ᠤᠯᠤᠰ ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠶᠢᠨ 7 ᠤ᠋ ᠡᠳᠦᠷ ᠨᠡᠢᠲᠡᠯᠡᠭᠰᠡᠨ ᠮᠡᠳᠡᠭᠡ ᠵᠠᠩᠭᠢ᠎ᠳᠤ ᠬᠠᠷᠠᠭᠤᠯᠤᠭᠰᠠᠨ᠎ᠢᠶᠡᠷ᠂ 2025 ᠣᠨ ᠤ 5 ᠰᠠᠷ᠎ᠠ᠎ᠡᠴᠡ 2026 ᠣᠨ᠎ᠤ 1 ᠰᠠᠷ᠎ᠠ ᠪᠣᠯᠲᠠᠯ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠪᠥᠬᠥ ᠤᠯᠤᠰ᠎ᠲᠤ ᠰᠠᠭᠤᠭᠠᠯᠢ ᠠᠷᠠᠳ᠎ᠤᠨ ᠤᠰᠤ ᠴᠠᠬᠢᠯᠭᠠᠨ ᠭᠡᠢ ᠵᠢᠨ ᠬᠡᠮᠵᠢᠯᠲᠡ ᠪᠠ ᠰᠦᠢᠳᠬᠡᠯ ᠬᠤᠷᠢᠶᠠᠬᠤ ᠠᠰᠠᠭᠤᠳᠠᠯ᠎ᠢ ᠶᠡᠷᠦᠩᠬᠡᠢᠯᠡᠨ ᠴᠡᠭᠴᠡᠯᠡᠨ ᠵᠠᠰᠠᠬᠤ ᠠᠵᠢᠯ᠎ᠢ ᠪᠠᠢᠷᠢᠯᠠᠭᠤᠯᠵᠤ᠂ ᠤᠰᠤ ᠴᠠᠬᠢᠯᠭᠠᠨ ᠬᠡᠢ ᠵᠢᠨ ᠬᠦᠷᠢᠶᠡᠨ᠎ᠳᠡᠬᠢ ᠬᠠᠤᠯᠢ ᠶᠢ ᠵᠥᠷᠢᠴᠡᠭᠰᠡᠨ ᠬᠡᠷᠡᠭ᠎ᠢ ᠨᠡᠶ᠋ᠢᠲᠡ 1.4 ᠲᠦᠮᠡ ᠰᠢᠬᠠᠮ ᠪᠠᠢᠴᠠᠭᠠᠨ ᠰᠢᠢᠳᠪᠦᠷᠢᠯᠡᠵᠦ᠂ ᠲᠣᠷᠭᠠᠵᠤ ᠬᠤᠷᠢᠶᠠᠮᠵᠢᠯᠠᠭᠰᠠᠨ ᠵᠣᠭᠣᠰ ᠪᠠᠷᠤᠭ 2.35 ᠳ᠋ᠦᠩᠰᠢᠭᠤᠷ ᠲᠥᠭᠥᠷᠢᠭ ᠲᠦ᠍ ᠬᠦᠷᠴᠦ᠂ 4400 ᠲᠦᠮᠡ ᠰᠢᠬᠠᠮ ᠤᠯᠠᠨ ᠲᠦᠮᠡᠨ᠎ᠳᠦ ᠠᠰᠢᠭ᠋ ᠬᠦᠷᠲᠡᠭᠡᠵᠡᠢ᠃
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠤᠯᠠᠨ ᠲᠦᠮᠡᠨ᠎ᠦ ᠲᠤᠰᠬᠠᠯ ᠴᠢᠩᠭ᠎ᠠ ᠪᠠᠢᠭ᠎ᠠ ᠤᠰᠤ ᠴᠠᠬᠢᠯᠭᠠᠨ ᠬᠡᠢ᠎ᠶᠢᠨ ᠬᠡᠮᠵᠢᠯᠲᠡ ᠣᠨᠣᠪᠴᠢ ᠦᠭᠡᠢ᠂ ᠰᠦᠢᠳᠬᠡᠯ ᠬᠤᠷᠢᠶᠠᠬᠤ ᠵᠢᠷᠤᠮᠵᠢᠯ ᠦᠭᠡᠢ ᠵᠡᠷᠭᠡ ᠲᠣᠪᠣᠢᠮ᠎ᠠ ᠠᠰᠠᠭᠤᠳᠠᠯ᠎ᠳᠦ ᠰᠢᠭᠤᠳ ᠬᠠᠨᠳᠤᠵᠤ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠬᠠᠮᠵᠢᠯᠴᠠᠨ ᠬᠦᠴᠦᠯᠡᠬᠦ᠎ᠶᠢ ᠨᠢᠭᠡᠳᠦᠯᠲᠡᠢ ᠲᠥᠯᠥᠪᠵᠢᠭᠦᠯᠵᠦ᠂ ᠬᠠᠤᠯᠢ ᠲᠣᠭᠲᠠᠭᠠᠯ᠎ᠡᠴᠡ ᠵᠥᠷᠢᠴᠡᠭᠰᠡᠨ ᠠᠵᠢᠯᠯᠠᠭ᠎ᠠ᠎ᠶᠢ ᠴᠢᠩᠭ᠎ᠠ ᠰᠢᠢᠳᠪᠦᠷᠢᠯᠡᠵᠦ᠂ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠪᠠ᠃ ᠠᠷᠠᠳ᠎ᠤᠨ ᠬᠡᠷᠡᠭᠯᠡᠭᠡᠨ᠎ᠦ 《ᠭᠤᠷᠪᠠᠨ ᠬᠦᠰᠦᠨᠦᠭᠲᠦ 》 ᠶ᠋ᠢᠨ ᠬᠡᠮᠵᠢᠯᠲᠡ ᠪᠠ ᠦᠨ᠎ᠡ ᠬᠠᠩᠰᠢ ᠰᠦᠢᠳᠬᠡᠯ ᠬᠤᠷᠢᠶᠠᠯᠲᠠ᠎ᠶᠢᠨ ᠬᠠᠮᠢᠶᠠᠷᠤᠯᠲᠠ᠎ᠶᠢ ᠴᠢᠩᠭᠠᠳᠬᠠᠵᠤ᠂ ᠪᠠᠭᠠᠵᠢ ᠬᠠᠢᠷᠴᠠᠭ᠎ᠢ ᠤᠭᠰᠠᠷᠠᠬᠤ᠎ᠡᠴᠡ ᠡᠮᠦᠨ᠎ᠡ ᠠᠩᠬ᠎ᠠ ᠪᠠᠢᠴᠠᠭᠠᠭᠰᠠᠨ ᠦᠭᠡᠢ᠂ ᠦᠨ᠎ᠡ ᠬᠠᠩᠰᠢ ᠵᠢᠷᠤᠮᠵᠢᠯ ᠦᠭᠡᠢ᠂ ᠵᠠᠰᠠᠭ᠎ᠤᠨ ᠣᠷᠳᠣᠨ᠎ᠤ ᠲᠣᠭᠲᠠᠭᠠᠭᠰᠠᠨ ᠦᠨ᠎ᠡ ᠬᠠᠩᠰᠢ ᠪᠠ ᠵᠠᠰᠠᠭ ᠤᠨ ᠣᠷᠳᠣᠨ ᠤ ᠵᠢᠯᠤᠭᠣᠳᠬᠤ ᠦᠨ᠎ᠡ ᠬᠠᠩᠰᠢ᠎ᠶᠢ ᠬᠡᠷᠡᠭᠵᠢᠭᠦᠯᠬᠦ ᠦᠭᠡᠢ ᠵᠡᠷᠭᠡ ᠬᠠᠤᠯᠢ ᠲᠣᠭᠲᠠᠭᠠᠯ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠪᠠᠢᠴᠠᠭᠠᠨ ᠰᠢᠢᠳᠪᠦᠷᠢᠯᠡᠵᠦ᠂ ᠬᠠᠤᠯᠢ᠎ᠶᠢ ᠴᠢᠩᠭ᠎ᠠ ᠬᠡᠷᠡᠭᠵᠢᠭᠦᠯᠬᠦ᠎ᠪᠡᠷ ᠬᠦᠴᠦᠲᠡᠢ ᠰᠦᠷᠳᠡᠭᠦᠯᠦᠯ ᠪᠤᠯᠭᠠᠪᠠ᠃ ᠲᠣᠭᠲᠠᠭᠠᠯ ᠡᠴᠡ ᠵᠥᠷᠢᠴᠡᠨ ᠰᠦᠢᠳᠬᠡᠯ ᠬᠤᠷᠢᠶᠠᠭᠰᠠᠨ ᠦᠶ᠋ᠯᠡ ᠠᠵᠢᠯᠯᠠᠭ᠎ᠠ ᠣᠷᠣᠰᠢᠵᠤ ᠪᠠᠢᠬᠤ᠎ᠶᠢ ᠪᠠᠢᠴᠠᠭᠠᠨ ᠲᠣᠳᠣᠯᠠᠭᠰᠠᠨ ᠤᠰᠤ ᠴᠠᠬᠢᠯᠭᠠᠨ ᠬᠡᠢ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠠᠵᠤ ᠠᠬᠤᠢᠯᠠᠯ᠎ᠳᠤ᠂ 《ᠣᠭᠲᠣ᠌ ᠠᠭᠤᠴᠢᠯᠠᠬᠤ ᠦᠭᠡᠢ 》 ᠣᠪᠣᠷ᠎ᠢᠶᠠᠷ ᠰᠦᠢᠳᠬᠡᠯ᠎ᠢ ᠪᠤᠴᠠᠭᠠᠬᠤ᠎ᠶᠢ ᠴᠡᠭᠴᠡᠯᠡᠨ ᠵᠠᠰᠠᠬᠤ᠎ᠶᠢ ᠠᠬᠢᠭᠤᠯᠵᠤ᠂ ᠬᠣᠯᠪᠣᠭᠳᠠᠯ ᠪᠦᠬᠦᠢ ᠠᠵᠤ ᠠᠬᠤᠢᠯᠠᠯ᠎ᠢ ᠱᠠᠯᠠᠪᠳᠠᠭᠤᠯᠤᠨ ᠨᠡᠶ᠋ᠢᠲᠡ 3 ᠳ᠋ᠦᠩᠰᠢᠭᠤᠷ ᠲᠥᠭᠥᠷᠢᠭ᠎ᠦᠨ ᠰᠦᠢᠳᠬᠡᠯ ᠪᠤᠴᠠᠭᠠᠯᠭᠠᠪᠠ᠃
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠡᠴᠡ ᠰᠠᠭᠤᠭᠠᠯᠢ ᠠᠷᠠᠳ᠎ᠤᠨ ᠤᠰᠤ ᠴᠠᠬᠢᠯᠭᠠᠨ ᠬᠡᠢ ᠵᠢᠨ ᠬᠦᠷᠢᠶᠡᠨ᠎ᠦ ᠬᠡᠮᠵᠢᠯᠲᠡ ᠪᠠ ᠦᠨ᠎ᠡ ᠬᠠᠩᠰᠢ᠎ᠶᠢᠨ ᠬᠢᠨᠠᠯᠲᠠ ᠪᠠᠢᠴᠠᠭᠠᠯᠲᠠ᠎ᠶᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶᠢᠨ ᠭᠣᠣᠯᠳᠠᠯᠭ᠎ᠠ᠎ᠳᠤ ᠣᠷᠣᠭᠤᠯᠵᠤ᠂ ᠴᠡᠭᠴᠡᠯᠡᠨ ᠵᠠᠰᠠᠯᠲᠠ ᠵᠢᠨ《ᠡᠷᠬᠢᠵᠤ ᠬᠠᠷᠠᠬᠤ 》᠂ ᠮᠥᠷᠳᠡᠵᠤ ᠳᠠᠬᠢᠨ ᠬᠢᠨᠠᠬᠤ ᠠᠰᠠᠭᠤᠳᠠᠯ ᠢ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠮᠵᠢ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠬᠠᠤᠯᠢ ᠲᠣᠭᠲᠠᠭᠠᠯ᠎ᠡᠴᠡ ᠵᠥᠷᠢᠴᠡᠭᠰᠡᠨ ᠦᠵᠡᠭᠳᠡᠯ᠎ᠦᠨ ᠳᠠᠬᠢᠨ ᠡᠭᠦᠰᠬᠦ᠎ᠶᠢ ᠴᠢᠩᠭ᠎ᠠ ᠰᠡᠷᠭᠡᠢᠯᠡᠵᠦ᠂ ᠤᠰᠤ ᠴᠠᠬᠢᠯᠭᠠᠨ ᠬᠡᠢ ᠵᠢᠨ ᠠᠵᠢᠯ ᠲᠥᠷᠥᠯ᠎ᠦᠨ ᠬᠥᠭᠵᠢᠯᠲᠡ᠎ᠶᠢᠨ ᠡᠮᠬᠢ ᠳᠢᠭ᠌ᠯᠢᠮ᠎ᠢ ᠦᠷᠭᠦᠯᠵᠢᠯᠡᠨ ᠵᠢᠷᠤᠮᠵᠢᠭᠤᠯᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 7᠎ᠤ᠋ ᠴᠠᠬᠢᠯᠭᠠᠨ ᠮᠡᠳᠡᠭᠡ)