ᠡᠮᠴᠢᠯᠡᠭᠡᠨ᠎ᠦ ᠲᠠᠭᠠᠳᠬᠠᠯ᠎ᠦᠨ ᠰᠠᠭᠤᠷᠢ ᠮᠥᠩᠭᠥᠨ᠎ᠦ ᠠᠮᠤᠷ ᠲᠦᠪᠰᠢᠨ᠎ᠢ ᠰᠠᠢᠲᠤᠷ ᠬᠠᠮᠠᠭᠠᠯᠠᠶ᠎ᠠ
2026-04-13 11:26:28
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠡᠮᠴᠢᠯᠡᠭᠡᠨ᠎ᠦ ᠲᠠᠭᠠᠳᠬᠠᠯ᠎ᠦᠨ ᠰᠠᠭᠤᠷᠢ ᠮᠥᠩᠭᠥ ᠪᠣᠯ ᠠᠷᠠᠳ ᠣᠯᠠᠨ᠎ᠤ 《ᠡᠪᠡᠳᠴᠢᠨ ᠦᠵᠡᠭᠦᠯᠬᠦ ᠵᠣᠭᠣᠰ》᠂ 《ᠠᠮᠢ ᠠᠪᠤᠷᠠᠬᠤ ᠵᠣᠭᠣᠰ》 ᠮᠦᠨ ᠪᠤᠯᠬᠤᠷ ᠡᠮᠴᠢᠯᠡᠭᠡᠨ᠎ᠦ ᠲᠠᠭᠠᠳᠬᠠᠯ᠎ᠦᠨ ᠰᠠᠭᠤᠷᠢ ᠮᠥᠩᠭᠥ᠎ᠶᠢᠨ ᠠᠮᠤᠷ ᠲᠦᠪᠰᠢᠨ᠎ᠢ ᠰᠠᠢᠲᠤᠷ ᠰᠠᠬᠢᠨ ᠬᠠᠮᠠᠭᠠᠯᠠᠬᠤ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠲᠣᠪᠴᠢᠶ᠎ᠠ᠎ᠶᠢᠨ ᠨᠡᠢᠲᠡᠯᠡᠭᠰᠡᠨ 《ᠡᠮᠴᠢᠯᠡᠭᠡᠨ᠎ᠦ ᠲᠠᠭᠠᠳᠬᠠᠯ᠎ᠦᠨ ᠰᠠᠭᠤᠷᠢ ᠮᠥᠩᠭᠥ᠎ᠶᠢᠨ ᠬᠡᠷᠡᠭᠯᠡᠯᠲᠡ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠦᠨ ᠬᠡᠷᠡᠭᠵᠢᠭᠦᠯᠬᠦ ᠨᠠᠷᠢᠨ ᠳᠦᠷᠢᠮ 》 ᠎ᠢ ᠣᠢᠷ᠎ᠠ᠎ᠳᠤ ᠬᠡᠷᠡᠭᠵᠢᠭᠦᠯᠵᠦ᠂ ᠰᠠᠭᠤᠷᠢ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢᠨ 《ᠤᠯᠠᠭᠠᠨ ᠱᠤᠭᠤᠮ》᠎ᠢ ᠤᠯᠠᠮ ᠨᠢᠭᠡ ᠠᠯᠬᠤᠮ ᠨᠠᠷᠢᠯᠢᠭ᠍ᠵᠢᠭᠤᠯᠪᠠ᠃ ᠡᠨᠡ᠎ᠬᠦ ᠨᠠᠷᠢᠨ ᠳᠦᠷᠢᠮ᠎ᠢ ᠨᠠᠢᠳᠠᠪᠣᠷᠢᠵᠢᠭᠤᠯᠬᠤ ᠵᠢᠨ ᠵᠠᠩᠭᠢᠯᠠᠭ᠎ᠠ ᠨᠢ ᠤᠨᠢᠨ ᠳᠡᠭᠡᠷ᠎ᠡ ᠨᠢ ᠬᠡᠷᠡᠭᠵᠢᠭᠦᠯᠬᠦ ᠪᠠ ᠤᠯᠠᠨ ᠲᠠᠯ᠎ᠠ᠎ᠪᠠᠷ ᠬᠠᠮᠵᠢᠯᠴᠠᠬᠤ᠎ᠳᠤ ᠪᠠᠢᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠣᠶᠤᠨᠴᠢ ᠬᠢᠨᠠᠨ ᠡᠵᠡᠮᠳᠡᠯ᠎ᠢᠶᠡᠨ ᠴᠢᠩᠭᠠᠳᠬᠠᠵᠤ᠂ ᠡᠮ᠎ᠦᠨ ᠵᠦᠢᠯᠡᠰ᠎ᠦᠨ ᠮᠥᠷᠳᠡᠬᠦ ᠺᠣᠳ᠋ ᠵᠡᠷᠭᠡ ᠵᠢ ᠠᠰᠢᠬᠯᠠᠨ 《ᠬᠡᠪ᠎ᠦᠨ ᠪᠣᠰᠣ ᠪᠡᠷ ᠲᠠᠬᠢᠨ ᠵᠠᠬ᠎ᠠ ᠲᠡᠯᠭᠡᠬᠦᠷ᠎ᠲᠦ ᠭᠠᠷᠣᠬᠰᠠᠨ ᠡᠮ ᠎ᠦᠨ ᠵᠦᠢᠯᠡᠰ᠂ ᠡᠮᠨᠡᠯᠭᠡ᠎ᠳᠦ ᠰᠠᠭᠤᠭᠰᠠᠨ ᠵᠢᠡᠷ ᠬᠠᠭᠣᠷᠮᠠᠬᠯᠠᠨ ᠵᠣᠬᠢᠶᠠᠬᠰᠠᠨ ᠦᠶ᠋ᠯᠡ ᠠᠵᠢᠯᠯᠠᠭ᠎ᠠ᠎ᠳᠤ ᠴᠣᠬᠢᠯᠲᠠ ᠥᠭᠬᠦ᠎ᠶᠢᠨ ᠬᠠᠮᠲᠤ 《ᠵᠢᠯᠣᠭᠣᠴᠢ᠎ᠶᠢᠨ ᠦᠨᠡᠮᠯᠡᠯ ᠮᠠᠶᠢᠭ᠋᠎ᠤᠨ ᠬᠤᠪᠢ ᠲᠡᠮᠳᠡᠭᠯᠡᠬᠦ》 ᠢᠲᠡᠭᠡᠮᠵᠢ᠎ᠶᠢᠨ ᠬᠠᠮᠢᠶᠠᠷᠤᠯᠲᠠ᠎ᠶᠢ ᠨᠠᠢᠳᠠᠪᠤᠷᠢᠵᠢᠭᠤᠯᠵᠤ᠂ ᠳᠦᠷᠢᠮ᠎ᠡᠴᠡ ᠵᠥᠷᠢᠴᠡᠭᠰᠡᠨ ᠪᠠᠢᠭᠤᠯᠤᠮᠵᠢ ᠪᠠ ᠠᠵᠢᠯᠲᠠᠨ᠎ᠳᠦ ᠴᠢᠩᠭ᠎ᠠ ᠴᠣᠬᠢᠯᠳᠠ ᠦᠭᠬᠦ ᠬᠡᠷᠡᠭᠲᠡᠢ; ᠲᠣᠭᠲᠠᠭᠰᠠᠨ ᠡᠮ ᠡᠮᠨᠡᠯᠭᠡ᠎ᠶᠢᠨ ᠪᠠᠢᠭᠤᠯᠤᠮᠵᠢ ᠨᠢ 《ᠡᠭᠦᠳᠡ ᠰᠠᠬᠢᠭ᠍ᠴᠢ》 ᠵᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠡᠶ᠎ᠡ ᠵᠢᠨ ᠭᠠᠷᠣᠯ᠎ᠦᠨ ᠮᠡᠳᠡᠭᠡ ᠵᠠᠩᠭᠢ᠎ᠶᠢ ᠴᠢᠩᠭ᠎ᠠ ᠬᠢᠨᠠᠨ ᠰᠢᠯᠭᠠᠵᠤ᠂ 《ᠲᠡᠷᠭᠡ ᠪᠡᠷ ᠲᠤᠰᠴᠤ ᠬᠦᠷᠭᠡᠬᠦ᠂ ᠵᠠᠷᠤᠳᠠᠯ᠎ᠢ ᠬᠠᠰᠤᠵᠤ ᠬᠡᠯᠲᠦᠷᠢᠭᠦᠯᠬᠦ》 ᠵᠡᠷᠭᠡ ᠲᠣᠭᠲᠠᠭᠠᠯ᠎ᠡᠴᠡ ᠵᠥᠷᠢᠴᠡᠭᠰᠡᠨ ᠠᠷᠭ᠎ᠠ ᠪᠠᠷᠢᠯ᠎ᠢ ᠤᠬᠠᠮᠰᠠᠷ᠎ᠠᠴᠠ᠎ᠪᠠᠨ ᠬᠣᠷᠢᠭ᠍ᠯᠠᠬᠤ ᠬᠡᠷᠡᠭᠲᠡᠢ᠃ ᠥᠷᠭᠡᠨ ᠣᠯᠠᠨ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ ᠴᠦ᠍ ᠨᠢᠳᠦ᠎ᠪᠡᠨ ᠬᠤᠷᠴᠠᠯᠠᠵᠤ᠂  ᠬᠠᠤᠯᠢ ᠴᠠᠭᠠᠵᠠ᠎ᠶᠢᠨ ᠤᠯᠠᠭᠠᠨ ᠱᠤᠭᠤᠮ᠎ᠢ ᠬᠥᠨᠳᠡᠵᠦ ᠮᠡᠳᠡᠬᠦ᠎ᠶᠢ ᠰᠡᠷᠭᠡᠭ᠎ᠢᠶᠡᠷ ᠲᠠᠨᠢᠵᠤ᠂ ᠬᠠᠮᠲᠤ᠎ᠶᠢᠨ 《ᠡᠪᠡᠳᠴᠢᠨ ᠦᠵᠡᠭᠦᠯᠬᠦ ᠵᠣᠭᠣᠰ》 ᠵᠢᠡᠨ ᠤᠬᠠᠮᠰᠠᠷ᠎ᠠᠴᠠ᠎ᠪᠠᠨ ᠰᠠᠢᠲᠤᠷ ᠬᠠᠮᠠᠭᠠᠯᠠᠬᠤ ᠬᠡᠷᠡᠭᠲᠡᠢ᠃    

           — (ᠠᠵᠦ ᠠᠬᠤᠢ ᠵᠢᠨ ᠡᠳᠦᠷ᠎ᠤᠨ ᠰᠤᠨᠢᠨ) ᠡᠴᠡ                              

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号