ᠨᠡᠢᠭᠡᠮ ᠎ᠦᠨ ᠠᠵᠢᠯ᠎ᠤᠨ ᠴᠢᠳᠠᠪᠤᠷᠢᠲᠠᠨ ᠎ᠤ ᠡᠩᠨᠡᠭᠡ᠎ᠶᠢᠨ ᠪᠠᠢᠭᠤᠯᠤᠯᠲᠠ᠎ᠶᠢᠨ ᠭᠣᠣᠯᠳᠠᠯᠭ᠎ᠠ᠎ᠶᠢ ᠬᠤᠪᠢᠷᠠᠭᠤᠯᠬᠤ ᠬᠡᠷᠡᠭᠲᠠᠢ
2026-04-13 17:06:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠦᠢ ᠳ᠋ᠣᠣ ᠸᠸᠨ《ᠨᠡᠢᠭᠡᠮ᠎ᠦᠨ ᠰᠢᠨᠵᠢᠯᠡᠬᠦ ᠤᠬᠠᠭᠠᠨ》 ᠰᠡᠳᠭᠦᠯ ᠎ᠤᠨ 2025 ᠣᠨ᠎ᠤ 3 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠨᠡᠢᠭᠡᠮ᠎ᠦᠨ ᠠᠵᠢᠯ᠎ᠤᠨ ᠴᠢᠳᠠᠪᠤᠷᠢᠲᠠᠨ᠎ᠢ ᠬᠡᠷᠡᠭᠯᠡᠵᠦ ᠤᠷᠮᠠᠰᠢᠭᠤᠯᠬᠤ  ᠪᠠ ᠬᠥᠮᠥᠵᠢᠭᠦᠯᠵᠦ ᠎ᠦᠨᠡᠯᠡᠬᠦ  ᠲᠤᠭᠲᠠᠴᠠ ᠨᠢ ᠦᠯᠦ ᠨᠡᠢᠴᠡᠬᠦ ᠤᠴᠢᠷ ᠡᠴᠡ ᠰᠢᠨ᠎ᠡ ᠴᠠᠭ ᠦᠶ᠎ᠡ᠎ᠶᠢᠨ ᠨᠡᠢᠭᠡᠮ᠎ᠦᠨ ᠠᠵᠢᠯ᠎ᠤᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠭᠣᠣᠯᠳᠠᠯᠭ᠎ᠠ᠎ᠶᠢ ᠬᠥᠮᠥᠵᠢᠭᠦᠯᠵᠦ  ᠦᠨᠡᠯᠡᠬᠦ ᠡᠴᠡ ᠬᠡᠷᠡᠭᠯᠡᠵᠦ ᠤᠷᠮᠠᠰᠢᠭᠤᠯᠬᠤ ᠳᠠᠢᠰᠢ ᠬᠤᠪᠢᠷᠠᠭᠤᠯᠬᠤ ᠬᠡᠷᠡᠭᠲᠠᠢ ᠪᠤᠯᠤᠭᠰᠠᠨ᠎ᠢ ᠲᠣᠭᠲᠠᠭᠠᠭᠰᠠᠨ ᠪᠠᠢᠨ᠎ᠠ ᠭᠡᠵᠦ ᠵᠢᠭᠠᠵᠤ ᠭᠠᠷᠭᠠᠪᠠ᠃ ᠨᠢᠭᠡ᠎ᠳᠦ᠂ ᠨᠡᠢᠭᠡᠮ᠎ᠦᠨ ᠠᠵᠢᠯ ᠎ᠤᠨ ᠰᠤᠷᠭᠠᠨ ᠬᠥᠮᠦᠵᠢᠯ᠎ᠦᠨ ᠬᠡᠯᠪᠡᠷᠢ᠎ᠶᠢ ᠬᠤᠪᠢᠷᠠᠭᠤᠯᠬᠤ ᠬᠥᠭᠵᠢᠯᠲᠡ᠎ᠶᠢᠨ ᠬᠡᠷᠡᠭᠴᠡᠭᠡ ᠡᠴᠡ ᠪᠤᠯᠪᠠ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠨᠡᠢᠭᠡᠮ᠎ᠦᠨ ᠠᠵᠢᠯ᠎ᠤᠨ ᠰᠤᠷᠭᠠᠨ ᠬᠥᠮᠦᠵᠢᠯ᠎ᠦᠨ ᠬᠥᠭᠵᠢᠯᠲᠡ ᠨᠢ ᠡᠷᠬᠡᠪᠰᠢ ᠨᠠᠮ᠎ᠤᠨ ᠨᠡᠢᠭᠡᠮ᠎ᠦᠨ ᠠᠵᠢᠯ᠎ᠤᠨ ᠰᠢᠨ᠎ᠡ ᠪᠠᠢᠳᠠᠯ᠎ᠳᠤ ᠵᠣᠬᠢᠴᠠᠵᠤ᠂ ᠡᠷᠬᠡᠪᠰᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠦᠨ ᠵᠠᠰᠠᠯᠲᠠ᠎ᠶᠢᠨ ᠰᠢᠨ᠎ᠡ ᠬᠡᠷᠡᠭᠴᠡᠭᠡ᠎ᠳᠦ ᠬᠠᠷᠢᠭᠤᠯᠲᠠ ᠥᠭᠬᠦ ᠬᠡᠷᠡᠭᠲᠡᠢ᠃ ᠨᠡᠢᠭᠡᠮ᠎ᠦᠨ ᠠᠵᠢᠯ᠎ᠤᠨ ᠬᠥᠮᠦᠵᠢᠯ ᠪᠣᠯᠣᠨ ᠦᠢᠯᠡᠳᠦᠯᠭᠡ ᠰᠠᠯᠤᠩᠬᠢᠷᠠᠭᠰᠠᠨ ᠠᠰᠠᠭᠤᠳᠠᠯ᠎ᠢ ᠰᠢᠢᠳᠪᠦᠷᠢᠯᠡᠬᠦ᠎ᠳᠦ᠂ ᠡᠷᠬᠡᠪᠰᠢ ᠴᠢᠳᠠᠪᠤᠷᠢᠲᠠᠨ᠎ᠢ ᠬᠥᠮᠥᠵᠢᠭᠦᠯᠬᠦ᠂ ᠦᠨᠡᠯᠡᠬᠦ᠂ ᠬᠡᠷᠡᠭᠯᠡᠬᠦ᠂ ᠤᠷᠮᠠᠰᠢᠭᠤᠯᠬᠤ ᠵᠡᠷᠭᠡ ᠤᠯᠠᠨ ᠭᠣᠭᠴᠣᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠳᠡᠭᠡᠳᠦ ᠤᠷᠤᠰᠬᠠᠯ᠎ᠤᠨ ᠬᠥᠮᠦᠵᠢᠯ ᠦᠨᠡᠯᠡᠯᠲᠡ ᠪᠣᠯᠣᠨ ᠳᠣᠣᠷᠠᠳᠤ ᠤᠷᠤᠰᠬᠠᠯ᠎ᠤᠨ ᠬᠡᠷᠡᠭᠯᠡᠯᠲᠡ ᠤᠷᠮᠠᠰᠢᠭᠤᠯᠤᠯ᠎ᠢ ᠬᠣᠯᠪᠣᠯᠳᠤᠭᠤᠯᠬᠤ ᠬᠡᠷᠡᠭᠲᠡᠢ᠃ ᠬᠣᠶᠠᠷ᠎ᠲᠤ᠂ ᠨᠡᠢᠭᠡᠮ᠎ᠦᠨ ᠠᠵᠢᠯ ᠲᠦᠷᠦᠯ᠎ᠦᠨ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠴᠡᠭᠡ ᠡᠴᠡ ᠪᠤᠯᠪᠠ᠃ ᠨᠡᠢᠭᠡᠮ᠎ᠦᠨ  ᠠᠵᠢᠯ ᠲᠥᠷᠥᠯ ᠎ᠤᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠡᠷᠬᠡᠪᠰᠢ ᠨᠡᠢᠭᠡᠮ᠎ᠦᠨ ᠠᠵᠢᠯ ᠎ᠤᠨ ᠪᠠᠢᠷᠢ ᠎ᠶᠢ ᠰᠢᠰᠲᠧᠮ᠎ᠲᠠᠢ᠎ᠪᠡᠷ ᠲᠣᠬᠢᠷᠠᠭᠤᠯᠵᠤ᠂ ᠪᠠᠲᠤᠯᠠᠭ᠎ᠠ ᠬᠠᠡᠭᠭᠠᠬᠤ ᠪᠠ ᠤᠷᠮᠠᠰᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠨᠡᠢᠭᠡᠮ᠎ᠦᠨ ᠠᠵᠢᠯᠲᠠᠨ᠎ᠤ ᠴᠠᠯᠢᠩ᠎ᠤᠨ  ᠲᠦᠪᠰᠢᠨ᠎ᠢ ᠨᠡᠢᠭᠡᠮ᠎ᠦᠨ ᠳᠤᠮᠳᠠᠴᠢ ᠴᠠᠯᠢᠩ᠎ᠤᠨ ᠲᠦᠪᠰᠢᠨ᠎ᠳᠦ ᠪᠠᠢᠯᠭᠠᠵᠤ᠂ ᠨᠠᠩ ᠣᠯᠠᠨ ᠱᠢᠯᠢᠳᠡᠭ ᠨᠡᠢᠭᠡᠮ᠎ᠦᠨ ᠠᠵᠢᠯ᠎ᠤᠨ ᠴᠢᠳᠠᠪᠤᠷᠢᠲᠠᠨ᠎ᠤ ᠠᠡᠭᠬᠠᠷᠤᠯ᠎ᠢ ᠲᠠᠲᠠᠵᠤ ᠨᠡᠢᠭᠡᠮ᠎ᠦᠨ ᠠᠵᠢᠯ᠎ᠤᠨ ᠦᠢᠯᠡᠴᠢᠯᠡᠭᠡ ᠬᠢᠯᠭᠡᠬᠦ ᠬᠡᠷᠡᠭᠲᠡᠢ᠃ ᠭᠤᠷᠪᠠ᠎ᠳᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠴᠢᠩᠭᠠᠳᠬᠠᠬᠤ ᠪᠠ ᠨᠡᠢᠭᠡᠮ᠎ᠦᠨ ᠵᠠᠰᠠᠯᠲᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢᠨ ᠬᠡᠷᠡᠭᠴᠡᠭᠡ ᠡᠴᠡ ᠪᠤᠯᠪᠠ᠃ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ ᠪᠠᠢᠭᠤᠯᠤᠭᠳᠠᠭᠰᠠᠨ᠎ᠤ ᠳᠠᠷᠠᠭ᠎ᠠ᠂ ᠨᠡᠢᠭᠡᠮ᠎ᠦᠨ ᠠᠵᠢᠯ᠎ᠤᠨ ᠨᠡᠢᠭᠡᠮ᠎ᠦᠨ ᠵᠠᠰᠠᠯᠲᠠ᠎ᠶᠢᠨ ᠴᠢᠳᠠᠮᠵᠢ ᠨᠠᠩ ᠲᠣᠪᠣᠢᠮ᠎ᠠ ᠪᠣᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠦᠨ ᠵᠠᠰᠠᠯᠲᠠ᠎ᠶᠢᠨ ᠬᠦᠷᠢᠶᠡᠨ᠎ᠳᠡᠬᠢ ᠨᠡᠢᠭᠡᠮ᠎ᠦᠨ ᠠᠵᠢᠯ᠎ᠤᠨ ᠴᠢᠳᠠᠪᠤᠷᠢᠲᠠᠨ᠎ᠤ ᠬᠡᠷᠡᠭᠴᠡᠭᠡ ᠴᠦ᠍ ᠦᠳᠲᠡᠷ ᠨᠡᠮᠡᠭᠳᠡᠪᠡ᠃ ᠨᠡᠢᠭᠡᠮ᠎ᠦᠨ ᠠᠵᠢᠯ᠎ᠤᠨ ᠦᠢᠯᠡᠴᠢᠯᠡᠭᠡ᠎ᠶᠢᠨ ᠯᠤᠲᠤ ᠶᠡᠬᠡ ᠬᠡᠷᠡᠭᠴᠡᠭᠡ ᠨᠢ ᠪᠤᠰᠤᠳᠴᠢ ᠲᠠᠯ᠎ᠠ᠎ᠪᠠᠷ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠭᠣᠣᠯᠳᠠᠯᠭ᠎ᠠ᠎ᠶᠢ ᠬᠡᠷᠡᠭᠯᠡᠵᠦ ᠤᠷᠮᠠᠰᠢᠭᠤᠯᠬᠤ ᠲᠡᠢᠰᠢ ᠬᠤᠪᠢᠷᠠᠬᠤ᠎ᠶᠢ ᠱᠠᠭᠠᠷᠳᠠᠵᠤ ᠪᠠᠢᠨ᠎ᠠ᠂ ᠡᠢᠮᠦᠷᠬᠦᠦ ᠬᠤᠪᠢᠷᠠᠯᠲᠠ ᠨᠢ ᠶᠠᠭᠤᠨ᠎ᠤ ᠡᠮᠦᠨ᠎ᠡ ᠲᠠᠨᠢᠯᠲᠠ ᠎ᠶᠢᠨ ᠲᠠᠯ᠎ᠠ᠎ᠪᠠᠷ ᠬᠤᠪᠢᠷᠠᠵᠤ᠂ ᠡᠴᠦᠰ᠎ᠲᠡᠬᠡᠨ ᠳᠦᠷᠢᠮ᠎ᠦᠨ ᠲᠠᠯ᠎ᠠ᠎ᠪᠠᠷ ᠬᠤᠪᠢᠷᠠᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号