ᠦᠪᠤᠷ ᠮᠤᠩᠭᠤᠯ 《 ᠪᠤᠭᠤᠮᠳᠠ ᠵᠢᠨ ᠠᠶᠠᠨ 》 ᠤ᠋ ᠰᠣᠶᠣᠯ ᠢ᠋ ᠱᠢᠰᠲ᠋ᠧᠮ ᠲᠡᠶ ᠪᠡᠷ ᠠᠭᠤᠳᠠᠯᠤᠨ ᠡᠮᠬᠢᠯᠡᠵᠤ ᠨᠡᠬᠡᠬᠡᠨ ᠬᠦᠭᠵᠢᠬᠦᠯᠵᠤ ᠡᠬᠢᠯᠡᠵᠡᠢ
2026-04-13 10:21:08
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤᠢᠷ᠎ᠠ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠪᠤᠭᠤᠮᠳᠠ ᠵᠢᠨ ᠠᠶᠠᠨ〉 ᠤ᠋ ᠰᠣᠶᠣᠯ ᠢ᠋ ᠠᠭᠤᠳᠠᠯᠤᠨ ᠡᠮᠬᠢᠯᠡᠵᠤ ᠨᠡᠬᠡᠬᠡᠨ ᠬᠦᠭᠵᠢᠬᠦᠯᠬᠦ ᠭᠤᠷᠪᠠᠨ ᠵᠢᠯ ᠤ᠋ᠨ ᠠᠵᠢᠯ ᠤ᠋ᠨ ᠲᠥᠰᠦᠯ (2026 — 2028 ᠣᠨ)》 ᠢ᠋ ᠳᠠᠷᠤᠮᠠᠯᠯᠠᠨ ᠲᠠᠷᠬᠠᠭᠠᠵᠤ᠂ 《ᠪᠤᠭᠤᠮᠳᠠ ᠵᠢᠨ ᠠᠶᠠᠨ》 ᠤ᠋ ᠰᠣᠶᠣᠯ ᠢ᠋ ᠱᠢᠰᠲ᠋ᠧᠮ ᠲᠡᠶ ᠪᠡᠷ ᠠᠭᠤᠳᠠᠯᠤᠨ ᠡᠮᠬᠢᠯᠡᠵᠤ ᠨᠡᠬᠡᠬᠡᠨ ᠬᠦᠭᠵᠢᠬᠦᠯᠵᠤ ᠡᠬᠢᠯᠡᠪᠡ᠃

《ᠪᠤᠭᠤᠮᠳᠠ ᠵᠢᠨ ᠠᠶᠠᠨ》 ᠬᠡᠳᠡᠭ ᠨᠢ ᠮᠢᠩ ᠴᠢᠩ ᠤ᠋ᠨ ᠦᠶ᠎ᠡ ᠡᠴᠡ ᠢᠷᠬᠡᠨ ᠤᠯᠤᠰ ᠪᠤᠯᠳᠠᠯᠠᠬᠢ ᠬᠤᠭᠤᠴᠠᠭᠠᠨ ᠳ᠋ᠡᠬᠢ ᠱᠠᠨ ᠰᠢ᠂ ᠱᠠᠨᠰᠢ᠂ ᠾᠸᠪᠸᠢ ᠵᠡᠷᠬᠡ ᠭᠠᠵᠠᠷ ᠤ᠋ᠨ ᠬᠦᠮᠦᠰ ᠤᠷᠳᠤ ᠴᠠᠭᠠᠨ ᠬᠡᠷᠡᠮ ᠢ᠋ ᠲᠠᠪᠠᠨ ᠦᠪᠤᠷ ᠮᠤᠩᠭᠤᠯ ᠤᠷᠤᠨ ᠳ᠋ᠤ ᠤᠷᠤᠭᠰᠠᠨ ᠶᠡᠬᠡ ᠨᠡᠬᠦᠳᠡᠯ ᠢ᠋ ᠬᠡᠯᠡᠵᠤ ᠪᠤᠢ᠃ ᠲᠤᠰ ᠲᠥᠰᠦᠯ ᠳ᠋ᠤ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠭᠤᠤᠯ ᠱᠢᠵᠢᠮ ᠢ᠋ᠶ᠋ᠡᠷ ᠬᠥᠲᠥᠯᠥᠨ ᠳᠠᠭᠠᠭᠤᠯᠵᠤ ᠰᠦᠭ ᠰᠦᠨᠡᠰᠦ ᠵᠢ ᠱᠤᠭᠤᠵᠤ ᠬᠥᠮᠦᠨ ᠢ᠋ ᠬᠥᠮᠦᠵᠢᠭᠦᠯᠬᠦ᠌᠂ ᠬᠠᠮᠠᠭᠠᠯᠠᠯᠲᠠ ᠵᠢ ᠲᠡᠷᠢᠬᠦᠨ ᠳ᠋ᠦ ᠳᠠᠯᠪᠢᠵᠦ ᠠᠮᠢᠳᠤᠯᠢᠭ ᠪᠤᠯᠭᠠᠬᠤ᠂ ᠰᠣᠶᠣᠯ ᠢ᠋ᠶ᠋ᠠᠷ ᠵᠢᠭᠤᠯᠴᠢᠯᠠᠯ ᠢ᠋ ᠠᠬᠢᠭᠤᠯᠬᠤ ᠵᠢ ᠪᠠᠷᠢᠮᠲᠠᠯᠠᠨ᠂ ᠣᠯᠠᠨ ᠲᠠᠯ᠎ᠠ ᠪᠠᠷ ᠬᠣᠯᠪᠣᠭᠠᠯᠠᠨ ᠬᠥᠳᠡᠯᠦᠯᠴᠡᠵᠦ᠍ ᠬᠠᠮᠵᠢᠯᠴᠠᠨ ᠠᠬᠢᠭᠤᠯᠬᠤ᠂ ᠱᠢᠨ᠎ᠡ ᠵᠢ ᠡᠭᠦᠳᠬᠦ᠌ ᠪᠡᠷ ᠬᠥᠳᠡᠯᠭᠡᠭᠦᠷ ᠪᠣᠯᠭᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ᠶ᠋ᠡᠷ ᠬᠦᠴᠦᠨ ᠨᠡᠮᠡᠷᠢᠯᠡᠬᠦ᠂ ᠨᠠᠷᠢᠨ ᠲᠠᠩᠰᠠ ᠶ᠋ᠢᠨ ᠬᠠᠮᠢᠶᠠᠷᠤᠯᠲᠠ ᠵᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠵᠡᠷᠭᠡ 6 ᠦᠨᠳᠦᠰᠦᠨ ᠵᠠᠷᠴᠢᠮ ᠢ᠋ ᠪᠠᠷᠢᠮᠲᠠᠯᠠᠬᠤ ᠵᠢ ᠲᠤᠳᠤᠷᠬᠠᠢᠯᠠᠵᠦ᠂ ᠲᠥᠷᠥ ᠶ᠋ᠢᠨ ᠪᠣᠳᠣᠯᠭ᠎ᠠ ᠶ᠋ᠢᠨ ᠪᠠᠲᠤᠯᠠᠭ᠎ᠠ ᠶ᠋ᠢᠨ ᠲᠥᠯᠥᠪᠵᠢᠭᠦᠯᠭᠡ ᠵᠢ ᠵᠣᠯᠭᠠᠭᠤᠯᠬᠤ᠂ ᠰᠣᠶᠣᠯ ᠢ᠋ ᠠᠭᠤᠳᠠᠯᠤᠨ ᠰᠤᠳᠤᠯᠵᠤ ᠤᠯᠠᠮᠵᠢᠯᠠᠨ ᠵᠠᠯᠭᠠᠮᠵᠢᠯᠠᠬᠤ᠂ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠭ᠍ᠰᠠᠨ ᠦᠢᠯᠡᠳᠬᠦᠨ ᠢ᠋ ᠨᠡᠭᠡᠭᠡᠨ ᠬᠥᠭ᠌ᠵᠢᠭᠦᠯᠬᠦ᠂ ᠣᠶᠤᠨᠴᠢ ᠮᠡᠷᠭᠡᠵᠢᠯ ᠤ᠋ᠨ ᠪᠠᠢᠭᠤᠯᠤᠯᠳᠠ ᠵᠢ ᠢᠵᠢ ᠪᠦᠷᠢᠳᠦᠬᠦᠯᠬᠦ᠂ ᠲᠦᠷᠦᠯ ᠲᠡᠮᠳᠡᠭ᠌ ᠢ᠋ ᠴᠤᠭᠴᠠᠯᠠᠵᠦ ᠳᠡᠯᠭᠡᠷᠡᠭᠦᠯᠬᠦ᠌ ᠵᠡᠷᠭᠡ 5 ᠶᠡᠬᠡ ᠭᠤᠤᠯᠯᠠᠬᠤ ᠴᠢᠭ᠌ᠯᠡᠯ ᠤ᠋ᠨ ᠲᠤᠭᠤᠷᠢᠨ ᠳ᠋ᠦ 18 ᠵᠦᠢᠯ ᠤ᠋ᠨ ᠭᠣᠣᠯᠳᠠᠯᠭ᠎ᠠ ᠲᠠᠶ ᠠᠵᠢᠯ ᠢ᠋ ᠪᠤᠳᠠᠳᠠᠢ ᠪᠠᠢᠷᠢᠯᠠᠭᠤᠯᠵᠠᠢ᠃

ᠤᠢᠯᠠᠭᠠᠭᠰᠠᠨ ᠵᠢᠡᠷ᠂ 2028 ᠤᠨ ᠪᠤᠯᠳᠠᠯ᠎ᠠ ᠮᠠᠨ ᠤ᠋ ᠤᠷᠤᠨ 《ᠪᠤᠭᠤᠮᠳᠠ ᠵᠢᠨ ᠠᠶᠠᠨ》 ᠤ᠋ ᠰᠣᠶᠣᠯ ᠤ᠋ᠨ ᠡᠬᠢ ᠪᠠᠶᠠᠯᠢᠭ ᠢ᠋ ᠨᠡᠢᠳᠡᠮ ᠪᠠᠢᠴᠠᠭᠠᠬᠤ ᠪᠠ ᠭᠦᠨᠵᠡᠭᠡᠶ ᠰᠤᠳᠤᠯᠬᠤ ᠠᠵᠢᠯ ᠢ᠋ ᠥᠷᠨᠢᠭᠦᠯᠵᠦ᠍᠂ ᠤᠨᠴᠠᠯᠢᠭ᠍ᠳᠤ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠡᠷᠭᠢᠯᠡᠨ᠂ ᠰᠣᠳᠣᠨ ᠵᠢᠭᠤᠯᠴᠢᠯᠠᠯ ᠤ᠋ᠨ ᠵᠠᠮ ᠱᠤᠭᠤᠮ ᠢ᠋ ᠴᠤᠭᠴᠠᠯᠠᠵᠤ᠂ ᠲᠤᠰᠭᠠᠶ ᠲᠥᠷᠥᠯ ᠤ᠋ᠨ ᠪᠦᠳᠦᠬᠡᠯᠴᠢ ᠰᠣᠶᠣᠯ ᠤ᠋ᠨ ᠲᠦᠷᠦᠯ ᠲᠡᠮᠳᠡᠭ ᠢ᠋ ᠨᠡᠭᠡᠭᠡᠨ ᠬᠥᠭ᠌ᠵᠢᠭᠦᠯᠵᠤ᠂ ᠥᠪᠥᠷ ᠮᠣᠩᠭᠣᠯ᠂ ᠱᠠᠨ ᠰᠢ᠂ ᠱᠠᠨᠰᠢ ᠪᠤᠯᠤᠨ ᠾᠸᠪᠸᠢ ᠵᠢ ᠬᠣᠯᠪᠣᠭ᠍ᠰᠠᠨ 《ᠪᠤᠭᠤᠮᠳᠠ ᠵᠢᠨ ᠠᠶᠠᠨ》  ᠤ᠋ ᠰᠣᠶᠣᠯ ᠵᠢᠭᠤᠯᠴᠢᠯᠠᠯ ᠤ᠋ᠨ ᠬᠣᠩᠭᠢᠯ ᠢ᠋ ᠪᠠᠢᠭᠤᠯᠤᠨ᠎ᠠ᠃ ᠡᠭᠦᠨ ᠳ᠋ᠦ ᠭᠤᠷᠪᠠᠨ ᠵᠤᠷᠪᠤᠰ ᠱᠢᠨ᠎ᠡ ᠴᠠᠭ ᠦᠶ᠎ᠡ ᠶ᠋ᠢᠨ 《ᠪᠤᠭᠤᠮᠳᠠ ᠵᠢᠨ ᠠᠶᠠᠨ》 ᠭᠤᠤᠯ ᠰᠡᠳᠦᠪᠲᠦ ᠵᠢᠭᠤᠯᠴᠢᠯᠠᠯ ᠤ᠋ᠨ ᠵᠠᠮ ᠱᠤᠭᠤᠮ ᠢ᠋ ᠭᠤᠤᠯᠳᠠᠯᠭ᠎ᠠ ᠲᠠᠶ ᠴᠤᠭᠴᠠᠯᠠᠨ᠂ ᠲᠠᠯ᠎ᠠ ᠨᠤᠲᠤᠭ ᠤ᠋ᠨ ᠭᠠᠯᠲᠤ ᠠᠭᠤᠯᠠ ᠶ᠋ᠢᠨ ᠵᠢᠭᠤᠯᠴᠢᠯᠠᠯ᠂ ᠬᠣᠲᠠ ᠶ᠋ᠢᠨ ᠰᠡᠯᠡᠭᠦᠴᠡᠯ᠂ ᠬᠠᠲᠤᠨ ᠭᠤᠤᠯ ᠤ᠋ᠨ ᠪᠣᠷᠣᠲᠣᠬᠣᠶ ᠶ᠋ᠢᠨ ᠵᠠᠩ ᠦᠶ᠋ᠯᠡ ᠶ᠋ᠢᠨ ᠵᠢᠭᠤᠯᠴᠢᠯᠠᠯ ᠢ᠋ ᠬᠠᠮᠤᠷᠴᠤ᠌᠂ ᠥᠪᠥᠷ ᠮᠣᠩᠭᠣᠯ᠂ ᠱᠠᠨ ᠰᠢ᠂ ᠱᠠᠨᠰᠢ ᠪᠤᠯᠤᠨ ᠾᠧᠪᠧᠶ ᠶ᠋ᠢᠨ ᠣᠯᠠᠨ ᠭᠠᠵᠠᠷ ᠤ᠋ᠨ ᠤᠨᠴᠠᠯᠢᠬ᠍ᠳᠤ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠢ᠋ ᠬᠣᠯᠪᠣᠨ᠂ ᠪᠣᠳᠠᠰ ᠤ᠋ᠨ ᠪᠤᠰᠤ ᠰᠣᠶᠣᠯ ᠤ᠋ᠨ ᠥᠪ᠂ ᠪᠠᠢᠭᠠᠯᠢ ᠶ᠋ᠢᠨ ᠥᠩᠭᠡ ᠦᠵᠡᠮᠵᠢ᠂ ᠠᠵᠤ ᠦᠶ᠋ᠯᠡᠳᠪᠦᠷᠢ᠂ ᠬᠤᠪᠢᠰᠭᠠᠯ ᠤ᠋ᠨ ᠳᠤᠷᠠᠳᠭᠠᠯ ᠵᠡᠷᠭᠡ ᠣᠯᠠᠨ ᠵᠦᠶ᠋ᠯ ᠤ᠋ᠨ ᠠᠭᠤᠯᠭ᠎ᠠ ᠵᠢ ᠠᠭᠤᠰᠤᠯᠴᠠᠭᠤᠯᠵᠤ᠂ ᠰᠣᠶᠣᠯ ᠵᠢᠭᠤᠯᠴᠢᠯᠠᠯ ᠢ᠋ ᠬᠦᠭᠵᠢᠬᠦᠯᠬᠦ ᠪᠤᠯᠤᠨ᠎ᠠ᠃ ᠡᠭᠦᠨ ᠤ᠋ ᠬᠠᠮᠲᠤ ᠵᠣᠬᠢᠶᠠᠨ ᠪᠠᠢᠭᠤᠯᠤᠯᠳᠠ᠂ ᠪᠠᠯᠠ ᠮᠥᠩᠭᠥ᠌ ᠪᠠ ᠤᠬᠠᠭᠤᠯᠭ᠎ᠠ ᠵᠡᠷᠭᠡ 3 ᠲᠠᠯ᠎ᠠ ᠶ᠋ᠢᠨ ᠪᠠᠲᠤᠯᠠᠭ᠎ᠠ ᠵᠢ ᠴᠢᠩᠭᠠᠳᠭᠠᠨ᠂ ᠡᠬᠢ ᠪᠠᠶᠠᠯᠢᠭ ᠤ᠋ᠨ ᠨᠡᠢᠳᠡᠮ ᠪᠠᠢᠴᠠᠭᠠᠯᠲᠠ᠂ ᠡᠷᠳᠡᠮ ᠱᠢᠨᠵᠢᠯᠡᠭᠡᠨ ᠤ᠋ ᠰᠤᠳᠤᠯᠭᠠᠨ᠂ ᠲᠥᠷᠥᠯ ᠲᠡᠮᠳᠡᠭ᠌ ᠢ᠋ ᠳᠡᠯᠭᠡᠷᠡᠭᠦᠯᠬᠦ᠌ ᠵᠡᠷᠭᠡ ᠭᠤᠤᠯ ᠠᠵᠢᠯ ᠥᠷᠨᠢᠭᠦᠯᠬᠦ᠌ ᠵᠢ ᠳᠡᠮᠵᠢᠵᠤ᠂ 2028 ᠣᠨ ᠪᠣᠯᠬᠤ ᠳ᠋ᠦ 《ᠰᠤᠳᠤᠯᠭᠠᠨ ᠭᠦᠨᠵᠡᠭᠡᠢ᠂ ᠦᠢᠯᠡᠳᠬᠦᠨ ᠨᠠᠷᠢᠯᠢᠭ᠂ ᠢᠵᠢ ᠪᠦᠷᠢᠳᠦᠭ᠌ᠰᠡᠨ᠂ ᠲᠦᠷᠦᠯ ᠲᠡᠮᠳᠡᠭ ᠰᠠᠢ᠌ᠨ᠂ ᠬᠠᠮᠵᠢᠯᠴᠠᠨ ᠬᠦᠴᠦᠷᠬᠡᠭ᠌ᠵᠢᠬᠦ᠌》 ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠠᠩᠬ᠎ᠠ ᠠᠯᠬᠤᠮ ᠪᠦᠷᠢᠯᠳᠦᠭᠦᠯᠵᠦ᠂ 《ᠪᠤᠭᠤᠮᠳᠠ ᠵᠢᠨ ᠠᠶᠠᠨ》 ᠤ᠋ ᠰᠣᠶᠣᠯ ᠢ᠋ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠠᠮᠢᠳᠤᠯᠢᠭ ᠠᠴᠢᠶᠠᠯᠠᠪᠤᠷᠢ ᠪᠣᠯᠭᠠᠬᠤ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号