ᠭᠤᠤᠯᠳᠠᠯᠭ᠎ᠠ ᠲᠠᠶ ᠠᠮᠢ ᠠᠬᠤᠶ ᠵᠢᠨ ᠲᠥᠷᠥᠯ ᠵᠦᠶ᠋ᠯ
2026-04-13 10:30:48
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠳᠠᠯᠠᠨ ᠬᠠᠷ᠎ᠠ ᠠᠭᠤᠯᠠ ᠵᠢᠨ ᠠᠮᠢ ᠠᠬᠤᠶ ᠵᠢᠨ ᠠᠷᠠᠴᠢᠯᠠᠨ ᠬᠠᠮᠠᠭᠠᠯᠠᠬᠤ ᠲᠥᠪ᠎ᠤᠨ ᠬᠢᠨ ᠳᠠᠯᠠᠨ ᠬᠠᠷ᠎ᠠ ᠠᠭᠤᠯᠠ ᠵᠢᠨ ᠡᠮᠦᠨ᠎ᠡ ᠪᠡᠯ ᠤ᠋ᠨ 9.75 ᠲᠦᠮᠡᠨ ᠮᠤ᠌ ᠵᠢᠨ 《ᠠᠮᠢ ᠠᠬᠤᠶ ᠵᠢᠨ ᠨᠤᠭᠤᠭᠠᠷᠠᠭᠤᠯᠤᠯᠲᠠ ᠵᠢᠨ ᠪᠦᠰᠡ》 ᠵᠢᠨ ᠠᠷᠠᠴᠢᠯᠠᠨ ᠬᠠᠮᠠᠭᠠᠯᠠᠬᠤ ᠠᠵᠢᠯ ᠢ᠋ ᠦᠷᠭᠦᠯᠵᠢᠯᠡᠨ ᠰᠠᠢᠲᠤᠷ ᠬᠢᠵᠤ᠂ ᠲᠠᠷᠠᠴᠢᠯᠠᠨ ᠭᠤᠤᠯᠳᠠᠯᠭ᠎ᠠ᠎ᠲᠠᠶ ᠠᠮᠢ ᠠᠬᠤᠶ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ ᠢ᠋ ᠪᠥᠬᠥ᠌ ᠬᠦᠴᠦᠨ ᠵᠢᠡᠷ ᠵᠢᠡᠨ ᠠᠬᠢᠭᠤᠯᠤᠨ᠂ ᠡᠯ᠎ᠡ ᠵᠦᠶ᠋ᠯ ᠤ᠋ᠨ ᠠᠵᠢᠯ ᠢ᠋ ᠲᠥᠯᠥᠪᠯᠡᠭᠡ ᠶᠣᠰᠣᠭᠠᠷ ᠡᠮᠬᠢ ᠵᠢᠷᠤᠮ᠎ᠲᠠᠶ ᠥᠷᠨᠢᠭᠦᠯᠵᠤ᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠎ᠵᠢᠨ ᠠᠬᠢᠴᠠ ᠡᠷᠴᠢᠮᠳᠠᠢ ᠶᠠᠪᠤᠭᠳᠠᠵᠤ ᠪᠤᠢ᠃

ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤ᠋ᠨ ᠣᠪᠣᠭ᠎ᠠ ᠴᠡᠴᠡᠷᠯᠢᠭ ᠵᠢᠴᠢ ᠴᠡᠯᠡᠭᠡᠷ ᠲᠠᠯ᠎ᠠ ᠶ᠋ᠢ ᠥᠭᠡᠷᠡᠴᠢᠯᠡᠨ ᠳᠡᠭᠡᠭ᠌ᠰᠢᠯᠡᠭᠦᠯᠬᠦ᠌ ᠲᠥᠷᠥᠯ ᠵᠦᠶ᠋ᠯ ᠨᠢ ᠠᠮᠢ ᠠᠬᠤᠶ᠎ᠶ᠋ᠢ ᠵᠠᠰᠠᠨ ᠰᠡᠷᠭᠦᠭᠡᠬᠦ᠌ ᠪᠠ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠬᠤᠤᠰ ᠬᠠᠷᠠᠯᠲᠠ ᠳ᠋ᠤ ᠠᠩᠬᠠᠷᠤᠯ ᠵᠢᠡᠨ ᠬᠠᠨᠳᠤᠭᠤᠯᠵᠤ᠂ ᠴᠡᠯᠡᠭᠡᠷ ᠲᠠᠯ᠎ᠠ ᠵᠢᠨ ᠡᠷᠬᠢᠨ ᠲᠣᠭᠣᠷᠢᠨ ᠤ᠋ ᠨᠣᠭᠣᠭᠠᠷᠠᠭᠤᠯᠤᠯᠲᠠ᠎ᠶ᠋ᠢ ᠲᠠᠰ ᠳᠡᠪᠱᠢᠭᠦᠯᠬᠦ᠌ ᠪᠠ 2025 ᠣᠨ ᠤ᠋ ᠪᠣᠷᠣᠭᠠᠨ ᠤ᠋ ᠤᠯᠠᠷᠢᠯ ᠵᠢᠡᠷ ᠡᠪᠳᠡᠭᠳᠡᠭᠰᠡᠨ ᠤᠷᠭᠤᠮᠠᠯ ᠤ᠋ᠨ ᠪᠦᠷᠬᠦᠴᠡ ᠶ᠋ᠢ ᠵᠠᠰᠠᠨ ᠰᠡᠷᠭᠦᠭᠡᠬᠦ᠌ ᠠᠵᠢᠯ ᠢ᠋ ᠣᠨᠣᠴᠠᠲᠠᠶ ᠥᠷᠨᠢᠭᠦᠯᠪᠡ᠃ ᠣᠳᠣᠬᠠᠨ ᠪᠣᠯᠲᠠᠯ᠎ᠠ᠂ ᠬᠡᠭᠡᠷ᠎ᠡ ᠵᠢᠨ ᠬᠦᠶ᠋ᠯᠡᠰᠦ᠂ ᠵᠡᠷᠯᠢᠭ ᠲᠤᠭᠤᠷ᠂ ᠱᠢᠨᠵᠢᠶᠠᠩ ᠤ᠋ᠨ ᠤᠯᠢᠶᠠᠰᠤ ᠵᠡᠷᠭᠡ ᠴᠢᠬᠢ ᠮᠣᠳᠣ᠎ᠶ᠋ᠢ 3300 ᠰᠠᠭᠤᠷᠢ ᠱᠢᠯᠵᠢᠭᠦᠯᠦᠨ ᠵᠠᠢᠯᠠᠵᠤ ᠨᠥᠬᠥᠵᠦ᠍ ᠵᠠᠢᠯᠠᠬᠤ ᠠᠵᠢᠯ ᠵᠢᠴᠢ ᠦᠯᠡᠳᠡᠭ᠌ᠰᠡᠨ ᠡᠭᠦᠷᠭᠡ ᠵᠢᠨ ᠡᠮᠦᠨᠡᠬᠢ ᠬᠤᠭᠤᠴᠠᠭᠠᠨ ᠤ᠋ ᠪᠡᠯᠡᠳᠭᠡᠯ ᠠᠵᠢᠯ ᠢ᠋ ᠨᠢᠭᠡᠨᠲᠡ ᠪᠡᠶᠡᠯᠡᠭᠦᠯᠪᠡ ᠃ 2026 ᠣᠨ ᠤ᠋ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤ᠋ᠨ ᠠᠮᠢ ᠠᠬᠤᠶ ᠵᠢᠨ ᠠᠷᠠᠴᠢᠯᠠᠨ ᠬᠠᠮᠠᠭᠠᠯᠠᠬᠤ ᠦᠶ᠋ᠯᠡᠴᠢᠯᠡᠭᠡᠨ ᠎ᠦ ᠲᠥᠷᠥᠯ ᠵᠦᠶ᠋ᠯ᠎ᠨᠢ ᠳᠠᠯᠠᠨ ᠬᠠᠷ᠎ᠠ ᠠᠭᠤᠯᠠ ᠵᠢᠨ ᠡᠮᠦᠨ᠎ᠡ ᠪᠡᠯ ᠤ᠋ᠨ 9.75 ᠲᠦᠮᠡᠨ ᠮᠤ᠌ ᠵᠢᠨ 《ᠠᠮᠢ ᠠᠬᠤᠶ ᠵᠢᠨ ᠨᠤᠭᠤᠭᠠᠷᠠᠭᠤᠯᠤᠯᠲᠠ ᠵᠢᠨ ᠪᠦᠰᠡ》ᠳ᠋ᠤ ᠪᠠᠢ᠌ᠩᠭᠤᠵᠢᠭ᠍ᠰᠠᠨ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ ᠬᠠᠮᠠᠭᠠᠯᠠᠯᠲᠠ᠎ᠶ᠋ᠢ ᠬᠡᠷᠡᠭ᠌ᠵᠢᠭᠦᠯᠵᠦ᠍᠂ 2026 ᠣᠨ ᠤ᠋ ᠣᠶ ᠱᠢᠭᠤᠶ ᠵᠢᠨ ᠬᠥᠨᠥᠭᠡᠯᠲᠦ ᠠᠮᠢᠳᠤ ᠪᠣᠳᠠᠰ ᠢ᠋ 2.5 ᠲᠦᠮᠡᠨ ᠮᠥ᠍ ᠰᠡᠷᠭᠡᠢᠯᠡᠨ ᠵᠠᠰᠠᠬᠤ᠂ ᠣᠶ ᠵᠢᠨ ᠳᠤᠤᠷᠠᠬᠢ ᠱᠢᠲᠠᠮᠠᠬᠠᠶ ᠪᠣᠳᠠᠰ ᠢ᠋ 2.6 ᠲᠦᠮᠡᠨ ᠮᠥ᠍ ᠴᠡᠪᠡᠷᠯᠡᠬᠦ᠌ ᠪᠠ 168 ᠺᠢᠯᠣᠮᠧᠲ᠋ᠷ ᠤ᠋ᠨ ᠲᠦᠢᠮᠡᠷ ᠰᠡᠷᠭᠡᠢᠯᠡᠬᠦ᠌ ᠴᠠᠷᠠᠭ᠎ᠠ᠎ᠶ᠋ᠢ ᠴᠡᠪᠡᠷᠯᠡᠬᠦ᠌ ᠵᠡᠷᠭᠡ ᠡᠭᠦᠷᠭᠡ᠎ᠶ᠋ᠢ ᠬᠠᠮᠲᠤ ᠳ᠋ᠤᠨᠢ ᠪᠡᠶᠡᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号