ᠤᠡᠭᠰᠢᠯᠭᠠᠵᠢᠨ ᠬᠦᠳᠤᠯᠤᠮᠵᠢ
ᠥᠪᠥᠷ ᠮᠣᠩᠭᠣᠯ ᠪᠥᠬᠥ᠌ ᠲᠠᠯ᠎ᠠ ᠡᠴᠡ ᠪᠣᠳᠣᠯᠬᠢᠯᠠᠨ᠂ ᠭᠤᠤᠯᠳᠠᠯᠭ᠎ᠠ ᠶ᠋ᠢ ᠨᠠᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠶ᠋ᠢ ᠨᠢᠭᠡᠳᠦᠯᠲᠡᠶ ᠲᠥᠯᠥᠪᠵᠢᠭᠦᠯᠤᠨ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠦᠷᠭᠦᠯᠵᠢᠯᠡᠨ ᠪᠡᠬᠢᠵᠢᠭᠦᠯᠪᠡ᠃
2025 ᠣᠨ ᠳ᠋ᠤ᠂ ᠥᠪᠥᠷ ᠮᠣᠩᠭᠣᠯ 5062 ᠲᠦᠮᠡᠨ ᠮᠥ᠍ ᠠᠮᠢ ᠠᠬᠤᠶ ᠵᠢᠨ ᠪᠥᠲᠥᠭᠡᠨ ᠪᠠᠢᠭᠤᠯᠤᠯᠲᠠ᠂ 2368 ᠲᠦᠮᠡᠨ ᠮᠥ᠍ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠵᠦ᠍᠂ ᠬᠡᠪᠴᠢᠶ᠎ᠡ ᠪᠡᠷ ᠪᠥᠬᠥ᠌ ᠤᠯᠤᠰ ᠲᠤ᠌ ᠦᠷᠭᠦᠯᠵᠢᠯᠡᠨ ᠲᠦᠷᠦᠭᠦᠯᠡᠪᠡ; 2995.6 ᠲᠦᠮᠡᠨ ᠮᠦ᠍ ᠮᠠᠭᠤᠳᠠᠭ᠍ᠰᠠᠨ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ ᠢ᠋ ᠵᠠᠰᠠᠪᠠ; ᠪᠠᠢᠭᠠᠯᠢ ᠵᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ ᠶ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠪᠠ; ᠪᠥᠬᠥ᠌ ᠵᠢᠯ ᠳ᠋ᠤ ᠤᠯᠠᠭᠠᠨᠰᠤᠬᠠᠢᠨᠠᠭᠤᠷ ᠲᠤ᠌ 3.49 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠂ ᠳᠠᠭ᠎ᠠ ᠵᠢᠨ ᠨᠠᠭᠤᠷ ᠲᠤ᠌ 1230 ᠲᠦᠮᠡᠨ ᠪᠣᠰᠣᠭ᠎ᠠ ᠳᠥᠷᠪᠡᠯᠵᠢᠨ ᠮᠧᠲ᠋ᠷ ᠠᠮᠢ ᠠᠬᠤᠶᠵᠢᠨ ᠤᠰᠤ ᠨᠥᠬᠥᠪᠥᠷᠢᠯᠡᠪᠡ ᠁
ᠨᠣᠭᠣᠭᠠᠨ ᠥᠩᠭᠡ ᠪᠣᠯ ᠥᠪᠥᠷ ᠮᠣᠩᠭᠣᠯ ᠤ᠋ᠨ ᠳᠡᠪᠢᠰᠭᠡᠷ ᠥᠩᠭᠡ ᠮᠥᠨ᠃ ᠥᠪᠥᠷ ᠮᠣᠩᠭᠣᠯ ᠪᠥᠬᠥ᠌ ᠲᠠᠯ᠎ᠠ ᠡᠴᠡ ᠪᠣᠳᠣᠯᠬᠢᠯᠠᠨ᠂ ᠭᠤᠤᠯᠳᠠᠯᠭ᠎ᠠ ᠶ᠋ᠢ ᠨᠠᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠶ᠋ᠢ ᠨᠢᠭᠡᠳᠦᠯᠲᠡᠶ ᠲᠥᠯᠥᠪᠵᠢᠭᠦᠯᠤᠨ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠶ᠋ᠢ ᠱᠢᠨᠵᠢᠯᠡᠬᠦ᠌ ᠤᠬᠠᠭᠠᠨᠴᠢ ᠪᠡᠷ ᠠᠬᠢᠭᠤᠯᠵᠤ᠂ ᠭᠤᠤᠯᠳᠠᠯᠭ᠎ᠠ ᠲᠠᠶ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠵᠢᠨ ᠤᠰᠤ ᠨᠥᠬᠥᠪᠥᠷᠢᠯᠡᠬᠦ᠌ ᠵᠡᠷᠭᠡ ᠢᠨᠵᠧᠨᠧᠷᠢᠩ ᠢ᠋ ᠬᠡᠷᠡᠭ᠌ᠵᠢᠭᠦᠯᠤᠨ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠦᠷᠭᠦᠯᠵᠢᠯᠡᠨ ᠪᠡᠬᠢᠵᠢᠭᠦᠯᠪᠡ᠃
ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠳ᠋ᠤ᠂ ᠬᠠᠲᠤᠨ ᠭᠤᠤᠯ ᠤ᠋ᠨ ᠬᠣᠶᠠᠷ ᠡᠷᠭᠢ ᠵᠢᠨ 620 ᠺᠢᠯᠣᠮᠧᠲ᠋ᠷ ᠤ᠋ᠨ ᠬᠠᠯᠬᠠᠪᠴᠢ ᠣᠶ ᠰᠢᠭᠤᠢ ᠪᠠ ᠨᠤᠲᠤᠭ ᠪᠡᠯᠴᠢᠭᠡᠷ ᠤ᠋ᠨ ᠪᠦᠰᠡ ᠪᠥᠬᠥ᠌ ᠱᠤᠭᠤᠮ ᠵᠢᠡᠷ ᠨᠡᠪᠲᠡᠷᠡᠵᠦ᠍᠂ 《ᠨᠣᠭᠣᠭᠠᠨ ᠬᠦᠷᠢᠶ᠎ᠡ》 ᠶ᠋ᠢ ᠲᠦᠷᠭᠡᠳᠭᠡᠨ ᠪᠠᠢᠭᠤᠯᠪᠠ᠃ ᠲᠡᠭᠡᠪᠡᠯ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠳ᠋ᠤ ᠤᠷᠤᠨ ᠨᠤᠲᠤᠭ ᠤ᠋ᠨ ᠦᠷ᠎ᠡ ᠵᠢᠨ ᠢᠷᠡᠯᠳᠡ ᠬᠡᠷᠬᠢᠨ ᠦᠷᠭᠦᠯᠵᠢᠯᠠᠨ ᠬᠦᠴᠦᠨ ᠨᠡᠮᠡᠷᠢᠯᠡᠬᠰᠡᠨ ᠪᠤᠢ? 《ᠬᠠᠲᠤᠨ ᠭᠤᠤᠯ ᠤ᠋ᠨ ᠶᠡᠬᠡ ᠲᠤᠬᠤᠢ ᠵᠡᠷᠭᠡ 〈ᠤᠮᠠᠷᠠᠲᠤ ᠵᠢᠨ ᠭᠤᠷᠪᠠᠨ ᠣᠷᠣᠨ〉 ᠤ᠋ ᠭᠤᠤᠯᠳᠠᠯᠭ᠎ᠠ ᠲᠠᠶ ᠣᠷᠣᠨ ᠪᠦᠰᠡ ᠳ᠋ᠤ᠂ ᠮᠧᠩ ᠼᠤᠤ ᠪᠦᠯᠦᠭ᠌ᠯᠡᠯ ᠤ᠋ᠨ ᠬᠢᠨ ᠤ᠋ ᠰᠤᠳᠤᠯᠤᠨ ᠦᠢᠯᠡᠳᠦᠭᠰᠡᠨ ᠦᠷ᠎ᠡ ᠵᠢᠨ ᠤᠭᠤᠳᠠ ᠵᠡᠷᠭᠡ ᠠᠮᠢ ᠠᠬᠤᠶ ᠵᠢᠨ ᠪᠦᠲᠦᠭᠡᠭ᠌ᠳᠡᠬᠦᠨ ᠦᠷᠭᠡᠨ ᠵᠢᠡᠷ ᠬᠡᠷᠡᠭᠯᠡᠭᠳᠡᠵᠤ᠂ ᠤᠷᠭᠤᠮᠠᠯ ᠤ᠋ᠨ ᠪᠦᠷᠬᠦᠴᠡ ᠵᠢ 35% ᠡᠴᠡ ᠳᠠᠪᠠᠭᠤᠯᠵᠤ᠂ ᠣᠯᠠᠨ ᠨᠠᠰᠤᠲᠤ ᠤᠷᠭᠤᠮᠠᠯ ᠤ᠋ᠨ ᠡᠵᠡᠯᠡᠬᠦ᠌ ᠬᠠᠷᠢᠴᠠᠯ ᠢ᠋ 40% ᠡᠴᠡ ᠳᠠᠪᠠᠭᠤᠯᠵᠤ᠂ ᠪᠠᠢᠭᠠᠯᠢ ᠳ᠋ᠤ ᠵᠤᠬᠢᠴᠠᠬᠤ᠂ ᠥᠨᠳᠥᠷ ᠦᠷ᠎ᠡ ᠪᠦᠲᠦᠮᠵᠢᠲᠡᠶ᠂ ᠦᠷᠭᠦᠯᠵᠢᠯᠡᠬᠦ ᠵᠠᠰᠠᠯᠳᠠ ᠵᠢᠨ ᠦᠷ᠎ᠡ ᠪᠦᠲᠦᠮᠵᠢ ᠶ᠋ᠢ ᠪᠡᠶᠡᠯᠡᠭᠦᠯᠪᠡ᠃ ᠳᠠᠷᠠᠭᠠᠴᠢ ᠪᠡᠷ᠂ ᠡᠪᠡᠰᠦ ᠳᠠᠷᠢᠬᠤ ᠪᠠ ᠡᠪᠡᠰᠦᠨ ᠦᠷ᠎ᠡ ᠶ᠋ᠢ ᠦᠷᠡᠵᠢᠭᠦᠯᠦᠨ ᠪᠣᠢᠵᠢᠭᠤᠯᠬᠤ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠤᠬᠠᠶ ᠵᠢᠯᠣᠭᠣᠳᠭᠤ ᠰᠠᠨᠠᠯ ᠤ᠋ᠨ ᠢᠵᠢ ᠪᠥᠷᠢᠳᠦᠭ᠌ᠰᠡᠨ ᠨᠠᠷᠢᠨ ᠲᠦᠷᠢᠮ ᠢ᠋ ᠲᠣᠭ᠍ᠲᠠᠭᠠᠵᠤ᠂ ᠭᠤᠤᠯᠳᠠᠯᠭ᠎ᠠ ᠲᠠᠶ ᠠᠮᠢ ᠠᠬᠤᠶ ᠵᠢᠨ ᠣᠷᠣᠨ ᠪᠦᠰᠡ᠂ ᠲᠡᠵᠢᠭᠡᠯ ᠡᠪᠡᠰᠦᠨ ᠤ᠋ ᠭᠤᠤᠯ ᠭᠠᠷᠤᠯᠲᠠ ᠵᠢᠨ ᠣᠷᠣᠨ ᠳ᠋ᠤ ᠡᠪᠡᠰᠦᠨ ᠦᠷ᠎ᠡ ᠶ᠋ᠢ ᠦᠷᠡᠵᠢᠭᠦᠯᠦᠨ ᠪᠣᠢᠵᠢᠭᠤᠯᠬᠤ ᠬᠠᠮᠠᠭᠠᠯᠠᠯᠲᠠ ᠵᠢᠨ ᠣᠷᠣᠨ ᠢ᠋ ᠬᠤᠪᠢᠶᠠᠷᠢᠯᠠᠨ ᠲᠣᠭ᠍ᠲᠠᠭᠠᠬᠤ ᠵᠢᠨ ᠬᠠᠮᠲᠤ ᠢᠵᠢ ᠪᠥᠷᠢᠳᠦᠭ᠌ᠰᠡᠨ ᠰᠠᠭᠤᠷᠢ ᠪᠥᠲᠥᠭᠡᠨ ᠪᠠᠢᠭᠤᠯᠤᠯᠲᠠ ᠶ᠋ᠢ ᠲᠡᠭᠦᠯᠳᠡᠷᠵᠢᠭᠦᠯᠤᠨ᠂ ᠡᠪᠡᠰᠦᠨ ᠦᠷ᠎ᠡ ᠵᠢᠨ ᠦᠶ᠋ᠯᠡᠳᠪᠦᠷᠢᠯᠡᠯ ᠬᠠᠩᠭᠠᠯᠭ᠎ᠠ ᠶ᠋ᠢ ᠲᠣᠭ᠍ᠲᠠᠪᠤᠷᠢᠵᠢᠭᠤᠯᠤᠨᠠ; ᠤᠯᠤᠰ ᠤ᠋ᠨ ᠳᠤᠳᠤᠭᠠᠳᠤ ᠳ᠋ᠤ ᠪᠤᠢᠵᠢᠭᠤᠯᠤᠭᠰᠠᠨ ᠰᠢᠯᠢᠳᠡᠭ ᠡᠭᠦᠯᠳᠡᠷ ᠢ᠋ ᠪᠤᠢᠵᠢᠭᠤᠯᠬᠤ ᠳᠤᠬᠠᠢ ᠤᠷᠮᠠᠱᠢᠭᠤᠯᠬᠤ ᠲᠥᠯᠥᠪᠯᠡᠭᠡ ᠶ᠋ᠢ ᠬᠡᠷᠡᠭ᠌ᠵᠢᠭᠦᠯᠵᠦ᠍᠂ ᠲᠤᠰᠭᠠᠢ ᠰᠠᠭᠤᠷᠢ ᠮᠥᠩᠭᠥ᠌ ᠭᠠᠷᠭᠠᠵᠤ ᠂ ᠬᠢᠨᠠᠨ ᠱᠢᠯᠭᠠᠬᠤ ᠨᠥᠬᠥᠪᠥᠷᠢ ᠪᠡᠷ ᠳᠡᠯᠭᠡᠷᠡᠭᠦᠯᠬᠦ᠌ ᠶ᠋ᠢ ᠠᠬᠢᠭᠤᠯᠵᠤ᠂ ᠪᠣᠢᠵᠢᠭᠤᠯᠬᠤ ᠦᠷᠡᠵᠢᠭᠦᠯᠬᠦ᠌ ᠳᠡᠯᠭᠡᠷᠡᠭᠦᠯᠬᠦ᠌ ᠶ᠋ᠢ ᠨᠢᠭᠡ ᠴᠤᠭ᠍ᠴᠠᠵᠢᠭᠤᠯᠤᠨ᠂ ᠳᠠᠭᠠᠳᠭᠠᠯ ᠤ᠋ᠨ ᠨᠥᠬᠥᠪᠥᠷᠢ ᠪᠡᠷ ᠠᠵᠤ ᠠᠬᠤᠢᠯᠠᠯ ᠤ᠋ᠨ ᠦᠢᠯᠡᠳᠪᠦᠷᠢᠯᠡᠯ ᠤ᠋ᠨ ᠲᠦᠭ᠌ᠰᠢᠭᠦᠷᠢ ᠶ᠋ᠢ ᠠᠷᠢᠯᠭᠠᠨ᠎ᠠ; ᠡᠭᠦᠨ ᠤ᠋ ᠬᠠᠮᠲᠤ ᠡᠪᠡᠰᠦᠨ ᠤ᠋ ᠦᠶ᠋ᠯᠡᠰ ᠤ᠋ᠨ ᠠᠵᠤ ᠦᠶ᠋ᠯᠡᠰ ᠤ᠋ᠨ ᠬᠡᠯᠬᠢᠶ᠎ᠡ ᠶ᠋ᠢ ᠤᠷᠲᠤᠳᠭᠠᠵᠤ᠂ ᠠᠵᠤ ᠦᠶ᠋ᠯᠡᠰ ᠤ᠋ᠨ ᠨᠡᠮᠡᠯᠲᠡ ᠥᠷᠲᠡᠭ ᠢ᠋ ᠳᠡᠭᠡᠭ᠌ᠰᠢᠯᠡᠭᠦᠯᠦᠨᠡ》 ᠭᠡᠵᠤ ᠮᠧᠩ ᠼᠤᠤ ᠪᠦᠯᠦᠭ᠌ᠯᠡᠯ ᠤ᠋ᠨ ᠬᠠᠷᠢᠭᠤᠴᠠᠯᠭᠠᠳᠠᠨ ᠳᠠᠨᠢᠯᠴᠠᠭᠤᠯᠤᠨ᠎ᠠ᠃
2025 ᠣᠨ ᠳ᠋ᠤ᠂ ᠥᠪᠥᠷ ᠮᠣᠩᠭᠣᠯ ᠳ᠋ᠤ ᠡᠪᠦᠯᠵᠢᠬᠰᠡᠨ 16 ᠲᠦᠮᠡᠨ ᠤᠰᠤᠨ ᠤ᠋ ᠰᠢᠪᠠᠭᠤᠳ ᠢ᠋ ᠬᠢᠨᠠᠨ ᠬᠡᠮᠵᠢᠪᠡ᠃ ᠠᠮᠢ ᠠᠬᠤᠢ ᠵᠢᠨ ᠬᠠᠮᠠᠭᠠᠯᠠᠯᠲᠠ ᠶ᠋ᠢ ᠴᠢᠬᠤᠯᠠᠴᠢᠯᠠᠵᠤ ᠤᠯᠠᠨ ᠵᠢᠯ ᠴᠦᠬᠦᠷᠡᠰᠢ ᠦᠭᠡᠢ ᠵᠠᠰᠠᠨ ᠰᠡᠷᠭᠦᠭᠡᠭᠰᠡᠨ ᠵᠢᠡᠷ ᠦᠪᠦᠷ ᠮᠤᠩᠭᠤᠯ ᠨᠢ ᠨᠡᠭᠦᠳᠡᠯ ᠤ᠋ᠨ ᠰᠢᠪᠠᠭᠤᠳ ᠤ᠋ᠨ ᠡᠪᠦᠯᠵᠢᠶᠡᠨ ᠤ᠋ ᠨᠤᠳᠤᠭ ᠪᠤᠯᠵᠠᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠤᠯᠠᠭᠠᠨᠰᠤᠬᠠᠢ ᠵᠢᠨ ᠤᠰᠤᠨ ᠤ᠋ ᠲᠠᠯᠠᠪᠠᠶ 293 ᠲᠡᠭ᠌ᠰᠢ ᠳᠥᠷᠪᠡᠯᠵᠢᠨ ᠺᠢᠯᠣᠮᠧᠲ᠋ᠷ ᠲᠤ᠌ ᠲᠣᠭ᠍ᠲᠠᠪᠤᠷᠢᠵᠢᠵᠤ᠂ ᠨᠠᠭᠤᠷ ᠤ᠋ᠨ ᠲᠥᠪ ᠤ᠋ᠨ ᠣᠭ᠍ᠲᠣᠯᠤᠭᠠᠰᠤ ᠵᠢᠨ ᠤᠰᠤᠨ ᠤ᠋ ᠴᠢᠨᠠᠷ ᠢ᠋ ᠭᠠᠵᠠᠷ ᠤ᠋ᠨ ᠭᠠᠳᠠᠷᠭᠤ ᠵᠢᠨ ᠤᠰᠤᠨ ᠤ᠋ Ⅳᠲᠥᠷᠥᠯ ᠳ᠋ᠤ ᠲᠣᠭ᠍ᠲᠠᠪᠦᠷᠢᠵᠢᠭᠤᠯᠵᠤ᠂ ᠱᠢᠪᠠᠭᠤᠨ ᠤ᠋ ᠲᠥᠷᠥᠯ ᠵᠦᠶ᠋ᠯ 263 ᠪᠣᠯᠵᠣ᠂ ᠵᠢᠭᠠᠰᠤᠨ ᠤ᠋ ᠲᠥᠷᠥᠯ ᠵᠦᠶ᠋ᠯ 21 ᠪᠠᠢᠭ᠍ᠰᠠᠨ ᠡᠴᠡ ᠪᠡᠨ 29 ᠪᠣᠯᠵᠣ ᠨᠡᠮᠡᠭ᠌ᠳᠡᠨ᠂ 《ᠪᠣᠭᠣᠮᠲᠠ ᠵᠢᠨ ᠭᠠᠳᠠᠨᠠᠬᠢ ᠭᠡᠷᠡᠯᠲᠦ ᠰᠤᠪᠤᠳ》ᠨᠢ ᠮᠠᠨ ᠤ᠋ ᠤᠯᠤᠰ ᠤ᠋ᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢᠨ ᠴᠢᠬᠤᠯᠠ ᠲᠤᠯᠭᠠᠭᠤᠷᠢᠯᠠᠯ ᠪᠤᠯᠪᠠ᠃ 《2026 ᠣᠨ ᠳ᠋ᠤ᠂ ᠪᠢᠳᠡ ᠲᠠᠷᠢᠶᠠᠯᠠᠩ ᠤ᠋ᠨ ᠣᠯᠠᠨ ᠡᠬᠢᠲᠦ ᠪᠣᠬᠢᠷᠲᠤᠯ ᠤ᠋ᠨ 〈ᠳᠥᠷᠪᠡ ᠶ᠋ᠢ ᠡᠵᠡᠮᠳᠡᠵᠤ ᠬᠣᠶᠠᠷ ᠢ᠋ ᠵᠢᠷᠤᠮᠵᠢᠭᠤᠯᠬᠤ〉 ᠶ᠋ᠢ ᠦᠷᠭᠦᠯᠵᠢᠯᠡᠨ ᠠᠬᠢᠭᠤᠯᠬᠤ ᠵᠢᠨ ᠬᠠᠮᠲᠤ ᠬᠣᠲᠠ ᠪᠠᠯᠭᠠᠰᠤᠨ ᠤ᠋ ᠪᠣᠬᠢᠷ ᠤᠰᠤ ᠶ᠋ᠢ ᠲᠥᠪᠯᠡᠷᠡᠭᠦᠯᠦᠨ ᠱᠢᠶ᠋ᠳᠪᠦᠷᠢᠯᠡᠬᠦ᠌ ᠶ᠋ᠢ ᠭᠦᠨᠵᠡᠭᠡᠢᠷᠡᠭᠦᠯᠵᠦ᠍᠂ ᠳᠠᠬᠢᠯᠲᠠ ᠤᠰᠤ ᠶ᠋ᠢ ᠡᠷᠭᠢᠯᠳᠦᠭᠦᠯᠦᠨ ᠬᠡᠷᠡᠭ᠌ᠯᠡᠬᠦ᠌ ᠨᠣᠷᠮ᠎ᠠ ᠶ᠋ᠢ ᠴᠢᠨᠠᠭᠰᠢᠳᠠ ᠳᠡᠭᠡᠭ᠌ᠰᠢᠯᠡᠭᠦᠯᠬᠦ᠌ ᠵᠢᠨ ᠬᠠᠮᠲᠤ 〈ᠤᠮᠠᠷᠠᠲᠤ ᠵᠢᠨ ᠭᠤᠷᠪᠠᠨ ᠣᠷᠣᠨ〉 ᠤ᠋ ᠬᠠᠯᠬᠠᠪᠴᠢ ᠣᠶ ᠵᠢᠨ ᠪᠥᠲᠥᠭᠡᠨ ᠪᠠᠢᠭᠤᠯᠤᠯᠲᠠ ᠬᠢᠭᠡᠳ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠬᠠᠮᠲᠤ ᠳ᠋ᠤᠨᠢ ᠠᠬᠢᠭᠤᠯᠤᠨ᠂ ᠡᠯᠡᠰᠦ ᠮᠠᠩᠬᠠᠨ ᠤ᠋ ᠬᠥᠪᠡᠭᠡ ᠵᠠᠬ᠎ᠠ ᠶ᠋ᠢ ᠡᠮᠵᠢᠶᠡᠷᠢᠯᠡᠬᠦ ᠢᠨᠵᠧᠨᠧᠷᠢᠩ ᠢ᠋ ᠦᠷᠭᠦᠯᠵᠢᠯᠡᠨ ᠥᠷᠨᠢᠭᠦᠯᠵᠦ᠍᠂〈ᠡᠯᠡᠰᠦ ᠮᠠᠩᠬᠠᠨ ᠤ᠋ ᠬᠥᠪᠡᠭᠡ ᠵᠠᠬ᠎ᠠ ᠶ᠋ᠢ ᠡᠮᠵᠢᠶᠡᠷᠢᠯᠡᠬᠦ᠂ ᠤᠰᠤᠯᠠᠯᠲᠠ ᠵᠢᠨ ᠣᠷᠣᠨ ᠤ᠋ ᠡᠬᠢ ᠰᠤᠷᠪᠤᠯᠵᠢ ᠶ᠋ᠢ ᠡᠵᠡᠮᠳᠡᠬᠦ᠌᠂ ᠨᠠᠭᠤᠷ ᠤ᠋ᠨ ᠣᠷᠣᠨ ᠢ᠋ ᠵᠠᠰᠠᠨ ᠰᠡᠷᠭᠦᠭᠡᠬᠦ〉 ᠶ᠋ᠢ ᠪᠠᠲᠤᠳᠬᠠᠬᠤ ᠠᠮᠢ ᠠᠬᠤᠢ ᠵᠢᠨ ᠰᠠᠢᠨ ᠤᠷᠴᠢᠯ ᠢ᠋ ᠪᠤᠢ ᠪᠤᠯᠭᠠᠨ᠎ᠠ》 ᠭᠡᠵᠤ ᠪᠠᠶᠠᠨᠨᠠᠭᠤᠷ ᠬᠣᠲᠠ ᠵᠢᠨ ᠤᠯᠠᠭᠠᠨᠰᠤᠬᠠᠢ ᠠᠮᠢ ᠠᠬᠤᠶ ᠵᠢᠨ ᠬᠠᠮᠠᠭᠠᠯᠠᠯᠲᠠ ᠵᠢᠨ ᠲᠥᠪ ᠤ᠋ᠨ ᠡᠷᠬᠢᠯᠡᠭ᠌ᠴᠢ ᠪᠦᠦ ᠸᠧᠶ ᠬᠡᠯᠡᠨ᠎ᠠ᠃
ᠥᠪᠥᠷ ᠮᠣᠩᠭᠣᠯ ᠠᠮᠢ ᠠᠬᠤᠶ ᠵᠢᠨ ᠳᠠᠪᠠᠭᠤᠯᠢᠭ ᠢ᠋ ᠠᠵᠤ ᠠᠬᠤᠶ ᠵᠢᠨ ᠲᠠᠪᠠᠭᠤᠯᠢᠭ ᠪᠤᠯᠭᠠᠨ᠎ᠠ᠃ ᠬᠢᠩᠭᠠᠨ ᠠᠢᠮᠠᠭ ᠲᠤ᠌᠂ ᠨᠡᠢᠲᠡ ᠵᠢᠨ ᠠᠰᠠᠷᠠᠮᠵᠢ ᠵᠢᠨ ᠤᠢ ᠵᠢᠨ ᠠᠮᠢ ᠠᠬᠤᠢ ᠵᠢᠨ ᠦᠷ᠎ᠡ ᠠᠱᠢᠭ ᠤ᠋ᠨ ᠨᠥᠬᠥᠪᠥᠷᠢ ᠵᠡᠷᠭᠡ ᠨᠢ ᠨᠢᠭᠡᠨᠲᠡ ᠮᠠᠰᠢ ᠤᠯᠠᠨ ᠮᠠᠯᠴᠢᠨ ᠲᠠᠷᠢᠶᠠᠴᠢᠳ ᠤ᠋ᠨ ᠲᠣᠭ᠍ᠲᠠᠭᠤᠨ ᠣᠷᠣᠯᠭ᠎ᠠ ᠪᠣᠯᠪᠠ; ᠣᠨᠴᠠᠯᠢᠭ᠍ᠲᠤ ᠣᠢ ᠵᠢᠨ ᠵᠢᠮᠢᠰ ᠤ᠋ᠨ ᠦᠶ᠋ᠯᠡᠰ ᠪᠠ ᠤᠢ ᠵᠢᠨ ᠳᠤᠤᠷᠠᠬᠢ ᠠᠵᠤ ᠠᠬᠤᠶ ᠨᠢ ᠪᠠᠰᠠ ᠠᠷᠠᠳ ᠢ᠋ ᠪᠠᠶᠠᠵᠢᠭᠤᠯᠬᠤ ᠴᠢᠬᠤᠯᠠ ᠭᠠᠷᠳᠠᠴᠠ ᠪᠣᠯᠵᠠᠶ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠤᠢ ᠱᠢᠭᠤᠢ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠲᠤ᠌ ᠰᠠᠭᠤᠷᠢᠯᠠᠨ ᠪᠣᠬᠢᠷᠲᠤᠯ ᠦᠭᠡᠢ ᠬᠥᠭ᠌ᠵᠢᠯᠲᠡ ᠵᠢ ᠠᠬᠢᠭᠤᠯᠵᠤ᠂ ᠠᠵᠤ ᠦᠢᠯᠡᠰ ᠢ᠋ ᠬᠥᠭ᠌ᠵᠢᠭᠦᠯᠬᠦ᠌᠂ ᠠᠷᠠᠳ ᠤᠯᠠᠨ ᠢ᠋ ᠪᠠᠶᠠᠵᠢᠭᠤᠯᠬᠤᠵᠢᠨ ᠠᠷᠭ᠎ᠠ ᠭᠡᠯᠪᠠᠷᠢ ᠪᠤᠯᠭᠠᠵᠤ ᠪᠤᠢ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠳ᠋ᠤ 654.2 ᠲᠦᠮᠡᠨ ᠮᠥ᠍ ᠣᠢᠲᠤ ᠭᠠᠵᠠᠷ᠂ 1158.3 ᠲᠦᠮᠡᠨ ᠮᠥ᠍ ᠨᠤᠲᠤᠭ ᠪᠡᠯᠴᠢᠭᠡᠷ ᠲᠠᠢ ᠪᠠᠢᠵᠤ᠂ ᠠᠮᠢ ᠠᠬᠤᠶ ᠪᠡᠷ ᠰᠠᠭᠤᠷᠢ ᠪᠣᠯᠭᠠᠬᠤ᠂ ᠱᠢᠨ᠎ᠡ ᠶ᠋ᠢ ᠡᠭᠦᠳᠬᠦ᠌ ᠪᠡᠷ ᠬᠥᠳᠡᠯᠭᠡᠬᠦ᠌ ᠬᠦᠴᠦᠨ ᠪᠤᠯᠭᠠᠬᠤ᠂ ᠠᠭᠤᠰᠤᠯᠴᠠᠬᠤ ᠪᠡᠷ ᠴᠢᠭ᠌ᠯᠡᠯ ᠪᠣᠯᠭᠠᠬᠤ ᠶ᠋ᠢ ᠪᠠᠷᠢᠮᠲᠠᠯᠠᠵᠤ᠂ ᠨᠤᠮᠢᠨ ᠤᠰᠤ ᠬᠦᠬᠡᠮᠳᠦᠭ ᠠᠭᠤᠯᠠ ᠶ᠋ᠢ ᠦᠨᠡᠨ ᠬᠦ᠌ ᠴᠢᠨᠠᠷ ᠰᠠᠢᠲᠠᠶ ᠬᠥᠭ᠌ᠵᠢᠯᠲᠡ ᠵᠢᠨ ᠳᠡᠪᠢᠰᠭᠡᠷ ᠥᠩᠭᠡ ᠪᠣᠯᠭᠠᠪᠠ᠃ ᠣᠢᠵᠢᠭᠤᠯᠵᠤ ᠨᠣᠭᠣᠭᠠᠷᠠᠭᠤᠯᠬᠤ ᠣᠷᠣᠨ ᠵᠠᠶ ᠵᠢᠨ ᠪᠠᠢᠷᠢᠱᠢᠯ ᠢ᠋ ᠱᠢᠨᠵᠢᠯᠡᠬᠦ᠌ ᠤᠬᠠᠭᠠᠨᠴᠢ ᠪᠡᠷ ᠱᠢᠯᠢᠳᠡᠭ᠌ᠵᠢᠭᠦᠯᠤᠨ᠂ ᠦᠶ᠋ᠯᠡᠳᠪᠦᠷᠢᠯᠡᠯ ᠬᠢᠴᠢᠶᠡᠯ ᠰᠤᠳᠤᠯᠭᠠᠨ ᠢ᠋ ᠠᠭᠤᠰᠤᠯᠴᠠᠭᠤᠯᠤᠨ ᠬᠥᠭ᠌ᠵᠢᠭᠦᠯᠬᠦ᠌ ᠶ᠋ᠢ ᠭᠦᠨᠵᠡᠭᠡᠢᠷᠡᠭᠦᠯᠵᠦ᠍᠂ ᠣᠶ ᠱᠢᠭᠤᠶ ᠵᠢᠨ ᠡᠬᠢ ᠪᠠᠶᠠᠯᠢᠭ ᠲᠤ᠌ ᠰᠠᠭᠤᠷᠢᠯᠠᠨ ᠣᠶ ᠳᠤᠤᠷᠠᠬᠢ ᠡᠪᠡᠰᠤᠨ ᠡᠮ ᠤ᠋ᠨ ᠮᠠᠲ᠋ᠧᠷᠢᠶᠠᠯ᠂ ᠮᠥᠭᠥ ᠦᠷᠡᠵᠢᠭᠦᠯᠬᠦ᠌᠂ ᠴᠢᠴᠠᠷᠭᠠᠨ᠎ᠠ ᠶ᠋ᠢ ᠨᠠᠷᠢᠯᠢᠭ ᠡᠳ᠋ᠱᠢᠭᠦᠯᠬᠦ᠌ ᠵᠡᠷᠭᠡ ᠡᠵᠡᠩᠨᠡᠯᠲᠡ ᠵᠢᠨ ᠬᠡᠯᠪᠡᠷᠢ ᠵᠢ ᠬᠦᠭᠵᠢᠭᠦᠯᠵᠤ ᠪᠤᠢ᠃ 《2026 ᠣᠨ ᠳ᠋ᠤ᠂ ᠪᠢᠳᠡ ᠠᠵᠤ ᠦᠶ᠋ᠯᠡᠰ ᠢ᠋ ᠠᠮᠢ ᠠᠬᠤᠢᠵᠢᠭᠤᠯᠬᠤ ᠪᠡᠷ ᠪᠣᠬᠢᠷᠲᠤᠯ ᠥᠬᠡᠶ ᠲᠠᠢᠰᠢ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠵᠤ᠂ ᠣᠶ ᠳᠤᠤᠷᠠᠬᠢ ᠠᠵᠤ ᠠᠬᠤᠶ᠂ ᠣᠶ ᠵᠢᠨ ᠭᠠᠷᠤᠯᠲᠠ ᠶ᠋ᠢ ᠡᠳ᠋ᠱᠢᠭᠦᠯᠬᠦ᠌ ᠬᠢᠭᠡᠳ ᠤᠯᠠᠮᠵᠢᠯᠠᠯᠲᠤ ᠮᠠᠯ ᠠᠵᠤ ᠠᠬᠤᠶ ᠲᠠᠷᠢᠶᠠᠯᠠᠩ ᠢ᠋ ᠭᠦᠨᠵᠡᠭᠡᠶ ᠠᠭᠤᠰᠤᠯᠴᠠᠭᠤᠯᠬᠤ ᠶ᠋ᠢ ᠠᠬᠢᠭᠤᠯᠵᠤ᠂ ᠠᠮᠢ ᠠᠬᠤᠶ ᠵᠢᠨ ᠳᠠᠪᠠᠭᠤᠯᠢᠭ ᠢ᠋ ᠠᠷᠠᠳ ᠢ᠋ ᠪᠠᠶᠠᠵᠢᠭᠤᠯᠬᠤ ᠬᠥᠳᠡᠯᠭᠡᠬᠦ᠌ ᠬᠦᠴᠦᠨ ᠪᠤᠯᠭᠠᠵᠤ ᠬᠤᠪᠢᠷᠠᠭᠤᠯᠤᠨ᠎ᠠ》 ᠭᠡᠵᠤ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠣᠢᠵᠢᠭᠤᠯᠵᠤ ᠨᠣᠭᠣᠭᠠᠷᠠᠭᠤᠯᠬᠤ ᠲᠠᠰᠤᠭ ᠤ᠋ᠨ ᠳᠠᠷᠤᠭ᠎ᠠ ᠸᠧᠨ ᠶᠠᠨ ᠯᠢᠨ ᠢᠲᠡᠭᠡᠯ ᠲᠡᠭᠦᠯᠳᠡᠷ ᠬᠡᠯᠡᠨ᠎ᠡ᠃
ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠱᠢᠶ᠋ᠳᠪᠦᠷᠢᠯᠡᠬᠦ᠌ ᠪᠣᠯ ᠥᠪᠥᠷ ᠮᠣᠩᠭᠣᠯ ᠤ᠋ᠨ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠳᠤ ᠴᠤᠭᠴᠠᠯᠠᠬᠤᠵᠢᠨ ᠴᠢᠬᠤᠯᠠ ᠠᠭᠤᠯᠭ᠎ᠠ ᠮᠦᠨ᠃ 2025 ᠣᠨ ᠳ᠋ᠤ᠂ ᠥᠪᠥᠷ ᠮᠣᠩᠭᠣᠯ ᠥᠭᠡᠷᠡᠴᠢᠯᠡᠯᠲᠡ ᠵᠢᠨ ᠠᠷᠭ᠎ᠠ ᠪᠡᠷ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠱᠢᠢᠳᠪᠦᠷᠢᠯᠡᠬᠦ᠌ ᠶ᠋ᠢ ᠪᠠᠷᠢᠮᠲᠠᠯᠠᠵᠤ᠂《ᠪᠡᠯᠴᠢᠭᠡᠷᠯᠡᠭᠦᠯᠬᠦ᠌ ᠶ᠋ᠢ ᠴᠠᠭᠠᠵᠠᠯᠠᠭ᠍ᠰᠠᠨ ᠴᠤ᠌ ᠮᠠᠯᠵᠢᠬᠤ ᠶ᠋ᠢ ᠴᠠᠭᠠᠵᠠᠯᠠᠬᠤ ᠦᠭᠡᠢ》᠂ 《ᠮᠠᠯ ᠢ᠋ ᠴᠥᠭᠡᠳᠭᠡᠭ᠌ᠰᠡᠨ ᠴᠦ᠍ ᠤᠷᠤᠯᠭ᠎ᠠ ᠶ᠋ᠢ ᠪᠠᠭᠠᠰᠭᠠᠬᠤ ᠦᠭᠡᠢ》 ᠶ᠋ᠢ ᠪᠠᠷᠢᠮᠲᠠᠯᠠᠨ᠂ ᠬᠥᠮᠦᠨ᠂ ᠮᠠᠯ᠂ ᠡᠪᠡᠰᠦ ᠪᠡᠯᠴᠢᠭᠡᠷ ᠤ᠋ᠨ ᠵᠠᠩᠭᠢᠯᠠᠭ᠎ᠠ ᠵᠢᠨ ᠠᠰᠠᠭᠤᠳᠠᠯ ᠢ᠋ ᠴᠢᠩᠭ᠎ᠠ ᠠᠳᠭᠤᠵᠤ᠂ 《ᠰᠢᠯᠤᠭᠤᠳᠬᠠᠬᠤ᠂ ᠬᠠᠮᠢᠶᠠᠷᠬᠤ᠂ ᠱᠢᠯᠵᠢᠭᠦᠯᠬᠦ᠌》 ᠭᠤᠷᠪᠠ ᠶ᠋ᠢ ᠵᠡᠷᠭᠡ ᠪᠡᠷ ᠠᠳᠬᠤᠨ᠂ ᠨᠢᠭᠡ ᠭᠠᠵᠠᠷ ᠲᠤ᠌ ᠨᠢᠭᠡ ᠠᠷᠭ᠎ᠠ ᠪᠤᠳᠤᠯᠭ᠎ᠠ ᠬᠡᠷᠡᠭᠵᠢᠬᠦᠯᠬᠦ ᠪᠡᠷ ᠳᠠᠮᠵᠢᠨ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ᠱᠢᠢᠳᠪᠦᠷᠢᠯᠡᠬᠦ᠌ ᠥᠪᠥᠷ ᠮᠣᠩᠭᠣᠯ ᠤ᠋ᠨ《ᠤᠨᠴᠠ ᠵᠣᠷ》ᠢ᠋ ᠰᠦᠪᠡᠭ᠌ᠴᠢᠯᠡᠨ ᠪᠦᠷᠢᠯᠳᠦᠭᠦᠯᠪᠡ᠃ ᠪᠥᠬᠥ᠌ ᠣᠷᠣᠨ ᠤ᠋ 102 ᠭᠠᠵᠠᠷ ᠣᠷᠣᠨ ᠪᠠ ᠨᠢᠭᠡᠴᠢ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠱᠢᠶ᠋ᠳᠪᠦᠷᠢᠯᠡᠬᠦ᠌ ᠶ᠋ᠢ ᠪᠥᠬᠥ᠌ ᠲᠠᠯ᠎ᠠ ᠪᠡᠷ ᠬᠡᠷᠡᠭ᠌ᠵᠢᠭᠦᠯᠵᠦ᠍᠂ ᠪᠠᠢᠭᠠᠯᠢ ᠵᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ ᠶ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠤᠨ᠂ ᠶᠡᠷᠦᠩᠬᠡᠶᠳᠡᠭᠡᠨ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠥᠬᠡᠶ ᠪᠠᠢᠬᠤ ᠶ᠋ᠢ ᠪᠡᠶᠡᠯᠡᠭᠦᠯᠪᠡ᠃ 2995.6 ᠲᠦᠮᠡᠨ ᠮᠦ᠍ ᠮᠠᠭᠤᠵᠢᠷᠠᠭ᠍ᠰᠠᠨ ᠨᠤᠲᠤᠭ ᠪᠡᠯᠴᠢᠭᠡᠷ ᠢ᠋ ᠵᠠᠰᠠᠨ ᠰᠡᠷᠭᠦᠭᠡᠵᠤ᠂ ᠪᠦᠬᠦ᠌ ᠣᠷᠣᠨ ᠤ᠋ ᠲᠡᠵᠢᠭᠡᠯ ᠡᠪᠡᠰᠦ ᠬᠠᠩᠭᠠᠬᠤ ᠴᠢᠳᠠᠪᠤᠷᠢ ᠶ᠋ᠢ 7700 ᠲᠦᠮᠡᠨ ᠲᠣᠨ ᠡᠴᠡ ᠳᠠᠪᠠᠭᠤᠯᠵᠤ᠂ ᠪᠠᠢᠭᠠᠯᠢ ᠵᠢᠨ ᠨᠤᠲᠤᠭ ᠪᠡᠯᠴᠢᠭᠡᠷ ᠤ᠋ᠨ ᠳᠠᠷᠤᠭᠠᠰᠤ ᠶ᠋ᠢ ᠪᠦᠲᠦᠮᠵᠢᠲᠡᠶ ᠪᠠᠭᠠᠰᠬᠠᠪᠠ᠃ 《ᠠᠵᠤ ᠦᠢᠯᠡᠰ ᠤ᠋ᠨ ᠠᠭᠤᠰᠤᠯᠴᠠᠯ ᠢ᠋ ᠠᠬᠢᠭᠤᠯᠵᠤ᠂ ᠡᠪᠡᠰᠦᠨᠦ ᠦᠢᠯᠡᠰ᠂ ᠮᠠᠯ ᠠᠵᠤ ᠠᠬᠤᠢ ᠪᠣᠯᠤᠨ ᠰᠦᠵᠢᠨᠦᠢᠯᠡᠰ ᠤ᠋ᠨ ᠠᠭᠤᠰᠤᠯᠴᠠᠨ ᠬᠥᠭ᠌ᠵᠢᠬᠦ᠌ ᠵᠢᠱ᠌ᠢᠢᠡ ᠦᠵᠡᠭᠦᠯᠬᠦ᠌ ᠣᠷᠣᠨ ᠢ᠋ ᠪᠦᠳᠦᠭᠡᠨ ᠪᠠᠢᠭᠤᠯᠤᠨ᠂ 〈ᠠᠮᠢ ᠠᠬᠤᠢ ᠶ᠋ᠢ ᠵᠠᠰᠠᠨ ᠰᠡᠷᠭᠦᠭᠡᠬᠦ᠌ — ᠡᠪᠡᠰᠦᠨ ᠦᠷ᠎ᠡ ᠶ᠋ᠢ ᠪᠣᠢᠵᠢᠭᠤᠯᠬᠤ — ᠡᠪᠡᠰᠦ ᠪᠣᠷᠳᠣᠭ᠎ᠠ ᠵᠢᠨ ᠦᠢᠯᠡᠳᠪᠦᠷᠢᠯᠡᠯ — ᠮᠠᠯ ᠤᠨᠤᠭ᠎ᠠ ᠵᠢ ᠲᠡᠵᠢᠭᠡᠨ ᠦᠷᠡᠵᠢᠭᠦᠯᠬᠦ᠌〉ᠡᠷᠬᠢᠯᠳᠡᠳᠤ ᠬᠥᠭ᠌ᠵᠢᠯᠲᠡ ᠵᠢᠨ ᠵᠠᠭ᠍ᠪᠤᠷ ᠢ᠋ ᠬᠠᠢᠨ ᠰᠦᠪᠡᠭ᠌ᠴᠢᠯᠡᠵᠦ᠍᠂ 〈 ᠰᠢᠷᠬᠡᠭ ᠡᠪᠡᠰᠦ 〉 ᠪᠡᠷ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯᠤᠨ ᠬᠠᠮᠲᠤ ᠪᠡᠷ ᠠᠱᠢᠭ ᠬᠦᠷᠳᠡᠬᠦ᠌ ᠶ᠋ᠢ ᠲᠤᠯᠭᠠᠭᠤᠷᠢᠯᠠᠬᠤ ᠶ᠋ᠢ ᠪᠡᠶᠡᠯᠡᠭᠦᠯᠤᠨ᠎ᠡ》ᠭᠡᠵᠦ᠍ ᠮᠧᠩ ᠼᠤᠤ ᠪᠦᠯᠦᠭ᠌ᠯᠡᠯ ᠤ᠋ᠨ ᠬᠠᠷᠢᠭᠤᠴᠠᠯᠭᠠᠳᠠᠨ ᠬᠡᠯᠡᠯ᠎ᠠ᠃