ᠡᠨᠡ ᠵᠢᠯ ᠥᠪᠥᠷ ᠮᠣᠩᠭᠣᠯ ᠴᠢᠬᠤᠯᠠ ᠶᠡᠬᠡ ᠤᠰᠤᠨ ᠠᠱᠢᠭ᠍ᠯᠠᠯᠲᠠ ᠢ᠋ᠢᠨ ᠢᠨᠵᠧᠨᠧᠷᠢᠩ ᠢ᠋ ᠲᠦᠷᠭᠡᠳᠭᠡᠨ ᠨᠠᠢᠳᠠᠪᠤᠷᠢᠵᠢᠭᠤᠯᠬᠤ᠂ ᠰᠠᠪᠠ ᠭᠠᠵᠠᠷ ᠤ᠋ᠨ ᠵᠠᠰᠠᠯᠲᠠ ᠢ᠋ᠢ ᠠᠬᠢᠭᠤᠯᠬᠤ᠂ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠬᠠᠮᠠᠭᠠᠯᠠᠯᠲᠠ ᠢ᠋ᠢ ᠪᠠᠢᠩᠭᠤᠵᠢᠭᠤᠯᠬᠤ ᠠᠵᠢᠯ ᠢ᠋ ᠰᠠᠢᠲᠤᠷ ᠬᠢᠵᠤ ᠪᠤᠢ᠃
ᠣᠳᠣᠬᠠᠨ ᠳ᠋ᠤ᠂ ᠲᠦᠡᠭᠯᠢᠶᠤᠤ ᠬᠤᠲᠠ ᠪᠠᠷᠠᠭᠤᠨ ᠯᠢᠶᠣᠤᠾᠧ ᠭᠣᠣᠯ ᠤ᠋ᠨ ᠬᠠᠪᠤᠷ ᠤ᠋ᠨ ᠤᠯᠠᠷᠢᠯ ᠤ᠋ᠨ ᠲᠤᠬᠢᠷᠠᠭᠤᠯᠤᠯᠳᠠ ᠢ᠋ᠢᠨ ᠠᠵᠢᠯ ᠢ᠋ ᠱᠠᠯᠠᠪᠳᠠᠨ ᠬᠢᠵᠤ᠂ ᠪᠠᠴᠢᠮ ᠪᠠᠢᠳᠠᠯ ᠢ᠋ ᠠᠷᠭᠠᠴᠠᠭᠠᠬᠤ᠂ ᠤᠰᠤ ᠥᠩᠭᠡᠷᠡᠬᠦ᠌ ᠵᠠᠮ ᠢ᠋ ᠥᠭᠡᠷᠡᠴᠢᠯᠡᠨ ᠵᠠᠰᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠢ᠋ᠢ ᠬᠡᠷᠡᠭ᠌ᠵᠢᠭᠦᠯᠵᠦ᠍᠂ ᠤᠰᠤᠨ ᠤ᠋ ᠤᠷᠤᠰᠭᠠᠯ ᠢ᠋ ᠱᠢᠯᠤᠭᠤᠳᠭᠠᠬᠤ 《ᠡᠴᠦᠰ ᠤ᠋ᠨ ᠨᠢᠭᠡ ᠺᠢᠯᠣᠮᠧᠲ᠋ᠷ》ᠢ᠋ ᠨᠡᠪᠲᠡᠷᠡᠭᠦᠯᠵᠤ ᠪᠤᠢ᠃ 《ᠪᠢᠳᠡ ᠪᠠᠷᠠᠭᠤᠨ ᠯᠢᠶᠣᠤᠾᠧ ᠭᠤᠤᠯ ᠤ᠋ᠨ ᠪᠥᠬᠥ᠌ ᠱᠤᠭᠤᠮ ᠤ᠋ᠨ ᠪᠠᠴᠢᠮ ᠪᠠᠢᠳᠠᠯ ᠢ᠋ ᠠᠷᠭᠠᠴᠠᠭᠠᠬᠤ ᠢᠨᠵᠧᠨᠧᠷᠢᠩ ᠢ᠋ ᠪᠥᠬᠥ᠌ ᠬᠦᠴᠦᠨ ᠢ᠋ᠢᠡᠷ ᠢ᠋ᠢᠡᠨ ᠠᠬᠢᠭᠤᠯᠵᠤ᠂ ᠵᠢᠯᠣᠭᠣᠴᠢ ᠥᠬᠡᠶ ᠨᠢᠰᠭᠡᠯ ᠢ᠋ᠢᠡᠷ ᠲᠣᠭᠣᠷᠢᠨ ᠨᠢᠰᠭᠦ᠂ ᠬᠥᠮᠦᠨ ᠤ᠋ ᠬᠦᠴᠦ ᠪᠡᠷ ᠲᠣᠭᠣᠷᠢᠨ ᠪᠠᠢᠴᠠᠭᠠᠬᠤ ᠵᠠᠭ᠍ᠪᠤᠷ ᠢ᠋ ᠬᠡᠷᠡᠭᠵᠢᠭᠦᠯᠦᠨ᠂ ᠪᠠᠷᠠᠭᠤᠨ ᠯᠢᠶᠣᠤᠾᠧ ᠭᠤᠤᠯ ᠤ᠋ᠨ ᠴᠠᠭ᠍ᠳᠠᠨ ᠪᠠᠢᠴᠠᠭᠠᠯᠲᠠ ᠢ᠋ᠢ ᠴᠢᠩᠭᠠᠳᠭᠠᠵᠤ ᠪᠠᠢᠨ᠎ᠠ》ᠭᠡᠵᠤ ᠲᠦᠩᠯᠢᠶᠣᠤ ᠬᠣᠲᠠ ᠢ᠋ᠢᠨ ᠤᠰᠤᠨ ᠠᠱᠢᠭ᠍ᠯᠠᠯᠲᠠ ᠢ᠋ᠢᠨ ᠦᠶ᠋ᠯᠡᠰ ᠤ᠋ᠨ ᠬᠥᠭ᠌ᠵᠢᠯᠲᠡ ᠢ᠋ᠢᠨ ᠲᠥᠪ ᠤ᠋ᠨ ᠯᠢᠦ ᠱ᠌ᠢ ᠱᠢᠦᠸᠠᠨ ᠲᠠᠨᠢᠯᠴᠠᠭᠤᠯᠪᠠ᠃
ᠦᠪᠦᠷ ᠮᠤᠡᠭᠭᠤᠯ ᠤᠳᠤ ᠡᠯ᠎ᠡ ᠠᠢᠮᠠᠭ ᠬᠣᠲᠠ ᠬᠢᠭᠡᠳ ᠬᠣᠱᠢᠭᠤ ᠱᠢᠶᠠᠨ ᠤ᠋ ᠤᠰᠤᠨ ᠲᠤᠤᠷ ᠤ᠋ᠨ ᠲᠥᠯᠥᠪᠵᠢᠭᠦᠯᠭᠡ ᠢ᠋ᠢ ᠨᠢᠭᠡᠨᠲᠡ ᠪᠥᠬᠥ᠌ ᠲᠠᠯ᠎ᠠ ᠪᠡᠷ ᠪᠡᠶᠡᠯᠡᠭᠦᠯᠵᠦ᠍᠂ ᠬᠠᠲᠤᠨ ᠭᠤᠤᠯ᠂ ᠯᠢᠶᠣᠤᠾᠧ ᠭᠤᠤᠯ᠂ ᠨᠤᠨ ᠮᠥᠷᠡᠨ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠤ᠋ᠨ ᠬᠠᠱᠢᠯᠭᠠ ᠲᠠᠯᠠᠡᠭ ᠤ᠋ᠨ ᠪᠠᠷᠢᠮᠵᠢᠶ᠎ᠠ ᠢ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠶᠤᠯᠲᠠᠶ ᠤᠰᠤᠨ ᠴᠥᠭᠥᠷᠥᠮ ᠢ᠋ ᠵᠠᠰᠠᠨ ᠪᠡᠬᠢᠵᠢᠭᠦᠯᠵᠦ᠍᠂ ᠳᠤᠮᠳᠠ ᠵᠢᠵᠢᠭ ᠭᠤᠤᠯ ᠮᠥᠷᠡᠨ ᠢ᠋ ᠵᠠᠰᠠᠬᠤ ᠱᠢᠰᠲ᠋ᠧᠮ ᠢ᠋ ᠠᠬᠢᠭᠤᠯᠵᠤ᠂ ᠦᠶᠡᠷ ᠢ᠋ ᠰᠡᠷᠭᠡᠢᠯᠡᠬᠦ᠌᠂ ᠤᠰᠤ ᠬᠠᠩᠭᠠᠬᠤ᠂ ᠠᠮᠢ ᠠᠬᠤᠶ᠂ ᠤᠰᠤᠯᠠᠯᠲᠠ ᠢ᠋ᠢ ᠨᠢᠭᠡ ᠴᠣᠭ᠍ᠴᠠᠵᠢᠭᠤᠯᠤᠭ᠍ᠰᠠᠨ ᠣᠳᠣᠬᠢᠴᠢᠯᠠᠭ᠍ᠰᠠᠨ ᠤᠰᠤᠨ ᠤ᠋ ᠠᠮᠤᠷ ᠲᠦᠪᠱᠢᠨ ᠤ᠋ ᠪᠠᠲᠤᠯᠠᠭ᠎ᠠ ᠢ᠋ᠢᠨ ᠱᠢᠰᠲ᠋ᠧᠮ ᠢ᠋ ᠠᠩᠬ᠎ᠠ ᠠᠯᠬᠤᠮ ᠪᠠᠢᠭᠤᠯᠵᠡᠢ᠃