ᠥᠪᠥᠷ ᠮᠣᠩᠭᠣᠯ ᠪᠣᠯ ᠳᠤᠮᠳᠠᠳᠤ ᠤᠯᠤᠰ ᠤ᠋ᠨ ᠬᠠᠮᠤᠭ ᠤ᠋ᠨ ᠴᠢᠬᠤᠯᠠ ᠪᠡᠯᠴᠢᠭᠡᠷ ᠤ᠋ᠨ ᠮᠠᠯ ᠠᠵᠤ ᠠᠬᠤᠢ ᠶ᠋ᠢᠨ ᠪᠦᠰᠡ ᠨᠤᠲᠤᠭ ᠤ᠋ᠨ ᠨᠢᠭᠡ ᠶᠤᠮ ᠃ ᠤᠷᠳᠤ ᠬᠤᠭᠤᠴᠠᠭᠠᠨ ᠤ᠋ ᠲᠤᠷᠰᠢ ᠮᠠᠯ ᠠᠵᠤ ᠠᠬᠤᠢ ᠨᠢ ᠥᠪᠥᠷ ᠮᠣᠩᠭᠣᠯ ᠤᠨ ᠡᠳ᠋ ᠤ᠋ᠨ ᠵᠠᠰᠠᠭ ᠤ᠋ᠨ ᠴᠢᠬᠤᠯᠠ ᠲᠤᠯᠭᠠᠭᠤᠷᠢ ᠪᠤᠯᠤᠭᠰᠠᠭᠠᠷ ᠢᠷᠡᠵᠡᠢ᠃ ᠬᠡᠪᠡᠴᠦ ᠪᠠᠢᠭᠠᠯᠢ ᠤᠷᠴᠢᠨᠤ ᠬᠤᠪᠢᠷᠠᠯᠳᠠ ᠵᠢᠴᠢ ᠤᠯᠠᠮᠵᠢᠯᠠᠯᠲᠤ ᠪᠡᠯᠴᠢᠬᠡᠷᠤᠨ ᠮᠠᠯ ᠠᠵᠤ ᠠᠬᠤᠢ ᠵᠢᠨ ᠦᠢᠯᠡᠳᠪᠦᠷᠢᠯᠡᠯᠤᠨ ᠠᠷᠭ᠎ᠠ ᠬᠡᠯᠪᠡᠷᠢ ᠵᠢᠨ ᠬᠢᠵᠠᠭᠠᠷᠯᠠᠯ ᠬᠦᠯᠢᠶᠡᠰᠦᠯᠡᠯ᠂ ᠦᠢᠯᠡᠳᠪᠦᠷᠢᠯᠡᠯ ᠤ᠋ᠨ ᠪᠦᠲᠦᠴᠡ ᠶ᠋ᠢᠨ ᠥᠪᠡᠷᠮᠢᠴᠡ ᠪᠠᠢᠳᠠᠯ ᠨᠢ ᠥᠪᠥᠷ ᠮᠣᠩᠭᠣᠯ ᠤ᠋ᠨ ᠪᠡᠯᠴᠢᠭᠡᠷ ᠤ᠋ᠨ ᠮᠠᠯ ᠠᠵᠤ ᠠᠬᠤᠢ ᠵᠢ ᠤᠳᠤᠬᠢᠴᠢᠯᠠᠬᠤ ᠴᠢᠬᠤᠯᠠ ᠱᠠᠭᠠᠷᠳᠠᠯᠭ᠎ᠠ ᠵᠢ ᠠᠪᠴᠢᠷᠠᠵᠠᠢ᠃ ᠶᠡᠷᠦᠩᠬᠡᠢ ᠱᠦᠵᠢ ᠰᠢ ᠵᠢᠨ ᠫᠢᠩ ᠤ᠋ᠨ 《ᠠᠮᠢ ᠠᠬᠤᠢ ᠶ᠋ᠢ ᠤᠷᠢᠳ ᠢ᠋ᠶ᠋ᠠᠷ ᠪᠣᠳᠣᠯᠬᠢᠯᠠᠬᠤ》 ᠂ 《ᠪᠣᠬᠢᠷᠳᠤᠯ ᠦᠭᠡᠢ ᠬᠥᠭᠵᠢᠯᠲᠡ》 ᠵᠢᠨ ᠤᠢᠯᠠᠭᠠᠭᠳᠠᠬᠤᠨ ᠨᠢ ᠥᠪᠥᠷ ᠮᠣᠩᠭᠣᠯ ᠤ᠋ᠨ ᠪᠡᠯᠴᠢᠭᠡᠷ ᠤ᠋ᠨ ᠮᠠᠯ ᠠᠵᠤ ᠠᠬᠤᠢ ᠢᠯᠠᠩᠭᠤᠶ᠎ᠠ ᠮᠠᠯ ᠠᠵᠤ ᠠᠬᠤᠢ ᠶ᠋ᠢᠨ ᠪᠣᠬᠢᠷᠳᠤᠯ ᠦᠭᠡᠢ ᠬᠥᠭᠵᠢᠯᠲᠡ ᠳ᠋ᠤ ᠴᠢᠭᠯᠡᠯ ᠵᠢᠭᠠᠵᠤ᠂ ᠠᠰᠢᠭᠳᠠᠢ ᠰᠠᠢᠨ ᠲᠦᠷᠦ ᠵᠢᠨ ᠪᠤᠳᠤᠯᠭ᠎ᠠ ᠵᠢᠨ ᠳᠡᠮᠵᠢᠯᠬᠡ ᠬᠦᠷᠳᠡᠬᠡᠪᠡ᠃ ᠡᠢᠮᠦ ᠡᠴᠡ ᠪᠢᠳᠡ ᠲᠦᠷᠦ ᠵᠢᠨ ᠪᠤᠳᠤᠯᠭ᠎ᠠ ᠵᠢᠨ ᠠᠵᠠ ᠳᠤᠬᠢᠶᠠᠯᠢ ᠠᠳᠬᠤᠵᠤ᠂ ᠪᠡᠯᠴᠢᠬᠡᠷᠤᠨ ᠮᠠᠯ ᠠᠵᠤ ᠠᠬᠤᠢ ᠵᠢ ᠤᠳᠤᠬᠢᠴᠢᠯᠡᠬᠤ ᠠᠷᠭ᠎ᠠ ᠵᠠᠮᠢ ᠰᠦᠪᠡᠭᠴᠢᠯᠡᠵᠦ᠂ ᠠᠮᠢ ᠠᠬᠤᠢ ᠵᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠢᠡᠷ ᠬᠦᠴᠦᠨ ᠤᠯᠭᠤᠬᠤ᠂ ᠠᠵᠤ ᠦᠢᠯᠡᠰᠤᠨ ᠳᠡᠰ ᠳᠡᠪᠰᠢᠬᠦ ᠪᠠ ᠳᠤᠭᠳᠠᠴᠠ ᠵᠢᠨ ᠰᠢᠨ᠎ᠡ ᠵᠢ ᠡᠬᠦᠳᠬᠦ ᠪᠡᠷ ᠳᠠᠮᠵᠢᠭᠤᠯᠤᠨ᠂ ᠠᠮᠢ ᠠᠬᠤᠢ ᠵᠢᠨ ᠦᠷ᠎ᠠ ᠠᠰᠢᠭ ᠪᠠ ᠠᠵᠤ ᠠᠬᠤᠢ ᠵᠢᠨ ᠦᠷ᠎ᠠ ᠠᠰᠢᠭᠤᠨ ᠬᠤᠤᠰ ᠠᠮᠵᠢᠯᠳᠠ ᠵᠢ ᠪᠡᠶᠡᠯᠡᠬᠦᠯᠬᠦ ᠨᠢ ᠤᠯᠠᠮᠵᠢᠯᠠᠯᠳᠤ ᠪᠡᠯᠴᠢᠬᠡᠷᠤᠨ ᠮᠠᠯ ᠠᠵᠤ ᠠᠬᠤᠢ ᠵᠢᠨ ᠦᠷᠬᠦᠯᠵᠢᠯᠡᠬᠦᠢᠴᠡ ᠬᠦᠭᠵᠢᠬᠦ ᠵᠢᠨ ᠪᠤᠳᠠᠳᠤ ᠱᠠᠭᠠᠷᠳᠠᠯᠭ᠎ᠠ ᠪᠤᠯᠤᠨ᠎ᠠ᠃
ᠨᠢᠭᠡ᠂ ᠤᠯᠠᠮᠵᠢᠯᠠᠯᠳᠤ ᠮᠠᠯ ᠠᠵᠤ ᠠᠬᠤᠢ ᠵᠢᠨ ᠬᠦᠭᠵᠢᠯᠳᠡ ᠵᠢᠨ ᠬᠦᠯᠢᠶᠡᠰᠦᠯᠡᠯ ᠪᠠ ᠪᠡᠷᠬᠡᠰᠢᠶᠡᠯ
ᠤᠯᠠᠮᠵᠢᠯᠠᠯᠲᠤ ᠪᠡᠯᠴᠢᠬᠡᠷᠤᠨ ᠮᠠᠯ ᠠᠵᠤ ᠠᠬᠤᠢ ᠨᠢ ᠪᠠᠢᠭᠠᠯᠢᠶᠢᠨ ᠪᠡᠯᠴᠢᠭᠡᠷ ᠪᠣᠯᠣᠨ ᠦᠶ᠎ᠡ ᠤᠯᠠᠮᠵᠢᠯᠠᠭᠰᠠᠨ ᠮᠠᠯᠵᠢᠯᠤᠨ ᠲᠤᠷᠰᠢᠯᠭᠠᠳᠠᠭᠠᠨ ᠲᠦᠰᠢᠭᠯᠡᠵᠦ᠂ ᠨᠤᠲᠤᠭ ᠪᠡᠯᠴᠢᠭᠡᠷᠦᠨ ᠠᠮᠢ ᠠᠬᠤᠢᠳᠤ ᠵᠣᠬᠢᠴᠠᠭᠰᠠᠨ ᠮᠠᠯᠵᠢᠯᠤᠨ ᠰᠢᠰᠲ᠋ᠧᠮᠢ ᠪᠦᠷᠢᠯᠳᠦᠭᠦᠯᠵᠦ᠂ ᠮᠠᠯᠵᠢᠬᠤ ᠣᠷᠣᠨᠤ ᠠᠷᠠᠳᠤᠨ ᠠᠮᠢᠳᠤᠷᠠᠯᠤᠨ ᠰᠠᠭᠤᠷᠢ ᠪᠣᠯᠣᠨ ᠰᠣᠶᠣᠯᠤᠨ ᠠᠴᠢᠶᠠᠯᠠᠪᠤᠷᠢ ᠪᠤᠯᠵᠤ᠂ ᠭᠡᠷ ᠪᠦᠯᠢᠶᠢᠨ ᠲᠠᠷᠠᠬᠠᠢ ᠪᠤᠳᠠᠷᠬᠠᠢ ᠮᠠᠯᠵᠢᠯ᠂ ᠪᠠᠢᠭᠠᠯᠢ ᠤᠷᠴᠢᠨ ᠳ᠋ᠤ ᠭᠣᠣᠯ ᠲᠦᠰᠢᠭᠯᠡᠬᠦ ᠬᠡᠯᠪᠡᠷᠢ ᠨᠢ ᠪᠤᠬᠢᠷᠳᠤᠯ ᠦᠬᠡᠢ ᠪᠠᠢᠭᠠᠯᠢᠯᠢᠭ ᠪᠠᠢᠬᠤ ᠤᠨᠴᠠ ᠳᠠᠪᠠᠭᠤᠯᠢᠭ ᠪᠠᠢᠵᠤ᠂ ᠮᠢᠬ᠎ᠠ ᠰᠦ ᠨᠣᠤᠯᠤᠭᠤᠷᠤᠨ ᠬᠠᠩᠭᠠᠯᠭᠠᠶᠢ ᠪᠠᠲᠤᠯᠠᠵᠤ᠂ ᠮᠠᠯᠴᠢᠳᠤᠨ ᠣᠷᠣᠯᠭᠠᠶᠢᠨ ᠨᠡᠮᠡᠭᠳᠡᠯᠢ ᠳᠠᠢᠴᠢᠯᠠᠬᠤ ᠲᠠᠯᠠᠪᠠᠷ ᠣᠷᠣᠯᠠᠭᠤᠯᠵᠤ ᠪᠣᠯᠣᠰᠢ ᠦᠭᠡᠢ ᠦᠢᠯᠡᠳᠦᠯ ᠦᠵᠡᠬᠦᠯᠵᠦ ᠪᠠᠢᠭ᠎ᠠ ᠪᠤᠯᠪᠠᠴᠤ ᠤᠯᠠᠮᠵᠢᠯᠠᠯᠳᠤ ᠮᠠᠯᠵᠢᠯᠤᠨ ᠵᠠᠭᠪᠤᠷ ᠨᠢ ᠤᠯᠠᠨ ᠳᠠᠯ᠎ᠠ ᠵᠢᠨ ᠬᠦᠴᠢᠷᠳᠡᠯ ᠳ᠋ᠤ ᠳᠤᠯᠭᠠᠷᠠᠵᠤ ᠪᠠᠢᠭ᠎ᠠ ᠶᠤᠮ᠃ ᠠᠮᠢ ᠠᠬᠤᠢᠶᠢᠨ ᠳᠠᠷᠤᠯᠲᠠ ᠲᠣᠪᠣᠢᠮ᠎ᠠ᠂ ᠪᠡᠯᠴᠢᠬᠡᠷᠤᠨ ᠳᠠᠭᠠᠭᠠᠴᠠ ᠠ᠋ᠴᠠ ᠬᠡᠲᠦᠷᠡᠭᠦᠯᠦᠨ ᠮᠠᠯᠵᠢᠬᠤ᠂ ᠠᠭᠤᠷ ᠠᠮᠢᠰᠬᠤᠯᠭᠠᠩ ᠬᠠᠭᠰᠠᠷᠠᠭᠠᠨ ᠠ᠋ᠴᠠ ᠪᠣᠯᠵᠤ ᠪᠡᠯᠴᠢᠭᠡᠷᠦᠨ ᠳᠠᠴᠢᠷᠳᠠᠯᠢ ᠬᠦᠨᠳᠦᠷᠡᠭᠦᠯᠬᠦ᠂ ᠮᠠᠯ ᠪᠡᠯᠴᠢᠭᠡᠷᠦᠨ ᠲᠡᠩᠴᠡᠭᠦᠷᠢᠶᠢ ᠪᠠᠲᠤᠯᠠᠬᠤᠳᠦ ᠬᠦᠴᠢᠷᠳᠡᠯ ᠤᠯᠠᠨ ᠪᠠᠢᠬᠤ᠂ ᠦᠢᠯᠡᠳᠪᠦᠷᠢᠯᠡᠯᠦᠨ ᠲᠣᠭᠲᠠᠪᠤᠷᠢᠲᠤ ᠴᠢᠨᠠᠷ ᠵᠢᠡᠷ ᠪᠠᠭᠤᠷᠠᠢ᠂ ᠦᠢᠯᠡᠳᠪᠦᠷᠢᠯᠡᠯᠦᠨ ᠠᠷᠭ᠎ᠠ ᠮᠠᠶᠢᠭ᠋ ᠨᠢ ᠪᠦᠳᠦᠭᠦᠯᠢᠭ᠂ ᠲᠡᠵᠢᠭᠡᠨ ᠦᠷᠡᠵᠢᠭᠦᠯᠬᠦ ᠨᠢ ᠳᠤᠷᠰᠢᠯᠭ᠎ᠠ ᠳ᠋ᠤ ᠲᠦᠰᠢᠭᠯᠡᠬᠦ᠂ ᠬᠡᠪᠴᠢᠶᠡᠵᠢᠭᠦᠯᠵᠦ ᠪᠠᠷᠢᠮᠵᠢᠶᠠᠵᠢᠭᠤᠯᠤᠭᠰᠠᠨ ᠵᠢᠡᠷ ᠳᠣᠣᠷ᠎ᠠ᠂ ᠡᠭᠦᠯᠳᠡᠷ ᠰᠠᠢᠵᠢᠷᠠᠭᠤᠯᠤᠭᠰᠠᠨ ᠨᠤᠷᠮ᠎ᠠ ᠳᠤᠤᠷ᠎ᠠ᠂ ᠮᠠᠯ ᠤᠨ ᠭᠠᠷᠭᠠᠯᠲᠠᠶᠢᠨ ᠦᠶᠡᠯᠡᠯᠤᠨ ᠬᠤᠭᠤᠴᠠᠭ᠎ᠠ ᠨᠢ ᠤᠷᠳᠤ ᠦᠷ᠎ᠡ ᠠᠰᠢᠭ᠋ ᠵᠢᠡᠷ ᠳᠣᠣᠷ᠎ᠠ ᠪᠠᠢᠬᠤ ᠵᠢᠴᠢ ᠬᠢᠵᠢᠭ ᠡᠪᠡᠳᠴᠢᠨ ᠪᠠ ᠪᠠᠢᠭᠠᠯᠢᠶᠢᠨ ᠭᠠᠮᠰᠢᠭ᠋ᠢ ᠡᠰᠡᠷᠭᠦᠴᠡᠬᠦ ᠴᠢᠳᠠᠪᠤᠷᠢ ᠪᠡᠷ ᠴᠤ᠌ ᠪᠠᠭᠤᠷᠠᠢ ᠪᠠᠢᠳᠠᠭ᠃ ᠮᠠᠯᠤᠨ ᠠᠰᠢᠭ ᠰᠢᠮ᠎ᠡ ᠪᠦᠳᠦᠬᠡᠭᠳᠡᠬᠦᠨᠤ ᠬᠤᠪᠢ ᠳ᠋ᠤ ᠠᠵᠤ ᠦᠢᠯᠡᠰ ᠦᠨ ᠬᠡᠯᠬᠢᠶ᠎ᠡ ᠣᠬᠣᠷ᠂ ᠠᠩᠬᠠᠨᠤ ᠦᠢᠯᠡᠳᠬᠦᠨᠢᠶᠡᠷ ᠭᠣᠣᠯ ᠪᠣᠯᠭᠠᠵᠤ᠂ ᠨᠠᠷᠢᠯᠢᠭ᠋ ᠡᠳ᠋ᠰᠢᠬᠦᠯᠦᠨ ᠪᠣᠯᠪᠠᠰᠤᠷᠠᠭᠤᠯᠬᠤᠪᠠᠷ ᠬᠦᠷᠦᠯᠴᠡᠬᠦ ᠦᠭᠡᠢ᠂ ᠨᠠᠷᠠᠲᠤ ᠲᠥᠷᠥᠯ ᠲᠡᠮᠳᠡᠭᠲᠦᠴᠦᠬᠡᠨ᠂ ᠪᠦᠳᠦᠬᠡᠭᠳᠡᠬᠦᠨ ᠪᠠᠷᠠᠭ᠎ᠠ ᠵᠢᠨ ᠴᠢᠨᠠᠷ ᠰᠠᠢᠨ ᠪᠤᠯᠪᠠᠴᠤ ᠦᠨ᠎ᠠ ᠬᠠᠩᠰᠢ ᠳᠤᠤᠷ᠎ᠠ ᠪᠠᠢᠬᠤ ᠦᠵᠡᠭᠳᠡᠯ ᠨᠡᠢᠳᠡᠮ ᠣᠷᠣᠰᠢᠵᠤ᠂ ᠬᠦᠭᠵᠢᠯᠳᠡ ᠳ᠋ᠤ ᠬᠦᠯᠢᠶᠡᠰᠦᠯᠡᠯ ᠪᠠ ᠪᠡᠷᠬᠡᠰᠢᠶᠡᠯ ᠪᠤᠯᠵᠤ ᠪᠤᠢ᠃
ᠬᠤᠶᠠᠷ᠂ ᠲᠦᠷᠦ ᠵᠢᠨ ᠪᠣᠳᠣᠯᠭ᠎ᠠ ᠶ᠋ᠢᠨ ᠠᠵᠠ ᠳᠤᠬᠢᠶᠠᠯ ᠪᠠ ᠤᠯᠠᠨ ᠡᠰᠢᠳᠤ ᠬᠦᠭᠵᠢᠯᠳᠡ
2014 ᠣᠨ ᠤ᠋ ᠡᠬᠢ ᠪᠡᠷ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳ᠋ᠤ᠌ ᠰᠢᠨᠵᠢᠯᠡᠨ ᠪᠠᠢᠴᠠᠭᠠᠬᠤ ᠳ᠋ᠠᠭᠠᠨ ᠥᠪᠥᠷ ᠮᠣᠩᠭᠣᠯ ᠢ᠋ ᠪᠣᠬᠢᠷᠳᠤᠯ ᠦᠭᠡᠢ ᠮᠠᠯ ᠤ᠋ᠨ ᠠᠰᠢᠭ᠋ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠵᠤ ᠭᠠᠳᠠᠭ᠍ᠰᠢ ᠭᠠᠷᠭᠠᠬᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ 2023 ᠣᠨ ᠳ᠋ᠤ᠌ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳ᠋ᠤ᠌ ᠰᠢᠨᠵᠢᠯᠡᠨ ᠪᠠᠢᠴᠠᠭᠠᠬᠤ ᠳ᠋ᠠᠭᠠᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭᠲᠠᠭᠠᠯᠲᠠ ᠶ᠋ᠢ ᠡᠵᠡᠮᠳᠡᠵᠦ ᠪᠣᠬᠢᠷᠳᠤᠯ ᠦᠭᠡᠢ ᠬᠥᠭᠵᠢᠯᠲᠡ ᠶ᠋ᠢ ᠪᠠᠷᠢᠮᠲᠠᠯᠠᠨ ᠳᠤᠮᠳᠠᠳᠤ ᠤᠯᠤᠰ ᠤ᠋ᠨ ᠮᠠᠶᠢᠭ᠋ ᠤ᠋ᠨ ᠣᠳᠣᠬᠢᠴᠢᠯᠠᠯᠲᠠ ᠶ᠋ᠢᠨ ᠥᠪᠥᠷ ᠮᠣᠩᠭᠣᠯ ᠤ᠋ᠨ ᠰᠢᠨ᠎ᠡ ᠬᠠᠭᠤᠳᠠᠰᠤ ᠶ᠋ᠢ ᠴᠢᠷᠮᠠᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ ᠶᠡᠷᠦᠩᠬᠡᠢ ᠱᠦᠵᠢ ᠶ᠋ᠢᠨ ᠵᠥᠪ ᠤᠨᠤᠪᠴᠢᠲᠠᠢ ᠤᠳᠤᠷᠢᠳᠤᠯᠭ᠎ᠠ ᠳᠣᠣᠷ᠎ᠠ᠂ ᠦᠪᠦᠷ ᠮᠤᠩᠭᠤᠯᠤᠨ ᠡᠯ᠎ᠠ ᠭᠠᠵᠠᠷᠤᠨ ᠬᠢᠨ ᠤᠯᠠᠮᠵᠢᠯᠠᠯᠳᠤ ᠮᠠᠯ ᠠᠬᠤᠢ ᠵᠢᠨ ᠰᠢᠨ᠎ᠡ ᠬᠥᠭᠵᠢᠯᠲᠡ ᠵᠢᠨ ᠬᠡᠯᠪᠡᠷᠢ ᠵᠢ ᠳᠠᠰᠤᠷᠠᠯᠳᠠ ᠦᠬᠡᠢ ᠰᠦᠪᠡᠭᠴᠢᠯᠡᠪᠡ᠃ ᠪᠤᠳᠠᠳᠠᠢᠴᠢᠯᠠᠨ ᠳᠤᠷᠠᠳᠪᠠᠯ᠂ 2016 ᠣᠨ ᠳ᠋ᠤ᠌ ᠰᠢᠯᠢ ᠶ᠋ᠢᠨ ᠭᠣᠣᠯ ᠠᠢᠮᠠᠭ ᠤ᠋ᠨ ᠳᠠ ᠵᠤᠸᠠᠩ ᠶᠤᠸᠠᠨ ᠺᠤᠮᠫᠠᠨᠢ ᠵᠢᠨ ᠰᠢᠯᠢᠳᠡᠭ ᠦᠬᠡᠷ ᠬᠤᠨᠢᠨ ᠮᠢᠬᠠᠨ ᠤ᠋ ᠠᠵᠤ ᠦᠢᠯᠡᠰ ᠤ᠋ᠨ ᠵᠢᠱ᠌ᠢᠶ᠎ᠡ ᠦᠵᠡᠭᠦᠯᠭᠦ ᠰᠠᠭᠤᠷᠢᠨ ᠨᠢ ᠲᠡᠵᠢᠭᠡᠯ ᠡᠪᠡᠰᠦ ᠲᠠᠷᠢᠬᠤ᠂ ᠦᠬᠡᠷ ᠬᠣᠨᠢ ᠦᠷᠡᠵᠢᠭᠦᠯᠦᠨ ᠪᠣᠢᠵᠢᠭᠤᠯᠬᠤ᠂ ᠮᠢᠬᠠᠨ ᠤ᠋ ᠦᠬᠡᠷ ᠤ᠋ᠨ ᠡᠭᠦᠯᠳᠡᠷ ᠢ᠋ ᠰᠠᠢᠵᠢᠷᠠᠭᠤᠯᠬᠤ᠂ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ ᠵᠢᠴᠢ ᠮᠠᠯ ᠲᠡᠵᠢᠭᠡᠪᠦᠷᠢ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠤᠨ ᠰᠤᠳᠤᠯᠤᠨ ᠬᠥᠭᠵᠢᠭᠦᠯᠬᠦ ᠲᠥᠪ ᠢ᠋ ᠨᠢᠭᠡ ᠴᠣᠭᠴᠠᠵᠢᠭᠤᠯᠤᠭᠰᠠᠨ《ᠳᠥᠷᠪᠡᠨ ᠰᠠᠭᠤᠷᠢᠨ ᠨᠢᠭᠡ ᠲᠥᠪ》 ᠤ᠋ᠨ ᠠᠵᠤ ᠦᠢᠯᠡᠰ ᠤ᠋ᠨ ᠬᠡᠯᠬᠢᠶ᠎ᠠ ᠵᠢ ᠪᠦᠷᠢᠯᠳᠦᠭᠦᠯᠵᠡᠢ᠃ ᠲᠤᠰ ᠲᠥᠷᠦᠯ ᠵᠦᠢᠯ ᠨᠢ ᠡᠳᠦᠷ ᠲᠤ᠌ 1 ᠲᠦᠮᠡᠨ ᠬᠣᠨᠢ ᠪᠠ1000 ᠦᠬᠡᠷ ᠡᠳ᠋ᠰᠢᠭᠦᠯᠵᠦ ᠪᠤᠯᠪᠠᠰᠤᠷᠠᠭᠤᠯᠬᠤ ᠦᠢᠯᠡᠳᠪᠦᠷᠢᠯᠡᠯ ᠤ᠋ᠨ ᠴᠢᠳᠠᠪᠬᠢ ᠶ᠋ᠢ ᠪᠡᠶᠡᠯᠡᠭᠦᠯᠵᠦ᠂ ᠵᠢᠯ ᠤ᠋ᠨ ᠦᠢᠯᠡᠳᠪᠦᠷᠢᠯᠡᠯ ᠤ᠋ᠨ ᠥᠷᠳᠡᠭ 50 ᠳ᠋ᠦᠩᠰᠢᠭᠤᠷ ᠢ᠋ ᠳᠠᠪᠠᠵᠤ ᠂ 5000 ᠭᠠᠷᠤᠢ ᠬᠥᠮᠥᠨ ᠳ᠋ᠤ᠌ ᠠᠵᠢᠯ ᠤ᠋ᠨ ᠪᠠᠢᠷᠢ ᠬᠠᠩᠭᠠᠨ᠂ ᠲᠡᠵᠢᠭᠡᠪᠦᠷᠢ ᠶ᠋ᠢᠨ ᠦᠢᠯᠡᠰ ᠤ᠋ᠨ ᠲᠤᠰᠬᠠᠢ ᠬᠤᠷᠰᠢᠶ᠎ᠠ ᠪᠠ ᠮᠠᠯᠴᠢᠨ ᠡᠷᠦᠭᠡ ᠶ᠋ᠢᠨ ᠲᠣᠭ᠎ᠠ 2000 ᠶ᠋ᠢ ᠳᠠᠪᠠᠭᠰᠠᠨ ᠪᠠᠢᠨ᠎ᠠ᠃ ᠤᠯᠠᠮᠵᠢᠯᠠᠯᠳᠤ ᠮᠠᠯ ᠠᠵᠤ ᠠᠬᠤᠢ ᠵᠢᠨ ᠡᠵᠡᠩᠨᠡᠯᠳᠡ ᠵᠢᠨ ᠬᠡᠯᠪᠡᠷᠢ ᠵᠢᠨ ᠬᠤᠪᠢᠷᠠᠯᠳᠠ ᠰᠢᠯᠵᠢᠯᠳᠡ ᠵᠢ ᠳᠠᠭᠠᠯᠳᠤᠨ᠂ 2020 — 2024 ᠣᠨ ᠪᠤᠯᠲᠠᠯ᠎ᠠ ᠰᠢᠯᠢ ᠶ᠋ᠢᠨ ᠭᠣᠣᠯ ᠠᠢᠮᠠᠭ ᠤ᠋ᠨ ᠨᠤᠲᠤᠭ ᠪᠡᠯᠴᠢᠭᠡᠷ ᠤ᠋ᠨ ᠡᠪᠡᠰᠦᠨ ᠤ᠋ ᠤᠨᠠᠯᠲᠠ ᠮᠦ᠍ ᠪᠦᠷᠢ ᠳ᠋ᠡᠬᠡᠨ 61.09 ᠺᠢᠯᠤᠭ᠌ᠷᠠᠮ ᠳ᠋ᠤ᠌ ᠬᠦᠷᠴᠡᠢ᠃ ᠳᠡᠬᠡᠷᠡᠬᠢ ᠪᠤᠳᠠᠳᠤ ᠦᠢᠯᠡᠳᠦᠯᠬᠡ ᠨᠢ ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠳ᠋ᠤ ᠤᠯᠭᠤᠭᠰᠠᠨ ᠤᠯᠤᠰᠤᠨ ᠴᠢᠬᠤᠯᠠ ᠮᠠᠯ ᠤ᠋ᠨ ᠠᠰᠢᠭ᠋ ᠰᠢᠮ᠎ᠡ ᠳᠠᠷᠢᠶᠠᠯᠠᠩᠤᠨ ᠪᠦᠳᠦᠬᠡᠭᠳᠡᠬᠦᠨᠤ ᠰᠠᠭᠤᠷᠢᠨᠢ ᠪᠠᠢᠭᠤᠯᠬᠤ ᠴᠢᠬᠤᠯᠠ ᠪᠠᠢᠷᠢ ᠳᠤᠭᠳᠠᠭᠠᠯᠳᠠ ᠳᠠᠢ ᠨᠡᠢᠴᠡᠵᠦ᠂ ᠠᠮᠢ ᠠᠬᠤᠢ᠂ ᠪᠠᠢᠭᠠᠯᠢ ᠣᠷᠴᠢᠨ ᠤ᠋ ᠬᠠᠮᠠᠭᠠᠯᠠᠯᠲᠠ ᠳ᠋ᠤ᠌ ᠴᠤ᠌ ᠢᠳᠡᠪᠬᠢ ᠨᠦᠯᠦᠬᠡ ᠦᠵᠡᠬᠦᠯᠵᠦ᠂ 《 ᠮᠠᠯ ᠪᠡᠯᠴᠢᠭᠡᠷ ᠤ᠋ᠨ ᠲᠡᠩᠴᠡᠭᠦᠷᠢ ᠶ᠋ᠢ ᠪᠠᠲᠤᠯᠠᠬᠤ》 ᠵᠢ ᠦᠨᠡᠨᠬᠦ ᠦᠢᠯᠡᠳᠦᠯᠬᠡᠵᠢᠬᠦᠯᠪᠡ᠃
《ᠠᠮᠢ ᠠᠬᠤᠢ ᠶ᠋ᠢ ᠤᠷᠢᠳ ᠢ᠋ᠶ᠋ᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠯᠲᠡ》 ᠵᠢᠴᠢ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠦᠩᠬᠦᠨ ᠬᠠᠢᠷᠬᠠᠨ ᠮᠥᠨ》 ᠭᠡᠬᠦ ᠤᠢᠯᠠᠭᠠᠭᠳᠠᠬᠤᠨ ᠵᠢᠡᠷ ᠮᠠᠯᠴᠢᠳ ᠪᠠᠰᠠ ᠦᠢᠯᠡᠳᠪᠦᠷᠢᠯᠡᠯ ᠡᠵᠡᠩᠨᠡᠯᠳᠡ ᠵᠢᠨ ᠰᠢᠨ᠎ᠡ ᠠᠷᠭ᠎ᠠ ᠵᠠᠮᠢ ᠰᠡᠳᠦᠵᠦ ᠪᠤᠢ᠃ ᠰᠢᠯᠢ ᠶ᠋ᠢᠨ ᠭᠣᠣᠯ ᠠᠢᠮᠠᠭ ᠤ᠋ᠨ ᠰᠢᠯᠤᠭᠤᠨ ᠬᠥᠬᠡ ᠬᠣᠰᠢᠭᠤᠨ ᠤ᠋ ᠰᠠᠩ ᠤ᠋ᠨ ᠳᠠᠯᠠᠢ ᠪᠠᠯᠭᠠᠰᠤᠨ ᠤ᠋ ᠠᠯᠲᠠᠢ ᠭᠠᠴᠠᠭ᠎ᠠ ᠵᠢᠨ 44 ᠮᠠᠯᠴᠢᠨ ᠡᠷᠦᠭᠡ ᠬᠣᠯᠪᠤᠭᠠᠯᠠᠨ ᠮᠠᠯᠴᠢᠳᠤᠨ《 ᠭᠡᠢᠪᠦᠩ ᠭᠣᠣᠯ ᠤ᠋ᠨ ᠵᠤᠰᠠᠯᠠᠩ 》 ᠵᠢᠭᠤᠯᠴᠢᠯᠠᠯᠤᠨ ᠴᠡᠭ ᠢ᠋ ᠪᠠᠢᠭᠤᠯᠵᠤ᠂ ᠲᠤᠰᠬᠠᠢ ᠬᠤᠷᠰᠢᠶ᠎ᠠ ᠵᠢᠨ ᠠᠩᠬᠠᠨ ᠤ᠋ ᠰᠠᠷ᠎ᠠ ᠶ᠋ᠢᠨ ᠤᠷᠤᠯᠭ᠎ᠠ ᠨᠢ 10 ᠲᠦᠮᠡᠨ ᠲᠥᠭᠥᠷᠢᠭ ᠲᠤ᠌ ᠬᠦᠷᠴᠡᠢ᠃ ᠤᠯᠠᠭᠠᠨᠬᠠᠳᠠ ᠬᠤᠳᠠ ᠶ᠋ᠢᠨ ᠣᠩᠨᠢᠭᠤᠳ ᠬᠣᠰᠢᠭᠤᠨ ᠤ᠋ ᠷᠠᠰᠢᠶᠠᠨ ᠭᠠᠴᠠᠭ᠎ᠠ ᠷᠠᠰᠢᠶᠠᠨ ᠡᠯᠡᠰᠦᠨ ᠵᠢᠭᠤᠯᠴᠢᠯᠠᠯ ᠤ᠋ᠨ ᠲᠤᠰᠬᠠᠢ ᠬᠤᠷᠰᠢᠶ᠎ᠠ ᠶ᠋ᠢ ᠪᠠᠢᠭᠤᠯᠤᠭᠠᠳ 2025 ᠣᠨ ᠳ᠋ᠤ 534 ᠲᠦᠮᠡᠨ ᠲᠥᠭᠥᠷᠢᠭ ᠤ᠋ᠨ ᠤᠷᠤᠯᠭ᠎ᠠ ᠡᠬᠦᠳᠪᠡ᠃ ᠡᠨᠡ ᠪᠤᠯ ᠬᠥᠳᠡᠭᠡ ᠲᠤᠰᠬᠤᠨ ᠢ᠋ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠶ᠋ᠢᠨ ᠠᠵᠠ ᠲᠤᠭᠢᠶᠠᠯ ᠵᠢᠡᠷ ᠤᠯᠠᠨ ᠡᠰᠢᠵᠢᠭᠰᠡᠨ ᠬᠠᠮᠲᠤ ᠶ᠋ᠢᠨ ᠠᠵᠤ ᠠᠬᠤᠢ ᠶ᠋ᠢᠨ ᠵᠠᠭᠪᠤᠷ ᠢ᠋ ᠢᠳᠡᠪᠬᠢᠲᠡᠢ ᠰᠦᠪᠡᠭᠴᠢᠯᠡᠨ᠂ ᠡᠬᠡ ᠪᠠᠢᠭᠠᠯᠢ ᠵᠢᠨ ᠦᠪ ᠬᠦᠷᠦᠩᠬᠡ ᠪᠡᠷ ᠪᠤᠬᠢᠷᠳᠤᠯ ᠦᠬᠡᠢ ᠬᠦᠭᠵᠢᠯᠳᠡ ᠵᠢ ᠪᠡᠶᠡᠯᠡᠬᠦᠯᠦᠭᠰᠡᠨ ᠪᠤᠳᠠᠳᠤ ᠦᠢᠯᠡᠳᠦᠯᠬᠡ ᠪᠤᠯᠬᠤ ᠶᠤᠮ᠃
ᠡᠳᠡᠭᠡᠷ ᠵᠢᠯ ᠤ᠋ᠳ ᠲᠤ᠌ ᠥᠪᠥᠷ ᠮᠣᠩᠭᠣᠯ ᠤ᠋ᠨ ᠪᠣᠬᠢᠷᠳᠤᠯ ᠦᠭᠡᠢ ᠮᠠᠯ ᠤ᠋ᠨ ᠠᠰᠢᠭ᠋ ᠰᠢᠮ᠎ᠡ ᠵᠢᠨ ᠪᠦᠲᠦᠭᠡᠭᠳᠡᠬᠦᠨ ᠤ᠋ ᠳᠠᠪᠠᠭᠤᠯᠢᠭ᠋ ᠲᠤᠪᠤᠢᠮ᠎ᠠ ᠪᠤᠯᠵᠤ᠂ 2025 ᠣᠨ ᠡᠴᠡ ᠪᠡᠯᠴᠢᠭᠡᠷ ᠤ᠋ᠨ ᠮᠢᠬᠠᠨ ᠤ᠋ ᠬᠣᠨᠢ ᠂ ᠬᠣᠷᠴᠢᠨ ᠮᠢᠬᠠᠨ ᠤ᠋ ᠦᠬᠡᠷ ᠂ ᠪᠠᠷᠠᠭᠤᠨ ᠪᠡᠶ᠎ᠡ ᠶ᠋ᠢᠨ ᠨᠣᠤᠯᠤᠭᠤᠷ ᠤ᠋ᠨ ᠢᠮᠠᠭ᠎ᠠ ᠂ ᠳᠤᠮᠳᠠ ᠪᠠ ᠪᠠᠷᠠᠭᠤᠨ ᠪᠡᠶ᠎ᠡ ᠶ᠋ᠢᠨ ᠰᠦ ᠶ᠋ᠢᠨ ᠦᠢᠯᠡᠰ ᠵᠡᠷᠭᠡ ᠤᠯᠤᠰ ᠤ᠋ᠨ ᠲᠡᠰ ᠤ᠋ᠨ ᠮᠠᠯ ᠠᠵᠤ ᠠᠬᠤᠢ ᠶ᠋ᠢᠨ 4 ᠶᠡᠬᠡ ᠠᠵᠤ ᠦᠢᠯᠡᠰ ᠤ᠋ᠨ ᠪᠦᠯᠦᠭᠵᠢᠯ ᠢ᠋ ᠠᠬᠢᠭᠤᠯᠵᠤ ᠡᠬᠢᠯᠡᠪᠡ᠃ ᠮᠥᠨ 2025 ᠣᠨ ᠳ᠋ᠤ ᠳᠠᠷᠤᠮᠠᠯᠯᠠᠨ ᠳᠠᠷᠬᠠᠭᠠᠭᠰᠠᠨ《ᠮᠠᠯᠵᠢᠬᠤ ᠲᠠᠷᠢᠶᠠᠯᠠᠬᠤ ᠣᠷᠣᠨ ᠤ᠋ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ ᠬᠥᠳᠡᠭᠡ ᠲᠤᠰᠬᠤᠨ ᠢ᠋ ᠪᠦᠭᠦ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠥᠪᠥᠷ ᠮᠣᠩᠭᠣᠯ ᠤ᠋ᠨ ᠦᠪᠡᠷᠳᠡᠬᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠤ᠋ ᠬᠡᠷᠡᠭᠵᠢᠭᠦᠯᠬᠦ ᠰᠠᠨᠠᠯ》ᠨᠢ ᠶᠠᠷᠢᠶᠠᠨ ᠦᠬᠡᠢ ᠦᠪᠦᠷ ᠮᠤᠩᠭᠤᠯᠤᠨ ᠪᠡᠯᠴᠢᠬᠡᠷᠤᠨ ᠠᠵᠤ ᠠᠬᠤᠢ ᠵᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳ᠋ᠤ ᠴᠢᠬᠤᠯᠠ ᠲᠦᠷᠦ ᠵᠢᠨ ᠪᠤᠳᠤᠯᠭ᠎ᠠ ᠵᠢᠨ ᠳᠡᠮᠵᠢᠯᠬᠡ ᠬᠠᠩᠭᠠᠬᠰᠠᠨ ᠶᠤᠮ᠃
ᠭᠤᠷᠪᠠ᠂ ᠪᠡᠯᠴᠢᠬᠡᠷᠤᠨ ᠮᠠᠯ ᠠᠵᠤ ᠠᠬᠤᠢ ᠵᠢᠨ ᠤᠳᠤᠬᠢᠴᠢᠯᠠᠯᠳᠠ ᠵᠢ ᠪᠡᠶᠡᠯᠡᠬᠦᠯᠬᠦ ᠠᠷᠭ᠎ᠠ ᠵᠠᠮ
ᠮᠠᠯᠴᠢᠳ ᠮᠠᠯ ᠠᠵᠤ ᠠᠬᠤᠢᠶᠢᠨ ᠦᠢᠯᠡᠳᠪᠦᠷᠢᠯᠡᠯ ᠡᠵᠡᠩᠨᠡᠯᠲᠡᠶᠢᠨ ᠭᠣᠣᠯ ᠴᠣᠭᠴᠠ ᠪᠣᠯᠤᠭᠰᠠᠨᠤ ᠬᠤᠪᠢᠳᠤ᠂ ᠳᠡᠳᠡᠨᠤ ᠦᠢᠯᠡᠳᠪᠦᠷᠢᠯᠡᠯ ᠤᠨ ᠠᠷᠭ᠎ᠠ ᠮᠠᠶᠢᠭᠢ ᠬᠤᠪᠢᠷᠠᠭᠤᠯᠵᠤ᠂ ᠪᠡᠯᠴᠢᠬᠡᠷᠤᠨ ᠮᠠᠯ ᠠᠵᠤ ᠵᠢᠨ ᠤᠳᠤᠬᠢᠴᠢᠯᠠᠯᠳᠠ ᠳ᠋ᠤ ᠪᠦᠲᠦᠮᠵᠢᠲᠡᠶ ᠣᠷᠣᠯᠴᠠᠭᠤᠯᠪᠠᠯ ᠰᠠᠶᠢ ᠤᠳᠤᠬᠢᠴᠢᠯᠠᠯᠳᠠ ᠵᠢ ᠨᠡᠩ ᠰᠠᠢᠳᠤᠷ ᠪᠡᠶᠡᠯᠡᠬᠦᠯᠵᠦ ᠴᠢᠳᠠᠬᠤ ᠶᠤᠮ᠃ ᠡᠬᠦᠨ ᠳ᠋ᠤ᠂ ᠮᠠᠯᠴᠢᠳᠤᠨ ᠠᠮᠢ ᠠᠬᠤᠢ ᠵᠢᠨ ᠬᠣᠷᠢᠭ᠎ᠠ ᠱᠤᠭᠤᠮᠢ ᠪᠠᠲᠤ ᠰᠠᠬᠢᠬᠤ ᠤᠬᠠᠮᠰᠠᠷᠢ ᠳᠡᠬᠡᠭᠰᠢᠯᠡᠬᠦᠯᠵᠦ᠂ 《ᠪᠡᠯᠴᠢᠭᠡᠷ ᠢᠶᠡᠷ ᠮᠠᠯ ᠤᠨ ᠳᠤᠭ᠎ᠠ ᠳᠤᠯᠤᠭᠠᠢ ᠵᠢ ᠲᠣᠭᠲᠠᠭᠠᠬᠤ》 ᠵᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠶᠠᠯᠠᠬᠤ ᠭᠠᠵᠠᠷᠢ ᠲᠡᠵᠢᠭᠡᠯ ᠪᠣᠷᠳᠣᠭ᠎ᠠ ᠳᠠᠷᠢᠬᠤ ᠭᠠᠵᠠᠷ ᠪᠣᠯᠭᠠᠨ ᠥᠭᠡᠷᠡᠴᠢᠯᠡᠬᠦ ᠲᠤᠷᠰᠢᠯᠲᠠᠶᠢᠨ ᠴᠡᠭᠢ ᠥᠷᠭᠡᠳᠬᠡᠬᠦ᠂ ᠬᠢᠶᠠᠭ ᠡᠪᠡᠰᠦ᠂ ᠴᠠᠷᠭᠠᠰᠤ ᠵᠡᠷᠭᠡ ᠴᠢᠨᠠᠷ ᠰᠠᠢᠲᠠᠢ ᠲᠡᠵᠢᠭᠡᠯ ᠡᠪᠡᠰᠦᠨᠦ ᠰᠠᠭᠤᠷᠢᠨ ᠭᠠᠵᠠᠷᠢ ᠪᠦᠲᠦᠭᠡᠨ ᠪᠠᠢᠭᠤᠯᠬᠤ᠂ 《ᠪᠡᠯᠴᠢᠭᠡᠷᠯᠡᠭᠦᠯᠬᠦ + ᠬᠠᠰᠢᠶᠠᠯᠠᠨ ᠲᠡᠵᠢᠭᠡᠬᠦ》 ᠵᠢ ᠤᠶᠠᠯᠳᠤᠭᠤᠯᠬᠤ ᠬᠡᠯᠪᠡᠷᠢ ᠵᠡᠷᠭᠡ ᠪᠡᠷ ᠪᠠᠢᠭᠠᠯᠢᠶᠢᠨ ᠨᠤᠲᠤᠭ ᠪᠡᠯᠴᠢᠭᠡᠷᠦᠨ ᠪᠡᠯᠴᠢᠭᠡᠷᠯᠡᠭᠦᠯᠬᠦ ᠳᠠᠷᠤᠯᠲᠠᠶᠢ ᠬᠦᠩᠬᠡᠷᠡᠬᠦᠯᠵᠦ ᠪᠤᠯᠤᠨ᠎ᠠ᠃ ᠮᠠᠯᠴᠢᠳ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠪᠠᠢᠭᠤᠯᠬᠤ᠂ ᠠᠦ᠋ᠲ᠋ᠣᠴᠢᠯᠠᠭᠰᠠᠨ ᠮᠠᠰᠢᠨ ᠲᠦᠬᠦᠬᠡᠷᠦᠮᠵᠢ ᠪᠡᠷ ᠳᠡᠵᠢᠬᠡᠬᠦ ᠵᠢᠴᠢ ᠤᠶᠤᠨᠳᠤ ᠮᠠᠯᠵᠢᠯᠤᠨ ᠮᠡᠷᠬᠡᠵᠢᠯᠢ ᠳᠡᠯᠬᠡᠷᠡᠬᠦᠯᠬᠦ ᠮᠡᠳᠤ ᠪᠡᠷ ᠮᠠᠯᠵᠢᠬᠤ ᠦᠢᠯᠡᠳᠪᠦᠷᠢᠯᠡᠯᠤᠨ ᠰᠠᠭᠤᠷᠢ ᠲᠦᠬᠦᠬᠡᠷᠦᠮᠵᠢ ᠪᠠᠨ ᠰᠠᠢᠵᠢᠷᠠᠭᠤᠯᠵᠤ᠂ ᠰᠢᠯᠢᠳᠡᠭ ᠡᠬᠦᠯᠳᠡᠷᠢ ᠳᠡᠵᠢᠬᠡᠨ ᠦᠷᠡᠵᠢᠬᠦᠯᠬᠦ᠂ ᠨᠠᠷᠢᠯᠢᠭ ᠤᠨᠤᠴᠠᠳᠠᠢ ᠪᠡᠷ ᠳᠡᠵᠢᠬᠡᠵᠦ ᠪᠤᠷᠳᠤᠬᠤ᠂ ᠤᠶᠤᠨᠴᠢ ᠬᠢᠨᠠᠨ ᠬᠠᠮᠢᠶᠠᠷᠤᠯᠳᠠ ᠬᠢᠬᠦ ᠪᠡᠷ ᠳᠠᠮᠵᠢᠭᠤᠯᠵᠤ᠂ ᠳᠡᠵᠢᠬᠡᠪᠦᠷᠢ ᠵᠢᠨ ᠦᠷ᠎ᠠ ᠠᠰᠢᠭ ᠵᠢᠡᠨ ᠳᠡᠬᠡᠭᠰᠢᠯᠡᠬᠦᠯᠵᠦ ᠪᠤᠯᠤᠨ᠎ᠠ᠃
ᠮᠠᠯᠵᠢᠬᠤ ᠤᠷᠤᠨᠤ ᠪᠤᠳᠠᠳᠤ ᠱᠠᠭᠠᠷᠳᠠᠯᠭ᠎ᠠ ᠳ᠋ᠤ ᠰᠠᠭᠤᠷᠢᠯᠠᠭᠰᠠᠨ ᠤᠯᠠᠨ ᠡᠰᠢᠳᠤ ᠨᠡᠢᠬᠡᠮᠴᠢᠯᠡᠭᠰᠡᠨ ᠦᠢᠯᠡᠴᠢᠯᠡᠬᠡ ᠵᠠᠭᠪᠤᠷᠢ ᠳᠡᠯᠬᠡᠷᠡᠬᠦᠯᠵᠦ᠂ ᠵᠠᠰᠠᠭᠤᠨ ᠤᠷᠳᠤᠨ ᠡᠴᠡ ᠵᠢᠯᠤᠭᠤᠳᠤᠭᠰᠠᠨ᠂ ᠵᠠᠬ᠎ᠠ ᠳᠡᠯᠬᠡᠬᠦᠷᠤᠨ ᠤᠷᠤᠯᠴᠠᠭᠰᠠᠨ᠂ ᠤᠯᠠᠨ ᠳᠠᠯ᠎ᠠ ᠪᠡᠷ ᠬᠠᠮᠵᠢᠯᠴᠠᠭᠰᠠᠨ ᠨᠡᠢᠬᠡᠮᠴᠢᠯᠡᠭᠰᠡᠨ ᠦᠢᠯᠡᠴᠢᠯᠡᠬᠡᠨᠤ ᠰᠢᠰᠲᠧᠮᠢ ᠪᠠᠢᠭᠤᠯᠵᠤ᠂ ᠡᠪᠡᠰᠤ ᠪᠤᠷᠳᠤᠭ᠎ᠠ ᠬᠠᠩᠭᠠᠬᠤ᠂ ᠡᠪᠡᠳᠴᠢᠨ ᠬᠢᠵᠢᠭᠢ ᠰᠡᠷᠬᠡᠢᠯᠡᠬᠦ᠂ ᠮᠠᠰᠢᠨ ᠮᠧᠬᠠᠨᠢᠭ ᠵᠢᠡᠷ ᠦᠢᠯᠡᠴᠢᠯᠡᠬᠦ᠂ ᠮᠠᠯ ᠳᠡᠵᠢᠬᠡᠪᠦᠷᠢ ᠪᠠᠨ ᠨᠠᠢᠳᠠᠨ ᠬᠠᠮᠢᠶᠠᠷᠤᠭᠤᠯᠬᠤ ᠵᠡᠷᠬᠡ ᠨᠢᠬᠡ ᠦᠷᠳᠡᠬᠡᠴᠢᠯᠡᠭᠰᠡᠨ ᠦᠢᠯᠡᠴᠢᠯᠡᠬᠡ ᠪᠡᠷ ᠳᠠᠮᠵᠢᠭᠤᠯᠵᠤ᠂ ᠮᠠᠯᠴᠢᠳᠤᠨ ᠳᠡᠵᠢᠬᠡᠭᠦ ᠮᠡᠷᠬᠡᠵᠢᠯ ᠪᠠᠭᠤᠷᠠᠢ᠂ ᠦᠪᠡᠷᠤᠨ ᠦᠷᠳᠡᠭ ᠦᠨᠳᠦᠷ᠂ ᠬᠦᠳᠡᠯᠮᠦᠷᠢ ᠬᠦᠴᠦᠨ ᠬᠦᠷᠦᠯᠴᠡᠬᠦ ᠦᠬᠡᠢ ᠠᠰᠠᠭᠤᠳᠠᠯᠢ ᠰᠢᠢᠳᠪᠦᠷᠢᠯᠡᠵᠦ᠂ ᠮᠠᠯᠴᠢᠳᠤᠨ ᠠᠵᠤ ᠦᠢᠯᠡᠰᠤᠨ ᠲᠦᠭᠰᠢᠬᠦᠷᠢ ᠵᠢ ᠡᠰᠡᠷᠬᠦᠴᠡᠬᠦ ᠴᠢᠳᠠᠪᠤᠷᠢ ᠪᠠ ᠳᠤᠰᠬᠠᠢ ᠮᠡᠷᠬᠡᠵᠢᠯᠤᠨ ᠲᠦᠪᠰᠢᠨᠢ ᠳᠡᠬᠡᠭᠰᠢᠯᠡᠬᠦᠯᠵᠦ ᠪᠤᠯᠤᠨ᠎ᠠ᠃
ᠪᠡᠯᠴᠢᠬᠡᠷ ᠤᠨ ᠮᠠᠯ ᠠᠵᠤ ᠠᠬᠤᠢ ᠵᠢ ᠤᠳᠤᠬᠢᠴᠢᠯᠠᠬᠤ ᠳ᠋ᠤ ᠲᠣᠭᠲᠠᠴᠠᠶᠢᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠮᠠᠯᠵᠢᠬᠤ ᠣᠷᠣᠨ ᠤ ᠬᠥᠭᠵᠢᠯᠲᠡᠶᠢᠨ ᠳᠣᠲᠣᠭᠠᠳᠤᠶᠢᠨ ᠬᠥᠳᠡᠯᠭᠡᠬᠦ ᠬᠦᠴᠦᠨ ᠢ ᠬᠥᠭᠵᠢᠭᠡᠬᠦ ᠨᠢ ᠴᠢᠬᠤᠯᠠ ᠶᠤᠮ᠃ ᠨᠤᠲᠤᠭ ᠪᠡᠯᠴᠢᠭᠡᠷᠦᠨ ᠡᠵᠡᠩᠨᠡᠯᠲᠡᠶᠢᠨ ᠡᠷᠬᠡ ᠵᠢ ᠰᠢᠯᠵᠢᠬᠦᠯᠬᠦ ᠲᠣᠭᠲᠠᠴᠠᠶᠢ ᠲᠡᠭᠦᠯᠳᠡᠷᠵᠢᠭᠦᠯᠵᠦ᠂ ᠬᠣᠰᠢᠭᠤ ᠰᠢᠶᠠᠨᠤ ᠱᠠᠲᠤᠨᠤ ᠰᠢᠯᠵᠢᠬᠦᠯᠬᠦ ᠦᠢᠯᠡᠴᠢᠯᠡᠭᠡᠨᠦ ᠲᠥᠪᠢ ᠪᠠᠢᠭᠤᠯᠤᠨ᠂ ᠮᠠᠯᠴᠢᠳᠢ ᠬᠥᠲᠥᠯᠥᠨ ᠵᠢᠯᠤᠭᠣᠳᠴᠤ ᠪᠠᠢᠭᠠᠳ ᠨᠤᠲᠤᠭ ᠪᠡᠯᠴᠢᠭᠡᠷᠢᠶᠡᠷᠢᠶᠡᠨ ᠲᠤᠰᠬᠠᠢ ᠬᠣᠷᠰᠢᠶ᠎ᠠ ᠪᠤᠶᠤ ᠳᠤᠯᠤᠭᠠᠢᠯᠠᠭᠴᠢ ᠠᠵᠤ ᠠᠬᠤᠢᠯᠠᠯᠳᠤ ᠬᠤᠪᠢ ᠤᠷᠤᠬᠤ᠂ 《ᠺᠣᠮᠫᠠᠨᠢ + ᠬᠠᠮᠲᠤ ᠨᠡᠶ᠋ᠢᠲᠡ + ᠲᠤᠰᠬᠠᠢ ᠬᠣᠷᠰᠢᠶ᠎ᠠ + ᠮᠠᠯᠴᠢᠨ ᠲᠠᠷᠢᠶᠠᠴᠢᠨ ᠡᠷᠦᠬᠡ 》 ᠵᠢᠨ ᠠᠰᠢᠭ᠋ ᠲᠤᠰᠠᠶᠢᠨ ᠬᠣᠯᠪᠣᠭᠠᠶᠢᠨ ᠲᠣᠭᠲᠠᠴᠠᠶᠢ ᠪᠠᠢᠭᠤᠯᠬᠤ᠂ 《ᠤᠷᠤᠯᠠᠨ ᠳᠡᠵᠢᠬᠡᠵᠦ ᠠᠰᠢᠭ ᠵᠢᠡᠨ ᠬᠤᠪᠢᠶᠠᠬᠤ 》 《ᠳᠤᠯᠠᠭᠠᠨ ᠤᠯᠠᠷᠢᠯᠳᠤ ᠪᠡᠯᠴᠢᠬᠡᠷᠯᠡᠬᠦᠯᠵᠦ ᠬᠦᠢᠲᠡᠨ ᠤᠯᠠᠷᠢᠯᠳᠤ ᠬᠠᠰᠢᠶᠠᠯᠠᠨ ᠲᠡᠵᠢᠭᠡᠬᠦ 》 ᠮᠡᠳᠤ ᠵᠢᠨ ᠤᠯᠠᠨ ᠵᠠᠭᠪᠤᠷᠵᠢᠡᠷ ᠮᠠᠯᠴᠢᠳᠤᠨ ᠤᠷᠤᠯᠭ᠎ᠠ ᠵᠢᠨ ᠠᠷᠭ᠎ᠠ ᠵᠠᠮᠢ ᠦᠷᠬᠡᠳᠬᠡᠵᠦ ᠤᠷᠤᠯᠭ᠎ᠠ ᠵᠢ ᠨᠡᠮᠡᠭᠳᠡᠬᠦᠯᠵᠦ ᠪᠤᠯᠤᠨ᠎ᠠ᠃
ᠪᠡᠯᠴᠢᠬᠡᠷ ᠤᠨ ᠮᠠᠯ ᠠᠵᠤ ᠠᠬᠤᠢ ᠵᠢ ᠤᠳᠤᠬᠢᠴᠢᠯᠠᠯᠳᠠ ᠪᠤᠯ ᠠᠮᠢ ᠠᠬᠤᠢ ᠵᠢ ᠤᠷᠢᠳ ᠵᠢᠡᠷ ᠬᠠᠮᠠᠭᠠᠯᠠᠭᠰᠨᠨ ᠰᠠᠭᠤᠷᠢᠨ ᠳᠡᠬᠡᠷ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠢᠶᠡᠷ ᠬᠦᠴᠦᠨ ᠤᠯᠭᠤᠵᠤ᠂ ᠤᠯᠠᠨ ᠡᠰᠢᠳᠤ ᠬᠦᠭᠵᠢᠯᠳᠡ ᠪᠠ ᠲᠣᠭᠲᠠᠴᠠᠶᠢᠨ ᠰᠢᠨᠡᠶᠢ ᠡᠭᠦᠳᠬᠦᠶᠢ ᠪᠠᠷᠢᠮᠲᠠᠯᠠᠪᠠᠯ ᠰᠠᠶᠢ ᠪᠡᠯᠴᠢᠭᠡᠷᠤᠨ ᠮᠠᠯ ᠠᠵᠤ ᠠᠬᠤᠢᠶᠢᠨ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡᠶᠢ ᠪᠡᠶᠡᠯᠡᠭᠦᠯᠵᠦ᠂ ᠤᠯᠤᠰᠤᠨ ᠴᠢᠬᠤᠯᠠ ᠮᠠᠯᠤᠨ ᠠᠰᠢᠭ᠋ ᠰᠢᠮᠡᠳᠠᠷᠢᠶᠠᠯᠠᠩᠤᠨ ᠪᠦᠲᠦᠭᠡᠭᠳᠡᠬᠦᠨᠦ ᠦᠢᠯᠡᠳᠪᠦᠷᠢᠯᠡᠯᠦᠨ ᠰᠠᠭᠤᠷᠢᠨᠤ ᠪᠦᠲᠦᠭᠡᠨ ᠪᠠᠢᠭᠤᠯᠤᠯᠲᠠᠳᠤ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ᠃
(ᠵᠤᠬᠢᠶᠠᠭᠴᠢ ᠵᠢᠨ ᠬᠠᠶᠢᠭ ᠄ ᠦᠪᠦᠷ ᠮᠤᠩᠭᠤᠯᠤᠨ ᠡᠳ᠋ᠤᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ ᠵᠢᠨ ᠠᠵᠤ ᠦᠢᠯᠡᠳᠪᠦᠷᠢ ᠬᠤᠳᠠᠯᠳᠤᠭ᠎ᠠ ᠵᠢᠨ ᠬᠠᠮᠢᠶᠠᠷᠤᠯᠳᠠ ᠵᠢᠨ ᠳᠡᠬᠡᠳᠤ ᠰᠤᠷᠭᠠᠭᠤᠯᠢ)