ᠤᠢᠷ᠎ᠠ ᠳ᠋ᠤ᠂ ᠠᠯᠠᠱᠠ ᠠᠢᠮᠠᠭ ᠤ᠋ᠨ ᠬᠠᠲᠤᠨ ᠭᠤᠤᠯ ᠳᠠᠭᠠᠤ ᠵᠢᠨ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ ᠡᠯᠡᠰᠦᠨ ᠴᠦᠯ ᠤ᠋ᠨ ᠬᠦᠪᠡᠭᠡ ᠵᠠᠬ᠎ᠠ ᠶ᠋ᠢ ᠡᠮᠵᠢᠶᠡᠷᠢᠯᠡᠬᠦ ᠪᠦᠰᠡ ᠵᠢᠨ ᠢᠨᠵᠧᠨᠧᠷᠢᠩ ᠤ᠋ᠨ ᠠᠵᠢᠯ ᠡᠬᠢᠯᠡᠪᠡ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠶᠡᠷᠦᠩᠬᠡᠶ ᠪᠠᠢᠷᠢᠯᠠᠭᠤᠯᠤᠯᠲᠠ ᠶᠣᠰᠣᠭᠠᠷ᠂ 2026 ᠣᠨ ᠳ᠋ᠤ ᠠᠯᠠᠱᠠ ᠠᠢᠮᠠᠭ 240 ᠲᠦᠮᠡᠨ ᠮᠤ᠌ ᠡᠴᠡ ᠳᠡᠭᠡᠭᠰᠢᠬᠢ ᠡᠯᠡᠰᠤᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠪᠡᠷ ᠲᠥᠯᠥᠪᠯᠡᠵᠦ᠍᠂ 15 ᠲᠥᠷᠥᠯ ᠵᠦᠶ᠋ᠯ ᠢ᠋ ᠭᠤᠤᠯᠳᠠᠯᠭᠠᠲᠠᠶ ᠬᠡᠷᠡᠭ᠌ᠵᠢᠭᠦᠯᠦᠨ᠂ ᠭᠤᠷᠪᠠᠨ ᠶᠡᠬᠡ ᠡᠯᠡᠰᠦᠨ ᠴᠥᠯ ᠤ᠋ᠨ ᠬᠥᠪᠡᠭᠡ ᠵᠠᠬ᠎ᠠ ᠶ᠋ᠢ ᠡᠮᠵᠢᠶᠡᠷᠢᠯᠡᠬᠦ ᠣᠶ ᠱᠢᠭᠤᠶ ᠪᠠ ᠨᠤᠲᠤᠭ ᠪᠡᠯᠴᠢᠭᠡᠷ ᠤ᠋ᠨ ᠪᠦᠰᠡ ᠶ᠋ᠢ ᠤᠯᠠᠮ ᠨᠢᠭᠡ ᠠᠯᠬᠤᠮ ᠨᠢᠭ᠍ᠲᠠ ᠰᠦᠯᠵᠢᠵᠦ᠍᠂ ᠣᠢᠵᠢᠭᠤᠯᠵᠤ ᠡᠪᠡᠰᠦ ᠳᠠᠷᠢᠬᠤ ᠨᠣᠷᠮ᠎ᠠ ᠶ᠋ᠢ 70% ᠡᠴᠡ ᠳᠡᠭᠡᠭ᠌ᠰᠢᠳᠦ ᠲᠣᠭ᠍ᠲᠠᠪᠤᠷᠢᠵᠢᠭᠤᠯᠤᠨᠠ᠃
《ᠠᠷᠪᠠᠨ ᠲᠠᠪᠤᠳᠤᠭᠠᠷ ᠲᠠᠪᠤᠨ ᠵᠢᠯ》ᠤ᠋ᠨ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠡᠬᠢᠯᠡᠯᠲᠡ ᠵᠢᠨ ᠠᠵᠢᠯ ᠪᠤᠯᠤᠭᠰᠠᠨ ᠤ᠋ ᠬᠤᠪᠢ ᠳ᠋ᠤ᠂ ᠳᠤᠰ ᠢᠨᠵᠧᠨᠧᠷᠢᠩ ᠨᠢ ᠬᠠᠳᠤᠨ ᠭᠣᠣᠯ ᠤ᠋ᠨ ᠪᠠᠷᠠᠭᠤᠨ ᠡᠷᠭᠢᠳᠡᠬᠢ ᠠᠯᠠᠱᠠ ᠵᠢᠨ ᠬᠡᠰᠡᠭᠲᠦ《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠡᠯᠡᠰᠦ ᠶ᠋ᠢ ᠲᠣᠭ᠍ᠲᠠᠪᠤᠷᠢᠵᠢᠭᠤᠯᠬᠤ᠂ ᠬᠠᠪᠲᠠᠰᠤᠨ ᠤ᠋ ᠬᠣᠭᠣᠷᠣᠨᠳᠣ ᠡᠪᠡᠰᠦ ᠲᠠᠷᠢᠬᠤ》 ᠪᠣᠰᠣᠭ᠎ᠠ ᠴᠣᠭ᠍ᠴᠠᠲᠤ ᠵᠠᠰᠠᠯᠲᠠ ᠵᠢᠨ ᠵᠠᠭ᠍ᠪᠤᠷ ᠢ᠋ ᠬᠡᠷᠡᠭᠵᠢᠭᠦᠯᠦᠨ᠂ ᠠᠮᠢ ᠠᠬᠤᠢ ᠪᠣᠯᠤᠨ ᠡᠨᠧᠷᠭᠢ ᠵᠢᠨ ᠠᠮᠤᠷ ᠲᠦᠪᠱᠢᠨ ᠬᠠᠮᠵᠢᠯᠴᠠᠨ ᠬᠥᠭ᠌ᠵᠢᠬᠦ᠌ ᠶ᠋ᠢ ᠪᠡᠶᠡᠯᠡᠭᠦᠯᠦᠨ᠎ᠡ᠃ ᠠᠮᠢ ᠠᠬᠤᠶ ᠵᠢᠨ ᠬᠠᠮᠠᠭᠠᠯᠠᠯᠲᠠ᠂ ᠡᠨᠧᠷᠭᠢ ᠵᠢᠨ ᠨᠡᠭᠡᠭᠡᠨ ᠬᠥᠭ᠌ᠵᠢᠭᠦᠯᠦᠯᠲᠡ ᠪᠠ ᠬᠠᠲᠤᠨ ᠭᠤᠤᠯ ᠤ᠋ᠨ ᠵᠠᠰᠠᠯᠲᠠ ᠵᠡᠷᠭᠡ ᠭᠤᠷᠪᠠᠨ ᠶᠡᠬᠡ ᠡᠭᠦᠷᠭᠡ ᠶ᠋ᠢ ᠭᠦᠨᠵᠡᠭᠡᠶ ᠠᠭᠤᠰᠤᠯᠴᠠᠭᠤᠯᠵᠤ᠂ ᠡᠯᠡᠰᠦᠨ ᠴᠦᠯ ᠢ᠋ ᠡᠮᠵᠢᠶᠡᠷᠢᠯᠡᠬᠦ ᠬᠠᠮᠠᠭᠠᠯᠠᠯᠲᠠ ᠵᠢᠨ ᠱᠢᠰᠲ᠋ᠧᠮ ᠢ᠋ ᠥᠷᠭᠡᠳᠭᠡᠵᠤ ᠪᠡᠬᠢᠵᠢᠭᠦᠯᠬᠦ ᠪᠡᠷ ᠪᠠᠷᠠᠬᠤ ᠥᠬᠡᠶ ᠪᠠᠰᠠ ᠬᠡᠪᠴᠢᠶᠡᠵᠢᠭ᠌ᠰᠡᠨ ᠴᠡᠪᠡᠷ ᠡᠨᠧᠷᠭᠢ ᠵᠢᠨ ᠰᠠᠭᠤᠷᠢᠨ ᠢ᠋ ᠪᠠᠢᠭᠤᠯᠬᠤ ᠶ᠋ᠢ ᠠᠬᠢᠭᠤᠯᠵᠤ᠂ ᠠᠮᠢ ᠠᠬᠤᠶ ᠵᠢᠨ ᠠᠮᠤᠷ ᠲᠦᠪᠱᠢᠨ ᠬᠢᠭᠡᠳ ᠡᠨᠧᠷᠭᠢ ᠵᠢᠨ ᠠᠮᠤᠷ ᠲᠦᠪᠱᠢᠨᠦ ᠬᠠᠮᠵᠢᠯᠴᠠᠭᠰᠠᠨ ᠪᠠᠲᠤᠯᠠᠭ᠎ᠠ ᠶ᠋ᠢ ᠪᠡᠶᠡᠯᠡᠭᠦᠯᠤᠨ᠎ᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号