ᠨᠡᠬᠦᠳᠡᠯ ᠨᠠᠮ᠎ᠤᠨ ᠬᠡᠰᠢᠬᠦᠨ᠎ᠤ ᠬᠤᠪᠢᠷᠠᠰᠢ ᠦᠬᠡᠢ ᠤᠬ ᠰᠠᠨᠠᠭ᠎ᠠ
2026-04-13 11:02:48
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

《ᠬᠡᠳᠦᠢᠪᠡᠷ ᠵᠢᠯ ᠲᠤᠷᠰᠢ ᠭᠠᠳᠠᠨ᠎ᠠ ᠭᠠᠵᠠᠷ ᠪᠠᠢᠭ᠎ᠠ ᠪᠣᠯᠪᠠᠴᠤ ᠨᠠᠮ᠎ᠤᠨ ᠵᠣᠬᠢᠶᠠᠨ ᠪᠠᠢᠭᠤᠯᠤᠯᠲᠠ᠎ᠠᠴᠠ ᠪᠢᠳᠡᠨ᠎ᠢ ᠢᠮᠠᠭᠲᠠ ᠰᠠᠨᠠᠭᠠᠯᠵᠠᠵᠤ᠂ ᠵᠢᠯ ᠴᠠᠭᠠᠨ ᠰᠠᠷ᠎ᠠ ᠪᠠᠶᠠᠷ ᠳᠤᠷᠠᠰᠬᠠᠯ᠎ᠤᠨ ᠡᠳᠦᠷ ᠪᠣᠯᠬᠤ ᠪᠦᠷᠢ ᠭᠡᠷ ᠲᠸ᠋ ᠬᠦᠷᠴᠦ ᠰᠤᠷᠪᠤᠯᠵᠢᠯᠠᠨ᠂ ᠬᠦᠴᠢᠷᠳᠡᠯ᠎ᠲᠠᠢ ᠪᠣᠯ ᠴᠠᠭ ᠲᠤᠬᠠᠢ ᠳ᠋ᠤᠨᠢ ᠬᠠᠪᠰᠤᠷᠴᠤ᠂ ᠬᠠᠮᠢᠭ᠎ᠠ ᠣᠴᠢᠭ᠍ᠰᠠᠨ ᠴᠤ᠌ ᠪᠢᠳᠡᠨ᠎ᠳᠤ 〈ᠭᠡᠷ ᠪᠦᠯᠢ〉 ᠵᠢᠨ ᠬᠠᠯᠠᠭᠤᠨ ᠳᠤᠯᠠᠭᠠᠨ᠎ᠢ ᠡᠳ᠋ᠯᠡᠭᠦᠯᠵᠡᠢ!》 ᠲᠦᠷᠦᠭᠦᠬᠡᠨ᠂ ᠨᠤᠲᠤᠭ ᠤᠰᠤᠨ᠎ᠤ᠎ᠪᠠᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠯᠠᠮᠵᠢᠯᠠᠯ᠎ᠤᠨ ᠲᠤᠬᠠᠢ ᠶᠠᠷᠢᠬᠤ᠎ᠳᠤ᠂ ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠋᠎ᠤᠨ ᠴᠠᠩ ᠴᠢᠩ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠳ᠋ᠦᠩ ᠴᠠᠩ ᠴᠢᠩ ᠨᠡᠢᠭᠡᠮ ᠲᠣᠭᠣᠷᠢᠭ᠋᠎ᠤᠨ ᠭᠠᠳᠠᠭ᠍ᠰᠢ ᠭᠠᠷᠴᠤ ᠠᠵᠢᠯ ᠬᠥᠳᠡᠯᠮᠦᠷᠢ ᠬᠢᠵᠦ ᠪᠠᠢᠭ᠎ᠠ ᠨᠡᠭᠦᠳᠡᠯ ᠨᠠᠮ᠎ᠤᠨ ᠭᠡᠰᠢᠭᠦᠨ ᠲᠢᠶᠠᠨ ᠴᠧᠨ ᠰᠡᠳᠬᠢᠯ ᠬᠥᠳᠡᠯᠦᠨ ᠶᠠᠷᠢᠵᠤ ᠪᠠᠢᠯ᠎ᠠ᠃

ᠵᠢᠨᠢᠩ ᠲᠣᠭᠣᠷᠢᠭ᠋᠎ᠤᠨ ᠬᠢᠨ ᠭᠣᠣᠯ ᠬᠤᠳᠠ᠎ᠶᠢᠨ ᠲᠣᠭᠣᠷᠢᠭ᠋᠎ᠤᠨ ᠨᠡᠭᠦᠳᠡᠯ ᠨᠠᠮ᠎ᠤᠨ ᠭᠡᠰᠢᠭᠦᠨ ᠴᠢᠳᠠᠪᠤᠷᠢᠲᠠᠨ᠎ᠤ ᠳᠠᠪᠠᠭᠤᠯᠢᠭ᠋᠎ᠲᠤ ᠰᠠᠭᠤᠷᠢᠯᠠᠵᠤ᠂ ᠦᠢᠯᠡᠴᠢᠯᠡᠬᠦ ᠪᠠ ᠬᠠᠮᠢᠶᠠᠷᠬᠤ᠎ᠶᠢ ᠵᠡᠷᠭᠡ ᠪᠡᠷ ᠴᠢᠬᠤᠯᠠᠴᠢᠯᠠᠬᠤ᠂ ᠬᠦᠴᠦᠨ ᠣᠯᠭᠣᠬᠤ ᠪᠠ ᠬᠥᠲᠥᠯᠥᠨ ᠳᠠᠭᠠᠭᠤᠯᠬᠤ᠎ᠶᠢ ᠵᠡᠷᠭᠡ ᠪᠡᠷ ᠠᠳᠬᠤᠬᠤ᠎ᠶᠢ ᠪᠠᠷᠢᠮᠲᠠᠯᠠᠵᠤ᠂ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ᠎ᠪᠡᠷ ᠪᠠᠲᠤᠯᠠᠭ᠎ᠠ᠎ᠶᠢ ᠴᠢᠩᠭᠠᠳᠬᠠᠵᠤ᠂ ᠣᠨᠴᠠᠯᠢᠭ᠍ᠲᠤ ᠲᠠᠪᠴᠠᠩ ᠪᠠᠢᠭᠤᠯᠵᠦ᠂ ᠨᠡᠭᠦᠳᠡᠯ ᠨᠠᠮ᠎ᠤᠨ ᠭᠡᠰᠢᠭᠦᠨ᠎ᠤ ᠤᠯᠠᠨ ᠲᠦᠮᠡᠨ᠎ᠳᠦ ᠦᠢᠯᠡᠴᠢᠯᠡᠬᠦ᠂ ᠨᠤᠲᠤᠭ ᠤᠰᠤ᠎ᠪᠠᠨ ᠪᠠᠢᠭᠤᠯᠬᠤ ᠦᠢᠯᠡᠳᠦᠯᠭᠡ ᠳᠤᠮᠳᠠ ᠪᠡᠶ᠎ᠡ ᠢ᠋ᠢᠨ ᠭᠠᠷᠤᠯ ᠢ᠋ᠢᠡᠨ ᠢᠯᠡ ᠪᠠᠢᠯᠭᠠᠨ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠬᠦ᠎ᠶᠢ ᠪᠠᠲᠤᠯᠠᠪᠠ᠃

ᠨᠡᠭᠦᠳᠡᠯ ᠨᠠᠮ᠎ᠤᠨ ᠭᠡᠰᠢᠭᠦᠨ᠎ᠦ ᠬᠠᠮᠢᠶᠠᠷᠤᠯᠲᠠ ᠦᠢᠯᠡᠴᠢᠯᠡᠭᠡᠨ᠎ᠦ 《ᠵᠠᠮ ᠬᠣᠯᠠ᠂ ᠬᠣᠯᠪᠣᠭ᠎ᠠ ᠠᠪᠬᠤ᠎ᠳᠤ ᠬᠦᠴᠢᠷ᠂ ᠦᠢᠯᠡᠴᠢᠯᠡᠭᠡ ᠰᠤᠯᠠ ᠪᠠᠢᠬᠤ》 ᠵᠡᠷᠭᠡ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠵᠢᠨᠢᠩ ᠲᠣᠭᠣᠷᠢᠭ᠋ ᠨᠡᠭᠦᠳᠡᠯ ᠨᠠᠮ᠎ᠤᠨ ᠭᠡᠰᠢᠭᠦᠨ᠎ᠦ ᠬᠣᠯᠪᠣᠭ᠎ᠠ ᠠᠪᠬᠤ ᠳᠤᠭᠤᠢᠯᠠᠩ ᠪᠠᠢᠭᠤᠯᠵᠤ᠂ 1 ᠬᠤᠯᠪᠤᠭ᠎ᠠ ᠠᠪᠬᠤ ᠺᠠᠳ᠋ᠷ ᠡᠴᠡ 1 ᠨᠡᠭᠦᠲᠡᠯ ᠨᠠᠮ᠎ᠤᠨ ᠬᠡᠰᠢᠭᠦᠨ ᠲᠠᠢ ᠬᠠᠷᠢᠯᠴᠠᠬᠤ᠂ 1 ᠬᠤᠯᠪᠤᠭ᠎ᠠ ᠠᠪᠬᠤ ᠺᠠᠳ᠋ᠷ ᠡᠴᠡ ᠤᠯᠠᠨ ᠨᠡᠭᠦᠲᠡᠯ ᠨᠠᠮ᠎ᠤᠨ ᠬᠡᠰᠢᠭᠦᠨ ᠲᠠᠢ ᠬᠠᠷᠢᠯᠴᠠᠬᠤ ᠬᠠᠪᠰᠤᠷᠤᠯᠴᠠᠭ᠎ᠠ ᠪᠤᠯᠬᠤ ᠬᠠᠷᠢᠯᠴᠠᠬᠤ ᠲᠤᠬᠲᠠᠴᠠ ᠵᠢ ᠪᠠᠢᠭᠤᠯᠵᠤ᠂ ᠬᠠᠷᠢᠯᠴᠠᠬᠤ ᠺᠠᠳ᠋ᠷ ᠨᠢᠭᠡ ᠪᠦᠷᠢ ᠨᠡᠭᠦᠳᠡᠯ ᠨᠠᠮ᠎ᠤᠨ ᠭᠡᠰᠢᠭᠦᠨ᠎ᠲᠠᠢ ᠲᠣᠭᠲᠠᠭᠰᠠᠨ ᠴᠠᠬ᠎ᠲᠤ ᠬᠠᠷᠢᠯᠴᠠᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠠᠷ᠎ᠠ ᠪᠦᠷᠢ ᠤᠲᠠᠰᠤ᠂ ᠵᠢᠷᠭᠢᠶ᠎ᠡ᠂ ᠸᠢᠳᠢᠤ᠋ ᠵᠡᠷᠭᠡ ᠬᠡᠯᠪᠡᠷᠢ᠎ᠪᠡᠷ ᠨᠡᠭᠦᠳᠡᠯ ᠨᠠᠮ᠎ᠤᠨ ᠭᠡᠰᠢᠭᠦᠨ᠎ᠦ ᠦᠵᠡᠯ ᠰᠠᠨᠠᠭᠠᠨ᠎ᠤ ᠬᠥᠳᠡᠯᠦᠯ ᠪᠠᠢᠳᠠᠯ᠂ ᠠᠵᠢᠯ ᠠᠮᠢᠳᠤᠷᠠᠯ᠎ᠤᠨ ᠪᠠᠢᠳᠠᠯ᠎ᠢ ᠤᠢᠯᠠᠭᠠᠨ᠂ ᠤᠯᠠᠷᠢᠯ ᠪᠦᠷᠢ᠎ᠳᠦ ᠰᠦᠯᠵᠢᠶᠡᠨ ᠳᠡᠭᠡᠷᠡᠬᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠠᠵᠢᠯᠯᠠᠭ᠎ᠠ ᠵᠡᠷᠭᠡ᠎ᠶᠢ ᠵᠣᠬᠢᠶᠠᠨ ᠪᠠᠢᠭᠤᠯᠵᠤ᠂ ᠨᠡᠭᠦᠳᠡᠯ ᠨᠠᠮ᠎ᠤᠨ ᠭᠡᠰᠢᠭᠦᠨ᠎ᠢ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠵᠢᠷᠤᠮᠵᠢᠯ᠎ᠲᠠᠢ ᠣᠷᠣᠯᠴᠠᠬᠤ᠎ᠶᠢ ᠱᠠᠯᠠᠪᠳᠠᠭᠤᠯᠵᠤ᠂ ᠵᠣᠬᠢᠶᠠᠨ ᠪᠠᠢᠭᠤᠯᠤᠯᠲᠠ᠎ᠶᠢᠨ ᠬᠠᠷᠢᠴᠠᠭ᠎ᠠ 《ᠲᠠᠰᠤᠷᠠᠬᠤ ᠦᠭᠡᠢ》᠂ ᠨᠠᠮ᠎ᠤᠨ ᠭᠡᠰᠢᠭᠦᠨ᠎ᠦ ᠬᠥᠮᠦᠵᠢᠯ᠎ᠦᠨ 《ᠡᠩᠨᠡᠭᠡ᠎ᠡᠴᠡ ᠬᠣᠴᠣᠷᠬᠤ ᠦᠭᠡᠢ ᠪᠠᠢᠬᠤ》 ᠶ᠋ᠢ ᠪᠠᠲᠤᠯᠠᠪᠠ᠃

ᠡᠭᠦᠨ᠎ᠦ ᠬᠠᠮᠲᠤ ᠨᠡᠭᠦᠳᠡᠯ ᠨᠠᠮ᠎ᠤᠨ ᠭᠡᠰᠢᠭᠦᠨ᠎ᠦ ᠭᠡᠷ ᠪᠦᠯᠢ᠎ᠶᠢᠨ ᠪᠠᠢᠩᠭᠤᠵᠢᠬᠰᠠᠨ ᠰᠤᠷᠪᠤᠯᠵᠢᠯᠠᠬᠤ ᠲᠣᠭᠲᠠᠴᠠ᠎ᠶᠢ ᠪᠠᠢᠭᠤᠯᠵᠤ᠂ ᠴᠠᠭ ᠲᠤᠬᠠᠢ ᠳ᠋ᠤᠨᠢ ᠬᠠᠨᠳᠤᠯᠭᠠᠲᠤ ᠴᠢᠨᠠᠷᠲᠠᠢ᠎ᠪᠠᠷ ᠬᠠᠪᠰᠤᠷᠤᠨ ᠲᠡᠳᠬᠦᠪᠡ᠃ ᠴᠢᠩᠭ᠎ᠠ ᠬᠠᠮᠢᠶᠠᠷᠴᠤ ᠢᠯᠡᠭᠦᠭᠡᠨ ᠬᠠᠢᠷᠠᠯᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠨᠢᠭᠡ ᠲᠠᠯ᠎ᠠ᠎ᠪᠠᠷ ᠪᠠᠲᠤᠯᠠᠭ᠎ᠠ᠎ᠶᠢᠨ ᠲᠤᠯᠭᠠᠭᠤᠷᠢᠯᠠᠯ᠎ᠢ ᠴᠢᠩᠭᠠᠳᠬᠠᠵᠤ᠂ ᠨᠢᠳᠤᠨᠤᠨ ᠡᠴᠡ ᠨᠠᠭᠠᠰᠢ ᠨᠠᠮ᠎ᠤᠨ ᠰᠦᠢᠳᠬᠡᠯ ᠡᠴᠡ 2 ᠲᠦᠮᠡᠨ ᠲᠥᠭᠥᠷᠢᠭ ᠭᠠᠷᠭᠠᠵᠦ᠂ ᠨᠡᠭᠦᠳᠡᠯ ᠨᠠᠮ᠎ᠤᠨ ᠭᠡᠰᠢᠭᠦᠨ᠎ᠢ ᠬᠥᠮᠥᠵᠢᠭᠦᠯᠦᠨ ᠪᠣᠯᠪᠠᠰᠤᠷᠠᠭᠤᠯᠬᠤ᠂ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠬᠦ ᠵᠡᠷᠭᠡ ᠠᠵᠢᠯ᠎ᠳᠤ ᠲᠤᠰᠬᠠᠢ ᠬᠡᠷᠡᠭᠯᠡᠪᠡ; ᠨᠥᠭᠥᠭᠡ ᠲᠠᠯ᠎ᠠ᠎ᠪᠠᠷ ᠨᠠᠮ᠎ᠤᠨ ᠭᠡᠰᠢᠭᠦᠨ᠎ᠦ ᠡᠩᠨᠡᠭᠡᠨ᠎ᠦ ᠪᠠᠢᠭᠤᠯᠤᠯᠲᠠ᠎ᠶᠢ ᠵᠢᠷᠤᠮᠵᠢᠭᠤᠯᠵᠤ᠂ ᠣᠷᠳᠣ᠌ ᠬᠤᠭᠤᠴᠠᠭ᠎ᠠ᠎ᠪᠠᠷ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠳᠤ ᠣᠷᠣᠯᠴᠠᠬᠤ ᠦᠭᠡᠢ᠂ ᠨᠠᠮ᠎ᠤᠨ ᠰᠦᠢᠳᠬᠡᠯ ᠲᠤᠰᠢᠶᠠᠬᠤ ᠦᠭᠡᠢ᠂ ᠨᠠᠮ᠎ᠤᠨ ᠵᠣᠬᠢᠶᠠᠨ ᠪᠠᠢᠭᠤᠯᠤᠯᠲᠠ ᠡᠴᠡ ᠣᠯᠠᠨᠲᠠ ᠰᠠᠨᠠᠭᠤᠯᠵᠤ ᠬᠥᠮᠥᠵᠢᠭᠦᠯᠦᠭᠰᠡᠨ ᠪᠣᠯᠪᠠᠴᠤ ᠮᠥᠨ ᠯᠡ ᠬᠠᠯᠠᠨ ᠰᠠᠢᠵᠢᠷᠠᠭᠤᠯᠤᠭᠰᠠᠨ ᠦᠭᠡᠢ 2 ᠨᠡᠭᠦᠳᠡᠯ ᠨᠠᠮ᠎ᠤᠨ ᠭᠡᠰᠢᠭᠦᠨ᠎ᠢ ᠲᠣᠭᠲᠠᠭᠠᠯ ᠶᠣᠰᠣᠭᠠᠷ ᠢᠯᠭᠠᠷᠠᠭᠤᠯᠤᠨ ᠭᠠᠷᠭᠠᠵᠤ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠵᠢ ᠬᠡᠷᠡᠭᠵᠢᠬᠦᠯᠪᠡ᠃

ᠨᠡᠭᠦᠳᠡᠯ ᠨᠠᠮ᠎ᠤᠨ ᠭᠡᠰᠢᠭᠦᠨ᠎ᠦ ᠲᠤᠰᠬᠠᠢ ᠮᠡᠷᠭᠡᠵᠢᠯ᠎ᠦᠨ ᠲᠠᠪᠠᠭᠤᠯᠢᠬ᠂ ᠠᠵᠢᠯ ᠡᠷᠬᠢᠯᠡᠬᠦ ᠣᠨᠴᠠᠯᠢᠭ᠋᠎ᠤᠨ ᠲᠤᠭᠤᠷᠢᠨ᠎ᠳᠤ᠂ ᠵᠢᠨᠢᠩ ᠲᠣᠭᠣᠷᠢᠭ᠋᠎ᠤᠨ ᠬᠢᠨ ᠦᠢᠯᠡᠳᠦᠯ᠎ᠢ ᠪᠠᠳᠠᠷᠠᠭᠤᠯᠬᠤ ᠲᠠᠪᠴᠠᠩ᠎ᠢ ᠤᠨᠢᠨ ᠳᠡᠭᠡᠷ᠎ᠡ ᠨᠢ ᠪᠠᠢᠭᠤᠯᠵᠤ᠂ ᠨᠡᠭᠦᠳᠡᠯ ᠨᠠᠮ᠎ᠤᠨ ᠭᠡᠰᠢᠭᠦᠨ᠎ᠤ ᠥᠪᠡᠷ ᠥᠪᠡᠷ᠎ᠦᠨ ᠴᠢᠳᠠᠪᠤᠷᠢ᠎ᠪᠠᠨ ᠪᠠᠳᠠᠷᠠᠭᠤᠯᠤᠨ᠂ ᠳᠠᠪᠠᠭᠤᠯᠢᠭ᠋᠎ᠢᠶᠠᠨ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠂ ᠨᠤᠲᠤᠭ ᠤᠰᠤᠨ᠎ᠤ ᠬᠥᠭᠵᠢᠯᠲᠡ ᠳᠤᠮᠳᠠ ᠨᠠᠮ᠎ᠤᠨ ᠭᠡᠰᠢᠭᠦᠨ᠎ᠦ ᠣᠣᠷ ᠴᠢᠨᠠᠷ ᠵᠢᠡᠨ ᠢᠯᠡᠷᠡᠭᠦᠯᠬᠦ᠎ᠶᠢ ᠪᠠᠲᠤᠯᠠᠪᠠ᠃ ᠡᠯ᠎ᠡ ᠲᠣᠰᠬᠣᠨ (ᠨᠡᠢᠭᠡᠮ ᠲᠣᠭᠣᠷᠢᠭ᠋) ᠨᠢ 《ᠲᠦᠷᠦ᠎ᠶᠢᠨ ᠪᠣᠳᠣᠯᠭ᠎ᠠ᠎ᠶᠢᠨ ᠤᠬᠠᠭᠤᠯᠤᠨ ᠲᠠᠢᠯᠪᠤᠷᠢᠯᠠᠭ᠍ᠴᠢ》᠂ 《ᠣᠷᠴᠢᠨ ᠲᠣᠭᠣᠷᠢᠨ᠎ᠤ ᠬᠢᠨᠠᠨ ᠵᠢᠯᠣᠭᠣᠳᠤᠭ᠍ᠴᠢ》᠂ 《ᠠᠷᠠᠳ᠎ᠤᠨ ᠪᠠᠢᠳᠠᠯ᠎ᠤᠨ ᠬᠣᠯᠪᠣᠭᠠᠴᠢᠨ》 ᠵᠡᠷᠭᠡ ᠣᠨᠴᠠᠯᠢᠭ᠍ᠲᠤ ᠠᠵᠢᠯ᠎ᠤᠨ ᠪᠠᠢᠷᠢ ᠭᠠᠷᠭᠠᠵᠤ᠂ ᠵᠠᠮ ᠬᠠᠷᠢᠯᠴᠠᠭᠠᠨ᠎ᠤ ᠡᠮᠬᠢ ᠲᠢᠭᠯᠢᠮ ᠢ᠋ ᠬᠠᠮᠠᠭᠠᠯᠠᠨ᠂ ᠠᠮᠤᠷ ᠢ᠋ ᠬᠠᠮᠠᠭᠠᠯᠠᠬᠤ ᠲᠤᠭᠤᠷᠢᠨ ᠪᠠᠢᠴᠠᠭᠠᠯᠲᠠ ᠬᠢᠬᠦ ᠡᠴᠡ ᠬᠠᠢᠷ᠎ᠠ ᠬᠠᠯᠠᠮᠵᠢ᠎ᠪᠠᠷ ᠬᠠᠪᠰᠤᠷᠤᠨ ᠲᠡᠳᠬᠦᠬᠦ᠂ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ ᠵᠡᠷᠭᠡ ᠠᠵᠢᠯᠯᠠᠭ᠎ᠠ᠎ᠶᠢ ᠢᠳᠡᠪᠬᠢᠲᠡᠢ ᠵᠤᠬᠢᠶᠠᠨ ᠪᠠᠢᠭᠤᠯᠤᠨ ᠦᠷᠨᠢᠬᠦᠯᠪᠡ᠃

ᠪᠡᠭᠡᠵᠢᠩ᠎ᠳᠦ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠠᠵᠢᠯ ᠬᠢᠵᠦ ᠪᠠᠢᠭ᠎ᠠ ᠨᠡᠭᠦᠳᠡᠯ ᠨᠠᠮ᠎ᠤᠨ ᠭᠡᠰᠢᠭᠦᠨ ᠰᠤᠶᠤᠯ ᠨᠤᠲᠤᠭ᠎ᠲᠠᠭᠠᠨ ᠪᠤᠴᠠᠬᠤ ᠪᠣᠯᠭᠠᠨ ᠰᠠᠨᠠᠭᠠᠴᠢᠯᠠᠭ᠎ᠠ ᠡᠴᠠ᠎ᠪᠠᠨ ᠴᠢᠦᠸᠠᠨ ᠱᠠᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠴᠠᠬᠠᠷ ᠨᠡᠢᠭᠡᠮ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ᠎ᠲᠠᠢ ᠬᠠᠷᠢᠴᠠᠵᠦ᠂ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠬᠡᠷᠡᠭᠴᠡᠭᠡ᠎ᠶᠢ ᠣᠢᠯᠠᠭᠠᠳᠠᠭ᠃ 《ᠣᠳᠣᠬᠠᠨ᠎ᠳᠤ ᠨᠡᠢᠭᠡᠮ ᠲᠣᠭᠣᠷᠢᠭ᠋᠎ᠤᠨ ᠵᠠᠰᠠᠯᠲᠠ᠎ᠳᠤ ᠴᠥᠮ ᠣᠶᠤᠨᠴᠢᠯᠠᠯᠲᠠ᠎ᠶᠢ ᠡᠷᠬᠢᠮᠯᠡᠵᠦ ᠪᠠᠢᠨ᠎ᠠ᠂ ᠪᠢ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ᠂ ᠨᠡᠢᠭᠡᠮ ᠲᠣᠭᠣᠷᠢᠭ᠋᠎ᠤᠨ ᠬᠠᠮᠢᠶᠠᠷᠤᠯᠲᠠ ᠶ᠋ᠢ ᠨᠡᠩ ᠥᠨᠳᠥᠷ ᠪᠦᠲᠦᠮᠵᠢᠲᠡᠶ ᠪᠣᠯᠭᠠᠬᠤ ᠰᠢᠰᠲᠸᠮ᠎ᠢ ᠪᠠᠢᠭᠤᠯᠬᠤ᠎ᠳᠤ ᠦᠢᠯᠡᠴᠢᠯᠡᠨ᠎ᠡ》᠃ ᠡᠨᠡ᠎ᠬᠦ ᠤᠭ ᠰᠠᠨᠠᠭ᠎ᠠ᠎ᠶᠢ ᠡᠪᠦᠷᠯᠡᠨ᠂ ᠰᠤᠶᠤᠯ ᠠᠵᠢᠯ᠎ᠤᠨ ᠴᠢᠯᠦᠭᠡᠨ᠎ᠦ ᠴᠠᠭ᠎ᠢᠶᠠᠨ ᠠᠰᠢᠭ᠍ᠯᠠᠨ᠂ ᠨᠡᠢᠭᠡᠮ ᠲᠣᠭᠣᠷᠢᠭ᠋᠎ᠲᠤ ᠵᠠᠰᠠᠯᠲᠠ᠎ᠶᠢᠨ ᠬᠠᠮᠲᠤ ᠪᠠᠷ ᠡᠳ᠋ᠯᠡᠬᠦ ᠲᠠᠪᠴᠠᠩ᠎ᠢ ᠦᠨ᠎ᠡ ᠲᠥᠯᠥᠪᠦᠷᠢ ᠦᠭᠡᠢ᠎ᠪᠡᠷ ᠪᠠᠢᠭᠤᠯᠤᠨ ᠦᠭᠴᠦ᠂ ᠰᠠᠭᠤᠭᠠᠯᠢ ᠠᠷᠠᠳ᠎ᠤᠨ ᠬᠦᠰᠡᠯ ᠱᠠᠭᠠᠷᠳᠠᠯᠭ᠎ᠠ ᠪᠠᠨ ᠰᠦᠯᠵᠢᠶᠡᠨ ᠳᠡᠭᠡᠷ᠎ᠡ ᠳᠤᠷᠠᠳᠬᠤ᠂ ᠦᠢᠯᠡᠴᠢᠯᠡᠭᠡᠨ᠎ᠦ ᠠᠬᠢᠴᠠ᠎ᠶᠢ ᠰᠦᠯᠵᠢᠶᠡᠨ ᠳᠡᠭᠡᠷ᠎ᠡ ᠪᠠᠢᠴᠠᠭᠠᠬᠤ᠎ᠶᠢ ᠪᠡᠶᠡᠯᠡᠭᠦᠯᠵᠦ᠂ ᠨᠡᠢᠭᠡᠮ ᠲᠣᠭᠣᠷᠢᠭ᠋᠎ᠤᠨ ᠵᠠᠰᠠᠯᠲᠠ᠎ᠶᠢ ᠠᠬᠢᠭᠤᠯᠪᠠ᠃

ᠡᠳᠦᠭᠡ᠂ ᠤᠯᠠᠮ ᠡᠴᠡ ᠤᠯᠠᠮ ᠤᠯᠠᠨ ᠨᠡᠭᠦᠳᠡᠯ ᠨᠠᠮ᠎ᠤᠨ ᠭᠡᠰᠢᠭᠦᠨ ᠰᠠᠨᠠᠭᠠᠴᠢᠯᠠᠭ᠎ᠠ ᠡᠴᠡ᠎ᠪᠠᠨ ᠦᠨᠳᠦᠰᠦᠨ ᠱᠠᠲᠤᠨ᠎ᠳᠤ ᠠᠭᠤᠰᠤᠯᠴᠠᠵᠤ᠂ ᠤᠯᠠᠨ ᠲᠦᠮᠡᠨ᠎ᠳᠦ ᠦᠢᠯᠡᠴᠢᠯᠡᠵᠦ᠂ ᠨᠤᠲᠤᠭ ᠤᠰᠤ᠎ᠪᠠᠨ ᠲᠡᠳᠬᠦᠬᠦ ᠪᠣᠯᠵᠠᠢ᠃ 《ᠵᠢᠨᠢᠩ ᠲᠣᠭᠣᠷᠢᠭ᠋᠎ᠤᠨ ᠬᠢᠨ ᠨᠡᠭᠦᠳᠡᠯ ᠨᠠᠮ᠎ᠤᠨ ᠭᠡᠰᠢᠭᠦᠨ᠎ᠦ ᠬᠥᠮᠦᠵᠢᠯ ᠬᠠᠮᠢᠶᠠᠷᠤᠯᠲᠠ ᠦᠢᠯᠡᠴᠢᠯᠡᠭᠡᠨ᠎ᠦ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠬᠠᠷᠢᠯᠴᠠᠵᠦ ᠦᠢᠯᠡᠴᠢᠯᠡᠬᠦ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠤᠨ᠂ ᠤᠷᠮᠠᠰᠢᠭᠤᠯᠬᠤ ᠠᠷᠭ᠎ᠠ ᠬᠡᠮᠵᠢᠶ᠎ᠡ᠎ᠶᠢ ᠴᠢᠩᠭᠠᠳᠬᠠᠨ᠂ ᠨᠡᠭᠦᠳᠡᠯ ᠨᠠᠮ᠎ᠤᠨ ᠭᠡᠰᠢᠭᠦᠨ᠎ᠤ ᠬᠥᠭᠵᠢᠯᠲᠡ᠎ᠳᠦ ᠦᠢᠯᠡᠴᠢᠯᠡᠬᠦ᠂ ᠤᠯᠠᠨ ᠲᠦᠮᠡᠨ᠎ᠳᠦ ᠦᠢᠯᠡᠴᠢᠯᠡᠬᠦ ᠳᠤᠮᠳᠠ ᠬᠦᠴᠦᠨ ᠴᠢᠳᠠᠯ᠎ᠢᠶᠠᠨ ᠡᠷᠬᠦᠬᠦ᠎ᠶᠢ ᠬᠦᠲᠦᠯᠦᠨ ᠵᠢᠯᠤᠭᠤᠳᠤᠨ᠎ᠠ》 ᠭᠡᠵᠦ ᠵᠢᠨᠢᠩ ᠲᠣᠭᠣᠷᠢᠭ᠋᠎ᠤᠨ ᠨᠠᠮ᠎ᠤᠨ ᠬᠣᠷᠢᠶᠠᠨ᠎ᠤ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠶᠤᠸᠠᠢ ᠯᠢᠶᠠᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号