ᠤᠢᠷ᠎ᠠ ᠳ᠋ᠤ ᠦᠪᠦᠷ ᠮᠤᠡᠭᠭᠤᠯ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠠᠷᠪᠢᠯᠠᠬᠤ ᠦᠷ᠎ᠡ ᠪᠦᠲᠦᠮᠵᠢ ᠢ᠋ᠢ ᠦᠨᠡᠯᠡᠨ ᠵᠢᠱ᠌ᠢᠭ᠌ᠰᠡᠨ ᠮᠡᠳᠡᠭᠦᠯᠦᠯᠲᠡ》 ᠶ᠋ᠢ ᠵᠢᠩᠬᠢᠨᠢ ᠪᠡᠷ ᠨᠡᠢᠲᠡᠯᠡᠪᠡ᠃
《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠠᠷᠪᠢᠯᠠᠬᠤ ᠦᠷ᠎ᠡ ᠪᠦᠲᠦᠮᠵᠢ ᠢ᠋ᠢ ᠦᠨᠡᠯᠡᠨ ᠵᠢᠱ᠌ᠢᠭ᠌ᠰᠡᠨ ᠮᠡᠳᠡᠭᠦᠯᠦᠯᠲᠡ》ᠶ᠋ᠢ ᠳᠤᠮᠳᠠᠳᠤ ᠤᠯᠤᠰ ᠤ᠋ᠨ ᠠᠵᠤ ᠠᠬᠤᠶ ᠢ᠋ᠢᠨ ᠮᠡᠳᠡᠭᠡ ᠵᠠᠩᠭᠢ ᠢ᠋ᠢᠨ ᠬᠤᠷᠢᠶ᠎ᠠ ᠪᠣᠯᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠬᠠᠮᠲᠤᠷᠠᠨ ᠨᠠᠢᠷᠠᠭᠤᠯᠤᠨ ᠵᠣᠬᠢᠶᠠᠪᠠ᠃ ᠮᠡᠳᠡᠭᠦᠯᠦᠯᠲᠡᠨᠢ ᠵᠢᠭᠠᠯᠲᠠ ᠲᠣᠭᠠᠨ ᠤ᠋ ᠪᠠᠭᠠᠵᠢᠢ᠋ᠢ ᠬᠡᠷᠡᠭᠯᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤ ᠠᠷᠪᠢᠯᠠᠬᠤ ᠦᠷ᠎ᠡ ᠪᠦᠲᠦᠮᠵᠢ ᠳ᠋ᠤ ᠶᠡᠷᠦᠩᠬᠡᠢᠯᠡᠭ᠌ᠰᠡᠨ ᠦᠨᠡᠯᠡᠨ ᠵᠢᠱ᠌ᠢᠯᠲᠡ ᠬᠢᠵᠦ᠍᠂ ᠥᠨᠳᠥᠷ ᠪᠦᠲᠦᠮᠵᠢᠲᠡᠶ ᠠᠱᠢᠭ᠍ᠯᠠᠬᠤ᠂ ᠪᠤᠬᠢᠷᠳᠤᠯ ᠦᠭᠡᠢ ᠠᠰᠢᠭᠯᠠᠬᠤ᠂ ᠠᠷᠪᠢᠯᠠᠨ ᠠᠱᠢᠭ᠍ᠯᠠᠬᠤ᠂ ᠡᠷᠭᠢᠯᠳᠦᠭᠦᠯᠦᠨ ᠠᠱᠢᠭ᠍ᠯᠠᠬᠤ ᠳᠥᠷᠪᠡᠨ ᠵᠦᠢᠯ ᠤ᠋ᠨ ᠭᠦᠶ᠋ᠴᠡᠳᠭᠡᠯ ᠲᠤᠭᠠᠨ ᠤ᠋ ᠦᠨᠡᠯᠡᠯᠲᠠ ᠢ᠋ᠢᠨ ᠱᠢᠰᠲ᠋ᠧᠮ ᠢ᠋ ᠪᠠᠢᠭᠤᠯᠵᠤ᠂ 2021 ᠣᠨ ᠢ᠋ᠢᠡᠷ ᠰᠠᠭᠤᠷᠢ ᠬᠤᠭᠤᠴᠠᠭ᠎ᠠ ᠪᠣᠯᠭᠠᠵᠤ᠂ ᠥᠪᠥᠷ ᠮᠣᠩᠭᠣᠯ ᠤ᠋ᠨ ᠤᠰᠤ ᠠᠷᠪᠢᠯᠠᠬᠤ ᠠᠵᠢᠯ ᠤ᠋ᠨ ᠬᠥᠭ᠌ᠵᠢᠯᠲᠡ ᠢ᠋ᠢᠨ ᠬᠡᠮᠵᠢᠶ᠎ᠡ ᠢ᠋ᠢ ᠬᠢᠨᠠᠨ ᠱᠢᠨᠵᠢᠵᠦ᠍᠂ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠳ᠋ᠤ ᠲᠣᠭᠠᠴᠢᠯᠠᠭ᠍ᠰᠠᠨ 《ᠵᠦᠭ᠌ᠯᠡᠭᠦᠷ》 ᠬᠠᠩᠭᠠᠪᠠ᠃
ᠵᠢᠭᠠᠯᠲᠠ ᠲᠣᠭ᠎ᠠ ᠢ᠋ᠢᠨ ᠠᠵᠢᠯᠯᠠᠭᠠᠨ ᠤ᠋ ᠦᠷ᠎ᠡ ᠳ᠋ᠦᠩ ᠢ᠋ ᠦᠨᠳᠦᠰᠦᠯᠡᠪᠡᠯ᠂ 2025 ᠣᠨ ᠳ᠋ᠤ ᠥᠪᠥᠷ ᠮᠣᠩᠭᠣᠯ ᠤ᠋ᠨ ᠤᠰᠤ ᠠᠷᠪᠢᠯᠠᠬᠤ ᠦᠷ᠎ᠡ ᠪᠦᠲᠦᠮᠵᠢ ᠢ᠋ᠢᠨ ᠶᠡᠷᠦᠩᠬᠡᠶ ᠵᠢᠭᠠᠯᠲᠠ ᠲᠣᠭ᠎ᠠ 163.17 ᠴᠡᠭᠲᠦ ᠬᠦᠷᠴᠦ᠍᠂ 2024 ᠣᠨ ᠤ᠋ᠬᠢ ᠡᠴᠡ 13.13% ᠪᠡᠷ ᠨᠡᠮᠡᠭ᠌ᠳᠡᠵᠦ᠍᠂ ᠰᠠᠭᠤᠷᠢ ᠬᠤᠭᠤᠴᠠᠭ᠎ᠠ (2021 ᠣᠨ) ᠢ᠋ᠢᠨᠬᠢ ᠡᠴᠡ 63.17% ᠪᠡᠷ ᠨᠡᠮᠡᠭ᠌ᠳᠡᠪᠡ᠃ ᠡᠭᠦᠨ ᠳ᠋ᠤ ᠲᠥᠷᠥᠯ ᠬᠤᠪᠢᠶᠠᠭ᠍ᠰᠠᠨ ᠵᠢᠭᠠᠯᠲᠠ ᠲᠣᠭ᠎ᠠ ᠬᠠᠮᠤᠭ ᠤ᠋ᠨ ᠢᠯᠡᠷᠬᠡᠶ ᠨᠡᠮᠡᠭ᠌ᠳᠡᠵᠦ᠍᠂ ᠥᠪᠥᠷ ᠮᠣᠩᠭᠣᠯ ᠤ᠋ᠨ ᠤᠰᠤ ᠬᠡᠷᠡᠭ᠌ᠯᠡᠬᠦ᠌ ᠦᠷ᠎ᠡ ᠠᠱᠢᠭ ᠶᠡᠬᠡ ᠪᠡᠷ ᠳᠡᠭᠡᠭ᠌ᠰᠢᠯᠡᠵᠦ᠍᠂ ᠤᠰᠤᠨ ᠤ᠋ ᠡᠬᠢ ᠪᠠᠶᠠᠯᠢᠭ ᠤ᠋ᠨ ᠠᠰᠢᠭᠯᠠᠯᠲᠠ ᠢ᠋ᠢᠨ ᠦᠷ᠎ᠡ ᠪᠦᠲᠦᠮᠵᠢ ᠢᠯᠡᠳᠲᠡ ᠴᠢᠩᠭᠠᠷᠠᠭ᠍ᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号