ᠪᠢᠴᠢᠯ ᠰᠢᠬᠦᠮᠵᠢ
2026-04-13 11:22:31
ᠵᠣᠬᠢᠶᠠᠭ᠍ᠴᠢ᠄
ᠰᠢᠶᠣᠣ ᠨᠠᠨ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠣᠢᠷ᠎ᠠ᠎ᠳᠤ《ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠲᠦᠷᠭᠡᠳᠬᠡᠨ ᠪᠠᠶ᠋ᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠵᠤ᠂ ᠭᠤᠷᠪᠠᠨ ᠵᠢᠯ ᠣᠷᠴᠢᠮ᠎ᠤᠨ ᠬᠤᠭᠤᠴᠠᠭᠠᠨ᠎ᠳᠤ ᠮᠠᠨ᠎ᠤ ᠤᠯᠤᠰ᠎ᠤᠨ ᠦᠨᠳᠦᠰᠦᠨ ᠪᠠᠢᠳᠠᠯ᠎ᠳᠤ ᠵᠣᠬᠢᠴᠠᠭᠰᠠᠨ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠦᠨᠳᠦᠰᠦᠨ᠎ᠳᠡᠭᠡᠨ ᠪᠠᠶ᠋ᠢᠭᠤᠯᠬᠤ ᠬᠡᠷᠡᠭᠲᠡᠢ ᠭᠡᠵᠦ ᠱᠠᠭᠠᠷᠳᠠᠪᠠ᠃

ᠦᠨᠡᠯᠡᠯᠲᠡ᠄ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠲᠦᠷᠭᠡᠨ ᠪᠠᠶ᠋ᠢᠭᠤᠯᠬᠤ ᠪᠣᠯ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯᠬᠤ ᠮᠥᠷᠲᠡᠭᠡᠨ ᠪᠠᠰᠠ ᠴᠤ᠌ ᠪᠠᠢᠭᠤᠯᠤᠯ᠎ᠦᠨ ᠬᠡᠷᠡᠭᠴᠡᠭᠡ ᠮᠥᠨ᠃ ᠲᠤᠷᠰᠢᠯᠲᠠ᠎ᠶᠢᠨ ᠴᠡᠭ᠎ᠦᠨ ᠬᠠᠢᠨ ᠰᠦᠪᠡᠭᠴᠢᠯᠡᠯᠲᠡ᠎ᠡᠴᠡ ᠪᠥᠬᠥ ᠲᠠᠯ᠎ᠠ᠎ᠪᠠᠷ ᠥᠷᠨᠢᠭᠦᠯᠬᠦ ᠬᠦᠷᠲᠡᠯ᠎ᠡ᠂ ᠨᠠᠩ ᠣᠯᠠᠨ ᠭᠡᠷ ᠪᠦᠯᠢ᠎ᠶᠢ ᠬᠠᠷᠠᠭᠠᠯᠵᠠᠨ ᠠᠰᠠᠷᠠᠬᠤ ᠬᠦᠨᠳᠦ ᠳᠠᠷᠤᠭᠠᠰᠤ᠎ᠲᠠᠢ ᠦᠶ᠎ᠡ᠎ᠳᠦ ᠢᠯᠡᠭᠦᠦ ᠨᠢᠭᠡ ᠬᠤᠪᠢ ᠪᠠᠲᠤᠯᠠᠭ᠎ᠠ᠎ᠲᠠᠢ ᠪᠣᠯᠭᠠᠨ᠎ᠠ᠃

— 《ᠠᠷᠠᠳ᠎ᠦᠨ ᠤᠯᠤᠰ ᠲᠦᠷᠦ ᠵᠢᠨ ᠵᠦᠪᠯᠡᠯᠭᠡᠨ᠎ᠦ ᠰᠤᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号