ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ ᠪᠣᠯ ᠰᠣᠶᠣᠯ᠎ᠤᠨ ᠵᠥᠭᠡᠯᠡᠨ ᠪᠣᠳᠠᠲᠤ ᠬᠦᠴᠦᠨ᠎ᠦ ᠴᠢᠬᠤᠯᠠ ᠪᠦᠷᠢᠯᠳᠦᠭᠦᠨ ᠬᠡᠰᠡᠭ ᠮᠥᠨ᠂ ᠰᠣᠶᠣᠯ᠎ᠤᠨ ᠢᠲᠡᠭᠡᠯ᠎ᠢᠶᠡᠨ ᠨᠡᠮᠡᠭᠳᠡᠭᠦᠯᠵᠦ᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠬᠤ ᠴᠢᠬᠤᠯᠠ ᠭᠠᠷᠳᠠᠴᠠ ᠮᠥᠨ᠃ ᠶᠡᠷᠦᠩᠬᠡᠢ ᠱᠦᠵᠢ ᠰᠢ ᠵᠢᠨ ᠫᠢᠩ᠄ 《ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ ᠵᠢ ᠴᠢᠷᠮᠠᠢᠨ ᠳᠡᠭᠡᠭᠰᠢᠯᠡᠭᠦᠯᠵᠦ᠂ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠲᠡᠢ》 ᠭᠡᠵᠦ ᠴᠢᠬᠤᠯᠠᠴᠢᠯᠠᠪᠠ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠳᠦ 《ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ》᠂《ᠰᠣᠶᠣᠯ᠎ᠤᠨ ᠪᠠᠢᠭᠤᠯᠤᠯᠲᠠ᠎ᠳᠦ ᠲᠣᠭᠠᠴᠢᠯᠠᠯᠳᠠ ᠣᠶᠣᠨᠴᠢᠯᠠᠯᠳᠠ ᠵᠢᠨ ᠡᠨ᠋ᠸᠷᠬᠢ ᠣᠯᠭᠣᠬᠣ᠂ ᠮᠡᠳᠡᠭᠡ ᠵᠠᠩᠭᠢᠵᠢᠯᠲᠠ᠎ᠶᠢᠨ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠤᠨ᠎ᠠ》 ᠭᠡᠵᠦ ᠳᠤᠷᠠᠳᠴᠠᠢ᠃ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ ᠲᠦᠷᠭᠡᠨ ᠣᠶᠤᠨᠴᠢᠯᠠᠬᠤ ᠲᠡᠢᠰᠢ ᠠᠬᠢᠵᠤ᠂ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢᠨ ᠪᠠᠢᠭᠤᠯᠤᠯᠲᠠ ᠨᠢᠭᠡᠨᠲᠡ ᠺᠣᠮᠫᠢᠦ᠋ᠲᠧᠷ᠂ ᠢᠨᠲ᠋ᠸᠷ ᠰᠦᠯᠵᠢᠶᠡᠨ᠎ᠦ ᠮᠡᠷᠭᠡᠵᠢᠯ᠎ᠢ ᠠᠰᠢᠭ᠍ᠯᠠᠨ ᠲᠣᠭᠠᠴᠢᠯᠠᠭᠰᠠᠨ ᠥᠭᠡᠷᠡᠴᠢᠯᠡᠯᠲᠡ ᠬᠢᠵᠦ ᠪᠠᠢᠭᠰᠠᠨ᠎ᠠᠴᠠ ᠪᠠᠨ ᠵᠣᠬᠢᠶᠠᠮᠠᠯ ᠤᠶᠤᠨ ᠴᠢᠳᠠᠪᠤᠷᠢ᠎ᠶᠢᠨ ᠭᠣᠣᠯᠯᠠᠬᠤ ᠮᠡᠷᠭᠡᠵᠢᠯ᠎ᠡᠴᠡ ᠡᠨᠧᠷᠭᠢ ᠣᠯᠵᠤ ᠬᠦᠭᠵᠢᠬᠦ ᠰᠢᠨ᠎ᠡ ᠱᠠᠲᠤᠨ᠎ᠳᠤ ᠣᠷᠣᠪᠠ᠃ ᠠᠭᠤᠯᠭ᠎ᠠ᠎ᠶᠢᠨ ᠵᠣᠬᠢᠶᠠᠨ ᠪᠦᠲᠦᠭᠡᠯᠭᠡ᠂ ᠮᠡᠷᠭᠡᠵᠢᠯ᠎ᠦᠨ ᠲᠤᠯᠭᠠᠭᠤᠷᠢᠯᠠᠯ᠂ ᠠᠵᠤ ᠦᠢᠯᠡᠰ᠎ᠦᠨ ᠰᠢᠰᠲᠧᠮ᠎ᠢ ᠬᠥᠭᠵᠢᠭᠦᠯᠬᠦ᠂ ᠪᠠᠢᠭᠤᠯᠤᠯ᠎ᠤᠨ ᠰᠢᠨ᠎ᠡ᠎ᠶᠢ ᠡᠭᠦᠳᠬᠦ᠎ᠶᠢ ᠲᠡᠭᠦᠯᠳᠡᠷᠵᠢᠭᠦᠯᠬᠦ ᠵᠡᠷᠭᠡ ᠲᠠᠯ᠎ᠠ᠎ᠠᠴᠠ ᠭᠠᠷᠳᠠᠵᠤ᠂ ᠲᠣᠭᠠᠴᠢᠯᠠᠯᠳᠠ ᠣᠶᠤᠨᠴᠢᠯᠠᠯᠳᠠ ᠵᠢᠨ ᠴᠠᠭ ᠦᠶ᠎ᠡ᠎ᠶᠢᠨ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠪᠤᠳᠤᠬᠤ ᠠᠷᠭ᠎ᠠ᠎ᠶᠢᠨ ᠡᠵᠡᠷᠬᠡᠭᠯᠡᠯᠢ ᠰᠡᠷᠭᠡᠢᠯᠡᠵᠦ᠂ ᠲᠣᠭᠠᠴᠢᠯᠠᠯᠲᠠ᠎ᠶᠢᠨ ᠡᠷᠬᠡ ᠮᠡᠳᠡᠯ᠎ᠢ ᠴᠢᠩᠭᠠᠳᠬᠠᠵᠤ᠂ ᠤᠯᠤᠰ᠎ᠤᠨ ᠰᠣᠶᠣᠯ᠎ᠤᠨ ᠠᠮᠤᠷ ᠲᠦᠪᠰᠢᠨ᠎ᠦ ᠢᠯᠡᠳᠬᠡᠮᠵᠢ᠎ᠶᠢ ᠳᠡᠭᠡᠭᠰᠢᠯᠡᠭᠦᠯᠵᠦ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ᠃
ᠲᠣᠭᠠᠴᠢᠯᠠᠯᠳᠠ ᠣᠶᠤᠨᠴᠢᠯᠠᠯᠳᠠ ᠵᠢᠨ ᠴᠠᠭ ᠦᠶ᠎ᠡ᠎ᠶᠢᠨ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠦᠢᠯᠡᠳᠪᠦᠷᠢᠯᠡᠯ᠎ᠦᠨ ᠲᠠᠯ᠎ᠠ ᠡᠴᠡ ᠦᠵᠡᠯ ᠰᠠᠨᠠᠭ᠎ᠠ ᠭᠦᠨᠵᠡᠭᠡᠢ ᠂ ᠵᠣᠬᠢᠶᠠᠨ ᠪᠦᠲᠦᠭᠡᠭᠰᠡᠨ ᠨᠢ ᠨᠠᠷᠢᠯᠢᠭ᠋ ᠰᠣᠶᠣᠯ᠎ᠤᠨ ᠰᠣᠳᠣᠨ ᠪᠦᠲᠦᠭᠡᠯ᠎ᠢ ᠤᠯᠠᠨ ᠭᠠᠷᠭᠠᠬᠤ᠎ᠶᠢᠨ ᠬᠠᠮᠲᠤ ᠰᠣᠶᠣᠯ᠎ᠤᠨ ᠤᠤᠭᠠᠯ ᠡᠭᠦᠳᠦᠯᠲᠡ᠎ᠶᠢᠨ IP ᠪᠣᠯᠣᠨ ᠬᠣᠯᠪᠣᠭᠳᠠᠯ ᠪᠦᠬᠦᠢ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ ᠠᠵᠢᠯ ᠲᠦᠷᠦᠯ ᠠᠯᠤᠰᠯᠠᠨ ᠠᠭᠤᠰᠤᠯᠴᠠᠬᠤ ᠪᠠ ᠦᠷᠳᠡᠭ ᠠᠬᠢᠨ ᠨᠡᠮᠡᠭᠳᠡᠬᠦ ᠰᠠᠢᠨ ᠣᠷᠴᠢᠯ᠎ᠢ ᠪᠡᠶᠡᠯᠡᠭᠦᠯᠵᠦ ᠪᠣᠯᠣᠨ᠎ᠠ; ᠬᠡᠷᠡᠭᠯᠡᠭᠡᠨ᠎ᠦ ᠲᠠᠯ᠎ᠡ ᠡᠴᠡ ᠴᠢᠨᠠᠷ ᠰᠠᠢᠲᠠᠢ ᠰᠣᠶᠣᠯ᠎ᠤᠨ ᠬᠡᠷᠡᠭᠯᠡᠭᠡ ᠵᠢᠨ ᠡᠵᠡᠩᠨᠡᠯᠲᠡ᠎ᠶᠢᠨ ᠬᠡᠯᠪᠡᠷᠢ᠎ᠶᠢ ᠬᠥᠭᠵᠢᠭᠦᠯᠵᠦ ᠪᠣᠯᠣᠨ᠎ᠠ᠂ ᠢᠯᠠᠩᠭᠤᠶ᠎ᠠ ᠲᠣᠭᠠᠴᠢᠯᠠᠯᠳᠠ ᠣᠶᠣᠨᠴᠢᠯᠠᠯᠳᠠ ᠡᠴᠡ ᠡᠨ᠋ᠸᠷᠬᠢ ᠤᠯᠭᠤᠬᠤ᠎ᠳᠤ ᠰᠠᠭᠤᠷᠢᠯᠠᠨ᠂ ᠳᠠᠢᠴᠢᠯᠠᠬᠤ ᠬᠡᠪᠴᠢᠶ᠎ᠡ᠎ᠪᠡᠷ ᠥᠷᠭᠡᠨ᠂ ᠢᠯᠡᠷᠡᠭᠦᠯᠬᠦ ᠬᠡᠮᠵᠢᠶ᠎ᠡ᠎ᠪᠡᠷ ᠥᠨᠳᠥᠷ ᠰᠣᠶᠣᠯ᠎ᠤᠨ ᠬᠡᠷᠡᠭᠯᠡᠭᠡ ᠵᠢᠨ ᠰᠢᠨ᠎ᠡ ᠪᠠᠢᠳᠠᠯ᠎ᠢ ᠪᠣᠶ ᠪᠣᠯᠭᠠᠨ᠎ᠠ᠃ ᠰᠢᠨ᠎ᠡ ᠡᠯᠧᠮᠧᠨ᠋ᠲ ᠪᠠ ᠰᠢᠨ᠎ᠡ ᠮᠡᠷᠭᠡᠵᠢᠯ᠎ᠦᠨ ᠤᠶᠠᠯᠳᠤᠯ᠎ᠢᠶᠠᠷ ᠳᠠᠮᠵᠢᠨ᠂ ᠤᠯᠠᠨ ᠲᠦᠮᠡᠨ᠎ᠦ ᠠᠮᠢᠳᠤᠷᠠᠯ᠎ᠢ ᠲᠤᠰᠬᠠᠭᠰᠠᠨ᠂ ᠤᠯᠠᠨ ᠲᠦᠮᠡᠨ᠎ᠦ ᠬᠠᠢᠷ᠎ᠠ ᠰᠡᠳᠬᠢᠯᠭᠡ᠎ᠶᠢ ᠢᠯᠡᠳᠬᠡᠭᠰᠡᠨ᠂ ᠤᠯᠠᠨ ᠲᠦᠮᠡᠨ᠎ᠦ ᠤᠶᠤᠨ ᠰᠠᠨᠠᠭᠠᠨ᠎ᠤ ᠬᠡᠷᠡᠭᠴᠡᠭᠡ᠎ᠳᠦ ᠦᠢᠯᠡᠴᠢᠯᠡᠭᠰᠡᠨ ᠰᠣᠶᠣᠯ᠎ᠤᠨ ᠪᠦᠲᠦᠭᠡᠭᠳᠡᠬᠦᠨ᠎ᠢ ᠡᠭᠦᠳᠦᠨ ᠪᠦᠲᠦᠭᠡᠵᠦ᠂ ᠠᠷᠠᠳ ᠤᠯᠠᠨ᠎ᠤ ᠰᠣᠶᠣᠯ᠎ᠤᠨ ᠠᠰᠢᠭ᠋ ᠬᠦᠷᠲᠡᠭᠰᠡᠨ ᠲᠥᠷᠥᠭᠳᠡᠯ ᠪᠠ ᠵᠣᠯ ᠵᠢᠷᠭᠠᠯ᠎ᠤᠨ ᠲᠥᠷᠥᠭᠳᠡᠯ᠎ᠢ ᠨᠡᠮᠡᠭᠳᠡᠭᠦᠯᠦᠨ᠎ᠡ᠃ ᠪᠣᠳᠠᠲᠠᠢ᠎ᠪᠠᠷ ᠬᠡᠯᠡᠪᠡᠯ ᠳᠣᠣᠷᠠᠬᠢ ᠬᠡᠳᠦᠨ ᠲᠠᠯ᠎ᠠ᠎ᠪᠠᠷ ᠴᠢᠷᠮᠠᠢᠨ ᠬᠢᠵᠦ ᠪᠣᠯᠣᠨ᠎ᠠ᠃
ᠰᠣᠶᠣᠯ᠎ᠤᠨ ᠠᠭᠤᠯᠭ᠎ᠠ᠎ᠶᠢ ᠪᠠᠶᠠᠯᠢᠭ᠍ᠵᠢᠭᠤᠯᠤᠨᠡ᠃ ᠰᠣᠶᠣᠯ᠎ᠤᠨ ᠠᠮᠢᠵᠢᠷᠠᠯ᠎ᠤᠨ ᠬᠦᠴᠦᠨ ᠨᠢ ᠰᠢᠨ᠎ᠡ ᠶᠢ ᠡᠭᠦᠳᠬᠦ᠎ᠳᠦ ᠪᠠᠢᠨ᠎ᠠ᠃ ᠠᠭᠤᠯᠭ᠎ᠠ᠎ᠶᠢᠨ ᠦᠢᠯᠡᠳᠪᠦᠷᠢᠯᠡᠯ᠎ᠢ ᠴᠢᠩᠭᠠᠳᠬᠠᠬᠤ ᠪᠣᠯ ᠡᠯᠪᠡᠭ ᠪᠠᠶᠠᠯᠢᠭ᠋ ᠴᠢᠨᠠᠷ ᠰᠠᠢᠲᠠᠢ ᠰᠣᠶᠣᠯ᠎ᠤᠨ ᠬᠠᠩᠭᠠᠯᠭ᠎ᠠ᠎ᠶᠢᠨ ᠵᠠᠩᠭᠢᠯᠠᠭ᠎ᠠ ᠪᠣᠯᠣᠨ᠎ᠠ᠂ ᠪᠦᠬᠦ ᠠᠷᠠᠳ᠎ᠤᠨ ᠪᠦᠲᠦᠭᠡᠯᠴᠢ ᠠᠮᠢ ᠠᠬᠤᠢ᠎ᠶᠢ ᠲᠦᠷᠭᠡᠨ ᠪᠤᠢ ᠪᠣᠯᠭᠠᠵᠤ᠂ ᠰᠣᠶᠣᠯ᠎ᠤᠨ ᠤᠤᠭᠠᠯ ᠡᠭᠦᠳᠦᠯᠲᠡ᠎ᠶᠢᠨ ᠦᠷᠳᠡᠭ ᠢ ᠪᠠᠳᠠᠷᠠᠭᠤᠯᠬᠤ ᠬᠡᠷᠡᠭᠲᠡᠢ᠃ ᠴᠢᠨᠠᠷ ᠰᠠᠢᠲᠠᠢ ᠠᠭᠤᠯᠭ᠎ᠠ᠎ᠪᠠᠷ ᠭᠣᠣᠯ ᠪᠣᠯᠭᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠲᠣᠭᠠᠴᠢᠯᠠᠯᠳᠠ ᠣᠶᠤᠨᠴᠢᠯᠠᠯᠳᠠ ᠵᠢᠨ ᠮᠡᠷᠭᠡᠵᠢᠯ᠎ᠢ ᠭᠦᠢᠴᠡᠳ ᠠᠭᠤᠰᠤᠯᠴᠠᠭᠤᠯᠵᠤ᠂ ᠣᠯᠠᠨ ᠡᠰᠢᠵᠢᠨ ᠢᠯᠡᠳᠬᠡᠬᠦ ᠪᠠ ᠠᠵᠢᠯ ᠲᠥᠷᠥᠯ ᠠᠯᠤᠰᠯᠠᠨ ᠬᠣᠯᠪᠤᠭᠠᠯᠠᠨ ᠬᠥᠳᠡᠯᠦᠯᠴᠡᠬᠦ᠎ᠪᠡᠷ ᠳᠠᠮᠵᠢᠨ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠮᠡᠷᠭᠡᠵᠢᠯ᠎ᠦᠨ ᠰᠢᠭᠢᠳᠬᠡᠯ ᠬᠢᠭᠡᠳ ᠥᠷᠲᠡᠭ᠎ᠦᠨ ᠬᠥᠲᠥᠯᠥᠨ ᠳᠠᠭᠠᠭᠤᠯᠬᠤ ᠴᠢᠨᠠᠷ᠎ᠢ ᠬᠠᠷᠢᠯᠴᠠᠨ ᠤᠶᠠᠯᠳᠤᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠰᠠᠭᠤᠷᠢᠯᠠᠨ᠂ ᠲᠤᠭᠠᠴᠢᠯᠠᠯᠳᠠ ᠣᠶᠤᠨᠴᠢᠯᠠᠯᠲᠠ ᠪᠡᠷ ᠡᠨ᠋ᠸᠷᠬᠢ ᠣᠯᠭᠣᠬᠤ᠂ ᠥᠷᠲᠡᠭ ᠵᠢᠡᠷ ᠦᠨᠳᠦᠰᠦ ᠪᠤᠯᠭᠠᠬᠤ᠂ ᠰᠣᠶᠣᠯ᠎ᠤᠨ ᠭᠤᠸ᠎ᠠ ᠲᠠᠭᠠᠰᠢᠶᠠᠯᠭᠤᠷᠪᠠ ᠵᠢᠨ ᠬᠣᠯᠪᠤᠭᠠᠯᠠᠨ ᠬᠥᠳᠡᠯᠦᠯᠴᠡᠬᠦ᠎ᠶᠢ ᠪᠡᠶᠡᠯᠡᠭᠦᠯᠵᠦ᠂ ᠰᠢᠨ᠎ᠡ᠎ᠶᠢ ᠡᠭᠦᠳᠬᠦ ᠳᠤᠮᠳᠠ ᠳᠤᠮᠳᠠᠳᠤ᠎ᠶᠢᠨ ᠰᠣᠶᠣᠯ᠎ᠢ ᠪᠠᠳᠠᠷᠠᠭᠤᠯᠤᠨ᠂ ᠳᠤᠮᠳᠠᠳᠤ ᠤᠯᠤᠰ᠎ᠤᠨ ᠵᠣᠷᠢᠭ᠋ ᠰᠠᠨᠠᠭ᠎ᠠ᠎ᠶᠢ ᠨᠢᠭ᠍ᠲᠠᠷᠠᠭᠤᠯᠤᠨ᠎ᠠ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠲᠣᠭᠠᠴᠢᠯᠠᠭᠰᠠᠨ ᠰᠣᠶᠣᠯ᠎ᠤᠨ ᠵᠣᠬᠢᠶᠠᠨ ᠪᠦᠲᠦᠭᠡᠯᠭᠡ᠎ᠶᠢᠨ ᠰᠢᠯᠢᠳᠡᠭ ᠡᠬᠢ ᠪᠠᠶᠠᠯᠢᠭ᠋ ᠮᠥᠨ᠃ ᠣᠳᠣᠬᠠᠨ᠎ᠳᠤ ᠤᠯᠠᠮ᠎ᠠᠴᠠ ᠤᠯᠠᠨ ᠲᠣᠭᠠᠴᠢᠯᠠᠭᠰᠠᠨ ᠰᠣᠶᠣᠯ᠎ᠤᠨ ᠪᠦᠲᠦᠭᠡᠭᠳᠡᠬᠦᠨ᠎ᠦ ᠵᠦᠴᠦᠭᠡ᠎ᠶᠢᠨ ᠦᠢᠯᠡ ᠶᠠᠪᠤᠳᠠᠯ᠂ ᠰᠡᠳᠦᠪ ᠵᠡᠷᠭᠡ᠎ᠳᠦ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠡᠯᠧᠮᠧᠨ᠋ᠲ ᠠᠭᠤᠰᠤᠯᠴᠠᠵᠤ ᠪᠠᠢᠨ᠎ᠠ᠃ ᠢᠨᠲ᠋ᠸᠷ ᠰᠦᠯᠵᠢᠶᠡᠨ᠎ᠦ ᠨᠥᠬᠥᠴᠡᠯ ᠳᠣᠣᠷᠠᠬᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠢ ᠲᠦᠷᠭᠡᠨ ᠬᠥᠭᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠠᠴᠢᠶᠠᠯᠠᠪᠤᠷᠢ᠎ᠶᠢ ᠴᠢᠳᠠᠮᠠᠭᠠᠢ ᠠᠰᠢᠭ᠍ᠯᠠᠵᠤ ᠰᠢᠨ᠎ᠡ᠎ᠶᠢ ᠡᠭᠦᠳᠦᠨ ᠣᠨᠳᠣᠣᠰᠢᠭᠤᠯᠬᠤ ᠠᠵᠢᠯ᠎ᠢ ᠰᠠᠢᠲᠤᠷ ᠬᠢᠵᠦ᠂ ᠰᠢᠯᠢᠳᠡᠭ ᠰᠣᠶᠣᠯ᠎ᠤᠨ ᠡᠬᠢ ᠪᠠᠶᠠᠯᠢᠭ᠋᠎ᠤᠨ ᠦᠷᠳᠡᠭ ᠪᠣᠯᠣᠨ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠵᠤ᠂ ᠰᠣᠶᠣᠯ᠎ᠤᠨ ᠵᠣᠬᠢᠶᠠᠨ ᠪᠦᠲᠦᠭᠡᠯᠭᠡ᠎ᠳᠦ ᠤᠯᠠᠨ ᠨᠡᠶ᠋ᠢᠲᠡ᠎ᠪᠡᠷ᠎ᠢᠶᠡᠨ ᠣᠷᠣᠯᠴᠠᠬᠤ᠂ ᠤᠯᠠᠨ ᠨᠡᠶ᠋ᠢᠲᠡ᠎ᠪᠡᠷ᠎ᠢᠶᠡᠨ ᠬᠠᠮᠲᠤ᠎ᠪᠠᠷ ᠡᠭᠦᠳᠬᠦ᠂ ᠤᠯᠠᠨ ᠨᠡᠶ᠋ᠢᠲᠡ᠎ᠪᠡᠷ᠎ᠢᠶᠡᠨ ᠤᠯᠠᠮᠵᠢᠯᠠᠬᠤ᠎ᠶᠢ ᠪᠡᠶᠡᠯᠡᠭᠦᠯᠬᠦ ᠬᠡᠷᠡᠭᠲᠡᠢ᠃
ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠷᠠᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠄ 《ᠰᠣᠶᠣᠯ ᠪᠣᠯᠣᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠬᠠᠷᠢᠯᠴᠠᠨ ᠨᠥᠬᠥᠴᠡᠯᠳᠦᠵᠦ ᠬᠠᠷᠢᠯᠴᠠᠨ ᠠᠬᠢᠭᠤᠯᠳᠠᠭ᠃ ᠰᠣᠶᠣᠯ ᠪᠣᠯᠣᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠭᠤᠰᠤᠯᠴᠠᠯ᠎ᠤᠨ ᠪᠦᠲᠦᠮᠵᠢᠲᠡᠢ ᠲᠣᠭᠲᠠᠴᠠ᠎ᠶᠢ ᠰᠦᠪᠡᠭᠴᠢᠯᠡᠵᠦ᠂ ᠢᠨᠲ᠋ᠸᠷ ᠰᠦᠯᠵᠢᠶᠡᠨ᠎ᠦ ᠰᠡᠳᠬᠢᠬᠦᠢ ᠪᠣᠯᠣᠨ ᠮᠡᠳᠡᠭᠡ ᠵᠠᠩᠭᠢ᠎ᠶᠢᠨ ᠮᠡᠷᠭᠡᠵᠢᠯ᠎ᠢᠶᠡᠷ ᠰᠣᠶᠣᠯ᠎ᠤᠨ ᠵᠣᠬᠢᠶᠠᠨ ᠪᠦᠲᠦᠭᠡᠯᠭᠡ᠎ᠶᠢᠨ ᠦᠢᠯᠡᠳᠪᠦᠷᠢᠯᠡᠯ᠎ᠦᠨ ᠶᠠᠪᠤᠴᠠ᠎ᠶᠢ ᠰᠠᠢᠵᠢᠷᠠᠭᠤᠯᠬᠤ ᠬᠡᠷᠡᠭᠲᠡᠢ》ᠭᠡᠵᠦ ᠵᠢᠭᠠᠵᠤ ᠭᠠᠷᠭᠠᠪᠠ᠃ ᠲᠣᠭᠠᠴᠢᠯᠠᠯᠳᠠ ᠣᠶᠤᠨᠴᠢᠯᠠᠯᠳᠠ ᠵᠢᠨ ᠮᠡᠷᠭᠡᠵᠢᠯ᠎ᠦᠨ ᠬᠥᠭᠵᠢᠯᠲᠡ ᠨᠢ ᠰᠣᠶᠣᠯ᠎ᠤᠨ ᠵᠣᠬᠢᠶᠠᠨ ᠪᠦᠲᠦᠭᠡᠯᠭᠡ᠎ᠶᠢᠨ ᠪᠠᠭᠠᠵᠢ ᠪᠠ ᠲᠠᠪᠴᠠᠩ᠎ᠢ ᠶᠡᠬᠡᠪᠡᠷ ᠪᠠᠶᠠᠯᠢᠭ᠍ᠵᠢᠭᠤᠯᠵᠤ᠂ ᠨᠢᠭᠡᠨᠲᠡ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠵᠠᠩᠭᠢᠯᠠᠭ᠎ᠠ᠎ᠶᠢᠨ ᠲᠤᠯᠭᠠᠭᠤᠷᠢᠯᠠᠯ ᠪᠣᠯᠤᠭᠰᠠᠨ ᠪᠠᠢᠨ᠎ᠠ᠃ ᠲᠣᠭᠠᠴᠢᠯᠠᠯᠳᠠ ᠣᠶᠤᠨᠴᠢᠯᠠᠯᠳᠠ ᠵᠢᠨ ᠴᠠᠭ ᠦᠶ᠎ᠡ᠎ᠶᠢᠨ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ ᠨᠢ ᠮᠥᠨ ᠴᠢᠨᠠᠷ ᠳᠡᠭᠡᠷ᠎ᠡ᠎ᠪᠡᠨ ᠨᠢᠭᠡ ᠵᠦᠢᠯ᠎ᠦᠨ ᠰᠢᠰᠲᠧᠮᠲᠦ ᠴᠢᠨᠠᠷᠲᠠᠢ ᠰᠢᠨ᠎ᠡ᠎ᠶᠢ ᠡᠭᠦᠳᠬᠦ ᠴᠢᠳᠠᠪᠤᠷᠢ ᠪᠣᠯᠣᠨ᠎ᠠ᠃ ᠰᠣᠶᠣᠯ᠎ᠤᠨ ᠪᠦᠲᠦᠭᠡᠯᠴᠢ ᠰᠡᠳᠬᠢᠮᠵᠢ᠎ᠶᠢᠨ ᠬᠦᠷᠢᠶᠡᠨ᠎ᠦ ᠪᠡᠶ᠎ᠡ᠎ᠪᠡᠨ ᠳᠠᠭᠠᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢᠨ ᠬᠥᠭᠵᠢᠯᠲᠡ᠎ᠶᠢ ᠬᠦᠯᠢᠶᠡᠰᠦᠯᠡᠵᠦ ᠪᠠᠢᠭ᠎ᠠ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠢ᠎ᠶᠢ ᠲᠦᠷᠭᠡᠨ ᠰᠢᠪᠲᠤᠯᠵᠤ᠂ ᠬᠣᠰᠢᠭᠤᠷᠠᠯ ᠲᠣᠭᠠᠴᠢᠯᠠᠯᠳᠠ ᠣᠶᠤᠨᠴᠢᠯᠠᠯᠳᠠ ᠵᠢᠨ ᠮᠡᠷᠭᠡᠵᠢᠯ᠎ᠦᠨ ᠲᠤᠯᠭᠠᠭᠤᠷᠢᠯᠠᠯ᠎ᠤᠨ ᠪᠣᠷᠣ᠌ ᠲᠥᠯᠥᠪ᠎ᠢ ᠪᠠᠢᠭᠤᠯᠵᠤ᠂ ᠹᠢᠽᠢᠺ᠎ᠦᠨ ᠳᠠᠭᠤᠷᠢᠶᠠᠮᠠᠯ ᠬᠥᠳᠡᠯᠭᠡᠭᠦᠷ᠂ ᠳᠡᠭᠡᠳᠦ ᠵᠡᠷᠭᠡ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠪᠤᠳᠤᠬᠤ ᠠᠷᠭ᠎ᠠ ᠵᠡᠷᠭᠡ ᠬᠣᠰᠢᠭᠤᠷᠠᠯ ᠮᠡᠷᠭᠡᠵᠢᠯ᠎ᠦᠨ ᠬᠦᠷᠢᠶᠡᠨ᠎ᠳᠦ ᠪᠦᠲᠦᠭᠡᠯᠴᠢ ᠴᠢᠨᠠᠷᠲᠠᠢ ᠬᠠᠢᠨ ᠰᠦᠪᠡᠭᠴᠢᠯᠡᠯᠲᠡ ᠬᠢᠬᠦ᠎ᠶᠢ ᠵᠣᠷᠢᠭ᠍ᠵᠢᠭᠤᠯᠬᠤ ᠬᠡᠷᠡᠭᠲᠡᠢ᠃ ᠲᠣᠭᠠᠴᠢᠯᠠᠯᠳᠠ ᠣᠶᠤᠨᠴᠢᠯᠠᠯᠳᠠ ᠵᠢᠨ ᠮᠡᠷᠭᠡᠵᠢᠯ᠎ᠢ ᠰᠢᠨ᠎ᠡ ᠬᠡᠯᠪᠡᠷᠢ᠎ᠶᠢᠨ ᠰᠣᠶᠣᠯ᠎ᠤᠨ ᠬᠥᠳᠡᠯᠮᠦᠷᠢ᠎ᠶᠢᠨ ᠪᠠᠭᠠᠵᠢ ᠪᠠ ᠡᠯᠧᠮᠧᠨ᠋ᠲ᠎ᠦᠨ ᠰᠢᠨ᠎ᠡ᠎ᠶᠢ ᠡᠭᠦᠳᠬᠦ ᠴᠢᠨᠠᠷᠲᠠᠢ ᠲᠣᠬᠢᠷᠠᠭᠤᠯᠤᠯᠲᠠ᠎ᠶᠢᠨ ᠲᠤᠯᠭᠠᠭᠤᠷᠢᠯᠠᠬᠤ ᠬᠦᠴᠦᠨ ᠵᠦᠢᠯ ᠪᠣᠯᠭᠠᠵᠤ᠂ ᠣᠯᠠᠨ ᠨᠡᠶ᠋ᠢᠲᠡ᠎ᠶᠢᠨ ᠤᠤᠭᠠᠯ ᠡᠭᠦᠳᠦᠯᠲᠡ ᠪᠠ ᠪᠤᠳᠤᠬᠤ ᠠᠷᠭ᠎ᠠ᠎ᠶᠢᠨ ᠤᠤᠭᠠᠯ ᠡᠭᠦᠳᠦᠯᠲᠡ᠎ᠶᠢᠨ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ ᠬᠢᠲᠠᠳ ᠬᠡᠯᠡᠨ᠎ᠦ ᠮᠡᠳᠡᠯᠭᠡ᠎ᠶᠢᠨ ᠴᠣᠭᠴᠠ᠎ᠪᠠᠷ ᠭᠣᠣᠯ ᠪᠣᠯᠭᠠᠭᠰᠠᠨ ᠬᠡᠯᠡᠨ᠎ᠦ ᠮᠠᠲᠧᠷᠢᠶᠠᠯ᠎ᠤᠨ ᠴᠤᠭᠯᠠᠷᠠᠯ᠎ᠢ ᠲᠦᠷᠭᠡᠳᠬᠡᠨ ᠪᠠᠢᠭᠤᠯᠵᠤ᠂ ᠰᠣᠶᠣᠯ᠎ᠤᠨ ᠮᠡᠷᠭᠡᠵᠢᠯ᠎ᠦᠨ ᠪᠠᠷᠢᠮᠵᠢᠶ᠎ᠠ ᠲᠣᠭᠲᠠᠭᠠᠬᠤ᠎ᠶᠢ ᠴᠢᠩᠭᠠᠳᠬᠠᠵᠤ᠂ ᠰᠣᠶᠣᠯ᠎ᠤᠨ ᠰᠢᠨ᠎ᠡ᠎ᠶᠢ ᠡᠭᠦᠳᠬᠦ᠎ᠶᠢᠨ 《 ᠳᠠᠭᠠᠭᠤᠯᠤᠭ᠍ᠴᠢ》 ᠵᠢᠨ ᠰᠢᠨ᠎ᠡ ᠬᠥᠭᠵᠢᠯᠲᠡ᠎ᠶᠢᠨ ᠱᠠᠲᠤᠨ᠎ᠳᠤ ᠣᠷᠣᠬᠤ᠎ᠶᠢ ᠠᠬᠢᠭᠤᠯᠬᠤ ᠬᠡᠷᠡᠭᠲᠡᠢ᠃
ᠰᠣᠶᠣᠯ᠎ᠤᠨ ᠠᠵᠤ ᠦᠢᠯᠡᠰ᠎ᠦᠨ ᠰᠢᠰᠲᠧᠮ᠎ᠢ ᠬᠦᠴᠦᠷᠬᠡᠭᠵᠢᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ᠄ 《 ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠤᠳᠤ ᠦᠶ᠎ᠡ᠎ᠶᠢᠨ ᠰᠣᠶᠣᠯ᠎ᠤᠨ ᠠᠵᠤ ᠦᠢᠯᠡᠰ᠎ᠦᠨ ᠰᠢᠰᠲᠧᠮ ᠪᠣᠯᠣᠨ ᠵᠠᠬ᠎ᠠ ᠳᠡᠯᠭᠡᠭᠦᠷ᠎ᠦᠨ ᠰᠢᠰᠲᠧᠮ᠎ᠢ ᠪᠦᠷᠢᠨᠰᠢᠭᠦᠯᠵᠦ᠂ ᠡᠯ᠎ᠡ ᠲᠦᠷᠦᠯ᠎ᠦᠨ ᠰᠣᠶᠣᠯ᠎ᠤᠨ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠬᠥᠭᠵᠢᠨ ᠪᠤᠵᠠᠭᠠᠢᠷᠠᠬᠤ᠎ᠶᠢ ᠠᠬᠢᠭᠤᠯᠵᠤ᠂ ᠰᠢᠨ᠎ᠡ ᠮᠠᠶᠢᠭ᠋᠎ᠤᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠣᠯᠣᠨ ᠰᠣᠶᠣᠯ᠎ᠤᠨ ᠬᠡᠷᠡᠭᠯᠡᠭᠡ ᠵᠢᠨ ᠵᠠᠭᠪᠤᠷ᠎ᠢ ᠪᠣᠢᠵᠢᠭᠤᠯᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠰᠣᠶᠣᠯ᠎ᠤᠨ ᠠᠵᠤ ᠦᠢᠯᠡᠰ᠎ᠦᠨ ᠰᠢᠰᠲᠧᠮ᠎ᠢ ᠬᠦᠴᠦᠷᠬᠡᠭᠵᠢᠭᠦᠯᠬᠦ ᠨᠢ ᠰᠢᠨ᠎ᠡ ᠮᠠᠶᠢᠭ᠋᠎ᠤᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ ᠪᠠ ᠰᠣᠶᠣᠯ᠎ᠤᠨ ᠬᠡᠷᠡᠭᠯᠡᠭᠡ ᠵᠢᠨ ᠵᠠᠭᠪᠤᠷ᠎ᠢ ᠪᠣᠢᠵᠢᠭᠤᠯᠵᠤ᠂ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢᠨ ᠦᠷᠭᠦᠯᠵᠢᠯᠡᠨ ᠲᠡᠭᠡᠭᠰᠢᠯᠡᠬᠦ᠎ᠳᠤ ᠰᠠᠢᠨ ᠰᠠᠢᠬᠠᠨ ᠠᠮᠢ ᠠᠬᠤᠢ᠎ᠶᠢ ᠪᠤᠢ ᠪᠣᠯᠭᠠᠬᠤ᠎ᠳᠤ ᠠᠰᠢᠭ᠍ᠲᠠᠢ ᠶᠤᠮ᠃ ᠴᠢᠨᠠᠷ ᠰᠠᠢᠲᠠᠢ ᠰᠣᠶᠣᠯ᠎ᠤᠨ ᠤᠤᠭᠠᠯ ᠡᠭᠦᠳᠦᠯᠲᠡ᠎ᠶᠢᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠪᠦᠬᠦ ᠬᠡᠯᠬᠢᠶ᠎ᠡ᠎ᠶᠢ ᠬᠠᠮᠤᠷᠤᠭᠰᠠᠨ ᠲᠣᠭᠠᠴᠢᠯᠠᠭᠰᠠᠨ ᠣᠶᠤᠨᠴᠢᠯᠠᠭᠰᠠᠨ ᠰᠣᠶᠣᠯ᠎ᠤᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠰᠣᠶᠣᠯ᠎ᠤᠨ ᠡᠬᠢ ᠪᠠᠶᠠᠯᠢᠭ᠋᠎ᠤᠨ ᠲᠣᠬᠢᠷᠠᠭᠤᠯᠤᠯᠲᠠ ᠪᠣᠯᠣᠨ ᠰᠣᠶᠣᠯ᠎ᠤᠨ ᠴᠢᠬᠤᠯᠠ ᠡᠯᠧᠮᠧᠨ᠋ᠲ᠎ᠦᠨ ᠭᠦᠢᠯᠭᠡᠭᠡᠨ᠎ᠦ ᠥᠨᠳᠥᠷ ᠪᠦᠲᠦᠮᠵᠢᠲᠦ ᠴᠢᠨᠠᠷ ᠪᠣᠯᠣᠨ ᠣᠶᠤᠨᠴᠢᠯᠠᠯᠲᠠ᠎ᠶᠢ ᠪᠡᠶᠡᠯᠡᠭᠦᠯᠬᠦ ᠬᠡᠷᠡᠭᠲᠡᠢ᠃ ᠲᠤᠭᠠᠴᠢᠯᠠᠯᠳᠠ ᠣᠶᠤᠨᠴᠢᠯᠠᠯᠲᠠ᠂ ᠪᠡᠶᠡᠴᠢᠯᠡᠨ ᠣᠢᠯᠠᠭᠠᠬᠤ᠂ ᠬᠠᠷᠢᠯᠴᠠᠨ ᠰᠣᠯᠢᠯᠴᠠᠬᠤ ᠮᠠᠶᠢᠭ᠋᠎ᠤᠨ ᠰᠢᠨ᠎ᠡ ᠮᠠᠶᠢᠭ᠋᠎ᠤᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠰᠦᠪᠡᠭᠴᠢᠯᠡᠵᠦ᠂ ᠮᠡᠷᠭᠡᠵᠢᠯ᠎ᠢᠶᠡᠷ ᠡᠷᠬᠡ ᠣᠯᠭᠣᠬᠤ ᠪᠠ ᠰᠣᠶᠣᠯ᠎ᠤᠨ ᠪᠠᠢᠭᠤᠯᠤᠮᠵᠢ ᠬᠣᠯᠪᠤᠭᠠᠯᠠᠨ ᠬᠥᠳᠡᠯᠦᠯᠴᠡᠬᠦ᠎ᠳᠦ ᠰᠠᠭᠤᠷᠢᠯᠠᠨ ᠰᠣᠶᠣᠯ᠎ᠤᠨ ᠪᠦᠲᠦᠭᠡᠯᠴᠢ ᠰᠡᠳᠬᠢᠮᠵᠢ᠎ᠶᠢᠨ ᠢᠷᠡᠯᠲᠡ᠎ᠶᠢ ᠥᠷᠭᠡᠳᠬᠡᠵᠦ᠂ ᠰᠣᠶᠣᠯ᠎ᠤᠨ ᠪᠡᠶᠡᠴᠢ ᠣᠢᠯᠠᠭᠠᠯᠲᠠ᠎ᠶᠢ ᠨᠡᠮᠡᠭᠳᠡᠭᠦᠯᠦᠨ᠂ ᠠᠵᠤ ᠠᠬᠤᠢ᠂ ᠨᠡᠢᠭᠡᠮ᠂ ᠰᠣᠶᠣᠯ ᠵᠡᠷᠭᠡ ᠤᠯᠠᠨ ᠲᠠᠯᠠᠲᠤ ᠦᠷᠳᠡᠭ᠎ᠢ ᠬᠠᠪᠰᠤᠷᠭᠠᠭᠰᠠᠨ ᠰᠣᠶᠣᠯ᠎ᠤᠨ ᠪᠦᠲᠦᠭᠡᠭᠳᠡᠬᠦᠨ᠎ᠦ ᠪᠦᠷᠢᠯᠳᠦᠬᠦ᠎ᠶᠢ ᠠᠬᠢᠭᠤᠯᠵᠤ᠂ ᠰᠣᠶᠣᠯ᠎ᠤᠨ ᠤᠤᠭᠠᠯ ᠡᠭᠦᠳᠦᠯᠲᠡ᠎ᠶᠢᠨ ᠬᠦᠴᠦᠨ᠎ᠢ ᠰᠣᠶᠣᠯ᠎ᠤᠨ ᠬᠡᠷᠡᠭᠯᠡᠭᠡ᠎ᠵᠢᠨ ᠬᠦᠴᠦᠨ ᠪᠣᠯᠭᠠᠨ ᠬᠤᠪᠢᠷᠠᠭᠤᠯᠤᠨ᠎ᠠ᠃
ᠳᠦᠷᠢᠮ᠎ᠦᠨ ᠰᠢᠨ᠎ᠡ᠎ᠶᠢ ᠡᠭᠦᠳᠬᠦ ᠳᠠᠪᠠᠭᠤᠯᠢᠭ᠋᠎ᠢ ᠪᠠᠳᠠᠷᠠᠭᠤᠯᠤᠨ᠎ᠠ᠃ ᠳᠦᠷᠢᠮ᠎ᠦᠨ ᠰᠢᠨ᠎ᠡ ᠡᠭᠦᠳᠦᠯᠲᠡ᠎ᠶᠢᠨ 《ᠡᠬᠢ ᠡᠭᠦᠰᠦᠯ᠎ᠡᠴᠡ ᠨᠢ ᠲᠦᠷᠭᠡᠳᠬᠡᠭᠦ》 ᠦᠢᠯᠡᠳᠦᠯ᠎ᠢ ᠪᠠᠳᠠᠷᠠᠭᠤᠯᠬᠤ ᠨᠢ ᠤᠤᠭᠠᠯ ᠡᠭᠦᠳᠦᠯᠲᠡ᠎ᠶᠢᠨ ᠠᠷᠠᠯᠵᠢᠶᠠᠨ᠎ᠤ ᠵᠠᠷᠤᠳᠠᠯ ᠪᠣᠯᠣᠨ ᠡᠷᠬᠡ᠎ᠶᠢᠨ ᠲᠦᠭᠰᠢᠭᠦᠷᠢ᠎ᠶᠢ ᠪᠠᠭᠤᠷᠠᠭᠤᠯᠬᠤ᠎ᠳᠤ ᠠᠰᠢᠭ᠍ᠲᠠᠢ ᠪᠠᠢᠵᠤ᠂ ᠰᠣᠶᠣᠯ᠎ᠤᠨ ᠤᠤᠭᠠᠯ ᠡᠭᠦᠳᠦᠯᠲᠡ᠎ᠶᠢᠨ ᠪᠦᠲᠦᠭᠡᠭᠳᠡᠬᠦᠨ ᠲᠠᠰᠤᠷᠠᠯᠳᠠ ᠦᠭᠡᠢ ᠴᠣᠯᠭᠣᠷᠠᠨ ᠭᠠᠷᠬᠤ᠎ᠶᠢ ᠲᠡᠮᠵᠢᠵᠤ ᠬᠥᠲᠥᠯᠥᠨ ᠵᠢᠯᠣᠭᠣᠳᠤᠨ᠎ᠠ᠃ 2025 ᠣᠨ᠎ᠤ 1 ᠰᠠᠷ᠎ᠠ᠎ᠳᠤ ᠳᠠᠷᠤᠮᠠᠯᠯᠠᠨ ᠲᠠᠷᠬᠠᠭᠠᠭᠰᠠᠨ《ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ》᠎ᠲᠤ 《ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠤᠳᠬ᠎ᠠ ᠵᠣᠬᠢᠶᠠᠯ᠂ ᠤᠷᠠᠯᠢᠭ᠋᠂ ᠰᠣᠨᠢᠨ ᠮᠡᠳᠡᠭᠡ᠂ ᠬᠡᠪᠯᠡᠯ᠂ ᠺᠢᠨᠣ᠋ ᠲᠧᠯᠸᠢᠰ᠂ ᠺᠠᠷᠲ᠋ᠣᠨ ᠵᠢᠷᠤᠭ ᠵᠡᠷᠭᠡ ᠬᠦᠷᠢᠶᠡᠨ᠎ᠳᠡᠬᠢ ᠰᠣᠳᠣᠨ ᠪᠦᠲᠦᠭᠡᠯ᠎ᠦᠨ ᠵᠣᠬᠢᠶᠠᠨ ᠪᠦᠲᠦᠭᠡᠯᠭᠡ᠎ᠶᠢ ᠭᠣᠣᠯᠳᠠᠯᠭ᠎ᠠ᠎ᠲᠠᠢ ᠳᠡᠮᠵᠢᠨ᠎ᠡ》 ᠭᠡᠵᠦ ᠳᠤᠷᠠᠳᠴᠤ᠂ ᠳᠦᠷᠢᠮ᠎ᠦᠨ ᠰᠢᠨ᠎ᠡ ᠡᠭᠦᠳᠦᠯᠲᠡ᠎ᠶᠢᠨ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢᠨ ᠳᠡᠭᠡᠭᠰᠢᠯᠡᠯᠲᠡ᠎ᠶᠢ ᠠᠬᠢᠭᠤᠯᠤᠭᠰᠠᠨ᠎ᠢ ᠢᠯᠡᠷᠡᠭᠦᠯᠵᠡᠢ᠃ ᠠᠭᠤᠰᠤᠯᠴᠠᠭᠤᠯᠬᠤ ᠬᠡᠯᠪᠡᠷᠢ᠎ᠶᠢᠨ ᠳᠦᠷᠢᠮ᠎ᠦᠨ ᠰᠢᠨ᠎ᠡ ᠡᠭᠦᠳᠦᠯᠲᠡ᠎ᠶᠢ ᠲᠦᠷᠭᠡᠳᠬᠡᠵᠦ᠂ ᠲᠣᠭ᠎ᠠ ᠪᠠᠷᠢᠮᠲᠠ᠎ᠶᠢᠨ ᠡᠷᠬᠡ ᠮᠡᠳᠡᠯ᠎ᠢ ᠬᠠᠮᠠᠭᠠᠯᠠᠬᠤ ᠪᠦᠷᠢᠨ ᠲᠡᠭᠦᠯᠳᠡᠷ ᠲᠣᠭᠲᠠᠴᠠ᠎ᠶᠢ ᠪᠠᠢᠭᠤᠯᠵᠤ᠂ ᠲᠣᠭᠠᠴᠢᠯᠠᠯᠳᠠ ᠣᠶᠤᠨᠴᠢᠯᠠᠯᠳᠠ ᠵᠢᠨ ᠴᠠᠭ ᠦᠶ᠎ᠡ᠎ᠶᠢᠨ ᠰᠢᠨ᠎ᠡ ᠬᠡᠯᠪᠡᠷᠢ᠎ᠶᠢᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠰᠠᠢᠨ ᠰᠠᠢᠬᠠᠨ ᠭᠦᠢᠯᠭᠡᠭᠡ ᠪᠠ ᠠᠰᠢᠭ᠋ ᠲᠤᠰᠠ᠎ᠶᠢ ᠬᠠᠮᠲᠤ᠎ᠪᠠᠷ ᠡᠳ᠋ᠯᠡᠬᠦ ᠲᠣᠭᠲᠠᠴᠠ᠎ᠶᠢ ᠲᠦᠷᠭᠡᠳᠬᠡᠨ ᠪᠠᠢᠭᠤᠯᠵᠤ᠂ ᠤᠷᠮᠠᠰᠢᠭᠤᠯᠬᠤ ᠴᠢᠨᠠᠷ ᠪᠠ ᠤᠷᠢᠳᠴᠢᠯᠠᠨ ᠮᠡᠳᠡᠬᠦ ᠴᠢᠨᠠᠷ᠎ᠢ ᠵᠡᠷᠭᠡ᠎ᠪᠡᠷ ᠴᠢᠬᠤᠯᠠᠴᠢᠯᠠᠬᠤ ᠳᠦᠷᠢᠮ᠎ᠦᠨ ᠰᠢᠨ᠎ᠡ ᠡᠭᠦᠳᠦᠯᠲᠡ᠎ᠡᠴᠡ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠪᠡᠶᠡᠯᠡᠭᠦᠯᠬᠦ ᠬᠡᠷᠡᠭᠲᠡᠢ᠃ ᠰᠣᠶᠣᠯ᠎ᠤᠨ ᠤᠤᠭᠠᠯ ᠡᠭᠦᠳᠦᠯᠲᠡ᠎ᠶᠢᠨ ᠪᠦᠲᠦᠭᠡᠭᠳᠡᠬᠦᠨ᠎ᠦ ᠠᠩᠬᠠᠨ᠎ᠤ ᠲᠣᠭᠯᠠᠯᠲᠠ᠂ ᠠᠩᠬᠠᠨ᠎ᠤ ᠦᠵᠡᠭᠦᠯᠭᠡ᠂ ᠠᠩᠬᠠᠨ᠎ᠤ ᠪᠣᠷᠣᠯᠠᠭᠤᠯᠤᠯᠲᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠎ᠠ᠃ ᠰᠣᠶᠣᠯ᠎ᠤᠨ ᠤᠤᠭᠠᠯ ᠡᠭᠦᠳᠦᠯᠲᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠳᠦᠷᠢᠮ᠎ᠦᠨ ᠵᠢᠷᠤᠭ ᠲᠥᠯᠥᠪᠯᠡᠭᠡ᠎ᠶᠢ ᠲᠡᠭᠦᠯᠳᠡᠷᠵᠢᠭᠦᠯᠵᠦ᠂ ᠤᠤᠭᠠᠯ ᠰᠢᠨ᠎ᠡ ᠡᠭᠦᠳᠦᠯᠲᠡ᠎ᠶᠢ ᠬᠠᠮᠠᠭᠠᠯᠠᠬᠤ᠂ ᠬᠥᠮᠥᠨ ᠮᠠᠰᠢᠨ ᠠᠭᠤᠰᠤᠯᠴᠠᠭᠰᠠᠨ ᠰᠢᠨ᠎ᠡ᠎ᠶᠢ ᠡᠭᠦᠳᠬᠦ ᠬᠡᠯᠪᠡᠷᠢ᠎ᠶᠢᠨ ᠴᠢᠳᠠᠪᠤᠷᠢᠲᠠᠨ ᠴᠤᠭᠯᠠᠷᠠᠭᠰᠠᠨ ᠠᠮᠢ ᠠᠬᠤᠢ᠎ᠶᠢ ᠲᠦᠷᠭᠡᠨ ᠪᠤᠢ ᠪᠣᠯᠭᠠᠵᠤ᠂ ᠬᠥᠮᠥᠨ ᠮᠠᠰᠢᠨ ᠬᠠᠮᠵᠢᠯᠴᠠᠨ ᠤᠯᠠᠮᠵᠢᠯᠠᠯᠲᠤ ᠰᠣᠶᠣᠯ᠎ᠤᠨ ᠬᠥᠳᠡᠯᠮᠦᠷᠢ ᠬᠦᠴᠦᠨ᠎ᠦ ᠪᠦᠲᠦᠴᠡ᠎ᠡᠴᠡ ᠪᠣᠯᠤᠭᠰᠠᠨ ᠥᠷᠢᠰᠦᠯᠳᠦᠭᠡᠨ᠎ᠢ ᠨᠡᠩ ᠰᠠᠢᠲᠤᠷ ᠠᠷᠭᠠᠴᠠᠭᠠᠵᠤ᠂ ᠵᠣᠬᠢᠶᠠᠨ ᠪᠦᠲᠦᠭᠡᠭᠴᠢ᠎ᠶᠢ ᠤᠷᠮᠠᠰᠢᠭᠤᠯᠤᠨ ᠵᠣᠷᠢᠭ᠍ᠵᠢᠭᠤᠯᠵᠤ ᠬᠠᠮᠲᠤ᠎ᠪᠠᠷ ᠡᠭᠦᠳᠦᠨ ᠪᠦᠲᠦᠭᠡᠬᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠨ᠎ᠠ᠃
— 《ᠠᠷᠠᠳ᠎ᠤᠨ ᠡᠳᠦᠷ᠎ᠦᠨ ᠰᠣᠨᠢᠨ》 ᠡᠴᠡ