— ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠰᠤᠷᠲᠠᠯ ᠨᠡᠢᠭᠡᠮ ᠲᠣᠭᠣᠷᠢᠭ᠎ᠤᠨ ᠵᠠᠰᠠᠯᠲᠠ᠎ᠶᠢᠨ ᠦᠢᠯᠡᠳᠦᠯᠭᠡ᠎ᠶᠢ ᠲᠡᠮᠳᠡᠭᠯᠡᠪᠡ
ᠤᠢᠷ᠎ᠠ᠎ᠵᠢᠨ ᠬᠤᠭᠤᠴᠠᠭᠠᠨ᠎ᠳᠤ᠂ ᠬᠦᠯᠦᠨ ᠪᠤᠢᠷ ᠬᠤᠲᠠ᠎ᠶᠢᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠰᠤᠷᠲᠠᠯ ᠨᠡᠢᠭᠡᠮ ᠲᠣᠭᠣᠷᠢᠭ ᠨᠢ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ 《6 + N ᠠᠵᠢᠯ᠎ᠤᠨ ᠵᠠᠭ᠍ᠪᠤᠷ》 ᠢ᠋ ᠭᠦᠨᠵᠡᠭᠡᠢᠷᠡᠭᠦᠯᠵᠦ᠍᠂ ᠵᠢᠷᠭᠤᠭᠠᠨ ᠲᠠᠯ᠎ᠠ ᠪᠡᠷ ᠬᠦᠴᠦᠯᠡᠬᠦ ᠰᠠᠭᠤᠷᠢᠨ ᠳᠡᠭᠡᠷ᠎ᠡ ᠡᠯ᠎ᠡ ᠲᠦᠷᠦᠯ᠎ᠤᠨ ᠦᠢᠯᠡᠴᠢᠯᠡᠬᠡᠨ᠎ᠤ ᠵᠤᠬᠢᠶᠠᠨ ᠪᠠᠢᠭᠤᠯᠤᠯᠲᠠ ᠪᠠ ᠰᠠᠢᠨ ᠳᠤᠷᠠᠴᠤᠳ ᠡᠴᠡ ᠪᠦᠷᠢᠯᠳᠦᠭᠰᠡᠨ ᠤᠯᠠᠨ ᠡᠰᠢᠲᠦ ᠦᠢᠯᠡᠴᠢᠯᠡᠬᠡ᠎ᠶᠢ ᠪᠦᠷᠢᠯᠳᠦᠬᠦᠯᠵᠦ᠂ 《ᠲᠤᠰᠭᠠᠢ ᠨᠡᠢᠭᠡᠮ ᠲᠤᠭᠤᠷᠢᠭ᠎ᠦᠨ ᠠᠵᠢᠯᠴᠢᠨ + ᠰᠠᠢ᠌ᠨ ᠳᠤᠷᠠᠴᠤᠳ᠎ᠤᠨ ᠦᠢᠯᠡᠴᠢᠯᠡᠭᠡ》 ᠪᠡᠷ ᠬᠣᠣᠰ ᠬᠥᠳᠡᠯᠭᠡᠭᠦᠷ ᠪᠣᠯᠭᠠᠨ᠂ ᠨᠠᠰᠤᠲᠠᠢᠴᠤᠳ ᠪᠠ ᠬᠡᠦᠬᠡᠳ ᠵᠢᠴᠢ ᠪᠦᠬᠦ᠌ ᠬᠥᠮᠦᠰ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠪᠡ᠃
ᠦᠶ᠋ᠯᠡᠴᠢᠯᠡᠭᠡᠨ᠎ᠦ ᠱᠠᠲᠤᠯᠵᠢᠨ ᠡᠩᠨᠡᠭᠡ᠎ᠶ᠋ᠢ ᠪᠠᠢᠭᠤᠯᠤᠨ ᠲᠤᠰᠭᠠᠶ ᠮᠡᠷᠭᠡᠵᠢᠯ᠎ᠦᠨ ᠬᠦᠴᠦᠨ᠎ᠢ ᠬᠥᠭ᠌ᠵᠢᠭᠡᠪᠡ
ᠰᠣᠷᠲᠠᠯ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠨᠢ ᠲᠤᠰᠭᠠᠶ ᠨᠡᠢᠭᠡᠮ ᠲᠤᠭᠤᠷᠢᠭ᠎ᠦᠨ ᠠᠵᠢᠯᠲᠠᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠍ᠠ ᠬᠦᠴᠢᠷᠳᠡᠯᠵᠢᠡᠨ ᠢᠯᠡᠨ ᠳᠠᠪᠠᠵᠦ᠂ ᠲᠤᠰ ᠨᠡᠢᠭᠡᠮ ᠲᠣᠭᠣᠷᠢᠭ᠎ᠤᠨ 11 ᠨᠡᠷᠡᠰ ᠦᠨᠡᠮᠯᠡᠯ ᠪᠦᠬᠦᠢ ᠨᠡᠢᠭᠡᠮ ᠲᠤᠭᠤᠷᠢᠭ᠎ᠤᠨ ᠠᠵᠢᠯᠲᠠᠨ᠎ᠳᠤ ᠲᠦᠰᠢᠭᠯᠡᠵᠦ᠂ ᠬᠠᠷᠢᠶ᠎ᠠ ᠲᠣᠭᠣᠷᠢᠭ᠎ᠤᠨ ᠨᠢᠭᠡᠴᠢ᠎ᠲᠡᠶ ᠬᠣᠯᠪᠣᠭᠠᠯᠠᠨ ᠬᠥᠳᠡᠯᠦᠯᠴᠡᠵᠦ᠍᠂ ᠠᠵᠢᠯ᠎ᠳᠤ ᠪᠠᠢᠭ᠎ᠠ ᠨᠠᠮ᠎ᠤᠨ ᠭᠡᠱᠢᠭᠦᠨ᠂ ᠪᠠᠭ᠍ᠰᠢ᠂ ᠡᠮᠴᠢ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ ᠵᠡᠷᠭᠡ 306 ᠲᠤᠰᠭᠠᠶ ᠮᠡᠷᠭᠡᠵᠢᠯ᠎ᠦᠨ ᠴᠢᠳᠠᠪᠤᠷᠢᠲᠠᠨ ᠵᠢᠡᠷ ᠪᠦᠷᠢᠯᠳᠦᠭᠰᠡᠨ᠌ 《ᠠᠵᠢᠯ᠎ᠳᠤ ᠪᠠᠢᠭ᠎ᠠ ᠨᠠᠮ᠎ᠤᠨ ᠭᠡᠱᠢᠭᠦᠨ ᠰᠠᠢᠨ ᠳᠤᠷᠠᠴᠤᠳ᠎ᠤᠨ ᠦᠶ᠋ᠯᠡᠴᠢᠯᠡᠬᠡᠨᠤᠠᠩᠭᠢ》 ᠶ᠋ᠢ ᠪᠠᠢᠭᠤᠯᠪᠠ᠃ 《ᠰᠠᠢᠨ ᠳᠤᠷ᠎ᠠ᠎ᠶ᠋ᠢᠨ ᠬᠠᠯᠠᠭᠤᠨ ᠰᠡᠳᠭᠢᠯᠭᠡ ᠥᠨᠳᠥᠷ ᠪᠣᠯᠪᠠᠴᠤ᠌ ᠲᠤᠰᠭᠠᠶ ᠮᠡᠷᠭᠡᠵᠢᠯ᠎ᠦᠨ ᠴᠢᠳᠠᠪᠤᠷᠢ ᠪᠠᠭᠤᠷᠠᠶ》 ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠲᠤᠰᠭᠠᠶ ᠨᠡᠢᠭᠡᠮ ᠲᠤᠭᠤᠷᠢᠭ᠎ᠦᠨ ᠠᠵᠢᠯᠲᠠᠨ ᠲᠦᠷᠦᠭᠦᠯᠡᠨ ᠰᠠᠢᠨ ᠳᠤᠷᠠᠴᠤᠳ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠦᠷᠨᠢᠬᠦᠯᠵᠦ᠂ ᠬᠡᠦᠬᠡᠳ᠎ᠦᠨ ᠰᠡᠳᠭᠢᠴᠡ᠎ᠶ᠋ᠢᠨ ᠵᠢᠯᠣᠭᠣᠳᠣᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠡᠷᠭᠡ ᠤᠯᠠᠨ ᠵᠦᠶ᠋ᠯ᠎ᠦᠨ ᠭᠤᠤᠯᠯᠠᠬᠤ ᠤᠷ᠎ᠠ ᠴᠢᠳᠠᠪᠤᠷᠢ᠎ᠶ᠋ᠢᠨ ᠲᠣᠭᠣᠷᠢᠨ᠎ᠳᠤ᠂ ᠲᠤᠬᠲᠠᠬᠰᠠᠨ ᠬᠤᠭᠤᠴᠠᠭᠠᠨ᠎ᠳᠤ ᠪᠤᠯᠪᠠᠰᠤᠷᠠᠯ ᠦᠷᠨᠢᠬᠦᠯᠵᠦ᠂ ᠦᠨᠳᠦᠷ ᠦᠷ᠎ᠡ ᠪᠦᠲᠦᠮᠵᠢᠲᠡᠢ ᠬᠠᠮᠵᠢᠯᠴᠠᠬᠤ ᠵᠠᠬᠪᠤᠷ᠎ᠢ ᠪᠦᠷᠢᠯᠳᠦᠬᠦᠯᠪᠡ᠃

ᠣᠨᠢᠨ ᠳᠡᠭᠡᠷ᠎ᠡ ᠨᠢ ᠦᠶ᠋ᠯᠡᠴᠢᠯᠡᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠲᠦᠮᠵᠢᠲᠡᠢ ᠱᠢᠶ᠋ᠳᠪᠦᠷᠢᠯᠡᠪᠡ
ᠰᠤᠷᠳᠠᠯ ᠨᠡᠢᠭᠡᠮ ᠲᠣᠭᠣᠷᠢᠭ᠎ᠨᠢ ᠢᠮᠠᠭ᠍ᠲᠠ 《ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ + ᠲᠥᠷᠥᠯ ᠵᠦᠢᠯᠵᠢᠬᠦᠯᠦᠨ ᠠᠵᠢᠯᠯᠠᠬᠤ》 ᠤᠢᠯᠠᠭᠠᠬᠳᠠᠬᠤᠨ᠎ᠢ ᠪᠠᠷᠢᠮᠲᠠᠯᠠᠵᠤ᠂ 《ᠭᠠᠷᠠᠭ ᠪᠦᠷᠢ ᠣᠢᠯᠠᠭᠠᠨ ᠵᠢᠭ᠍ᠰᠠᠭᠠᠬᠤ᠂ ᠰᠠᠷ᠎ᠠ ᠪᠦᠷᠢ ᠰᠤᠳᠤᠯᠤᠨ ᠮᠠᠭᠠᠳᠯᠠᠬᠤ᠂ ᠤᠯᠠᠷᠢᠯ᠎ᠢᠶᠠᠷ ᠲᠣᠬᠢᠷᠠᠭᠤᠯᠬᠤ》 ᠬᠡᠷᠡᠭ᠌ᠴᠡᠭᠡ ᠱᠠᠭᠠᠷᠳᠠᠯᠭ᠎ᠠ᠎ᠶ᠋ᠢ ᠳᠠᠭᠠᠬᠤ ᠲᠣᠭ᠍ᠲᠠᠴᠠ᠎ᠶ᠋ᠢ ᠪᠠᠢᠭᠤᠯᠪᠠ᠃ ᠭᠠᠷᠠᠭ ᠪᠦᠷᠢ᠂ ᠨᠡᠢᠭᠡᠮ ᠲᠤᠭᠤᠷᠢᠭ᠎ᠦᠨ ᠠᠵᠢᠯᠲᠠᠨ ᠰᠠᠢᠨ ᠳᠤᠷᠠᠴᠤᠳ᠎ᠢ ᠳᠠᠭᠠᠭᠤᠯᠤᠨ ᠬᠦᠨᠵᠡᠬᠡᠢ ᠵᠢᠬᠰᠠᠭᠠᠨ ᠪᠠᠢᠴᠠᠭᠠᠵᠦ᠂ ᠨᠡᠭᠦᠳᠡᠯ ᠬᠡᠦᠬᠡᠳ᠎ᠦᠨ ᠦᠰᠦᠨ ᠪᠤᠢᠵᠢᠯᠲᠠ᠎ᠶᠢᠨ ᠬᠡᠷᠡᠭᠴᠡᠭᠡ ᠱᠠᠭᠠᠷᠳᠠᠯᠭ᠎ᠠ᠂ ᠬᠡᠷ ᠳᠡᠭᠡᠨ ᠬᠣᠴᠣᠷᠤᠭ᠍ᠰᠠᠨ ᠨᠠᠰᠤᠲᠠᠨ᠎ᠤ ᠬᠠᠢᠷ᠎ᠠ ᠰᠡᠳᠭᠢᠯᠭᠡ᠎ᠶ᠋ᠢᠨ ᠱᠠᠭᠠᠷᠳᠠᠯᠭ᠎ᠠ ᠵᠡᠷᠭᠡ ᠭᠤᠤᠯ ᠬᠡᠷᠡᠭ᠌ᠴᠡᠭᠡ᠎ᠶ᠋ᠢ ᠣᠨᠣᠪᠴᠢᠲᠠᠶ ᠤᠢᠯᠠᠭᠠᠪᠠ᠃ ᠡᠲᠡᠭᠡᠷ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ ᠨᠡᠢᠭᠡᠮ ᠲᠣᠭᠣᠷᠢᠭ ᠱᠢᠨ᠎ᠡ᠎ᠶ᠋ᠢ ᠡᠭᠦᠳᠬᠦ᠌ ᠠᠯᠢ ᠣᠯᠠᠨ ᠤᠨᠴᠠᠯᠢᠬ᠍ᠳᠤ ᠦᠶ᠋ᠯᠡᠴᠢᠯᠡᠭᠡᠨ᠎ᠦ ᠲᠥᠷᠥᠯ ᠵᠦᠶ᠋ᠯ᠎ᠢ ᠬᠡᠷᠡᠭᠵᠢᠬᠦᠯᠪᠡ᠄ 2024 ᠣᠨ᠎ᠤ 5 ᠰᠠᠷ᠎ᠠ᠎ᠠᠴᠠ ᠡᠬᠢᠯᠡᠭᠦᠯᠦᠭ᠌ᠰᠡᠨ 《ᠪᠤᠭᠤᠷᠤᠯᠴᠤᠳ᠎ᠤᠨ ᠲᠦᠷᠦᠭᠰᠡᠨ ᠡᠳᠦᠷ᠎ᠢ ᠪᠡᠯᠭᠡᠯᠡᠬᠦ》 ᠲᠦᠷᠦᠯ ᠵᠦᠢᠯ ᠨᠢ ᠨᠢᠭᠡᠨᠲᠡ 400 ᠭᠠᠷᠤᠶ ᠨᠠᠰᠤᠲᠠᠢᠴᠤᠳ᠎ᠤᠨ ᠲᠥᠷᠥᠭ᠌ᠰᠡᠨ ᠡᠳᠦᠷ᠎ᠢ ᠪᠡᠯᠭᠡᠯᠡᠵᠦ᠍᠂ 3 ᠵᠢᠯ᠎ᠦᠨ ᠬᠤᠭᠤᠴᠠᠭᠠᠨ᠎ᠳᠤ ᠨᠡᠢᠭᠡᠮ ᠲᠣᠭᠣᠷᠢᠭ᠎ᠤᠨ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠲᠤ ᠪᠦᠬᠦᠨ᠎ᠢ ᠪᠦᠷᠬᠦᠬᠦᠯᠬᠦ᠎ᠪᠡᠷ ᠲᠥᠯᠥᠪᠯᠡᠵᠦ ᠪᠤᠢ; ᠨᠡᠭᠦᠳᠡᠯ ᠬᠡᠦᠬᠡᠳ᠎ᠲᠦ ᠴᠢᠭ᠌ᠯᠡᠭᠦᠯᠦᠨ ᠨᠡᠭᠡᠭᠡᠭ᠌ᠰᠡᠨ 《ᠰᠣᠯᠣᠩᠭᠠᠨ ᠥᠩᠭᠡᠲᠦ ᠠᠮᠠᠷᠠᠯᠲᠠ᠎ᠶ᠋ᠢᠨ ᠬᠢᠴᠢᠶᠡᠯ᠎ᠦᠨ ᠲᠠᠩᠬᠢᠮ》 ᠨᠢ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ᠂ ᠭᠠᠷ ᠤᠷᠠᠯᠠᠯ᠂ ᠬᠤᠪᠢᠰᠭᠠᠯᠲᠤ ᠬᠦᠮᠦᠵᠢᠯ᠎ᠤᠨ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ᠎ᠶ᠋ᠢ ᠤᠯᠠᠨ ᠤᠳᠠᠭ᠎ᠠ ᠥᠷᠨᠢᠭᠦᠯᠵᠦ᠍᠂ ᠬᠡᠦᠬᠡᠳ᠎ᠲᠦ ᠬᠠᠷᠠᠭᠠᠯᠵᠠᠬᠰᠠᠨ ᠦᠶ᠋ᠯᠡᠴᠢᠯᠡᠬᠡ ᠬᠠᠩᠭᠠᠪᠠ; 《ᠬᠥᠷᠰᠢ ᠰᠠᠭᠠᠬᠠᠯᠲᠠ᠎ᠶ᠋ᠢᠨ ᠴᠠᠢᠯᠠᠯᠭ᠎ᠠ》 ᠨᠢ ᠠᠵᠢᠯ᠎ᠠᠴᠠ᠎ᠪᠠᠨ ᠠᠮᠠᠷᠠᠭ᠍ᠰᠠᠨ ᠠᠬᠠᠮᠠᠳ ᠨᠠᠮ᠎ᠤᠨ ᠭᠡᠱᠢᠭᠦᠨ᠂ ᠱᠢᠯᠢᠳᠡᠭ ᠬᠡᠷ᠎ᠦᠨ ᠠᠬᠠᠮᠠᠳ᠎ᠢ ᠤᠷᠢᠵᠤ ᠬᠡᠷ᠎ᠤᠨ ᠰᠤᠷᠭᠠᠯ᠎ᠤᠨ ᠲᠤᠬᠠᠢ ᠲᠠᠢᠯᠤᠮᠵᠢ ᠬᠢᠯᠭᠡᠵᠦ᠂ ᠡᠨᠡᠬᠦ ᠠᠵᠢᠯᠯᠠᠭ᠎ᠠ ᠨᠢ ᠨᠢᠭᠡᠨᠲᠡ ᠨᠡᠢᠭᠡᠮ ᠲᠣᠭᠣᠷᠢᠭ᠎ᠤᠨ ᠣᠯᠠᠨ ᠲᠦᠮᠡᠨ᠎ᠦ ᠭᠠᠷᠠᠭ᠎ᠤᠨ ᠲᠠᠪᠤᠨ᠎ᠤ 《ᠲᠣᠭ᠍ᠲᠠᠮᠠᠯ ᠫᠷᠤᠭ᠌ᠷᠠᠮ》 ᠪᠣᠯᠵᠠᠶ᠃

ᠰᠣᠶᠣᠯ᠎ᠤᠨ ᠵᠢᠭ᠍ᠰᠠᠭᠠᠯ᠎ᠤᠨ ᠭᠠᠵᠠᠷ᠎ᠢ ᠴᠣᠭ᠍ᠴᠠᠯᠠᠵᠤ ᠨᠡᠢᠭᠡᠮ ᠲᠣᠭᠣᠷᠢᠭ᠎ᠤᠨ ᠰᠤᠶᠤᠯ᠎ᠤᠨ ᠠᠭᠤᠯᠬᠤᠨ᠎ᠢ ᠪᠠᠶᠠᠯᠢᠬᠵᠢᠭᠤᠯᠪᠠ
ᠳᠠᠭᠤᠷ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠨᠡᠢᠭᠡᠮ ᠲᠣᠭᠣᠷᠢᠭ ᠪᠣᠯᠤᠭ᠍ᠰᠠᠨ᠎ᠤ ᠬᠤᠪᠢ᠎ᠳᠤ᠂ ᠰᠣᠶᠣᠯ ᠨᠢ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ 《ᠤᠶᠤᠨ ᠰᠠᠨᠠᠭᠠᠨ᠎ᠤ ᠬᠣᠯᠪᠣᠭᠠᠰᠤ》 ᠪᠣᠯᠬᠤ᠎ᠶ᠋ᠢ ᠨᠡᠢᠭᠡᠮ ᠲᠣᠭᠣᠷᠢᠭ᠎ᠠᠴᠠ ᠭᠦᠨ ᠣᠢᠯᠠᠭᠠᠳᠠᠭ᠃ ᠨᠡᠢᠭᠡᠮ ᠲᠣᠭᠣᠷᠢᠭ ᠨᠢᠷᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠣᠱᠢᠭᠤᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠪ ᠵᠡᠷᠭᠡ ᠱᠢᠯᠢᠳᠡᠭ ᠡᠬᠢ ᠪᠠᠶᠠᠯᠢᠭ᠎ᠢ ᠨᠡᠢᠳᠭᠡᠵᠦ᠍᠂ 《ᠵᠢᠭ᠍ᠰᠠᠭᠠᠯ᠎ᠤᠨ ᠭᠠᠵᠠᠷ ᠡᠴᠡ ᠡᠨᠧᠷᠭᠢ ᠣᠯᠭᠣᠬᠤ + ᠬᠣᠣᠰ ᠬᠥᠳᠡᠯᠭᠡᠭᠦᠷ》 ᠤ᠋ᠨ ᠵᠠᠭ᠍ᠪᠤᠷ᠎ᠢ ᠡᠬᠦᠳᠴᠦ᠂ 《ᠤᠷᠠᠨ ᠪᠢᠴᠢᠯᠭᠡ᠎ᠶ᠋ᠢᠨ ᠬᠢᠴᠢᠶᠡᠯ᠎ᠦᠨ ᠲᠠᠩᠬᠢᠮ》᠂ 《ᠤᠤᠷ ᠰᠤᠶᠤᠯ᠎ᠤᠨ ᠬᠢᠴᠢᠶᠡᠯ᠎ᠦᠨ ᠲᠠᠩᠬᠢᠮ》 ᠭᠡᠬᠦ᠌ ᠬᠣᠶᠠᠷ ᠶᠡᠬᠡ ᠰᠣᠶᠣᠯ᠎ᠤᠨ ᠲᠦᠷᠦᠯ ᠲᠡᠮᠳᠡᠭ᠎ᠦᠨ ᠵᠢᠭ᠍ᠰᠠᠭᠠᠯ᠎ᠤᠨ ᠭᠠᠵᠠᠷ᠎ᠢ ᠪᠠᠢᠭᠤᠯᠪᠠ᠃ ᠭᠠᠷᠠᠭ᠎ᠤᠨ ᠵᠢᠷᠭᠤᠭᠠᠨ ᠪᠣᠯᠭᠠᠨ᠎ᠤ 《ᠤᠷᠠᠨ ᠪᠢᠴᠢᠯᠭᠡ᠎ᠶ᠋ᠢᠨ ᠬᠢᠴᠢᠶᠡᠯ᠎ᠤᠨ ᠲᠠᠩᠬᠢᠮ》 ᠳ᠋ᠤ᠂ ᠠᠵᠢᠯ᠎ᠠᠴᠠ᠎ᠪᠠᠨ ᠠᠮᠠᠷᠠᠭ᠍ᠰᠠᠨ ᠪᠠᠭ᠍ᠰᠢ ᠰᠠᠢ᠌ᠨ ᠳᠤᠷᠠᠴᠤᠳ ᠡᠴᠡ ᠬᠡᠦᠬᠡᠳ᠎ᠦᠳ᠎ᠲᠤ ᠦᠰᠦᠨ ᠪᠢᠷ᠎ᠦᠨ ᠪᠢᠴᠢᠯᠭᠡ᠎ᠶ᠋ᠢ ᠵᠢᠭᠠᠵᠤ᠂ ᠦᠨᠳᠦᠰᠦᠨ ᠪᠢᠴᠢᠯᠭᠡ᠎ᠠᠴᠠ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠤᠨ ᠬᠦᠮᠦᠨ ᠮᠡᠲᠦ ᠲᠤᠲᠤᠨᠤ》 ᠭᠡᠬᠦ᠌ ᠭᠣᠣᠯ ᠰᠡᠳᠦᠪᠲᠦ ᠵᠣᠬᠢᠶᠠᠨ ᠪᠦᠲᠦᠭᠡᠯᠭᠡ ᠬᠦᠷᠲᠡᠯ᠎ᠡ᠂ 46 ᠬᠤᠭᠤᠴᠠᠭᠠᠨ᠎ᠤ ᠬᠢᠴᠢᠶᠡᠯ᠎ᠳᠦ 1800 ᠭᠠᠷᠤᠢ ᠬᠥᠮᠦᠨ ᠤᠳᠠᠭ᠎ᠠ ᠣᠷᠣᠯᠴᠠᠪᠠ; ᠭᠠᠷᠠᠭ᠎ᠤᠨ ᠲᠠᠪᠤᠨ ᠪᠤᠯᠭᠠᠨ᠎ᠤ 《ᠤᠤᠷ ᠰᠣᠶᠣᠯ᠎ᠤᠨ ᠬᠢᠴᠢᠶᠡᠯ᠎ᠦᠨ ᠲᠠᠩᠬᠢᠮ》 ᠳ᠋ᠤ ᠬᠣᠱᠢᠭᠤᠨ᠎ᠤ ᠰᠣᠶᠣᠯ᠎ᠤᠨ ᠡᠷᠳᠡᠮᠲᠡᠳ 《ᠱᠢᠭᠦᠮᠵᠢᠯᠡᠯ ᠥᠭᠦᠯᠡᠯ》 ᠵᠡᠷᠭᠡ ᠰᠣᠩᠭᠣᠳᠠᠭ ᠪᠦᠲᠦᠭᠡᠯ᠎ᠢ ᠳᠠᠭᠤᠷ ᠦᠨᠳᠦᠰᠦᠲᠡᠨ᠎ᠦ ᠤᠯᠠᠮᠵᠢᠯᠠᠯᠲᠤ ᠥᠯᠢᠭᠡᠷ᠎ᠲᠡᠶ ᠤᠶᠠᠯᠳᠤᠭᠤᠯᠤᠨ ᠲᠠᠢᠯᠪᠤᠷᠢᠯᠠᠵᠦ᠂ ᠤᠯᠠᠮᠵᠢᠯᠠᠯᠲᠤ ᠰᠣᠶᠣᠯ᠎ᠳᠤ ᠱᠢᠨ᠎ᠡ ᠴᠠᠭ ᠦᠶ᠎ᠡ᠎ᠵᠢᠨ ᠠᠮᠢᠵᠢᠷᠠᠯ᠎ᠤᠨ ᠬᠦᠴᠦᠨᠤᠯᠭᠤᠪᠠ᠃

ᠤᠷᠮᠠᠱᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠰᠠᠢᠨ ᠳᠤᠷᠠᠴᠤᠳ ᠤᠨ ᠪᠠᠢᠩᠭᠤ ᠣᠷᠣᠯᠴᠠᠬᠤ ᠶ᠋ᠢ ᠠᠬᠢᠭᠤᠯᠪᠠ
ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ 《ᠨᠢᠭᠡ ᠴᠠᠭ᠎ᠤᠨ ᠬᠠᠯᠠᠮᠱᠢᠯ》 ᠠ᠋ᠴᠠ 《ᠬᠡᠪ᠎ᠦᠨ ᠵᠤᠷᠰᠢᠯ》 ᠪᠣᠯᠭᠠᠨ ᠬᠤᠪᠢᠷᠠᠭᠤᠯᠬᠤ᠎ᠶ᠋ᠢᠨ ᠲᠥᠯᠥᠭᠡ᠂ ᠨᠡᠢᠭᠡᠮ ᠲᠣᠭᠣᠷᠢᠭ᠎ᠨᠢ 《ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ》 ᠪᠣᠯᠤᠨ 《ᠶᠣᠰᠣ ᠰᠤᠷᠲᠠᠬᠤᠨ᠎ᠤ ᠪᠠᠩᠬᠢ》 ᠶ᠋ᠢᠨ ᠲᠠᠪᠴᠠᠩ᠎ᠳᠤ ᠲᠦᠱᠢᠭ᠌ᠯᠡᠨ᠂ 《ᠪᠣᠳᠠᠰ + ᠣᠶᠤᠨ ᠰᠠᠨᠠᠭ᠎ᠠ》 ᠶ᠋ᠢᠨ ᠬᠤᠤᠰ ᠤᠷᠮᠠᠱᠢᠭᠤᠯᠬᠤ ᠱᠢᠰᠲ᠋ᠧᠮ᠎ᠢ ᠪᠠᠢᠭᠤᠯᠪᠠ᠃ 《ᠶᠣᠰᠣ ᠰᠤᠷᠲᠠᠬᠤᠨ᠎ᠤ ᠪᠠᠩᠬᠢ》 ᠳ᠋ᠤ᠂ ᠰᠠᠢᠨ ᠳᠤᠷᠠᠴᠤᠳ 1 ᠴᠠᠭ ᠦᠶ᠋ᠯᠡᠴᠢᠯᠡᠬᠦ᠌ ᠪᠦᠷᠢ 1 ᠬᠤᠷᠠᠮᠳᠤᠯ ᠬᠤᠪᠢ ᠰᠣᠯᠢᠵᠤ᠂ ᠬᠤᠷᠠᠮᠳᠤᠯ ᠬᠤᠪᠢ ᠪᠡᠷ ᠵᠢᠡᠨ ᠠᠮᠤ ᠪᠤᠳᠠᠭ᠎ᠠ ᠭᠤᠯᠢᠷ ᠲᠣᠰᠣ ᠵᠡᠷᠭᠡ ᠠᠮᠢᠳᠤᠷᠠᠯ᠎ᠤᠨ ᠬᠡᠷᠡᠭ᠌ᠰᠡᠯ ᠰᠣᠯᠢᠵᠤ ᠪᠣᠯᠤᠨ᠎ᠠ; ᠣᠶᠤᠨ ᠰᠠᠨᠠᠭᠠᠨ᠎ᠤ ᠤᠷᠮᠠᠱᠢᠭᠤᠯᠤᠯ᠎ᠤᠨ ᠲᠠᠯ᠎ᠠ᠎ᠪᠠᠷ᠂ ᠨᠡᠢᠭᠡᠮ ᠲᠣᠭᠣᠷᠢᠭ᠎ᠠᠴᠠ ᠰᠠᠷ᠎ᠠ ᠪᠦᠷᠢ 《ᠰᠠᠢᠨ ᠳᠤᠷ᠎ᠠ᠎ᠶ᠋ᠢᠨ ᠣᠳᠣᠨ》 ᠢ᠋ ᠱᠢᠯᠭᠠᠷᠠᠭᠤᠯᠵᠤ᠂ ᠢᠯᠡ ᠨᠡᠢᠲᠡᠯᠡᠬᠦ᠌ ᠪᠤᠯᠤᠩ᠂ ᠨᠡᠢᠭᠡᠮ ᠲᠣᠭᠣᠷᠢᠭ᠎ᠤᠨ ᠨᠡᠢᠲᠡ᠎ᠶ᠋ᠢᠨ ᠲᠡᠪᠴᠡᠩᠳ᠋ᠤ ᠤᠬᠠᠭᠤᠯᠭ᠎ᠠ ᠬᠢᠵᠦ᠍᠂ ᠵᠢᠯ ᠪᠦᠷᠢ ᠰᠠᠢᠨ ᠳᠤᠷᠠᠴᠤᠳ᠎ᠢ ᠰᠤᠩᠭᠤᠨ ᠳᠡᠪᠰᠢᠬᠦᠯᠵᠦ᠂ 《ᠬᠣᠱᠢᠭᠤᠨ᠎ᠤ ᠲᠠᠰ᠎ᠤᠨ ᠪᠣᠯᠪᠠᠰᠤᠨ ᠬᠡᠷ ᠪᠦᠯᠢ》᠂ 《ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠭᠣᠶᠣ ᠬᠡᠷ ᠪᠦᠯᠢ》 ᠵᠡᠷᠭᠡ ᠵᠢ ᠰᠢᠯᠭᠠᠷᠠᠭᠤᠯᠬᠤ ᠠᠵᠢᠯᠯᠠᠭ᠎ᠠ᠎ᠳᠤ ᠤᠷᠤᠯᠴᠠᠭᠤᠯᠪᠠ᠃ ᠣᠳᠣᠬᠠᠨ ᠪᠣᠯᠲᠠᠯ᠎ᠠ᠂ ᠨᠡᠢᠲᠡ 87 ᠱᠢᠯᠢᠳᠡᠭ ᠰᠠᠢᠨ ᠳᠤᠷᠠᠴᠤᠳ᠎ᠢ ᠬᠥᠬᠢᠭᠦᠯᠦᠨ ᠰᠠᠢᠱᠢᠶᠠᠵᠤ᠂ ᠡᠭᠦᠨ᠎ᠳᠦ 2 ᠬᠡᠷ ᠪᠦᠯᠢ ᠨᠢ 《ᠬᠣᠱᠢᠭᠤᠨ᠎ᠤ ᠲᠠᠰ᠎ᠤᠨ ᠪᠣᠯᠪᠠᠰᠤᠨ ᠬᠡᠷ ᠪᠦᠯᠢ》 ᠪᠡᠷ ᠦᠨᠡᠯᠡᠭ᠌ᠳᠡᠵᠦ᠍᠂ 1 ᠬᠡᠷ ᠪᠦᠯᠢ ᠨᠢ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠠᠮᠤᠭ᠎ᠤᠨ ᠭᠣᠶᠣ ᠬᠡᠷ ᠪᠦᠯᠢ》 ᠪᠡᠷ ᠦᠨᠡᠯᠡᠭ᠌ᠳᠡᠪᠡ᠃ ᠡᠳᠡᠭᠡᠷ ᠳᠡᠷᠭᠡᠳᠡᠬᠢ ᠦᠯᠢᠭᠡᠷ ᠳᠠᠭᠤᠷᠢᠶᠠᠯ ᠨᠢ 《ᠬᠤᠪᠢ ᠨᠡᠮᠡᠷᠢ ᠦᠵᠡᠭᠦᠯᠬᠦ᠌ ᠨᠢ ᠢᠷᠠᠭᠤ ᠠᠯᠳᠠᠷ ᠲᠠᠢ᠂ ᠪᠤᠰᠤᠳ᠎ᠢ ᠬᠠᠪᠰᠤᠷᠬᠤ ᠨᠢ ᠬᠦᠨᠳᠦᠳᠭᠡᠭᠦᠱᠢᠲᠡᠢ》 ᠭᠡᠬᠦ᠌ ᠣᠢᠯᠠᠭᠠᠭ᠍ᠳᠠᠬᠤᠨ᠎ᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠪᠠ᠃

ᠪᠥᠬᠥ᠌ ᠦᠶᠡᠯᠡᠯ᠎ᠢᠶᠡᠷ ᠦᠶ᠋ᠯᠡᠴᠢᠯᠡᠵᠦ᠍ ᠪᠤᠭᠤᠷᠤᠯᠴᠤᠳ᠎ᠤᠨ ᠠᠮᠢᠳᠤᠷᠠᠯ᠎ᠢ ᠰᠠᠬᠢᠨ ᠬᠠᠮᠠᠭᠠᠯᠠᠪᠠ
ᠨᠡᠢᠭᠡᠮ ᠲᠣᠭᠣᠷᠢᠭ᠎ᠤᠨ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠡᠵᠡᠯᠡᠬᠦ᠌ ᠬᠠᠷᠢᠴᠠᠯ 22%᠎ᠲᠤ ᠬᠦᠷᠦᠭ᠌ᠰᠡᠨ ᠣᠳᠣᠬᠢ ᠪᠠᠢᠳᠠᠯ᠎ᠳᠤ ᠴᠢᠭ᠌ᠯᠡᠭᠦᠯᠦᠨ᠂ ᠰᠣᠷᠲᠠᠯ ᠨᠡᠢᠭᠡᠮ ᠲᠣᠭᠣᠷᠢᠭ᠎ᠤᠨ᠎ᠬᠢᠨ 《ᠨᠡᠢᠭᠡᠮ ᠲᠤᠭᠤᠷᠢᠭ᠎ᠦᠨ ᠠᠵᠢᠯᠲᠠᠨ᠎ᠢ ᠨᠢᠭᠡᠳᠦᠯᠲᠡᠶ ᠲᠥᠯᠥᠪᠯᠡᠬᠦ᠌ + ᠰᠠᠢᠨ ᠲᠤᠷᠠᠴᠤᠳ ᠬᠠᠨᠢ ᠪᠣᠯᠬᠤ》 ᠪᠥᠬᠥ᠌ ᠦᠶᠡᠯᠡᠯ᠎ᠦᠨ ᠬᠤᠭᠤᠴᠠᠭᠠᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠵᠠᠭ᠍ᠪᠤᠷ᠎ᠢ ᠪᠠᠢᠭᠤᠯᠵᠤ᠂ 《ᠥᠲᠡᠯᠬᠦ ᠡᠴᠡ ᠭᠥᠷᠳᠡᠬᠦ᠌ ᠠᠰᠠᠷᠠᠮᠵᠢ᠎ᠲᠠᠶ᠂ ᠥᠲᠡᠯᠬᠦ ᠡᠴᠡ ᠲᠦᠱᠢᠭ᠎ᠲᠡᠶ᠂ ᠥᠲᠡᠯᠬᠦ ᠡᠴᠡ ᠪᠠᠶᠠᠷ ᠪᠠᠶᠠᠰᠤᠯ᠎ᠲᠠᠶ᠂ ᠥᠲᠡᠯᠬᠦ ᠡᠴᠡ ᠬᠢᠬᠦ᠌ ᠠᠵᠢᠯ᠎ᠲᠠᠶ》 ᠪᠣᠯᠬᠤ ᠪᠣᠳᠠᠲᠤ ᠪᠠᠢᠳᠠᠯ᠎ᠢ ᠪᠣᠶ ᠪᠣᠯᠭᠠᠪᠠ᠃ ᠡᠬᠦᠨ᠎ᠳᠤ᠂ ᠨᠡᠢᠭᠡᠮ ᠲᠣᠭᠣᠷᠢᠭ᠎ᠠᠴᠠ 24 ᠨᠡᠢᠭᠡᠮ᠎ᠦᠨ ᠪᠦᠯᠬᠦᠮᠨᠡᠢᠳᠡ ᠵᠢᠨ ᠵᠣᠬᠢᠶᠠᠨ ᠪᠠᠢᠭᠤᠯᠤᠯᠲᠠ᠎ᠶ᠋ᠢ ᠨᠡᠢᠳᠭᠡᠵᠦ᠍᠂ 《ᠪᠤᠭᠤᠷᠤᠯᠴᠤᠳ᠎ᠤᠨ ᠤᠷᠠᠯᠢᠭ᠎ᠤᠨ ᠪᠦᠯᠬᠦᠮ》᠂ 《ᠨᠠᠰᠤᠲᠠᠢᠴᠤᠳ᠎ᠤᠨ ᠪᠥᠮᠪᠥᠭᠡ᠎ᠶ᠋ᠢᠨ ᠠᠩᠬᠢ》 ᠵᠡᠷᠭᠡ ᠳᠤᠷ᠎ᠠ ᠰᠣᠨᠢᠷᠬᠠᠯ᠎ᠤᠨ ᠳᠤᠭᠤᠢᠯᠠᠩ᠎ᠢ ᠪᠠᠢᠭᠤᠯᠵᠤ᠂ 180 ᠭᠠᠷᠤᠢ ᠨᠠᠰᠤᠲᠠᠢᠴᠤᠳ᠎ᠢ ᠣᠷᠣᠯᠴᠠᠭᠤᠯᠪᠠ; ᠨᠡᠢᠭᠡᠮ ᠲᠤᠭᠤᠷᠢᠭ᠎ᠦᠨ ᠠᠵᠢᠯᠲᠠᠨ ᠭᠠᠭ᠍ᠴᠠᠭᠠᠷ ᠰᠠᠭᠤᠭ᠎ᠠ ᠨᠠᠰᠤᠲᠠᠢᠴᠤᠳ᠎ᠲᠤ 《ᠨᠢᠭᠡ ᠬᠥᠮᠦᠨ᠎ᠳᠦ ᠨᠢᠭᠡ ᠲᠠᠩᠰᠠ ᠡᠪᠬᠡᠮᠡᠯ》 ᠪᠠᠢᠭᠤᠯᠵᠤ᠂ ᠰᠠᠢᠨ ᠲᠤᠷᠠᠴᠤᠳ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠡᠷ᠎ᠲᠦᠨᠢ ᠬᠦᠷᠴᠦ᠍ ᠦᠶ᠋ᠯᠡᠴᠢᠯᠡᠭᠡ ᠬᠠᠩᠭᠠᠵᠤ᠂ ᠨᠡᠢᠲᠡ 200 ᠭᠠᠷᠤᠢ ᠬᠤᠪᠢ ᠲᠤᠰᠠᠯᠠᠬᠤ ᠪᠠᠭᠠᠵᠢ ᠭᠡᠷᠡᠭᠰᠡᠯ ᠬᠦᠷᠭᠡᠵᠦ᠂ ᠣᠷᠣᠱᠢᠨ ᠲᠣᠭ᠍ᠲᠠᠨᠢᠬᠤ ᠭᠡᠷᠡᠴᠢᠯᠡᠯᠲᠡ᠎ᠶ᠋ᠢ ᠣᠷᠣᠯᠠᠨ ᠭᠦᠶ᠋ᠴᠡᠳᠭᠡᠬᠦ᠌ ᠵᠡᠷᠭᠡ ᠣᠯᠠᠨ ᠨᠡᠢᠲᠡ᠎ᠶ᠋ᠢᠨ ᠦᠶ᠋ᠯᠡᠴᠢᠯᠡᠭᠡ ᠵᠢ 500 ᠭᠠᠷᠤᠶ ᠤᠳᠠᠭ᠎ᠠ ᠦᠷᠨᠢᠬᠦᠯᠪᠡ; ᠨᠡᠢᠭᠡᠮ ᠲᠣᠭᠣᠷᠢᠭ᠎ᠤᠨ ᠱᠢᠲᠠᠷ᠎ᠠ᠎ᠶ᠋ᠢᠨ ᠥᠷᠥᠭᠡ᠂ ᠰᠣᠶᠣᠯ ᠲᠠᠮᠢᠷ᠎ᠤᠨ ᠬᠥᠳᠡᠯᠭᠡᠭᠡᠨ᠎ᠦ ᠲᠥᠪ᠎ᠢ ᠴᠢᠯᠦᠭᠡᠲᠡᠢ ᠨᠡᠭᠡᠭᠡᠵᠦ᠂ 《ᠨᠠᠰᠤᠲᠠᠢᠴᠤᠳ᠎ᠤᠨ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ》᠂ 《ᠶᠢᠰᠦᠨ ᠰᠠᠷ᠎ᠠ᠎ᠶ᠋ᠢᠨ ᠶᠢᠰᠦᠨ᠎ᠦ ᠪᠠᠶᠠᠷ᠎ᠤᠨ ᠤᠷᠠᠨ ᠰᠠᠢᠬᠠᠨ᠎ᠤ ᠲᠣᠭ᠍ᠯᠠᠯᠲᠠ》 ᠵᠡᠷᠭᠡ ᠠᠵᠢᠯᠯᠠᠭ᠎ᠠ᠎ᠶ᠋ᠢ ᠡᠷᠭᠢᠯᠡᠪᠡ᠃

ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠪᠠᠭᠠᠴᠤᠳ ᠬᠡᠦᠬᠡᠳ᠎ᠢ ᠬᠠᠷᠠᠭᠠᠯᠵᠠᠪᠠ
ᠨᠡᠢᠭᠡᠮ ᠲᠣᠭᠣᠷᠢᠭ᠎ᠤᠨ ᠣᠲᠣ᠎ᠶ᠋ᠢᠨ ᠪᠠᠢᠭ᠎ᠠ ᠨᠡᠭᠦᠳᠡᠯ ᠬᠡᠦᠬᠡᠳ᠂ ᠬᠦᠴᠢᠷᠳᠡᠯᠲᠡᠶ ᠬᠡᠦᠬᠡᠳ᠎ᠲᠤ ᠴᠢᠭ᠌ᠯᠡᠭᠦᠯᠦᠨ᠂ ᠨᠡᠢᠭᠡᠮ ᠲᠣᠭᠣᠷᠢᠭ᠎ᠨᠢ 《ᠪᠠᠢᠳᠠᠯ᠎ᠢ ᠤᠢᠯᠠᠭᠠᠨ ᠵᠢᠭ᠍ᠰᠠᠭᠠᠬᠤ + ᠲᠥᠷᠥᠯ ᠬᠤᠪᠢᠶᠠᠨ ᠬᠠᠯᠠᠮᠵᠢᠯᠠᠬᠤ》 ᠵᠠᠭ᠍ᠪᠤᠷ᠎ᠢ ᠬᠡᠷᠡᠭ᠌ᠯᠡᠵᠦ᠍᠂ ᠬᠡᠦᠬᠡᠳ ᠨᠢᠭᠡ ᠪᠦᠷᠢ᠎ᠶ᠋ᠢ ᠲᠤᠢᠯ᠎ᠤᠨ ᠣᠨᠣᠪᠴᠢᠲᠠᠶ᠎ᠪᠠᠷ ᠬᠠᠪᠰᠤᠷᠤᠨ ᠲᠡᠳᠬᠦᠬᠦ᠌᠎ᠶ᠋ᠢ ᠦᠨᠡᠨ ᠬᠦ᠌ ᠪᠠᠲᠤᠯᠠᠪᠠ᠃ ᠨᠡᠢᠭᠡᠮ ᠲᠤᠭᠤᠷᠢᠭ᠎ᠦᠨ ᠠᠵᠢᠯᠲᠠᠳ 《ᠲᠤᠤᠷᠵᠢᠯ — ᠨᠡᠢᠭᠡᠮ ᠲᠣᠭᠣᠷᠢᠭ — ᠬᠠᠮᠲᠤ ᠪᠠᠷ ᠪᠠᠢᠭᠤᠯᠬᠤ ᠨᠢᠭᠡᠴᠢ》 ᠭᠤᠷᠪᠠᠨ ᠱᠠᠲᠤ᠎ᠪᠠᠷ ᠬᠣᠯᠪᠣᠭᠠᠯᠠᠨ ᠬᠥᠳᠡᠯᠦᠯᠴᠡᠬᠦ᠌᠎ᠪᠡᠷ ᠳᠠᠮᠵᠢᠨ᠂ ᠰᠠᠷ᠎ᠠ ᠪᠦᠷᠢ ᠨᠢᠭᠡ ᠤᠳᠠᠭ᠎ᠠ ᠡᠷᠦᠬᠡ᠎ᠳᠦ ᠬᠦᠷᠴᠦ᠍ ᠪᠠᠢᠳᠠᠯ᠎ᠢ ᠣᠢᠯᠠᠭᠠᠵᠤ᠂ ᠬᠡᠥᠬᠡᠳ᠎ᠤᠨ ᠬᠡᠷ ᠪᠦᠯᠢ᠎ᠶ᠋ᠢᠨ ᠪᠠᠢᠳᠠᠯ᠂ ᠰᠤᠷᠤᠯᠴᠠᠬᠤ ᠬᠡᠷᠡᠭ᠌ᠴᠡᠭᠡ ᠱᠠᠭᠠᠷᠳᠠᠯᠭ᠎ᠠ᠂ ᠰᠡᠳᠭᠢᠴᠡ᠎ᠶ᠋ᠢᠨ ᠪᠠᠢᠳᠠᠯ᠎ᠢ ᠪᠠᠭ᠍ᠲᠠᠭᠠᠭ᠍ᠰᠠᠨ 《ᠬᠡᠦᠬᠡᠳ᠎ᠦᠨ ᠦᠰᠦᠨ ᠪᠣᠢᠵᠢᠯᠲᠠ᠎ᠶ᠋ᠢᠨ ᠲᠠᠩᠰᠠ ᠡᠪᠬᠡᠮᠡᠯ》 ᠢ᠋ ᠪᠠᠢᠭᠤᠯᠪᠠ; 《ᠨᠡᠭᠦᠳᠡᠯ ᠬᠡᠦᠬᠡᠳ᠎ᠦᠨ ᠬᠢᠴᠢᠶᠡᠯ᠎ᠦᠨ ᠭᠠᠳᠠᠨᠠᠬᠢ ᠬᠠᠪᠰᠤᠷᠤᠨ ᠵᠢᠯᠣᠭᠣᠳᠭᠤ ᠥᠷᠲᠡᠭᠡ》 ᠶ᠋ᠢ ᠪᠠᠢᠭᠤᠯᠵᠤ᠂ ᠤᠷᠠᠨ ᠪᠢᠴᠢᠯᠭᠡ᠂ ᠤᠷᠠᠨ ᠵᠢᠷᠤᠭ᠂ ᠳᠠᠭᠤᠤ ᠬᠥᠭ᠌ᠵᠢᠮ ᠵᠡᠷᠭᠡ ᠳᠤᠷ᠎ᠠ ᠰᠣᠨᠢᠷᠬᠠᠯᠲᠦ ᠵᠢᠭᠠᠨ ᠰᠤᠷᠭᠠᠯᠲᠠ ᠥᠷᠨᠢᠭᠦᠯᠵᠦ᠍᠂ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠪᠠᠰᠠ 《ᠪᠢ ᠪᠣᠯ ᠪᠢᠴᠢᠬᠠᠨ ᠭᠠᠯ ᠤᠨᠲᠠᠷᠠᠭᠠᠭ᠍ᠴᠢ》᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠤ ᠬᠦᠷᠬᠦ》 ᠵᠡᠷᠭᠡ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠪᠠ; ᠨᠡᠢᠭᠡᠮ ᠲᠤᠭᠤᠷᠢᠭ᠎ᠦᠨ ᠠᠵᠢᠯᠲᠠᠳ ᠲᠦᠷᠦᠭᠦᠯᠡᠨ 《ᠬᠠᠯᠠᠭᠤᠨ ᠰᠡᠳᠬᠢᠯᠲᠦ ᠡᠵᠢ》 ᠰᠠᠢᠨ ᠳᠤᠷᠠᠴᠤᠳ᠎ᠤᠨ ᠪᠦᠯᠬᠦᠮ ᠨᠡᠢᠲᠡ᠎ᠶ᠋ᠢ ᠵᠣᠬᠢᠶᠠᠨ ᠪᠠᠢᠭᠤᠯᠵᠤ᠂ ᠬᠦᠴᠢᠷᠳᠡᠯᠲᠡᠶ ᠬᠡᠦᠬᠡᠳ᠎ᠢ ᠬᠠᠪᠰᠤᠷᠤᠨ ᠲᠡᠳᠬᠦᠵᠦ᠂ ᠪᠢᠴᠢᠭ᠎ᠦᠨ ᠪᠣᠭ᠍ᠴᠣ᠂ ᠪᠢᠴᠢᠭ᠎ᠦᠨ ᠬᠡᠷᠡᠭ᠌ᠰᠡᠯ ᠵᠡᠷᠭᠡ ᠡᠳ᠋ ᠪᠣᠳᠠᠰ᠎ᠤᠨ ᠲᠤᠰᠠᠯᠠᠮᠵᠢ ᠬᠠᠩᠭᠠᠭ᠍ᠰᠠᠨ᠎ᠢᠶᠠᠷ ᠪᠠᠷᠠᠬᠤ ᠥᠬᠡᠶ᠂ ᠪᠠᠰᠠ ᠬᠢᠴᠢᠶᠡᠯ ᠲᠥᠷᠥᠯ᠎ᠦᠨ ᠵᠢᠯᠣᠭᠣᠳᠣᠯᠭ᠎ᠠ᠂ ᠰᠡᠳᠭᠢᠴᠡ᠎ᠶ᠋ᠢᠨ ᠵᠢᠯᠣᠭᠣᠳᠣᠯᠭ᠎ᠠ ᠵᠡᠷᠭᠡ ᠦᠶ᠋ᠯᠡᠴᠢᠯᠡᠭᠡ ᠥᠷᠨᠢᠭᠦᠯᠪᠡ᠃
(ᠬᠡᠷᠡᠯ ᠵᠢᠷᠤᠭ ᠤ᠋ᠳ ᠪᠤᠯ ᠨᠡᠢᠭᠡᠮ ᠲᠤᠭᠤᠷᠢᠭ᠎ᠤᠨ ᠠᠵᠢᠯᠲᠠᠨ ᠪᠠ ᠰᠠᠢᠨ ᠳᠤᠷᠠᠴᠤᠳ᠎ᠤᠨ ᠦᠢᠯᠡᠴᠢᠯᠡᠬᠡ ᠦᠷᠨᠢᠬᠦᠯᠵᠦ ᠪᠠᠢᠭ᠎ᠠ ᠬᠡᠰᠡᠭ ᠦᠵᠡᠬᠳᠡᠯ ᠪᠠᠢᠵᠦ᠂ ᠰᠤᠷᠲᠠᠯ ᠨᠡᠢᠭᠡᠮ ᠲᠤᠭᠤᠷᠢᠭ ᠡᠴᠡ ᠬᠠᠩᠭᠠᠪᠠ)