ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯᠳᠡᠨ ᠴᠢᠳᠠᠪᠤᠷᠢᠲᠠᠨ᠎ᠤ ᠳᠤᠲᠠᠭᠤᠳᠠᠯ᠎ᠢ ᠨᠥᠬᠥᠪᠦᠷᠢᠯᠡᠶ᠎ᠡ
2026-04-13 11:15:59
ᠵᠣᠬᠢᠶᠠᠭ᠍ᠴᠢ᠄
ᠵᠢᠨ ᠵᠢᠨ ᠪᠢᠶᠣᠣ ᠵᠧᠦ ᠵᠢᠶᠠᠨ ᠬᠤᠸᠠ
ᠣᠩᠱᠢᠭ᠍ᠰᠠᠨ ᠣᠳᠠᠭ᠎ᠠ᠄
★★★☆☆

ᠠᠵᠢᠯᠲᠠᠨ ᠬᠡᠷᠡᠭᠯᠡᠬᠦ ᠨᠢᠭᠡᠴᠢ᠎ᠶᠢᠨ ᠨᠡᠢᠲᠡᠯᠡᠭᠰᠡᠨ 2026 ᠣᠨ᠎ᠤ ᠬᠠᠪᠤᠷ᠎ᠤᠨ ᠤᠯᠠᠷᠢᠯ᠎ᠤᠨ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠡᠯᠰᠡᠬᠦ ᠠᠯᠪᠠᠨ ᠵᠠᠷ᠎ᠠᠴᠠ ᠦᠵᠡᠪᠡᠯ᠂ ᠴᠥᠭᠡᠨ ᠪᠤᠰᠤ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠨᠡᠢᠳᠡᠮ᠎ᠳᠡᠭᠡᠨ ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ ᠵᠡᠷᠭᠡ ᠮᠡᠷᠭᠡᠵᠢᠯ᠎ᠦᠨ ᠬᠡᠯᠪᠡᠷᠢ᠎ᠶᠢᠨ ᠴᠢᠳᠠᠪᠤᠷᠢᠲᠠᠨ᠎ᠳᠤ ᠮᠠᠰᠢ ᠶᠡᠬᠡ ᠬᠦᠰᠡᠯ ᠱᠠᠭᠠᠷᠳᠠᠯᠭ᠎ᠠ ᠲᠠᠯᠪᠢᠵᠤ ᠪᠠᠢᠨ᠎ᠠ᠃ ᠵᠣᠬᠢᠶᠠᠮᠠᠯ ᠤᠶᠤᠨ ᠴᠢᠳᠠᠪᠤᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠨᠢ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ ᠲᠤᠯᠭᠠᠮ ᠬᠡᠷᠡᠭᠴᠡᠭᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠰᠢᠨ᠎ᠡ᠎ᠶᠢ ᠡᠭᠦᠳᠬᠦ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠎ᠶᠢ ᠪᠦᠲᠦᠮᠵᠢᠲᠡᠢ ᠨᠠᠪᠲᠠᠷᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠳᠦ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠵᠦ ᠪᠣᠯᠣᠨ᠎ᠠ᠃

ᠣᠢᠷ᠎ᠠ᠎ᠶᠢᠨ ᠵᠢᠯ᠎ᠦᠳ᠎ᠲᠦ  ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ 《 ᠵᠠᠰᠠᠭ — ᠰᠤᠷᠭᠠᠭᠤᠯᠢ — ᠠᠵᠤ ᠠᠬᠤᠢᠯᠠᠯ》᠎ᠤᠨ ᠬᠠᠮᠵᠢᠯᠴᠠᠨ ᠴᠢᠳᠠᠪᠣᠷᠢᠳᠠᠨ ᠬᠥᠮᠥᠵᠢᠭᠦᠯᠬᠦ ᠪᠠᠢᠷᠢᠰᠢᠯ ᠠᠯᠬᠤᠮ ᠠᠯᠬᠤᠮ᠎ᠢᠶᠠᠷ ᠪᠦᠷᠢᠯᠳᠦᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠦᠢᠯᠡᠳᠦᠯᠭᠡ᠎ᠶᠢᠨ ᠬᠡᠯᠪᠡᠷᠢ ᠣᠯᠠᠨ ᠶᠠᠩᠵᠤ᠎ᠶᠢᠨ ᠪᠣᠯᠵᠤ ᠪᠠᠢᠨ᠎ᠠ᠃ ᠵᠢᠱ᠌ᠢᠶᠡᠯᠡᠪᠡᠯ᠂ ᠭᠤᠸᠠᠩᠳᠦ᠋ᠩ ᠮᠤᠵᠢ᠎ᠶᠢᠨ ᠬᠢᠨ ᠳᠤᠮᠳᠠᠳᠤ ᠪᠠᠭ᠎ᠠ ᠰᠤᠷᠭᠠᠭᠤᠯᠢ᠎ᠶᠢᠨ ᠵᠣᠬᠢᠶᠠᠮᠠᠯ ᠣᠶᠤᠨ ᠴᠢᠳᠠᠪᠤᠷᠢ ᠵᠢᠨ ᠰᠤᠷᠭᠠᠨ ᠬᠥᠮᠦᠵᠢᠯ᠎ᠦᠨ 《2 + 1》 ᠎ᠵᠢᠨ ᠲᠥᠰᠥᠯ᠎ᠢ ᠲᠦᠷᠦᠭᠦᠯᠡᠨ ᠲᠤᠷᠠᠳᠴᠤ᠂ ᠱᠧᠨᠵᠧᠨ᠎ᠦ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠣᠯᠣᠨ ᠬᠤᠸᠠ ᠸᠧᠢ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠦᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢ ᠬᠠᠮᠲᠤ᠎ᠪᠠᠷ ᠪᠠᠢᠭᠤᠯᠵᠤ᠂ 《ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ + ᠮᠡᠷᠭᠡᠵᠢᠯ᠎ᠦᠨ ᠪᠣᠭᠣᠮᠲᠠ ᠰᠢᠪᠲᠤᠯᠬᠤ》 ᠣᠨᠴᠠᠯᠢᠭ᠋ ᠪᠦᠬᠦᠢ ᠵᠠᠭᠪᠤᠷ᠎ᠢ ᠪᠦᠷᠢᠯᠳᠦᠭᠦᠯᠪᠡ; ᠵᠢᠶᠠᠩᠰᠢ ᠮᠤᠵᠢ᠎ᠶᠢᠨ 31 ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ ᠵᠣᠬᠢᠶᠠᠮᠠᠯ ᠣᠶᠤᠨ ᠴᠢᠳᠠᠪᠤᠷᠢ᠎ᠶᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯ ᠨᠡᠭᠡᠭᠡᠵᠦ᠂ ᠮᠤᠵᠢ᠎ᠶᠢᠨ ᠲᠠᠰ᠎ᠤᠨ ᠣᠲᠣ᠌ ᠦᠶ᠎ᠡ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢ 5 ᠪᠠᠢᠭᠤᠯᠵᠤ᠂ 8 ᠲᠤᠰᠬᠠᠢ ᠮᠡᠷᠭᠡᠵᠢᠯ ᠤᠯᠤᠰ᠎ᠤᠨ ᠲᠠᠰ᠎ᠤᠨ ᠲᠡᠷᠢᠭᠦᠨ ᠲᠠᠰ᠎ᠤᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠳᠦ ᠰᠣᠩᠭᠣᠭᠳᠠᠨ ᠣᠷᠣᠵᠤ᠂ ᠴᠢᠳᠠᠪᠤᠷᠢᠲᠠᠨ᠎ᠤ ᠬᠠᠩᠭᠠᠯᠭ᠎ᠠ ᠬᠢᠭᠡᠳ ᠣᠷᠣᠨ ᠪᠦᠰᠡ᠎ᠶᠢᠨ ᠠᠵᠤ ᠦᠢᠯᠡᠰ᠎ᠦᠨ ᠨᠠᠷᠢᠯᠢᠭ᠋ ᠣᠨᠣᠴᠠᠲᠠᠢ ᠵᠣᠯᠭᠠᠯᠴᠠᠭ᠎ᠠ᠎ᠶᠢ ᠪᠡᠶᠡᠯᠡᠭᠦᠯᠪᠡ;ᠯᠢᠶᠣᠤᠨᠢᠩ ᠮᠤᠵᠢ 《ᠤᠷ᠎ᠠ ᠮᠡᠷᠭᠡᠵᠢᠯ᠎ᠢᠶᠡᠷ ᠠᠵᠤ ᠠᠬᠤᠢᠯᠠᠯ᠎ᠢᠶᠠᠨ ᠬᠥᠭᠵᠢᠭᠦᠯᠬᠦ》 ᠠᠵᠢᠯᠯᠠᠭ᠎ᠠ᠎ᠶᠠᠪᠤᠭᠳᠠᠭᠤᠯᠵᠦ᠂ ᠵᠣᠬᠢᠶᠠᠮᠠᠯ ᠣᠶᠤᠨ ᠴᠢᠳᠠᠪᠤᠷᠢ᠎ᠶᠢᠨ ᠬᠦᠷᠢᠶᠡᠨ᠎ᠳᠡᠬᠢ ᠮᠤᠵᠢ᠎ᠶᠢᠨ ᠱᠠᠲᠤᠨ᠎ᠤ ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠰᠠᠭᠤᠷᠢᠨ᠎ᠢ  3 ᠎ᠡᠴᠡ 5 ᠰᠢᠨ᠎ᠡ᠎ᠪᠡᠷ ᠪᠠᠶ᠋ᠢᠭᠤᠯᠬᠤ᠎ᠪᠠᠷ ᠲᠥᠯᠥᠪᠯᠡᠵᠦ ᠪᠤᠢ᠂ ᠵᠢᠯ ᠪᠦᠷᠢ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ 3 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠬᠣ ᠪᠣᠯᠣᠨ᠎ᠠ᠃ ᠪᠦᠷᠢᠳᠬᠡᠯ᠎ᠳᠦ ᠢᠯᠡᠷᠡᠭᠦᠯᠦᠭᠰᠡᠨ᠎ᠢᠶᠡᠷ᠂ ᠣᠳᠣᠬᠠᠨ᠎ᠳᠤ ᠪᠥᠬᠥ ᠤᠯᠤᠰ᠎ᠲᠤ ᠨᠢᠭᠡᠨᠲᠡ 600 ᠭᠠᠷᠤᠢ ᠵᠢᠩᠬᠢᠨᠢ ᠠᠩᠭᠢ᠎ᠶᠢᠨ ᠳᠡᠭᠡᠳᠦ ᠰᠤᠷᠭᠠᠭᠤᠯᠢ᠂ 2200 ᠭᠠᠷᠤᠢ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠣᠬᠢᠶᠠᠮᠠᠯ ᠣᠶᠤᠨ ᠴᠢᠳᠠᠪᠤᠷᠢ᠎ᠶᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯ ᠨᠡᠭᠡᠭᠡᠵᠦ᠂ ᠴᠢᠳᠠᠪᠤᠷᠢᠲᠠᠨ ᠬᠥᠮᠥᠵᠢᠭᠦᠯᠬᠦ ᠬᠡᠪᠴᠢᠶ᠎ᠡ ᠪᠠ ᠶᠠᠰᠤ ᠴᠢᠨᠠᠷ᠎ᠢ ᠵᠡᠷᠭᠡ᠎ᠪᠡᠷ ᠳᠡᠭᠡᠭᠰᠢᠯᠡᠭᠦᠯᠵᠦ ᠪᠠᠢᠨ᠎ᠠ᠃ ᠡᠭᠦᠨ᠎ᠦ ᠬᠠᠮᠲᠤ 《ᠰᠢᠨ᠎ᠡ ᠨᠢᠭᠡ ᠦᠶ᠎ᠡ᠎ᠶᠢᠨ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠲᠥᠯᠦᠪᠵᠢᠭᠦᠯᠭᠡ》᠂ 《 ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠬᠦ ᠲᠤᠬᠠᠢ ᠰᠠᠨᠠᠯ᠎ᠤᠳ》᠂ 《〈ᠵᠣᠬᠢᠶᠠᠮᠠᠯ ᠣᠶᠤᠨ ᠴᠢᠳᠠᠪᠤᠷᠢ + 〉 ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ ᠲᠤᠬᠠᠢ ᠰᠠᠨᠠᠯ》 ᠵᠡᠷᠭᠡ ᠠᠯᠢ ᠣᠯᠠᠨ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠵᠣᠬᠢᠶᠠᠮᠠᠯ ᠣᠶᠣᠨ ᠴᠢᠳᠠᠪᠣᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠲᠣᠭᠲᠠᠭᠠᠵᠤ᠂ ᠰᠤᠷᠭᠠᠭᠤᠯᠢ ᠠᠵᠤ ᠠᠬᠤᠢᠯᠠᠯ ᠬᠠᠮᠵᠢᠯᠴᠠᠨ ᠴᠢᠳᠠᠪᠣᠷᠢᠳᠠᠨ ᠬᠥᠮᠥᠵᠢᠭᠦᠯᠬᠦ ᠪᠣᠷᠣ᠌ ᠲᠥᠯᠥᠪ᠎ᠭᠠᠷᠭᠠᠵᠦ᠂ ᠪᠥᠬᠥ ᠰᠤᠷᠤᠯᠭ᠎ᠠ᠎ᠶᠢᠨ ᠱᠠᠲᠤᠨ᠎ᠤ ᠴᠢᠳᠠᠪᠤᠷᠢᠲᠠᠨ ᠬᠥᠮᠥᠵᠢᠭᠦᠯᠬᠦ ᠠᠷᠭ᠎ᠠ ᠵᠠᠮ᠎ᠢ ᠨᠠᠷᠢᠯᠢᠭ᠍ᠵᠢᠭᠤᠯᠪᠠ᠃

ᠵᠣᠬᠢᠶᠠᠮᠠᠯ ᠣᠶᠤᠨ ᠴᠢᠳᠠᠪᠤᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠨᠢ ᠡᠯ᠎ᠡ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠥᠷᠢᠰᠦᠯᠳᠦᠭᠡᠨ᠎ᠦ ᠭᠣᠣᠯ ᠤᠷᠤᠯᠳᠤᠭᠠᠨ᠎ᠤ ᠵᠠᠮ ᠪᠣᠯᠪᠠ᠃ ᠠᠮᠧᠷᠢᠺᠠ ᠵᠢᠨ  ᠵᠣᠬᠢᠶᠠᠮᠠᠯ ᠤᠶᠤᠨ ᠴᠢᠳᠠᠪᠤᠷᠢ᠎ᠶᠢᠨ ᠰᠤᠷᠭᠠᠨ ᠬᠥᠮᠦᠵᠢᠯ ᠨᠢ ᠪᠦᠬᠦ ᠰᠤᠷᠤᠯᠭ᠎ᠠ᠎ᠶᠢᠨ ᠱᠠᠲᠤᠨ᠎ᠳᠤ ᠲᠤᠭᠤᠰᠢᠯᠠᠭᠳᠠᠵᠤ᠂ ᠶᠡᠬᠡ ᠳᠡᠭᠡᠳᠦ ᠰᠤᠷᠭᠠᠭᠤᠯᠢ᠎ᠳᠤ ᠰᠢᠨᠵᠢᠯᠡᠭᠡᠨ ᠠᠯᠤᠰᠯᠠᠭᠰᠠᠨ ᠵᠣᠬᠢᠶᠠᠮᠠᠯ ᠤᠶᠤᠨ ᠴᠢᠳᠠᠪᠤᠷᠢ᠎ᠶᠢᠨ ᠰᠤᠳᠤᠯᠭᠠᠨ᠎ᠤ ᠬᠦᠷᠢᠶᠡᠯᠡᠩ ᠪᠠᠢᠭᠤᠯᠵᠤ᠂ ᠭᠦ ᠭᠧ  ᠵᠡᠷᠭᠡ ᠠᠵᠤ ᠠᠬᠤᠢᠯᠠᠯ ᠬᠢᠴᠢᠶᠡᠯ᠎ᠦᠨ ᠵᠢᠷᠤᠭ ᠲᠥᠯᠥᠪᠯᠡᠭᠡ ᠪᠣᠯᠣᠨ ᠲᠤᠷᠰᠢᠯᠲᠠ᠎ᠶᠢᠨ ᠲᠠᠰᠤᠭ᠎ᠢ ᠬᠠᠮᠲᠤ᠎ᠪᠠᠷ ᠪᠠᠶ᠋ᠢᠭᠤᠯᠬᠤ᠎ᠳᠤ ᠣᠷᠣᠯᠴᠠᠵᠤ᠂ 《ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ 》 ᠲᠦᠷᠦᠯ ᠵᠦᠢᠯ᠎ᠦᠨ ᠳᠦᠷᠢᠮ᠎ᠢᠶᠡᠷ ᠳᠠᠮᠵᠢᠨ᠂ ᠵᠠᠬ᠎ᠠ ᠳᠡᠯᠭᠡᠭᠦᠷ᠎ᠦᠨ ᠬᠡᠷᠡᠭᠴᠡᠭᠡ ᠪᠣᠯᠣᠨ ᠡᠷᠳᠡᠮ ᠰᠢᠨᠵᠢᠯᠡᠭᠡᠨ᠎ᠦ ᠰᠢᠨ᠎ᠡ ᠡᠭᠦᠳᠦᠯᠲᠡ᠎ᠶᠢ ᠵᠠᠪᠰᠠᠷ ᠦᠭᠡᠢ ᠵᠣᠯᠭᠠᠭᠤᠯᠬᠤ᠎ᠶᠢ ᠪᠡᠶᠡᠯᠡᠭᠦᠯᠪᠡ᠃

ᠮᠠᠨ᠎ᠤ ᠤᠯᠤᠰ᠎ᠲᠤ ᠵᠣᠬᠢᠶᠠᠮᠠᠯ ᠣᠶᠤᠨ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ᠎ᠳᠦ ᠮᠥᠨ ᠯᠡ ᠰᠢᠢᠳᠪᠦᠷᠢᠯᠡᠬᠦ ᠴᠢᠬᠤᠯᠠᠲᠠᠢ ᠠᠰᠠᠭᠤᠳᠠᠯ᠎ᠤᠳ ᠣᠷᠣᠰᠢᠵᠤ ᠪᠠᠢᠨ᠎ᠠ᠃ ᠵᠢᠱ᠌ᠢᠶᠡᠯᠡᠪᠡᠯ᠂ ᠬᠠᠩᠭᠠᠯᠭ᠎ᠠ ᠬᠡᠷᠡᠭᠴᠡᠭᠡ᠎ᠶᠢᠨ ᠲᠣᠬᠢᠷᠠᠭᠤᠯᠤᠯᠲᠠ᠎ᠳᠤ ᠵᠥᠷᠢᠶ᠎ᠡ ᠣᠷᠣᠰᠢᠵᠤ᠂ ᠬᠢᠴᠢᠶᠡᠯ᠎ᠦᠨ ᠰᠢᠰᠲᠧᠮ᠎ᠦᠨ ᠰᠢᠨᠡᠴᠢᠯᠡᠯᠲᠡ ᠨᠢ ᠲᠣᠮᠣ᠌ ᠵᠠᠭᠪᠤᠷ᠂ ᠣᠯᠠᠨ ᠵᠠᠭᠪᠤᠷ ᠵᠡᠷᠭᠡ ᠮᠡᠷᠭᠡᠵᠢᠯ᠎ᠦᠨ ᠳᠠᠪᠬᠤᠴᠠᠯ᠎ᠠᠴᠠ ᠬᠣᠴᠣᠷᠴᠤ᠂ ᠣᠨᠣᠯ᠎ᠤᠨ ᠵᠢᠭᠠᠨ ᠰᠤᠷᠭᠠᠯᠲᠠ ᠨᠢ ᠠᠵᠤ ᠠᠬᠤᠢᠯᠠᠯ᠎ᠤᠨ ᠪᠣᠳᠠᠲᠠᠢ ᠠᠵᠢᠯᠯᠠᠭ᠎ᠠ᠂ ᠬᠣᠰᠢᠭᠤᠷᠠᠯ ᠬᠡᠷᠡᠭᠯᠡᠭᠡ᠎ᠲᠠᠢ ᠰᠠᠯᠤᠩᠭᠢᠷᠠᠵᠤ᠂ ᠬᠠᠮ ᠬᠡᠯᠪᠡᠷᠢ᠎ᠶᠢᠨ ᠴᠢᠳᠠᠪᠤᠷᠢᠲᠠᠨ᠎ᠤ ᠬᠠᠩᠭᠠᠯᠭ᠎ᠠ ᠨᠢ ᠠᠵᠤ ᠦᠢᠯᠡᠰ᠎ᠦᠨ ᠲᠠᠰ ᠳᠡᠪᠰᠢᠬᠦ ᠬᠡᠷᠡᠭᠴᠡᠭᠡ᠎ᠲᠠᠢ ᠵᠣᠬᠢᠴᠠᠯᠳᠤᠬᠤ ᠦᠭᠡᠢ ᠪᠠᠢᠨ᠎ᠠ᠃ ᠪᠠᠰᠠ ᠵᠢᠱ᠌ᠢᠶᠡᠯᠡᠪᠡᠯ᠂ ᠰᠢᠨᠵᠢᠯᠡᠭᠡᠨ᠎ᠦ ᠰᠠᠯᠠᠭᠠᠨ᠎ᠤ ᠪᠡᠬᠢᠯᠡᠯᠲᠡ᠎ᠶᠢ ᠰᠢᠪᠲᠤᠯᠵᠤ ᠳᠡᠢᠯᠦᠭᠡᠳᠦᠢ᠂ ᠵᠣᠬᠢᠶᠠᠮᠠᠯ ᠣᠶᠤᠨ ᠴᠢᠳᠠᠪᠤᠷᠢ ᠨᠢ ᠲᠣᠭᠠᠨ᠎ᠤ ᠤᠬᠠᠭᠠᠨ᠂ ᠺᠣᠮᠫᠢᠦ᠋ᠲᠧᠷ᠂ ᠠᠮᠢᠳᠤ ᠪᠣᠳᠠᠰ ᠵᠡᠷᠭᠡ ᠰᠢᠨᠵᠢᠯᠡᠭᠡᠨ᠎ᠦ ᠰᠠᠯᠠᠭ᠎ᠠ᠎ᠲᠠᠢ ᠭᠦᠨ ᠠᠭᠤᠰᠤᠯᠴᠠᠭᠰᠠᠨ ᠦᠭᠡᠢ᠂ ᠰᠢᠨᠵᠢᠯᠡᠭᠡᠨ᠎ᠦ ᠰᠠᠯᠠᠭ᠎ᠠ ᠠᠯᠤᠰᠯᠠᠨ ᠬᠥᠮᠥᠵᠢᠭᠦᠯᠬᠦ ᠲᠣᠭᠲᠠᠴᠠ ᠲᠡᠭᠦᠯᠳᠡᠷ ᠪᠤᠰᠤ ᠪᠠᠢᠵᠤ᠂ ᠣᠯᠠᠨ ᠬᠦᠷᠢᠶ᠎ᠡ᠎ᠶᠢᠨ  ᠰᠢᠨ᠎ᠡ᠎ᠶᠢ ᠡᠭᠦᠳᠬᠦ ᠬᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠳᠦ ᠬᠦᠴᠢᠷ ᠪᠠᠢᠨ᠎ᠠ᠃ ᠡᠭᠦᠨ᠎ᠡᠴᠡ ᠭᠠᠳᠠᠨ᠎ᠠ ᠲᠤᠯᠭᠠᠭᠤᠷᠢᠯᠠᠬᠤ ᠰᠢᠰᠲᠧᠮ ᠪᠠᠭᠤᠷᠠᠢ ᠪᠠᠢᠵᠤ᠂ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠨᠠᠷ ᠠᠵᠤ ᠦᠢᠯᠡᠰ᠎ᠦᠨ ᠪᠣᠳᠠᠲᠤ ᠲᠤᠷᠰᠢᠯᠭ᠎ᠠ ᠬᠢᠭᠡᠳ ᠬᠣᠰᠢᠭᠤᠷᠠᠯ ᠰᠤᠳᠤᠯᠤᠨ ᠨᠡᠭᠡᠭᠡᠬᠦ ᠥᠩᠭᠡᠷᠡᠯᠲᠡ᠎ᠪᠡᠷ ᠳᠤᠲᠠᠮᠠᠭ ᠪᠠᠢᠵᠤ᠂ ᠠᠵᠤ ᠠᠬᠤᠢᠯᠠᠯ᠎ᠤᠨ ᠲᠤᠰᠬᠠᠢ ᠮᠡᠷᠭᠡᠵᠢᠯᠲᠡᠳ ᠵᠢᠭᠠᠨ ᠰᠤᠷᠭᠠᠯᠲᠠ᠎ᠶᠢᠨ ᠤᠷᠮᠠᠰᠢᠭᠤᠯᠤᠯ ᠬᠦᠷᠦᠯᠴᠡᠬᠦ ᠦᠭᠡᠢ᠂ ᠪᠣᠳᠠᠲᠠᠢ ᠪᠣᠯᠪᠠᠰᠤᠷᠠᠭᠤᠯᠤᠯ᠎ᠤᠨ ᠲᠠᠪᠴᠠᠩ᠂ ᠪᠤᠳᠤᠬᠤ ᠬᠦᠴᠦᠨ᠎ᠦ ᠡᠬᠢ ᠪᠠᠶᠠᠯᠢᠭ᠋ ᠬᠢᠭᠡᠳ ᠦᠨᠡᠨ ᠪᠣᠳᠠᠲᠠᠢ ᠲᠠᠯᠠᠪᠤᠷ᠎ᠤᠨ ᠬᠠᠩᠭᠠᠯᠭ᠎ᠠ ᠳᠤᠲᠠᠭᠳᠠᠵᠤ ᠪᠠᠢᠨ᠎ᠠ᠃ ᠴᠢᠳᠠᠪᠤᠷᠢᠲᠠᠨ᠎ᠢ ᠦᠨᠡᠯᠡᠬᠦ᠎ᠳᠦ 《ᠥᠭᠦᠯᠡᠯ᠎ᠢ ᠴᠢᠬᠤᠯᠠᠴᠢᠯᠠᠵᠤ ᠦᠢᠯᠡᠳᠦᠯᠭᠡ᠎ᠶᠢ ᠬᠥᠩᠭᠡᠪᠴᠢᠯᠡᠬᠦ》᠂ ᠪᠦᠬᠦ ᠰᠤᠷᠤᠯᠭ᠎ᠠ᠎ᠶᠢᠨ ᠱᠠᠲᠤᠨ᠎ᠤ ᠵᠣᠯᠭᠠᠯᠴᠠᠭ᠎ᠠ ᠰᠢᠯᠤᠭᠤᠨ ᠪᠤᠰᠤ᠂  ᠣᠷᠣᠢᠯᠠᠭᠰᠠᠨ ᠴᠢᠳᠠᠪᠤᠷᠢᠲᠠᠨ᠎ᠢ ᠡᠷᠲᠡ ᠬᠥᠮᠥᠵᠢᠭᠦᠯᠬᠦ ᠲᠣᠭᠲᠠᠴᠠ ᠬᠦᠷᠦᠯᠴᠡᠬᠦ ᠦᠭᠡᠢ ᠪᠠᠢᠨ᠎ᠠ᠃ ᠡᠲᠡᠭᠡᠷ ᠠᠰᠠᠭᠤᠳᠠᠯ᠎ᠢ ᠰᠢᠢᠳᠪᠦᠷᠢᠯᠡᠬᠦ᠎ᠳᠦ ᠵᠠᠰᠠᠭ᠎ᠤᠨ ᠣᠷᠳᠣᠨ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ ᠬᠠᠮᠵᠢᠯᠴᠠᠨ ᠬᠦᠴᠦᠯᠡᠵᠦ᠂ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯᠳᠡ ᠴᠢᠳᠠᠪᠣᠷᠢᠳᠠᠨ ᠎ᠦ ᠳᠤᠲᠠᠭᠤᠳᠠᠯ᠎ᠢ ᠨᠥᠬᠥᠪᠦᠷᠢᠯᠡᠬᠦ ᠴᠢᠬᠤᠯᠠᠲᠠᠢ᠃

ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠴᠢᠩᠭᠠᠳᠬᠠᠵᠤ᠂ ᠳᠦᠷᠢᠮ᠎ᠦᠨ ᠰᠠᠭᠤᠷᠢ᠎ᠶᠢ ᠪᠡᠬᠢᠵᠢᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯᠳᠡᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠤᠯᠤᠰ ᠬᠢᠭᠡᠳ ᠣᠷᠣᠨ ᠨᠤᠲᠤᠭ᠎ᠤᠨ ᠲᠤᠰᠬᠠᠢ ᠲᠥᠯᠦᠪᠵᠢᠭᠦᠯᠭᠡ᠎ᠳᠦ ᠣᠷᠣᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠣᠯᠠᠨ ᠰᠠᠯᠠᠭ᠎ᠠ ᠮᠥᠴᠢᠷ᠎ᠦᠨ ᠬᠠᠮᠵᠢᠯᠴᠠᠬᠤ ᠲᠣᠭᠲᠠᠴᠠ᠎ᠶᠢ ᠲᠡᠭᠦᠯᠳᠡᠷᠵᠢᠭᠦᠯᠦᠨ᠂ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ ᠬᠢᠭᠡᠳ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠨ᠎ᠡ᠃ ᠠᠵᠤ ᠦᠢᠯᠡᠰ ᠬᠢᠭᠡᠳ ᠰᠤᠷᠭᠠᠨ ᠬᠥᠮᠦᠵᠢᠯ᠎ᠦᠨ ᠠᠭᠤᠰᠤᠯᠴᠠᠯ᠎ᠳᠤ ᠭᠦᠨᠵᠡᠭᠡᠢ ᠣᠷᠣᠯᠴᠠᠭᠰᠠᠨ ᠠᠵᠤ ᠠᠬᠤᠢᠯᠠᠯ᠎ᠳᠤ ᠭᠠᠢᠯᠢ ᠲᠠᠲᠠᠪᠤᠷᠢ᠎ᠶᠢᠨ ᠬᠠᠷᠠᠭᠠᠯᠵᠠᠯ ᠂ ᠰᠤᠳᠤᠯᠤᠨ ᠨᠡᠭᠡᠭᠡᠬᠦ ᠨᠥᠬᠥᠪᠦᠷᠢ ᠣᠯᠭᠣᠨ᠎ᠠ᠃  ᠴᠢᠳᠠᠪᠤᠷᠢᠲᠠᠨ᠎ᠢ ᠦᠨᠡᠯᠡᠬᠦ ᠬᠢᠭᠡᠳ ᠭᠡᠷᠡᠴᠢᠯᠡᠬᠦ ᠰᠢᠰᠲᠧᠮ᠎ᠢ  ᠪᠠᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠢᠨ ᠴᠢᠳᠠᠪᠤᠷᠢᠲᠠᠨ᠎ᠤ ᠴᠢᠳᠠᠪᠤᠷᠢ᠎ᠶᠢᠨ ᠪᠠᠷᠢᠮᠵᠢᠶ᠎ᠠ᠎ᠶᠢ ᠲᠣᠭᠲᠠᠭᠠᠨ᠂ ᠰᠤᠷᠤᠯᠭ᠎ᠠ᠎ᠶᠢᠨ ᠨᠠᠮᠲᠠᠷ᠎ᠤᠨ ᠦᠨᠡᠮᠯᠡᠯ ᠬᠢᠭᠡᠳ ᠠᠵᠢᠯ ᠮᠡᠷᠭᠡᠵᠢᠯ᠎ᠦᠨ ᠬᠢᠷᠢ ᠬᠡᠮ᠎ᠢ ᠵᠣᠯᠭᠠᠭᠤᠯᠬᠤ᠎ᠶᠢ ᠠᠬᠢᠭᠤᠯᠤᠨ᠎ᠠ᠃

ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠴᠢᠳᠠᠪᠣᠷᠢᠳᠠᠨ ᠬᠥᠮᠥᠵᠢᠭᠦᠯᠬᠦ ᠵᠢᠭ᠍ᠰᠠᠭᠠᠯ᠎ᠤᠨ ᠭᠠᠵᠠᠷ᠎ᠢ ᠪᠠᠲᠤ ᠴᠣᠭᠴᠠᠯᠠᠨ᠎ᠠ᠃ ᠬᠦᠷᠢᠶᠡᠯᠡᠩ ᠰᠠᠯᠪᠤᠷᠢ᠎ᠶᠢᠨ ᠪᠡᠬᠢᠯᠡᠯᠲᠡ᠎ᠶᠢ ᠡᠪᠳᠡᠵᠦ᠂ 《ᠵᠣᠬᠢᠶᠠᠮᠠᠯ ᠣᠶᠤᠨ ᠴᠢᠳᠠᠪᠤᠷᠢ + ᠦᠢᠯᠡᠳᠬᠦ ᠦᠢᠯᠡᠰ》᠂ 《ᠵᠣᠬᠢᠶᠠᠮᠠᠯ ᠣᠶᠤᠨ ᠴᠢᠳᠠᠪᠤᠷᠢ + ᠡᠮᠴᠢᠯᠡᠭᠡ》ᠵᠡᠷᠭᠡ ᠰᠣᠯᠪᠢᠴᠠᠯ ᠰᠢᠨᠵᠢᠯᠡᠭᠡᠨ᠎ᠦ ᠰᠠᠯᠠᠭ᠎ᠠ᠎ᠶᠢᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠦᠨ᠎ᠡ᠃ ᠲᠣᠮᠣ᠌ ᠵᠠᠭᠪᠤᠷ᠎ᠤᠨ ᠬᠡᠷᠡᠭᠯᠡᠯᠲᠡ᠂ ᠣᠯᠠᠨ ᠵᠠᠭᠪᠤᠷ᠎ᠤᠨ ᠰᠣᠯᠢᠯᠴᠠᠭ᠎ᠠ ᠵᠡᠷᠭᠡ ᠬᠣᠰᠢᠭᠤᠷᠠᠯ ᠬᠢᠴᠢᠶᠡᠯ᠎ᠢ ᠨᠡᠮᠡᠨ ᠲᠣᠬᠢᠷᠠᠭᠤᠯᠵᠤ᠂ ᠵᠢᠭᠠᠨ ᠰᠤᠷᠭᠠᠯᠲᠠ ᠬᠢᠭᠡᠳ ᠮᠡᠷᠭᠡᠵᠢᠯ᠎ᠦᠨ ᠤᠯᠠᠷᠢᠨ ᠬᠤᠪᠢᠰᠬᠤ᠎ᠶᠢ ᠢᠵᠢᠯ ᠳᠠᠪᠲᠠᠮᠵᠢ᠎ᠲᠠᠢ ᠪᠠᠢᠯᠭᠠᠬᠤ᠎ᠶᠢ ᠪᠡᠶᠡᠯᠡᠭᠦᠯᠦᠨ᠎ᠡ᠃ ᠰᠤᠷᠭᠠᠭᠤᠯᠢ ᠪᠠ ᠠᠵᠤ ᠠᠬᠤᠢᠯᠠᠯ᠎ᠤᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠠᠵᠤ ᠦᠢᠯᠡᠰ᠎ᠦᠨ ᠠᠬᠤᠢ ᠪᠠᠢᠳᠠᠯ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠢ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠲᠤᠷᠰᠢᠯᠲᠠ᠎ᠶᠢᠨ ᠲᠠᠰᠤᠭ ᠪᠠ ᠪᠤᠳᠤᠯᠭ᠎ᠠ ᠵᠢᠨ ᠬᠦᠴᠦᠨ᠎ᠦ ᠲᠠᠪᠴᠠᠩ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠨ᠎ᠡ᠃ 

ᠠᠵᠤ ᠠᠬᠤᠢᠯᠠᠯ᠎ᠤᠨ ᠦᠢᠯᠡᠳᠦᠯ᠎ᠢ ᠳᠡᠭᠡᠭᠰᠢᠯᠡᠭᠦᠯᠵᠦ᠂ ᠠᠵᠤ ᠦᠢᠯᠡᠰ᠎ᠦᠨ ᠲᠤᠯᠭᠠᠭᠤᠷᠢᠯᠠᠯ᠎ᠢ ᠴᠢᠩᠭᠠᠷᠠᠭᠤᠯᠤᠨ᠎ᠠ᠃ ᠴᠢᠳᠠᠪᠤᠷᠢᠲᠠᠨ᠎ᠢ ᠬᠥᠮᠥᠵᠢᠭᠦᠯᠬᠦ᠎ᠶᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠳᠤ ᠣᠷᠣᠭᠤᠯᠵᠤ᠂ ᠬᠥᠮᠥᠵᠢᠭᠦᠯᠬᠦ ᠲᠥᠰᠥᠯ ᠲᠣᠭᠲᠠᠭᠠᠬᠤ ᠪᠠ ᠬᠢᠴᠢᠶᠡᠯ᠎ᠦᠨ ᠵᠢᠷᠤᠭᠯᠠᠨ ᠲᠥᠯᠥᠪᠯᠡᠬᠦ᠎ᠳᠦ ᠪᠥᠬᠥ ᠶᠠᠪᠤᠴᠠ᠎ᠪᠠᠷ ᠣᠷᠣᠯᠴᠠᠨ᠂ ᠠᠵᠤ ᠠᠬᠤᠢᠯᠠᠯ᠎ᠤᠨ ᠪᠠᠷᠢᠮᠵᠢᠶ᠎ᠠ ᠬᠢᠭᠡᠳ ᠠᠵᠢᠯ᠎ᠤᠨ ᠪᠠᠢᠷᠢ᠎ᠶᠢᠨ ᠴᠢᠳᠠᠪᠤᠷᠢ᠎ᠶᠢᠨ ᠱᠠᠭᠠᠷᠳᠠᠯᠭ᠎ᠠ᠎ᠶᠢ ᠬᠢᠴᠢᠶᠡᠯ᠎ᠦᠨ ᠲᠠᠩᠬᠢᠮ᠎ᠳᠤ ᠣᠷᠣᠭᠤᠯᠬᠤ᠎ᠶᠢ ᠠᠬᠢᠭᠤᠯᠤᠨ᠎ᠠ᠃ ᠶᠡᠬᠡ ᠳᠡᠭᠡᠳᠦ ᠰᠤᠷᠭᠠᠭᠤᠯᠢ᠎ᠳᠤ ᠪᠣᠳᠣᠯᠭ᠎ᠠ᠎ᠶᠢᠨ ᠬᠦᠴᠦᠨ᠎ᠦ ᠡᠬᠢ ᠪᠠᠶᠠᠯᠢᠭ᠋᠂ ᠬᠡᠷᠡᠭᠯᠡᠭᠡᠨ᠎ᠦ ᠠᠬᠤᠢ ᠪᠠᠢᠳᠠᠯ ᠎ᠢ ᠴᠢᠯᠦᠭᠡᠲᠡᠢ ᠪᠣᠯᠭᠠᠵᠤ᠂ ᠬᠠᠮᠲᠤᠷᠠᠨ ᠰᠤᠳᠤᠯᠤᠨ ᠨᠡᠭᠡᠭᠡᠬᠦ ᠲᠥᠪ᠎ᠢ ᠪᠠᠢᠭᠤᠯᠵᠤ᠂ ᠮᠡᠷᠭᠡᠵᠢᠯ᠎ᠦᠨ ᠬᠦᠴᠢᠷ ᠠᠰᠠᠭᠤᠳᠠᠯ᠎ᠤᠨ ᠲᠣᠭᠣᠷᠢᠨ᠎ᠳᠤ ᠲᠥᠷᠥᠯ ᠵᠦᠢᠯ᠎ᠦᠨ ᠳᠦᠷᠢᠮ᠎ᠢ ᠥᠷᠨᠢᠭᠦᠯᠦᠨ᠎ᠡ᠃ ᠴᠢᠳᠠᠪᠤᠷᠢᠲᠠᠨ᠎ᠢ ᠤᠷᠮᠠᠰᠢᠭᠤᠯᠬᠤ ᠠᠷᠭ᠎ᠠ ᠵᠠᠮ᠎ᠢ ᠲᠡᠭᠦᠯᠳᠡᠷᠵᠢᠭᠦᠯᠵᠦ᠂ ᠳᠠᠳᠤᠯᠭ᠎ᠠ ᠬᠢᠵᠦ ᠠᠵᠢᠯ ᠣᠯᠭᠣᠬᠤ 《ᠰᠢᠭᠤᠳ ᠨᠡᠪᠲᠡᠷᠡᠬᠦ ᠲᠡᠷᠭᠡ》᠂ ᠵᠣᠬᠢᠶᠠᠮᠠᠯ ᠤᠶᠤᠨ ᠴᠢᠳᠠᠪᠣᠷᠢ ᠵᠢᠨ ᠵᠠᠯᠠᠭᠤ ᠴᠢᠳᠠᠪᠤᠷᠢᠲᠠᠨ᠎ᠢ ᠲᠡᠳᠬᠦᠬᠦ ᠲᠥᠯᠥᠪᠯᠡᠭᠡ ᠬᠢᠭᠡᠳ ᠦᠷ᠎ᠡ ᠪᠦᠲᠦᠭᠡᠯ᠎ᠢ ᠣᠨᠳᠣᠣᠰᠢᠭᠤᠯᠤᠨ ᠱᠠᠩᠨᠠᠨ ᠬᠥᠬᠢᠭᠦᠯᠬᠦ ᠲᠣᠭᠲᠠᠴᠠ᠎ᠶᠢ  ᠪᠠᠢᠭᠤᠯᠤᠨ᠎ᠠ᠃

ᠵᠣᠬᠢᠶᠠᠮᠠᠯ ᠣᠶᠤᠨ ᠴᠢᠳᠠᠪᠤᠷᠢ᠎ᠶᠢᠨ ᠥᠷᠢᠰᠦᠯᠳᠦᠭᠡᠨ ᠪᠣᠯ ᠮᠥᠨ ᠴᠢᠨᠠᠷ ᠳᠡᠭᠡᠷ᠎ᠡ᠎ᠪᠡᠨ ᠴᠢᠳᠠᠪᠤᠷᠢᠲᠠᠨ᠎ᠤ ᠥᠷᠢᠰᠦᠯᠳᠦᠭᠡᠨ ᠮᠥᠨ᠃ ᠵᠣᠬᠢᠶᠠᠮᠠᠯ ᠤᠶᠤᠨ ᠴᠢᠳᠠᠪᠤᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠪᠡᠷ ᠭᠠᠷᠳᠠᠴᠠ ᠪᠣᠯᠭᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠨᠢᠭᠡ ᠴᠣᠭᠴᠠᠵᠢᠯᠲᠠ ᠶ᠋ᠢ ᠬᠠᠮᠵᠢᠯᠴᠠᠨ ᠠᠬᠢᠭᠤᠯᠪᠠᠯ᠂ ᠮᠠᠨ᠎ᠤ ᠤᠯᠤᠰ᠎ᠤᠨ ᠰᠢᠨ᠎ᠡ ᠨᠢᠭᠡ ᠡᠭᠡᠯᠵᠢ᠎ᠶᠢᠨ ᠪᠦᠬᠦ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠥᠷᠢᠰᠦᠯᠳᠦᠭᠡᠨ᠎ᠦ ᠳᠤᠮᠳᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠬᠤ᠂ ᠥᠨᠢ ᠤᠳᠠᠭᠠᠨ᠎ᠤ ᠳᠠᠪᠠᠭᠤᠯᠢᠭ᠋᠎ᠢ ᠴᠣᠭᠴᠠᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠣᠨ᠎ᠠ᠃  

     — 《ᠠᠵᠦ ᠠᠬᠤᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号