ᠪᠠᠢᠭᠤᠯᠤᠮᠵᠢ ᠲᠣᠭᠲᠠᠴᠠ᠎ᠶᠢ ᠬᠦᠴᠦᠯᠡᠨ ᠲᠡᠭᠦᠯᠳᠡᠷᠵᠢᠭᠦᠯᠵᠦ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ ᠬᠦᠳᠡᠯᠮᠦᠷᠢᠴᠢᠳ ᠎ᠲᠤ ᠦᠢᠯᠡᠴᠢᠯᠡᠬᠦ ᠲᠦᠪᠰᠢᠨ ᠎ᠵᠢᠡᠨ ᠳᠡᠭᠡᠭᠰᠢᠯᠡᠭᠦᠯᠦᠶ᠎ᠡ
2026-04-13 16:54:09
ᠵᠣᠬᠢᠶᠠᠭ᠍ᠴᠢ᠄
ᠬᠤ᠌ ᠵᠢᠶᠧ ᠴᠧᠩ
ᠣᠩᠱᠢᠭ᠍ᠰᠠᠨ ᠣᠳᠠᠭ᠎ᠠ᠄
★★★☆☆

ᠲᠠᠪᠴᠠᠩ᠎ᠤᠨ ᠠᠵᠤ ᠠᠬᠤᠢ ᠪᠠ ᠲᠣᠭᠠᠴᠢᠯᠠᠭᠰᠠᠨ ᠠᠵᠤ ᠠᠬᠤᠢ᠎ᠶᠢᠨ ᠥᠷᠨᠢᠨ ᠬᠥᠭᠵᠢᠬᠦ᠎ᠶᠢ ᠳᠠᠭᠠᠯᠳᠤᠨ᠂ ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ ᠰᠦᠯᠵᠢᠶ᠎ᠡ᠎ᠪᠡᠷ ᠪᠣᠯᠵᠣᠬᠤ ᠮᠠᠱᠢᠨ ᠲᠡᠷᠭᠡᠨ᠎ᠤ ᠵᠢᠯᠣᠭᠣᠴᠢ ᠂ ᠡᠯᠧᠺᠲᠷᠣᠨ ᠬᠤᠳᠠᠯᠳᠤᠭᠠᠨ᠎ᠤ ᠠᠵᠢᠯᠲᠠᠨ ᠵᠡᠷᠭᠡ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ ᠬᠦᠳᠡᠯᠮᠦᠷᠢᠴᠢᠳ᠎ᠤᠨ ᠬᠡᠪᠴᠢᠶ᠎ᠡ ᠲᠠᠰᠤᠷᠠᠯᠲᠠ ᠦᠭᠡᠢ ᠪᠤᠵᠠᠭᠠᠢᠷᠠᠵᠤ ᠪᠤᠢ᠃ ᠲᠡᠳᠡ ᠡᠳᠦᠷ ᠰᠥᠨᠢ ᠦᠭᠡᠢ ᠬᠣᠲᠠ᠎ᠶᠢᠨ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠎ᠲᠤ ᠶᠠᠭᠠᠷᠠᠯᠳᠤᠵᠤ᠂ ᠨᠢᠭᠡᠨᠲᠡ ᠠᠵᠤ ᠠᠬᠤᠢ ᠨᠡᠢᠭᠡᠮ᠎ᠦᠨ ᠠᠵᠢᠯᠯᠠᠭᠠᠨ᠎ᠤ ᠳᠤᠲᠠᠭᠳᠠᠵᠤ ᠪᠣᠯᠣᠰᠢ ᠦᠭᠡᠢ ᠬᠦᠴᠦᠨ ᠪᠣᠯᠵᠠᠢ᠃ ᠮᠠᠨ᠎ᠤ ᠤᠯᠤᠰ᠎ᠤᠨ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠥᠳᠡᠯᠮᠦᠷᠢᠴᠢᠳ ᠵᠠᠯᠠᠭᠤᠴᠤᠳ ᠵᠢᠡᠷ ᠭᠤᠤᠯᠯᠠᠵᠤ᠂ ᠦᠢᠯᠡᠳᠪᠦᠷᠢᠯᠡᠯ ᠠᠮᠢᠳᠤᠷᠠᠯ᠎ᠤᠨ ᠦᠢᠯᠡᠴᠢᠯᠡᠭᠡᠨ᠎ᠦ ᠦᠢᠯᠡᠰ᠎ᠢ ᠡᠷᠬᠢᠯᠡᠵᠦ ᠪᠤᠢ᠃ ᠶᠡᠷᠦᠩᠬᠡᠢ ᠱᠦᠵᠢ ᠰᠢ ᠵᠢᠨ ᠫᠢᠩ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ᠎ᠤᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂《ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠠᠪᠠᠯ ᠲᠡᠳᠡᠨ᠎ᠢ ᠬᠠᠯᠠᠮᠵᠢᠯᠠᠵᠤ᠂ ᠲᠡᠳᠡᠨ᠎ᠦ ᠠᠮᠢᠳᠤᠷᠠᠯ᠂ ᠠᠵᠢᠯ᠂ ᠰᠤᠷᠤᠯᠴᠠᠯᠭ᠎ᠠ᠎ᠳᠤ ᠰᠠᠢᠲᠤᠷ ᠦᠢᠯᠡᠴᠢᠯᠡᠭᠡ ᠬᠠᠩᠭᠠᠬᠤ ᠬᠡᠷᠡᠭᠲᠡᠢ》᠂《ᠨᠢᠭᠡ ᠴᠠᠭ ᠬᠤᠭᠤᠴᠠᠭ᠎ᠠ ᠎ᠳᠦ ᠨᠢᠭᠡ ᠴᠠᠭ ᠬᠤᠭᠤᠴᠠᠭᠠᠨ᠎ᠤ ᠠᠰᠠᠭᠤᠳᠠᠯ ᠤᠷᠤᠰᠢᠵᠤ᠂ ᠨᠢᠭᠡ ᠪᠦᠯᠬᠦᠮ ᠨᠡᠢᠳᠡ᠎ᠳᠦ ᠨᠢᠭᠡ ᠪᠦᠯᠬᠦᠮ ᠨᠡᠢᠳᠡ ᠎ᠵᠢᠨ ᠬᠦᠴᠢᠷᠳᠡᠯ ᠲᠠᠢ ᠪᠠᠢᠳᠠᠭ ᠂ ᠪᠢᠳᠡ ᠴᠢᠬᠤᠯᠠᠴᠢᠯᠠᠨ ᠦᠵᠡᠵᠦ᠂ ᠲᠠᠰᠤᠷᠠᠯᠲᠠ ᠦᠭᠡᠢ ᠰᠢᠢᠳᠪᠦᠷᠢᠯᠡᠬᠦ ᠬᠡᠷᠡᠭᠲᠡᠢ》ᠭᠡᠵᠦ ᠴᠢᠬᠤᠯᠠᠴᠢᠯᠠᠪᠠ᠃ ᠪᠢᠳᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ  ᠬᠥᠳᠡᠯᠮᠦᠷᠢᠴᠢᠳ᠎ᠲᠦ ᠬᠠᠩᠭᠠᠬᠤ ᠦᠢᠯᠡᠴᠢᠯᠡᠭᠡ ᠬᠠᠮᠢᠶᠠᠷᠤᠯᠲᠠ᠎ᠶᠢᠨ ᠪᠠᠢᠭᠤᠯᠤᠮᠵᠢ ᠲᠣᠭᠲᠠᠴᠠ᠎ᠶᠢ ᠬᠦᠴᠦᠯᠡᠨ ᠲᠡᠭᠦᠯᠳᠡᠷᠵᠢᠭᠦᠯᠵᠦ᠂ ᠲᠡᠳᠡᠨ᠎ᠦ ᠬᠠᠮᠤᠭ᠎ᠠᠴᠠ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠬᠠᠨᠳᠤᠯᠭᠠᠲᠤ ᠴᠢᠨᠠᠷᠲᠠᠢ᠎ᠪᠠᠷ ᠰᠠᠢᠲᠤᠷ ᠰᠢᠢᠳᠪᠦᠷᠢᠯᠡᠵᠦ᠂ ᠲᠡᠳᠡᠨ᠎ᠦ ᠬᠥᠭᠵᠢᠯᠲᠡ᠎ᠶᠢ ᠨᠡᠩ ᠰᠠᠢᠲᠤᠷ ᠠᠬᠢᠭᠤᠯᠵᠤ᠂ ᠲᠡᠳᠡᠨ᠎ᠦ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃

ᠮᠠᠷᠺᠰ ᠎ᠤᠨ ᠦᠵᠡᠯ ᠎ᠦᠨ ᠤᠯᠤᠰ ᠲᠥᠷᠥ ᠠᠵᠤ ᠠᠬᠤᠢ᠎ᠶᠢᠨ ᠤᠬᠠᠭᠠᠨ᠎ᠤ ᠬᠠᠷᠠᠭᠠᠰᠤ ᠎ᠠᠴᠠ ᠦᠵᠡᠪᠡᠯ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ 《ᠰᠢᠨ᠎ᠡ》 ᠨᠢ ᠦᠢᠯᠡᠳᠪᠦᠷᠢᠯᠡᠯ᠎ᠦᠨ ᠬᠦᠴᠦᠨ ᠪᠠ ᠦᠢᠯᠡᠳᠪᠦᠷᠢᠯᠡᠯ᠎ᠦᠨ ᠬᠠᠷᠢᠴᠠᠭ᠎ᠠ ᠭᠡᠬᠦ ᠬᠣᠶᠠᠷ ᠲᠠᠯ᠎ᠠ᠎ᠪᠡᠷ ᠢᠯᠡᠷᠡᠵᠦ ᠪᠤᠢ᠃ ᠦᠢᠯᠡᠳᠪᠦᠷᠢᠯᠡᠯ᠎ᠦᠨ ᠬᠦᠴᠦᠨ᠎ᠦ ᠲᠠᠯ᠎ᠠ᠎ᠠᠴᠠ ᠦᠵᠡᠪᠡᠯ᠂ ᠰᠢᠨ᠎ᠡ ᠡᠭᠡᠯᠵᠢ᠎ᠶᠢᠨ ᠠᠵᠤ ᠦᠢᠯᠡᠳᠪᠦᠷᠢ᠎ᠶᠢᠨ ᠬᠤᠪᠢᠰᠬᠠᠯ᠎ᠤᠨ ᠬᠥᠳᠡᠯᠭᠡᠭᠦᠷ ᠳᠣᠣᠷ᠎ᠠ᠂ ᠮᠡᠳᠡᠭᠡ ᠵᠠᠩᠭᠢᠵᠢᠯᠲᠠ᠂ ᠲᠣᠭᠠᠴᠢᠯᠠᠯᠲᠠ᠂ ᠣᠶᠤᠨᠴᠢᠯᠠᠯᠲᠠ ᠪᠡᠷ ᠣᠨᠴᠠᠯᠢᠭ᠋ ᠪᠣᠯᠭᠠᠵᠤ᠂ ᠲᠠᠪᠴᠠᠩ᠎ᠤᠨ ᠠᠵᠤ ᠠᠬᠤᠢ᠎ᠪᠠᠷ ᠲᠥᠯᠥᠭᠡᠯᠡᠭᠦᠯᠦᠭᠰᠡᠨ ᠰᠢᠨ᠎ᠡ ᠡᠵᠡᠩᠨᠡᠯᠲᠡ᠎ᠶᠢᠨ ᠬᠡᠯᠪᠡᠷᠢ ᠡᠳᠦᠷ ᠪᠦᠷᠢ ᠰᠢᠨᠡᠳᠴᠦ᠂ ᠲᠥᠪᠯᠡᠷᠡᠭᠰᠡᠨ ᠬᠥᠳᠡᠯᠮᠦᠷᠢᠯᠡᠭᠴᠢᠳ᠎ᠤᠨ ᠬᠡᠪᠴᠢᠶ᠎ᠡ ᠲᠠᠰᠤᠷᠠᠯᠳᠡ ᠦᠭᠡᠢ ᠥᠷᠭᠡᠳᠴᠦ᠂ ᠢᠳᠡ ᠳᠣᠷᠪᠢᠲᠠᠢ ᠵᠠᠯᠠᠭᠤ ᠬᠥᠳᠡᠯᠮᠦᠷᠢᠴᠢᠳ ᠭᠣᠣᠯ ᠴᠣᠭᠴᠠ ᠪᠣᠯᠪᠠ᠃ ᠦᠢᠯᠡᠳᠪᠦᠷᠢᠯᠡᠯ᠎ᠦᠨ ᠬᠠᠷᠢᠴᠠᠭᠠᠨ᠎ᠤ ᠲᠠᠯ᠎ᠠ᠎ᠠᠴᠠ ᠠᠪᠴᠤ ᠦᠵᠡᠪᠡᠯ᠂ ᠤᠯᠠᠮᠵᠢᠯᠠᠯᠲᠤ ᠠᠵᠦ ᠦᠢᠯᠡᠰ ᠎ᠤᠨ ᠬᠠᠷᠢᠴᠠᠩᠭᠤᠢ ᠲᠣᠭᠲᠠᠭᠤᠨ᠂ ᠲᠥᠪᠯᠡᠷᠡᠩᠭᠦᠢ ᠠᠵᠢᠯ ᠣᠯᠭᠣᠯᠲᠠ᠎ᠶᠢᠨ ᠵᠠᠭᠪᠤᠷ᠎ᠲᠠᠢ ᠠᠳᠠᠯᠢ ᠦᠭᠡᠢ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ᠎ᠤᠨ ᠲᠠᠷᠬᠠᠯᠲᠠ᠎ᠶᠢᠨ ᠬᠦᠷᠢᠶ᠎ᠡ ᠨᠢ ᠥᠷᠭᠡᠨ᠂ ᠠᠵᠢᠯ ᠣᠯᠭᠣᠯᠲᠠ᠎ᠶᠢᠨ ᠬᠡᠯᠪᠡᠷᠢ ᠨᠢ ᠠᠮᠢᠳᠤᠯᠢᠭ᠋᠂ ᠬᠥᠳᠡᠯᠮᠦᠷᠢ᠎ᠶᠢᠨ ᠬᠠᠷᠢᠴᠠᠭ᠎ᠠ ᠨᠢ ᠪᠤᠳᠤᠯᠢᠶᠠᠨᠲᠠᠢ᠂ ᠠᠵᠢᠯ᠎ᠤᠨ ᠠᠬᠤᠢ ᠪᠠᠢᠳᠠᠯ ᠨᠢ ᠲᠠᠷᠠᠬᠠᠢ ᠪᠤᠲᠠᠷᠬᠠᠢ᠂ ᠠᠵᠢᠯ᠎ᠤᠨ ᠠᠷᠭ᠎ᠠ ᠮᠠᠶᠢᠭ᠋ ᠨᠢ ᠰᠦᠯᠵᠢᠶᠡᠵᠢᠭᠰᠡᠨ ᠢᠯᠡᠷᠬᠡᠢ ᠣᠨᠴᠠᠯᠢᠭ᠋ ᠢᠯᠡᠷᠡᠵᠦ᠂ ᠪᠠᠰᠠ ᠵᠠᠯᠠᠭᠤ ᠪᠦᠯᠬᠦᠮ ᠨᠡᠢᠳᠡ ᠵᠢᠨ ᠥᠪᠡᠷᠮᠢᠴᠡ ᠴᠢᠨᠠᠷᠲᠠᠢ ᠠᠵᠢᠯ ᠣᠯᠭᠣᠯᠲᠠ᠎ᠶᠢ ᠬᠥᠭᠡᠭᠡᠴᠡᠯᠳᠦᠬᠦ ᠰᠤᠨᠢᠷᠬᠠᠯ ᠢᠯᠡᠷᠡᠵᠦ ᠪᠠᠢᠭ᠎ᠠ ᠶᠤᠮ᠃ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠲᠦᠷᠭᠡᠨ ᠰᠢᠪᠲᠤᠯᠤᠯᠲᠠ᠎ᠲᠠᠢ ᠪᠣᠯᠬᠤ᠎ᠶᠢ ᠳᠠᠭᠠᠯᠳᠤᠨ᠂ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠠᠵᠢᠯ ᠣᠯᠭᠣᠯᠲᠠ᠎ᠳᠤ ᠦᠵᠡᠭᠦᠯᠬᠦ ᠨᠥᠯᠥᠭᠡ ᠡᠳᠦᠷ ᠢᠷᠡᠬᠦᠶ᠎ᠡ ᠨᠡᠮᠡᠭᠳᠡᠵᠦ᠂ ᠵᠣᠬᠢᠶᠠᠮᠠᠯ ᠣᠶᠤᠨ ᠴᠢᠳᠠᠪᠤᠷᠢ᠎ᠪᠠᠷ ᠣᠷᠣᠯᠠᠭᠳᠠᠭᠰᠠᠨ ᠤᠯᠠᠮᠵᠢᠯᠠᠯᠲᠤ ᠠᠵᠢᠯ᠎ᠤᠨ ᠪᠠᠢᠷᠢ᠎ᠳᠡᠬᠢ ᠬᠥᠳᠡᠯᠮᠦᠷᠢ ᠬᠦᠴᠦᠨ ᠨᠢ ᠭᠣᠣᠯᠳᠠᠭᠤ ᠠᠮᠢᠳᠤᠯᠢᠭ᠋᠎ᠢᠶᠠᠷ ᠠᠵᠢᠯ ᠣᠯᠭᠣᠬᠤ ᠵᠠᠬ᠎ᠠ ᠳᠡᠯᠭᠡᠭᠦᠷ᠎ᠲᠦ ᠣᠷᠣᠪᠠ᠃ ᠵᠣᠬᠢᠶᠠᠮᠠᠯ ᠣᠶᠤᠨ ᠴᠢᠳᠠᠪᠤᠷᠢ᠎ᠶᠢᠨ ᠰᠢᠨ᠎ᠡ᠎ᠪᠡᠷ ᠡᠭᠦᠳᠦᠨ ᠪᠦᠲᠦᠭᠡᠭᠰᠡᠨ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠳᠤ ᠴᠤ᠌ ᠠᠮᠢᠳᠤᠯᠢᠭ᠋ ᠣᠨᠴᠠᠯᠢᠭ᠋ ᠢᠯᠡᠷᠡᠵᠦ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠤᠯᠠᠮ ᠬᠥᠭᠵᠢᠨ ᠪᠤᠵᠠᠭᠠᠢᠷᠠᠵᠤ᠂ ᠵᠠᠯᠠᠭᠤᠴᠤᠳ᠎ᠤᠨ ᠠᠵᠢᠯ ᠣᠯᠭᠣᠯᠲᠠ᠎ᠶᠢᠨ ᠪᠠᠢᠷᠢᠰᠢᠯ᠎ᠳᠠᠬᠢ ᠪᠠᠢᠷᠢ ᠰᠠᠭᠤᠷᠢ ᠳᠡᠭᠡᠭᠰᠢᠯᠡᠬᠦ ᠬᠠᠨᠳᠤᠰᠢ ᠲᠠᠢ ᠪᠣᠯᠪᠠ᠃

ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠ ᠵᠠᠯᠠᠭᠤᠴᠤᠳ᠎ᠤᠨ ᠬᠥᠭᠵᠢᠯᠲᠡ᠎ᠶᠢᠨ ᠬᠡᠷᠡᠭᠴᠡᠭᠡ᠎ᠶᠢ ᠬᠠᠩᠭᠠᠬᠤ᠎ᠶᠢᠨ ᠲᠣᠭᠣᠷᠢᠨ᠎ᠳᠤ᠂ ᠵᠣᠬᠢᠴᠠᠩᠭᠤᠢ ᠪᠠᠢᠭᠤᠯᠤᠮᠵᠢ ᠲᠣᠭᠲᠠᠴᠠ᠎ᠶᠢ ᠲᠡᠭᠦᠯᠳᠡᠷᠵᠢᠭᠦᠯᠬᠦ᠎ᠪᠡᠷ ᠵᠠᠩᠭᠢᠯᠠᠭ᠎ᠠ᠎ᠶᠢᠨ ᠭᠠᠷᠳᠠᠴᠠ ᠪᠣᠯᠭᠠᠵᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠦᠢᠯᠡᠴᠢᠯᠡᠭᠡ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ ᠨᠢ ᠦᠢᠯᠡᠳᠪᠦᠷᠢᠯᠡᠯ ᠠᠮᠢᠳᠤᠷᠠᠯ᠎ᠤᠨ ᠦᠢᠯᠡᠴᠢᠯᠡᠭᠡ᠎ᠶᠢ ᠳᠡᠭᠡᠭᠰᠢᠯᠡᠭᠦᠯᠬᠦ ᠂ ᠠᠵᠤ ᠠᠬᠤᠢ᠎ᠶᠢᠨ ᠡᠷᠭᠢᠯᠲᠡ᠎ᠶᠢ ᠰᠢᠯᠤᠭᠤᠳᠬᠠᠬᠤ ᠂ ᠬᠤᠳᠠ᠎ᠶᠢᠨ ᠡᠷᠭᠢᠯᠲᠡ᠎ᠶᠢ ᠪᠠᠲᠤᠯᠠᠬᠤ ᠪᠠ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠰᠠᠢᠵᠢᠷᠠᠭᠤᠯᠬᠤ ᠳᠤᠮᠳᠠᠬᠢ ᠡᠳᠡᠭᠡᠷ ᠬᠥᠮᠥᠰ᠎ᠦᠨ ᠢᠳᠡᠪᠬᠢ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ᠎ᠳᠤ ᠠᠰᠢᠭ᠍ᠲᠠᠢ ᠶᠤᠮ᠃ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠰᠤᠷᠭᠠᠨ ᠬᠥᠮᠦᠵᠢᠯ᠎ᠤᠨ ᠪᠣᠯᠪᠠᠰᠤᠷᠠᠯ᠎ᠢ ᠴᠢᠩᠭᠠᠳᠬᠠᠬᠤ ᠨᠢ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠂ ᠡᠳ᠋ ᠪᠣᠳᠠᠰ᠎ᠤᠨ ᠪᠡᠯᠡ ᠣᠷᠣᠭᠤᠯᠤᠯᠳᠠ ᠪᠠ ᠬᠥᠮᠥᠨ ᠎ᠤ ᠪᠡᠯᠡ ᠣᠷᠣᠭᠤᠯᠤᠯᠲᠠ᠎ᠶᠢ ᠨᠢᠭ᠍ᠲᠠ ᠤᠶᠠᠯᠳᠤᠭᠤᠯᠬᠤ᠎ᠳᠤ ᠠᠰᠢᠭ᠍ᠲᠠᠢ ᠪᠠᠢᠵᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠣᠷᠣᠯᠭ᠎ᠠ ᠪᠠ ᠣᠯᠠᠨ ᠨᠡᠶ᠋ᠢᠲᠡ᠎ᠶᠢᠨ ᠦᠢᠯᠡᠴᠢᠯᠡᠭᠡ ᠬᠦᠷᠳᠡᠬᠦ ᠪᠠᠢᠳᠠᠯ᠎ᠢ ᠰᠠᠢᠵᠢᠷᠠᠭᠤᠯᠵᠤ ᠴᠢᠳᠠᠬᠤ᠎ᠪᠠᠷ ᠪᠠᠷᠠᠬᠤ ᠦᠭᠡᠢ ᠪᠠᠰᠠ ᠲᠡᠳᠡᠨ᠎ᠦ ᠬᠡᠷᠡᠭᠯᠡᠭᠡ ᠵᠢᠨ ᠴᠢᠳᠠᠪᠤᠷᠢ ᠪᠠ ᠬᠡᠷᠡᠭᠯᠡᠭᠡ ᠵᠢᠨ ᠬᠦᠰᠡᠯ᠎ᠢ ᠨᠢ ᠳᠡᠭᠡᠭᠰᠢᠯᠡᠭᠦᠯᠵᠦ ᠴᠢᠳᠠᠬᠤ ᠮᠦᠷᠳᠡᠭᠡᠨ  ᠲᠡᠳᠡᠨ᠎ᠦ ᠰᠢᠨ᠎ᠡ᠎ᠶᠢ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠨᠠᠩ ᠭᠦᠢᠴᠡᠳ ᠪᠠᠳᠠᠷᠠᠭᠤᠯᠵᠤ᠂ ᠲᠠᠪᠴᠠᠩ᠎ᠤᠨ ᠠᠵᠤ ᠠᠬᠤᠢ᠂ ᠲᠣᠭᠠᠴᠢᠯᠠᠭᠰᠠᠨ ᠠᠵᠤ ᠠᠬᠤᠢ᠎ᠶᠢᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠬᠡᠪ ᠵᠠᠭᠪᠤᠷ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠴᠢᠳᠠᠨ᠎ᠠ᠃ ᠠᠮᠢᠳᠤᠯᠢᠭ᠋ ᠠᠵᠢᠯ ᠣᠯᠭᠣᠯᠲᠠ᠂ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠪᠣᠯ ᠵᠠᠯᠠᠭᠤ ᠬᠥᠯᠥᠰᠦᠨ ᠠᠵᠢᠯᠴᠢᠨ᠎ᠤ ᠴᠢᠬᠤᠯᠠ ᠠᠵᠢᠯ ᠣᠯᠭᠣᠯᠲᠠ᠎ᠶᠢᠨ ᠠᠷᠭ᠎ᠠ ᠮᠠᠶᠢᠭ᠋ ᠮᠥᠨ᠂  ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠲᠤ᠌ ᠦᠢᠯᠡᠴᠢᠯᠡᠭᠦ ᠬᠢᠷᠢ ᠲᠦᠪᠰᠢᠨ᠎ᠢ ᠳᠡᠭᠡᠭᠰᠢᠯᠡᠭᠦᠯᠬᠦ ᠪᠣᠯ ᠬᠥᠮᠥᠨ᠎ᠢᠶᠡᠷ ᠦᠨᠳᠦᠰᠦ ᠪᠣᠯᠭᠠᠬᠤ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢ ᠭᠦᠨᠵᠡᠭᠡᠢ ᠠᠬᠢᠭᠤᠯᠬᠤ᠎ᠶᠢᠨ ᠴᠢᠬᠤᠯᠠ ᠭᠠᠷᠳᠠᠴᠠ ᠮᠥᠨ᠃

ᠣᠢᠷ᠎ᠠ᠎ᠶᠢᠨ ᠵᠢᠯ᠎ᠦᠳ᠎ᠲᠦ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠦᠢᠯᠡᠴᠢᠯᠡᠭᠡ ᠬᠠᠮᠢᠶᠠᠷᠤᠯᠲᠠ᠎ᠶᠢᠨ ᠳᠦᠷᠢᠮ ᠵᠢᠴᠢ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠦᠨ ᠪᠠᠢᠭᠤᠯᠤᠯᠲᠠ ᠢᠳᠡᠪᠬᠢᠲᠡᠢ ᠠᠬᠢᠯᠲᠠ᠎ᠲᠠᠢ ᠪᠣᠯᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ 《ᠠᠮᠢᠳᠤᠯᠢᠭ᠋ ᠠᠵᠢᠯ ᠣᠯᠭᠣᠯᠲᠠ ᠪᠠ ᠰᠢᠨ᠎ᠡ ᠬᠡᠯᠪᠡᠷᠢ᠎ᠶᠢᠨ ᠠᠵᠢᠯ ᠣᠯᠭᠣᠯᠲᠠ᠎ᠶᠢᠨ  ᠬᠥᠳᠡᠯᠮᠦᠷᠢᠴᠢᠳ᠎ᠦᠨ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ》 ᠭᠡᠵᠦ ᠱᠠᠭᠠᠷᠳᠠᠬᠰᠠᠨ᠎ᠠᠴᠠ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠳᠤ 《ᠠᠮᠢᠳᠤᠯᠢᠭ᠋ ᠠᠵᠢᠯ ᠣᠯᠭᠣᠯᠲᠠ᠎ᠶᠢ ᠠᠬᠢᠭᠤᠯᠵᠤ᠂ ᠰᠢᠨ᠎ᠡ ᠬᠡᠯᠪᠡᠷᠢ᠎ᠶᠢᠨ ᠠᠵᠢᠯ ᠣᠯᠭᠣᠯᠲᠠ ᠎ᠶᠢᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠤᠨ᠎ᠠ》 ᠭᠡᠵᠦ ᠳᠤᠷᠠᠳᠤᠭᠰᠠᠨ ᠬᠦᠷᠲᠡᠯ᠎ᠡ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠡᠷᠬᠡ ᠠᠰᠢᠭ᠋᠎ᠢ ᠪᠠᠲᠤᠯᠠᠬᠤ ᠪᠠ ᠦᠢᠯᠡᠴᠢᠯᠡᠭᠡ ᠳᠡᠮᠵᠢᠯᠭᠡ ᠦᠵᠡᠭᠦᠯᠬᠦ ᠦᠵᠦ ᠲᠥᠯᠥᠪᠯᠡᠭᠡ᠎ᠠᠯᠬᠤᠮ ᠠᠯᠬᠤᠮ᠎ᠢᠶᠠᠷ ᠲᠣᠳᠣᠷᠬᠠᠢ ᠪᠣᠯᠪᠠ᠃ 2023 ᠣᠨ᠎ᠤ 3 ᠰᠠᠷ᠎ᠠ᠎ᠳᠤ᠂ ᠲᠥᠪ᠎ᠦᠨ ᠨᠡᠢᠭᠡᠮ ᠎ᠦᠨ ᠠᠵᠢᠯ᠎ᠤᠨ ᠬᠡᠯᠲᠡᠰ ᠵᠢᠩᠬᠢᠨᠢ᠎ᠪᠡᠷ ᠪᠠᠢᠭᠤᠯᠤᠭᠳᠠᠪᠠ᠂ ᠲᠡᠭᠦᠨ᠎ᠦ ᠴᠢᠬᠤᠯᠠ ᠡᠭᠦᠷᠭᠡ ᠴᠢᠳᠠᠪᠬᠢ᠎ᠶᠢᠨ ᠨᠢᠭᠡ ᠨᠢ ᠪᠣᠯ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠵᠢᠯᠤᠭᠣᠳᠬᠤ ᠶᠠᠪᠤᠳᠠᠯ ᠪᠣᠯᠣᠨ᠎ᠠ᠃ 2026 ᠣᠨ᠎ᠤ 1 ᠰᠠᠷ᠎ᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠢᠯᠡᠷᠬᠡᠢᠯᠡᠬᠦ᠎ᠳᠡᠭᠡᠨ᠂ 《ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠦᠨᠳᠦᠰᠦᠨ ᠡᠷᠬᠡ ᠠᠰᠢᠭ᠋᠎ᠢ ᠪᠠᠲᠤᠯᠠᠬᠤ ᠠᠷᠭ᠎ᠠ》᠎ᠶ᠋ᠢ ᠲᠣᠭᠲᠠᠭᠠᠨ᠎ᠠ ᠭᠡᠵᠡᠢ᠃ ᠣᠳᠣᠬᠠᠨ᠎ᠳᠤ ᠮᠠᠨ᠎ᠤ ᠤᠯᠤᠰ᠎ᠤᠨ 17 ᠮᠤᠵᠢ ᠣᠷᠣᠨ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ ᠵᠢᠨ ᠴᠡᠭ᠎ᠢ ᠥᠷᠨᠢᠭᠦᠯᠵᠦ᠂ ᠨᠡᠶ᠋ᠢᠲᠡ 2500 ᠲᠦᠮᠡᠨ ᠬᠥᠮᠥᠨ ᠳᠠᠭᠠᠳᠬᠠᠯ᠎ᠳᠤ ᠣᠷᠣᠯᠴᠠᠵᠠᠢ᠃ ᠭᠡᠪᠡᠴᠦ ᠡᠭᠦᠨ᠎ᠦ ᠵᠡᠷᠭᠡᠪᠡᠷ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠬᠥᠳᠡᠯᠮᠦᠷᠢ᠎ᠶᠢᠨ ᠡᠷᠬᠡ ᠠᠰᠢᠭ᠋᠎ᠤᠨ ᠪᠠᠲᠤᠯᠠᠭ᠎ᠠ ᠬᠦᠷᠦᠯᠴᠡᠬᠦ ᠦᠭᠡᠢ᠂ ᠬᠥᠮᠦᠵᠢᠯ ᠪᠣᠯᠪᠠᠰᠤᠷᠠᠭᠤᠯᠤᠯ ᠳᠤᠲᠠᠮᠠᠭ᠂ ᠣᠯᠠᠨ ᠨᠡᠶ᠋ᠢᠲᠡ᠎ᠶᠢᠨ ᠦᠢᠯᠡᠴᠢᠯᠡᠭᠡ ᠬᠦᠷᠦᠯᠴᠡᠬᠦ ᠦᠭᠡᠢ ᠵᠡᠷᠭᠡ ᠠᠰᠠᠭᠤᠳᠠᠯ ᠮᠥᠨ ᠬᠦ᠌ ᠵᠣᠬᠢᠬᠤ ᠬᠡᠮᠵᠢᠶ᠎ᠡ᠎ᠪᠡᠷ ᠣᠷᠣᠰᠢᠵᠤ᠂ ᠪᠠᠢᠭᠤᠯᠤᠮᠵᠢ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠢᠯᠡᠴᠢᠯᠡᠭᠡᠨ᠎ᠦ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ ᠪᠠᠢᠨ᠎ᠠ᠃

ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠬᠥᠳᠡᠯᠮᠦᠷᠢ᠎ᠶᠢᠨ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠬᠤ ᠭᠡᠷᠡᠭᠲᠠᠢ᠃ ᠠᠨᠾᠦ᠋ᠢ᠂ ᠰᠢᠶᠠᠮᠧᠨ ᠵᠡᠷᠭᠡ ᠭᠠᠵᠠᠷ ᠤᠷᠤᠨ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠢ ᠪᠠᠳᠤᠯᠠᠭ᠎ᠠ ᠵᠢᠨ ᠬᠠᠤᠯᠢ ᠲᠣᠭᠲᠠᠭᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠤᠯᠤᠰ᠎ᠤᠨ ᠦᠵᠦ ᠲᠥᠯᠥᠪᠯᠡᠭᠡ ᠬᠢᠬᠦ᠎ᠳᠦ ᠠᠰᠢᠭ᠍ᠲᠠᠢ ᠲᠤᠷᠰᠢᠯᠭ᠎ᠠ ᠬᠤᠷᠠᠮᠳᠤᠭᠤᠯᠵᠠᠢ᠃ ᠲᠤᠰᠬᠠᠢ ᠬᠠᠤᠯᠢ ᠲᠣᠭᠲᠠᠭᠠᠯ ᠪᠣᠯᠣᠨ ᠳᠦᠷᠢᠮ᠎ᠦᠨ ᠪᠠᠢᠭᠤᠯᠤᠯᠲᠠ ᠎ᠶᠢ ᠲᠦᠷᠭᠡᠳᠬᠡᠨ ᠠᠬᠢᠭᠤᠯᠵᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠬᠥᠳᠡᠯᠮᠦᠷᠢ᠎ᠶᠢᠨ ᠬᠥᠯᠥᠰᠦ ᠣᠯᠭᠣᠮᠵᠢ᠂ ᠠᠮᠠᠷᠠᠯᠲᠠ᠎ᠶᠢᠨ ᠴᠢᠯᠦᠭᠡ᠂ ᠬᠥᠳᠡᠯᠮᠦᠷᠢ᠎ᠶᠢᠨ ᠠᠮᠤᠷ ᠲᠦᠪᠰᠢᠨ᠂ ᠨᠡᠢᠭᠡᠮ᠎ᠦᠨ ᠪᠠᠲᠤᠯᠠᠭ᠎ᠠ᠂ ᠨᠡᠢᠭᠡᠮ ᠎ᠦᠨ ᠣᠷᠣᠯᠴᠠᠭ᠎ᠠ ᠵᠡᠷᠭᠡ ᠦᠨᠳᠦᠰᠦᠨ ᠡᠷᠬᠡ ᠠᠰᠢᠭ᠋᠎ᠢ ᠬᠠᠮᠠᠭᠠᠯᠠᠬᠤ ᠬᠡᠷᠡᠭᠲᠡᠢ᠃ 《ᠵᠠᠰᠠᠭ ᠎ᠤᠨ ᠣᠷᠳᠣᠨ ᠎ᠢᠶᠠᠷ ᠭᠣᠣᠯᠯᠠᠭᠤᠯᠬᠤ᠂ ᠣᠯᠠᠨ ᠲᠠᠯ᠎ᠠ ᠎ᠶᠢᠨ ᠬᠢᠨ ᠬᠠᠮᠲᠤ᠎ᠪᠠᠷ ᠡᠭᠦᠷᠭᠡᠯᠡᠬᠦ᠂ ᠨᠡᠢᠭᠡᠮ᠎ᠢᠶᠡᠷ᠎ᠢᠶᠡᠨ ᠬᠠᠮᠵᠢᠯᠴᠠᠬᠤ》 ᠠᠵᠢᠯ ᠲᠥᠷᠥᠯ᠎ᠦᠨ ᠴᠢᠨᠠᠷᠲᠠᠢ᠂ ᠣᠷᠣᠨ ᠪᠦᠰᠡ᠎ᠶᠢᠨ ᠴᠢᠨᠠᠷᠲᠠᠢ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠡᠷᠬᠡ ᠠᠰᠢᠭ᠋ ᠎ᠢ ᠬᠠᠮᠠᠭᠠᠯᠠᠬᠤ ᠲᠣᠣᠷ ᠰᠦᠯᠵᠢᠶ᠎ᠡ᠎ᠶᠢ ᠪᠠᠢᠭᠤᠯᠵᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠬᠥᠳᠡᠯᠮᠦᠷᠢ᠎ᠶᠢᠨ ᠮᠠᠷᠭᠤᠯᠳᠤᠭᠠᠨ᠎ᠢ ᠡᠶᠡᠳᠡᠭᠦᠯᠬᠦ ᠲᠣᠭᠲᠠᠴᠠ ᠎ᠶᠢ ᠪᠦᠷᠢᠨᠰᠢᠭᠦᠯᠬᠦ ᠬᠡᠷᠡᠭᠳᠡᠢ᠃ ᠲᠠᠪᠴᠠᠩ᠎ᠤᠨ ᠬᠥᠳᠡᠯᠮᠦᠷᠢ᠎ᠶᠢᠨ ᠳᠦᠷᠢᠮ ᠪᠠ ᠪᠤᠳᠤᠬᠤ ᠠᠷᠭ᠎ᠠ ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠲᠠᠪᠴᠠᠩ᠎ᠤᠨ ᠬᠥᠳᠡᠯᠮᠦᠷᠢ᠎ᠶᠢᠨ ᠳᠦᠷᠢᠮ ᠪᠠ ᠪᠤᠳᠤᠬᠤ ᠠᠷᠭ᠎ᠠ᠎ᠶᠢᠨ ᠤᠶᠠᠯᠳᠦᠯ᠎ᠢ ᠠᠬᠢᠭᠤᠯᠵᠤ᠂ ᠰᠦᠯᠵᠢᠶᠡᠨ ᠎ᠦ ᠲᠠᠪᠴᠠᠩ᠎ᠤᠨ ᠪᠤᠳᠤᠬᠤ ᠠᠷᠭ᠎ᠠ᠎ᠶᠢᠨ ᠨᠡᠢᠲᠡᠯᠢᠭ ᠠᠰᠠᠭᠤᠳᠠᠯ᠎ᠢ ᠴᠡᠭᠴᠡᠯᠡᠬᠦ ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠬᠦ ᠬᠡᠷᠡᠭᠳᠡᠢ᠃ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ ᠬᠦᠳᠡᠯᠮᠦᠷᠢᠴᠢᠳ ᠎ᠦᠨ ᠡᠷᠬᠢᠯᠡᠭᠰᠡᠨ ᠠᠵᠢᠯ᠎ᠤᠨ ᠭᠡᠮᠲᠦᠯ᠎ᠦᠨ ᠪᠠᠲᠤᠯᠠᠭ᠎ᠠ᠎ᠶᠢᠨ ᠬᠠᠮᠤᠷᠬᠤ ᠬᠡᠪᠴᠢᠶ᠎ᠡ᠎ᠶᠢ ᠤᠯᠠᠮ  ᠥᠷᠭᠡᠳᠬᠡᠵᠦ᠂ ᠬᠠᠮᠢᠶ᠎ᠠ ᠪᠦᠬᠦᠢ ᠳᠦᠷᠢᠮ ᠲᠣᠭᠲᠠᠭᠠᠯ᠎ᠢ ᠲᠦᠷᠭᠡᠳᠬᠡᠨ ᠲᠡᠭᠦᠯᠳᠡᠷᠵᠢᠭᠦᠯᠵᠦ᠂ ᠠᠮᠢᠳᠤᠯᠢᠭ᠋᠎ᠢᠶᠠᠷ ᠠᠵᠢᠯ ᠣᠯᠭᠣᠬᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠠᠵᠢᠯᠲᠠᠨ ᠠᠵᠢᠯᠴᠢᠨ᠎ᠤ ᠦᠨᠳᠦᠰᠦᠨ ᠡᠮᠨᠡᠯᠭᠡ᠎ᠶᠢᠨ ᠳᠠᠭᠠᠳᠬᠠᠯ ᠪᠣᠯᠣᠨ ᠦᠨᠳᠦᠰᠦᠨ ᠨᠠᠰᠤᠵᠢᠯ᠎ᠤᠨ ᠳᠠᠭᠠᠳᠬᠠᠯ᠎ᠳᠤ ᠣᠷᠣᠯᠴᠠᠬᠤ᠎ᠶᠢ ᠠᠬᠢᠭᠤᠯᠬᠤ ᠴᠢᠬᠤᠯᠠᠳᠠᠢ᠃

ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠠᠵᠢᠯ ᠣᠯᠭᠣᠯᠲᠠ᠎ᠶᠢ ᠳᠡᠮᠵᠢᠬᠦ ᠪᠠ ᠲᠠᠪᠳᠠᠨ ᠪᠣᠯᠪᠠᠰᠤᠷᠠᠭᠤᠯᠬᠤ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠠᠢ᠃ 《ᠭᠡᠷ᠎ᠦᠨ ᠡᠭᠦᠳᠡᠡ᠎ᠳᠡᠬᠢ》 ᠦᠨᠳᠦᠰᠦᠨ ᠱᠠᠲᠤᠨ᠎ᠤ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ ᠎ᠦ ᠥᠷᠲᠡᠭᠡ᠂《15 ᠮᠢᠨᠦ᠋ᠲ》᠎ᠤ᠋ᠨ ᠠᠵᠢᠯ ᠣᠯᠭᠣᠯᠲᠠ᠎ᠶᠢᠨ ᠦᠢᠯᠡᠴᠢᠯᠡᠭᠡᠨ ᠎ᠦ ᠲᠣᠭᠣᠷᠢᠭ᠋᠎ᠤᠨ ᠦᠢᠯᠡᠳᠦᠯ᠎ᠢ ᠪᠠᠳᠠᠷᠠᠭᠤᠯᠵᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠳᠡᠮᠵᠢᠯᠭᠡ᠎ᠶᠢ ᠴᠢᠩᠭᠠᠷᠠᠭᠤᠯᠤᠨ᠎ᠠ᠃ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ᠎ᠶᠢᠨ ᠮᠡᠳᠡᠭᠡ ᠵᠠᠩᠭᠢ᠎ᠶᠢ ᠨᠡᠢᠲᠡᠯᠡᠬᠦ᠂ ᠠᠵᠢᠯ᠎ᠤᠨ ᠪᠠᠢᠷᠢ᠎ᠶᠢᠨ ᠠᠵᠢᠯᠲᠠᠨ ᠡᠯᠰᠡᠬᠦ ᠪᠠ ᠠᠵᠢᠯ ᠣᠯᠭᠣᠬᠤ᠎ᠶᠢ ᠵᠢᠯᠤᠭᠣᠳᠬᠤ ᠲᠣᠭᠲᠠᠴᠠ᠎ᠶᠢ ᠪᠦᠷᠢᠨᠰᠢᠭᠦᠯᠵᠦ᠂ ᠰᠢᠭᠤᠳ ᠨᠡᠪᠲᠡᠷᠡᠭᠦᠯᠭᠡ᠎ᠪᠡᠷ ᠠᠵᠢᠯᠯᠠᠬᠤ᠂ ᠠᠯᠤᠰ᠎ᠠᠴᠠ ᠨᠢᠭᠤᠷᠲᠠᠨ ᠰᠢᠯᠭᠠᠬᠤ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠬᠠᠨᠳᠤᠯᠭ᠎ᠠ᠎ᠲᠠᠢ᠎ᠪᠠᠷ ᠣᠨᠣᠪᠴᠢᠲᠠᠶ ᠬᠦᠷᠭᠡᠬᠦ᠎ᠶᠢ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠬᠥᠮᠦᠵᠢᠯ ᠪᠣᠯᠪᠠᠰᠤᠷᠠᠯ ᠪᠠ ᠴᠢᠳᠠᠪᠤᠷᠢ᠎ᠶᠢᠨ ᠳᠡᠭᠡᠭᠰᠢᠯᠡᠯᠲᠡ᠎ᠶᠢ ᠴᠢᠩᠭᠠᠳᠬᠠᠬᠤ ᠪᠣᠯ ᠲᠡᠳᠡᠨ᠎ᠦ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠦᠨᠳᠦᠰᠦᠨ ᠠᠷᠭ᠎ᠠ ᠵᠠᠮ ᠮᠥᠨ᠃ ᠵᠢᠱ᠌ᠢᠶᠡᠯᠡᠪᠡᠯ᠂ ᠣᠢᠷ᠎ᠠ᠎ᠶᠢᠨ ᠵᠢᠯ᠎ᠡᠴᠡ ᠪᠡᠭᠡᠵᠢᠩ ᠰᠢᠨ᠎ᠡ ᠬᠡᠯᠪᠡᠷᠢ ᠵᠢᠨ  ᠠᠵᠢᠯ ᠣᠯᠭᠣᠯᠲᠠ᠎ᠶᠢᠨ ᠪᠦᠯᠬᠦᠮ ᠨᠡᠢᠳᠡ᠎ᠳᠦ《ᠨᠥᠬᠥᠷᠰᠡᠭ ᠪᠠᠢᠬᠤ 》 ᠬᠤᠳᠠ ᠵᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠰᠤᠷᠭᠠᠭᠤᠯᠢ ᠡᠷᠬᠢᠯᠡᠬᠦ᠂ ᠪᠣᠯᠪᠠᠰᠤᠷᠠᠯ᠎ᠤᠨ ᠠᠩᠭᠢ ᠡᠷᠬᠢᠯᠡᠬᠦ᠂ ᠡᠭᠦᠯᠡᠨ ᠬᠢᠴᠢᠶᠡᠯ᠎ᠦᠨ ᠲᠠᠩᠬᠢᠮ ᠲᠣᠬᠢᠷᠠᠭᠤᠯᠬᠤ ᠵᠡᠷᠭᠡ᠎ᠪᠡᠷ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠤᠯᠠᠨ ᠲᠦᠮᠡᠨ᠎ᠦ ᠬᠥᠭᠵᠢᠯᠲᠡ᠎ᠳᠦ ᠪᠠᠲᠤᠯᠠᠭ᠎ᠠ ᠬᠠᠩᠭᠠᠪᠠ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠲᠠᠪᠴᠠᠩ᠎ᠤᠨ ᠠᠵᠤ ᠠᠬᠤᠢᠯᠠᠯ᠂ ᠲᠤᠰᠬᠠᠢ ᠮᠡᠷᠭᠡᠵᠢᠯᠲᠡᠨ᠎ᠵᠢᠯᠣᠭᠣᠳᠤᠭ᠍ᠴᠢ ᠪᠠᠭ᠍ᠰᠢ᠂ ᠨᠡᠢᠭᠡᠮ᠎ᠦᠨ ᠶᠡᠬᠡ ᠳᠡᠭᠡᠳᠦ ᠰᠤᠷᠭᠠᠭᠤᠯᠢ ᠵᠡᠷᠭᠡ ᠬᠦᠴᠦᠨ ᠪᠣᠯᠣᠨ ᠡᠬᠢ ᠪᠠᠶᠠᠯᠢᠭ᠋᠎ᠢ ᠨᠡᠢᠳᠬᠡᠵᠦ᠂ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠥᠮᠥᠰ᠎ᠦᠨ ᠦᠰᠦᠨ ᠪᠣᠢᠵᠢᠵᠤ ᠳᠡᠭᠡᠭᠰᠢᠯᠡᠬᠦ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠬᠦ ᠬᠡᠷᠡᠭᠲᠡᠢ᠃ ᠰᠢᠨ᠎ᠡ ᠬᠡᠯᠪᠡᠷᠢ ᠵᠢᠨ ᠠᠵᠢᠯ ᠣᠯᠭᠤᠯᠳᠠ ᠵᠢᠨ  ᠬᠦᠳᠡᠯᠮᠦᠷᠢᠴᠢᠳ᠎ᠦᠨ ᠪᠣᠳᠠᠲᠤ ᠬᠡᠷᠡᠭᠴᠡᠭᠡ ᠯᠦ᠍ᠭᠡ ᠤᠶᠠᠯᠳᠤᠭᠤᠯᠤᠨ ᠲᠠᠪᠳᠠᠨ ᠪᠣᠯᠪᠠᠰᠤᠷᠠᠯ᠎ᠤᠨ ᠬᠢᠴᠢᠶᠡᠯ ᠬᠠᠩᠭᠠᠬᠤ᠎ᠪᠠᠷ ᠪᠠᠷᠠᠬᠤ ᠦᠭᠡᠢ ᠪᠠᠰᠠ ᠠᠯᠤᠰ ᠬᠡᠳᠦ᠎ᠶᠢᠨ ᠠᠵᠢᠯ ᠮᠡᠷᠭᠡᠵᠢᠯ᠎ᠦᠨ ᠬᠥᠭᠵᠢᠯᠲᠡ᠎ᠶᠢ ᠨᠢ ᠪᠣᠳᠣᠯᠬᠢᠯᠠᠵᠤ᠂ ᠲᠡᠷᠢᠭᠦᠨ᠎ᠦ ᠦᠢᠯᠡᠳᠬᠦ ᠦᠢᠯᠡᠰ᠂ ᠲᠣᠭᠠᠴᠢᠯᠠᠭᠰᠠᠨ ᠠᠵᠤ ᠠᠬᠤᠢ ᠵᠡᠷᠭᠡ ᠠᠵᠤ ᠦᠢᠯᠡᠰ᠎ᠦᠨ ᠬᠥᠭᠵᠢᠯᠲᠡ᠎ᠶᠢᠨ ᠬᠠᠨᠳᠤᠰᠢ᠎ᠳᠤ ᠵᠣᠬᠢᠴᠠᠭᠤᠯᠤᠨ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠦᠨ ᠮᠡᠳᠡᠯᠭᠡ ᠪᠣᠯᠣᠨ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠢ ᠪᠠᠢᠷᠢᠰᠢᠭᠤᠯᠤᠨ ᠴᠢᠩᠭᠠᠳᠬᠠᠬᠤ ᠬᠡᠷᠡᠭᠲᠡᠢ᠃

ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠨᠡᠢᠭᠡᠮ᠎ᠦᠨ ᠠᠭᠤᠰᠤᠯᠴᠠᠯ᠎ᠢ ᠠᠬᠢᠭᠤᠯᠬᠤ ᠬᠡᠷᠡᠭᠲᠠᠢ᠃ ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ ᠠᠴᠢᠶᠠᠨ᠎ᠤ ᠮᠠᠰᠢᠨ᠎ᠤ ᠵᠢᠯᠣᠭᠣᠴᠢ ᠵᠡᠷᠭᠡ ᠬᠥᠮᠥᠰ᠎ᠨᠡᠭᠦᠳᠡᠯ ᠴᠢᠨᠠᠷ᠎ᠢᠶᠠᠷ ᠴᠢᠩᠭ᠎ᠠ᠂ ᠬᠥᠳᠡᠯᠮᠦᠷᠢ᠎ᠶᠢᠨ ᠡᠷᠴᠢᠮ ᠴᠢᠩᠭ᠎ᠠ ᠤᠨᠴᠠᠯᠢᠬ ᠲᠠᠢ ᠪᠠᠢᠵᠤ᠂ ᠡᠭᠦᠳᠡ ᠪᠡᠷ ᠣᠷᠣᠬᠤ᠎ᠳᠤ ᠬᠦᠴᠢᠷ᠂ ᠬᠣᠭᠣᠯᠠ ᠢᠳᠡᠬᠦ᠎ᠳᠦ ᠬᠦᠴᠢᠷ᠂ ᠲᠡᠷᠭᠡ ᠵᠣᠭᠰᠣᠬᠤ᠎ᠳᠤ ᠬᠦᠴᠢᠷ᠂ ᠠᠮᠠᠷᠠᠬᠤ᠎ᠳᠤ ᠬᠦᠴᠢᠷ ᠵᠡᠷᠭᠡ ᠪᠣᠳᠠᠲᠠᠢ ᠬᠦᠴᠢᠷᠳᠡᠯ᠎ᠳᠦ ᠲᠤᠯᠭᠠᠷᠠᠵᠤ ᠪᠤᠢ᠃ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠠᠳᠠᠯᠢ ᠲᠡᠭᠰᠢ᠎ᠪᠡᠷ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ᠎ᠲᠤ᠌ ᠬᠦᠷᠳᠡᠭᠡᠬᠦ᠎ᠶᠢ ᠦᠨᠡᠨ ᠬᠦ᠌ ᠠᠬᠢᠭᠤᠯᠵᠤ᠂ ᠲᠡᠭᠦᠨ᠎ᠦ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ ᠂ ᠣᠷᠣᠨ ᠰᠠᠭᠤᠴᠠ᠂ ᠲᠦᠷᠦᠵᠦ ᠥᠰᠬᠡᠬᠦ᠂ ᠦᠷ᠎ᠡ ᠬᠡᠦᠬᠡᠳ᠎ᠦᠨ ᠬᠢᠨᠢ ᠰᠤᠷᠭᠠᠭᠤᠯᠢ᠎ᠳᠤ ᠣᠷᠣᠬᠤ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ᠃ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠦᠳᠡᠯᠮᠦᠷᠢᠴᠢᠳ᠎ᠤᠨ ᠨᠥᠬᠥᠷᠰᠡᠭ ᠬᠣᠲᠠ ᠂ ᠨᠥᠬᠥᠷᠰᠡᠭ ᠨᠡᠢᠭᠡᠮ ᠲᠣᠭᠣᠷᠢᠭ᠋᠂ ᠨᠥᠬᠥᠷᠰᠡᠭ ᠬᠤᠳᠠᠯᠳᠤᠭᠠᠨ᠎ᠤ ᠲᠣᠭᠣᠷᠢᠭ᠋ ᠂ ᠨᠥᠬᠥᠷᠰᠡᠭ ᠠᠰᠠᠷ ᠲᠠᠭᠲᠤ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ 《ᠵᠠᠯᠠᠭᠤᠴᠤᠳ᠎ᠤᠨ ᠭᠡᠷ ᠪᠦᠯᠢ》᠂ 《ᠬᠠᠢᠷ᠎ᠠ ᠬᠠᠯᠠᠮᠵᠢ᠎ᠶᠢᠨ ᠥᠷᠲᠡᠭᠡ》᠂ 《ᠵᠢᠯᠣᠭᠣᠴᠢ᠎ᠶᠢᠨ ᠭᠡᠷ》 ᠵᠡᠷᠭᠡ ᠲᠠᠯᠠᠪᠤᠷ᠎ᠢ ᠪᠠᠶ᠋ᠢᠭᠤᠯᠬᠤ᠎ᠶᠢ ᠴᠢᠩᠭᠠᠳᠬᠠᠵᠤ ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠲᠦ ᠥᠷᠭᠡᠨ ᠪᠦᠷᠬᠦᠴᠡ᠂ ᠣᠯᠠᠨ ᠲᠠᠰ ᠳᠠᠪᠬᠤᠷᠭ᠎ᠠ ᠂ ᠬᠡᠷᠡᠭᠴᠡᠭᠡ ᠲᠠᠢ  ᠶᠡᠷᠦᠩᠬᠡᠢᠯᠡᠭᠰᠡᠨ ᠦᠢᠯᠡᠴᠢᠯᠡᠭᠡ ᠬᠠᠩᠭᠠᠨ᠎ᠠ᠃

ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ ᠎ᠤᠨ ᠨᠠᠮ᠎ᠤᠨ ᠪᠠᠢᠭᠤᠯᠤᠯᠲᠠ ᠪᠠ ᠨᠡᠢᠭᠡᠮ᠎ᠦᠨ ᠵᠠᠰᠠᠯᠲᠠ᠎ᠶᠢ ᠴᠢᠩᠭᠠᠳᠬᠠᠬᠤ ᠭᠡᠷᠡᠭᠲᠠᠢ᠃ ᠰᠢᠨ᠎ᠡ᠎ᠪᠡᠷ ᠮᠠᠨᠳᠤᠵᠦ ᠪᠠᠢᠭ᠎ᠠ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠲᠤᠰᠠᠭᠠᠷ ᠵᠣᠬᠢᠶᠠᠨ ᠪᠠᠶ᠋ᠢᠭᠤᠯᠬᠤ᠂ ᠣᠷᠣᠨ ᠪᠦᠰᠡ ᠬᠣᠯᠪᠤᠭᠠᠯᠠᠨ ᠪᠠᠶ᠋ᠢᠭᠤᠯᠬᠤ᠂ ᠠᠵᠢᠯ ᠲᠦᠷᠦᠯ ᠎ᠢ ᠨᠢᠭᠡᠳᠦᠯᠲᠡᠢ ᠪᠠᠶ᠋ᠢᠭᠤᠯᠬᠤ ᠵᠡᠷᠭᠡ ᠬᠡᠯᠪᠡᠷᠢ᠎ᠪᠡᠷ ᠨᠠᠮ᠎ᠤᠨ ᠵᠣᠬᠢᠶᠠᠨ ᠪᠠᠢᠭᠤᠯᠤᠯᠲᠠ ᠪᠠ ᠠᠵᠢᠯ᠎ᠤᠨ 《ᠬᠣᠶᠠᠷ ᠎ᠢ ᠪᠦᠷᠬᠦᠭᠦᠯᠬᠦ》 ᠶ᠋ᠢ ᠠᠬᠢᠭᠤᠯᠵᠤ᠂ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ ᠬᠦᠳᠡᠯᠮᠦᠷᠢᠴᠢᠳ᠎ᠲᠦ ᠦᠵᠡᠯ ᠰᠠᠨᠠᠭᠠᠨ᠎ᠤ ᠵᠢᠯᠣᠭᠣᠳᠤᠯᠭ᠎ᠠ᠎ᠶᠢᠨ ᠠᠵᠢᠯ᠎ᠢ ᠰᠠᠢᠲᠤᠷ ᠬᠢᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ᠎ᠲᠦ ᠦᠢᠯᠡᠴᠢᠯᠡᠬᠦ ᠬᠠᠮᠢᠶᠠᠷᠬᠤ ᠪᠡᠬᠢᠯᠡᠯᠲᠡ᠎ᠶᠢᠨ ᠴᠢᠳᠠᠮᠵᠢ᠎ᠶᠢ ᠴᠢᠩᠭᠠᠳᠬᠠᠨ᠎ᠠ᠃ ᠨᠢᠭᠡ ᠲᠠᠯ᠎ᠠ᠎ᠪᠠᠷ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ᠎ᠤᠨ ᠣᠨᠴᠠᠯᠢᠭ᠋ ᠪᠠ ᠬᠥᠳᠡᠯᠦᠩᠭᠦᠢ ᠪᠠᠢᠳᠠᠯ᠎ᠳᠤ ᠴᠢᠭᠯᠡᠭᠦᠯᠦᠨ᠂ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠂ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢᠭᠤᠯᠤᠯᠲᠠ᠂ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠨᠢ ᠤᠯᠠᠨ ᠲᠠᠯ᠎ᠠ᠎ᠪᠡᠷ ᠦᠢᠯᠡᠳᠦᠯ᠎ᠵᠢᠡᠨ  ᠪᠠᠳᠠᠷᠠᠭᠤᠯᠵᠤ᠂ ᠶᠡᠷᠦᠩᠬᠡᠢᠯᠡᠭᠰᠡᠨ ᠬᠠᠮᠢᠶᠠᠷᠤᠯᠲᠠ᠎ᠶᠢ ᠴᠢᠩᠭᠠᠳᠬᠠᠨ᠂ ᠨᠡᠢᠭᠡᠮ᠎ᠦᠨ ᠵᠥᠷᠢᠴᠡᠯ ᠵᠠᠭᠤᠷᠠᠯᠳᠤᠭᠠᠨ ᠎ᠢ ᠰᠡᠷᠭᠡᠢᠯᠡᠨ ᠠᠷᠢᠯᠭᠠᠬᠤ ᠬᠡᠷᠡᠭᠳᠡᠢ᠃ ᠨᠥᠭᠥᠭᠡ ᠲᠠᠯ᠎ᠠ᠎ᠪᠠᠷ ᠰᠢᠨ᠎ᠡ ᠬᠡᠯᠪᠡᠷᠢ ᠵᠢᠨ ᠠᠵᠢᠯ ᠣᠯᠭᠤᠯᠲᠠ ᠵᠢᠨ  ᠬᠦᠳᠡᠯᠮᠦᠷᠢᠴᠢᠳ᠎ᠢ  ᠵᠣᠷᠢᠭ᠍ᠵᠢᠭᠤᠯᠤᠨ ᠵᠢᠯᠤᠭᠣᠳᠴᠤ ᠪᠠᠢᠭᠠᠳ ᠨᠡᠢᠭᠡᠮ ᠲᠣᠭᠣᠷᠢᠭ᠋ ᠎ᠤᠨ ᠵᠠᠰᠠᠯᠲᠠ᠂ ᠰᠠᠢᠨ ᠳᠤᠷ᠎ᠠ᠎ᠶᠢᠨ ᠦᠢᠯᠡᠴᠢᠯᠡᠭᠡ ᠵᠢᠴᠢ ᠨᠡᠢᠭᠡᠮ᠎ᠦᠨ ᠡᠯ᠎ᠡ ᠲᠥᠷᠥᠯ᠎ᠦᠨ ᠠᠵᠢᠯᠯᠠᠭ᠎ᠠ᠎ᠳᠤ ᠣᠷᠣᠯᠴᠠᠭᠤᠯᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠎ᠶᠢ ᠠᠬᠢᠭᠤᠯᠬᠤ ᠬᠡᠷᠡᠭᠲᠠᠢ᠃

ᠵᠣᠬᠢᠶᠠᠭ᠍ᠴᠢ ᠵᠢᠨ ᠬᠠᠶᠢᠭ᠄ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠣᠷᠸ᠎ᠠ ᠠᠵᠤ ᠠᠬᠤᠢ᠎ᠶᠢᠨ ᠰᠤᠳᠤᠯᠭᠠᠨ᠎ᠤ ᠬᠦᠷᠢᠶᠡᠯᠡᠩ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号