤᠨ ᠲᠥᠪ᠎ᠨᠢ ᠡᠷᠭᠢ᠎ᠡᠴᠡ ᠪᠠᠷᠤᠭ 70 ᠺᠢᠯᠣᠮᠧᠲ᠋ᠷ ᠵᠠᠢᠲᠠᠶ᠂ ᠤᠰᠤᠨ᠎ᠤ ᠭᠦᠨ᠎ᠨᠢ 52 ᠎ᠡᠴᠡ 56 ᠮᠧᠲ᠋ᠷ ᠭᠦᠨ ᠪᠠᠢᠵᠤ᠂ ᠮᠠᠨ᠎ᠤ ᠤᠯᠤᠰ ᠎ᠤᠨ ᠤᠰᠤᠨ᠎ᠤ ᠭᠦᠨ᠎ᠢᠶᠡᠷ ᠬᠠᠮᠤᠭ᠎ᠤᠨ ᠭᠦᠨ ᠪᠤᠯᠬᠤ ᠬᠤᠳᠠᠯᠳᠤᠭᠠᠨ᠎ᠤ ᠠᠵᠢᠯᠯᠠᠭᠠᠨ᠎ᠤ ᠲᠡᠯᠡᠶ ᠳᠡᠭᠡᠷᠡᠬᠢ ᠰᠠᠯᠬᠢᠨ ᠬᠦᠴᠦᠨ᠎ᠤ ᠴᠠᠬᠢᠯᠭᠠᠨ ᠤ᠋ ᠲᠥᠷᠥᠯ ᠵᠦᠶ᠋ᠯ ᠪᠣᠯᠬᠤ ᠪᠥᠭᠡᠳ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ᠎ᠨᠢ ᠪᠠᠷᠤᠭ 17 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠵᠢᠯ ᠪᠦᠷᠢ ᠪᠠᠷᠤᠭ 50 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠶ᠋ᠢ ᠠᠷᠪᠢᠯᠠᠵᠤ ᠴᠢᠳᠠᠨ᠎ᠠ᠃

ᠲᠥᠷᠥᠯ ᠵᠦᠶ᠋ᠯ ᠨᠢ ᠠᠯᠤᠰ ᠭᠦᠨ ᠲᠡᠯᠡᠶ᠎ᠶ᠋ᠢᠨ ᠨᠠᠷᠢᠨ ᠪᠤᠳᠤᠯᠢᠶᠠᠨᠲᠠᠶ ᠭᠠᠵᠠᠷ ᠱᠢᠨᠵᠢᠯᠡᠭᠡᠨ᠂ ᠬᠠᠴᠢᠨ ᠲᠡᠯᠡᠶ ᠎ᠶ᠋ᠢᠨ ᠪᠠᠢᠳᠠᠯ ᠪᠠᠢᠨ ᠳᠠᠬᠢᠨ ᠡᠭᠦᠰᠭᠦ᠂ ᠬᠡᠲᠦ ᠬᠣᠯᠠ ᠵᠠᠶ᠎ᠳᠤ ᠪᠠᠷᠢᠯᠭ᠎ᠠ ᠵᠢᠨ ᠠᠵᠢᠯ ᠦᠷᠨᠢᠭᠦᠯᠬᠦ ᠵᠡᠷᠭᠡ ᠬᠦᠴᠢᠷ ᠠᠰᠠᠭᠤᠳᠠᠯ ᠎ᠢ ᠱᠢᠶ᠋ᠳᠪᠦᠷᠢᠯᠡᠵᠦ᠍᠂ ᠠᠯᠤᠰ ᠭᠦᠨ ᠲᠡᠯᠡᠶ᠎ᠶ᠋ᠢᠨ ᠨᠠᠷᠢᠨ ᠪᠤᠳᠤᠯᠢᠶᠠᠨᠲᠠᠶ ᠭᠠᠵᠠᠷ ᠱᠢᠨᠵᠢᠯᠡᠭᠡᠨ ᠎ᠦ ᠣᠷᠴᠢᠨ ᠨᠥᠬᠥᠴᠡᠯ ᠳᠤᠤᠷᠠᠬᠢ   ᠰᠠᠯᠬᠢᠨ  ᠬᠦᠴᠦᠨ ᠎ᠢᠶᠡᠷ  ᠴᠠᠬᠢᠯᠭᠠᠨ ᠭᠠᠷᠭᠠᠬᠤ ᠮᠠᠱᠢᠨ᠎ᠤ ᠠᠮᠤᠷ ᠲᠦᠪᠱᠢᠨ ᠲᠣᠭ᠍ᠲᠠᠭᠤᠨ ᠠᠵᠢᠯᠯᠠᠭᠠᠨ᠎ᠢ  ᠪᠠᠲᠤᠯᠠᠨ᠎ᠠ᠃

ᠲᠥᠷᠥᠯ ᠵᠦᠶ᠋ᠯ᠎ᠨᠢ ᠳᠣᠬᠢᠭᠤᠷ ᠲᠤᠯᠤᠭᠠᠨ ᠣᠲᠣ ᠵᠠᠮᠴᠢᠯᠠᠬᠤ ᠱᠢᠰᠲ᠋ᠧᠮ᠎ᠳᠦ ᠲᠦᠱᠢᠭ᠌ᠯᠡᠨ ᠳᠡᠭᠡᠳᠦ ᠨᠠᠷᠢᠯᠢᠭ ᠪᠠᠢᠷᠢ ᠲᠣᠭ᠍ᠲᠠᠭᠠᠬᠤ ᠮᠡᠷᠭᠡᠵᠢᠯ᠎ᠢ ᠰᠤᠳᠤᠯᠤᠨ ᠨᠡᠭᠡᠭᠡᠵᠦ᠍ ᠂ ᠲᠡᠯᠡᠶ᠎ᠶ᠋ᠢᠨ ᠢᠷᠣᠭᠠᠷ᠎ᠤᠨ ᠵᠢᠪᠦᠮᠡᠯ  ᠱᠣᠩ᠎ᠤᠨ ᠮᠢᠯᠢᠮᠧᠲ᠋ᠷ ᠲᠠᠰ᠎ᠤᠨ ᠪᠠᠷᠢᠯᠭ᠎ᠠ᠎ᠶ᠋ᠢᠨ ᠠᠵᠢᠯ᠎ᠤᠨ ᠪᠠᠢᠷᠢ ᠲᠣᠭ᠍ᠲᠠᠭᠠᠯᠲᠠ᠎ᠶ᠋ᠢ ᠪᠡᠶᠡᠯᠡᠭᠦᠯᠵᠦ᠍᠂ ᠣᠶᠤᠨᠴᠢ᠎ᠪᠠᠷ ᠬᠠᠪᠰᠤᠷᠤᠨ ᠵᠢᠪᠦᠭᠦᠯᠬᠦ᠌ ᠮᠡᠷᠭᠡᠵᠢᠯ᠎ᠲᠡᠶ ᠤᠶᠠᠯᠳᠤᠭᠤᠯᠤᠨ᠂ ᠠᠯᠤᠰ ᠭᠦᠨ ᠲᠡᠯᠡᠶ᠎ᠶ᠋ᠢᠨ ᠲᠠᠩ ᠭᠠᠭᠴᠠ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ᠎ᠤ ᠵᠢᠪᠦᠮᠡᠯ ᠱᠤᠩ᠎ᠤᠨ ᠠᠵᠢᠯᠯᠠᠬᠤ ᠴᠠᠭ᠎ᠢ 48 ᠴᠠᠭ ᠪᠠᠢᠭ᠍ᠰᠠᠨ᠎ᠡᠴᠡ 29 ᠴᠠᠭ ᠪᠣᠯᠭᠠᠨ ᠪᠤᠭᠤᠨᠢᠰᠬᠠᠪᠠ᠃ ᠡᠭᠦᠨ᠎ᠦ ᠬᠠᠮᠲᠤ ᠵᠢᠯᠣᠭᠣᠴᠢ ᠥᠬᠡᠶ ᠨᠢᠰᠭᠡᠯ ᠪᠣᠯᠤᠨ ᠬᠢᠮᠡᠯ ᠰᠣᠷᠢᠨᠵᠢᠨ ᠣᠷᠣᠨ᠎ᠤ ᠬᠠᠮᠵᠢᠯᠴᠠᠬᠤ ᠮᠡᠷᠭᠡᠵᠢᠯ᠎ᠢ ᠠᠱᠢᠭ᠍ᠯᠠᠨ᠂ 95.6 ᠺᠢᠯᠣᠮᠧᠲ᠋ᠷ᠎ᠦᠨ ᠬᠡᠲᠦ ᠣᠷᠳᠣ ᠲᠡᠯᠡᠶ᠎ᠶ᠋ᠢᠨ ᠢᠷᠤᠭᠠᠷ ᠲᠡᠬᠢ ᠭᠡᠷᠡᠯᠯᠢᠭ ᠳᠡᠭᠡᠰᠦ᠎ᠶ᠋ᠢ ᠳᠡᠪᠢᠰᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号