ᠤᠰᠤ ᠲᠠᠳᠠᠵᠤ ᠭᠡᠷᠡᠭᠯᠡᠬᠦ ᠳ᠋ᠡᠭᠡᠨ ᠬᠠᠤᠯᠢ ᠲᠦᠷᠢᠮ ᠢ᠋ ᠵᠢᠷᠤᠮᠯᠠᠶ᠎ᠠ
2026-04-13 18:59:09
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠰᠤ ᠲᠠᠲᠠᠵᠤ ᠬᠡᠷᠡᠭᠯᠡᠬᠦ ᠠᠵᠢᠯᠯᠠᠭ᠎ᠠ ᠵᠢ ᠪᠦᠲᠦᠮᠵᠢᠲᠡᠢ ᠵᠢᠷᠤᠮᠵᠢᠭᠤᠯᠵᠤ᠂ ᠤᠰᠤᠨ ᠤ᠋ ᠠᠮᠤᠷ ᠲᠦᠪᠰᠢᠨ ᠢ᠋ ᠦᠨᠡᠨ ᠬᠦ᠌ ᠪᠠᠲᠤᠯᠠᠬᠤ ᠪᠤᠯ ᠤᠳᠤᠬᠠᠨ ᠤ᠋ ᠳᠤᠯᠭᠠᠮ ᠱᠠᠭᠠᠷᠳᠠᠯᠭ᠎ᠠ


ᠤᠰᠤ ᠪᠣᠯ ᠠᠮᠢ ᠵᠢᠨ ᠡᠬᠢ ᠭᠡᠯᠳᠡᠢ᠂ ᠪᠠᠰᠠ ᠴᠤ᠌ ᠠᠵᠤ ᠠᠬᠤᠢ ᠨᠡᠢᠭᠡᠮ ᠤ᠋ᠨ ᠬᠥᠭᠵᠢᠯᠲᠡ ᠵᠢᠨ ᠰᠠᠭᠤᠷᠢ ᠴᠢᠨᠠᠷᠲᠠᠢ ᠡᠬᠢ ᠪᠠᠶᠠᠯᠢᠭ ᠪᠤᠯᠬᠤ ᠶᠤᠮ᠃ ᠥᠪᠥᠷ ᠮᠣᠩᠭᠣᠯ ᠤ᠋ᠨ ᠣᠢᠷ᠎ᠠ ᠳ᠋ᠤ᠌ ᠡᠬᠢᠯᠡᠭᠦᠯᠦᠭᠰᠡᠨ ᠲᠣᠭᠲᠠᠭᠠᠯ ᠡᠴᠡ ᠵᠥᠷᠢᠴᠡᠨ ᠤᠰᠤ ᠳᠠᠳᠠᠵᠤ ᠬᠡᠷᠡᠭᠯᠡᠬᠦ ᠵᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠨᠢ ᠰᠢᠨ᠎ᠡ ᠴᠠᠭ ᠦᠶ᠎ᠡ ᠵᠢᠨ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠵᠢᠨ ᠲᠤᠯᠭᠠᠮ ᠴᠢᠨᠠᠷ ᠬᠢᠭᠡᠳ ᠬᠠᠤᠯᠢᠵᠢᠭᠰᠠᠨ ᠠᠷᠭ᠎ᠠ ᠵᠠᠮ ᠢ᠋ ᠢᠯᠡᠷᠡᠭᠦᠯᠵᠤ ᠪᠠᠢᠯ᠎ᠠ᠃

ᠲᠦᠷᠢᠮ ᠳᠤᠭᠳᠠᠭᠠᠯ ᠢ᠋ ᠪᠠᠳᠤ ᠰᠠᠬᠢᠵᠤ᠂ ᠬᠤᠷᠢᠭ᠎ᠠ ᠱᠤᠭᠤᠮ ᠡᠴᠡ ᠲᠡᠪᠠᠬᠤ᠎ᠵᠢ ᠡᠷᠡᠰ ᠲᠠᠪᠴᠢᠬᠦ ᠭᠡᠷᠡᠭᠳᠡᠢ᠃ ᠪᠠᠢᠷᠢᠯᠠᠭᠤᠯᠤᠯᠲᠠ ᠵᠢ ᠦᠨᠳᠦᠰᠦᠯᠡᠪᠡᠯ᠂ ᠡᠨᠡ ᠬᠦ᠌ ᠲᠣᠭᠲᠠᠭᠠᠯ ᠡᠴᠡ ᠵᠥᠷᠢᠴᠡᠨ ᠤᠰᠤ ᠳᠠᠳᠠᠵᠤ ᠬᠡᠷᠡᠭᠯᠡᠬᠦ ᠵᠢ ᠴᠡᠭᠴᠡᠯᠡᠨ ᠵᠠᠰᠠᠬᠤ ᠳᠤᠰᠬᠠᠢ ᠠᠵᠢᠯᠯᠠᠭ᠎ᠠ᠎ᠵᠢᠨ ᠣᠨᠴᠠᠯᠢᠭ ᠨᠢ ᠢᠯᠡ ᠲᠣᠳᠣᠷᠬᠠᠢ᠃ ᠳᠠᠷᠤᠢ ᠠᠵᠤ ᠦᠢᠯᠡᠳᠪᠦᠷᠢ᠂ ᠲᠠᠷᠢᠶᠠᠯᠠᠩ ᠦᠢᠯᠡᠳᠪᠦᠷᠢᠯᠡᠯ᠂ ᠦᠢᠯᠡᠴᠢᠯᠡᠭᠡᠨ ᠤ᠋ ᠦᠢᠯᠡᠰ ᠵᠢᠴᠢ ᠬᠣᠲᠠ ᠪᠠᠯᠭᠠᠰᠤᠨ ᠤ᠋ ᠠᠮᠢᠳᠤᠷᠠᠯ ᠵᠡᠷᠭᠡ ᠪᠣᠢ ᠪᠦᠬᠦᠢ ᠤᠰᠤ ᠲᠠᠲᠠᠵᠤ ᠬᠡᠷᠡᠭᠯᠡᠬᠦ ᠠᠵᠢᠯ ᠲᠥᠷᠥᠯ ᠢ᠋ ᠴᠥᠮ ᠵᠢᠭᠰᠠᠭᠠᠨ ᠪᠠᠢᠴᠠᠭᠠᠬᠤ ᠬᠡᠪᠴᠢᠶᠡᠨ ᠳ᠋ᠦ᠍ ᠣᠷᠣᠭᠤᠯᠪᠠ ; ᠵᠥᠪᠰᠢᠶᠡᠷᠡᠯ ᠦᠭᠡᠢ ᠪᠡᠷ ᠳᠤᠷ᠎ᠠ ᠪᠠᠷ ᠵᠢᠠᠨ ᠤᠰᠤ ᠲᠠᠲᠠᠬᠤ ᠵᠡᠷᠭᠡ ᠳᠣᠪᠣᠢᠮ᠎ᠠ ᠠᠰᠠᠭᠤᠳᠠᠯ ᠳ᠋ᠤ᠌ ᠠᠩᠬᠠᠷᠤᠯ ᠵᠢᠠᠨ ᠬᠠᠨᠳᠤᠭᠤᠯᠵᠤ᠂ ᠬᠠᠤᠯᠢ ᠡᠴᠡ ᠵᠥᠷᠢᠴᠡᠭᠰᠡᠨ ᠠᠵᠢᠯᠯᠠᠭ᠎ᠠ ᠵᠢ ᠤᠭᠳᠤᠬᠠᠨ ᠴᠦ᠍ ᠠᠭᠤᠴᠢᠯᠠᠬᠤ ᠦᠭᠡᠢ ᠴᠢᠩᠭ᠎ᠠ ᠬᠠᠲᠠᠭᠤ ᠣᠪᠣᠷ ᠵᠢᠠᠨ ᠲᠤᠳᠤᠷᠠᠭᠤᠯᠪᠠ ; ᠬᠠᠮᠵᠢᠯᠴᠠᠨ ᠠᠵᠢᠯᠯᠠᠬᠤ  ᠵᠢ ᠴᠢᠩᠭᠠᠳᠬᠠᠵᠤ᠂ ᠵᠠᠰᠠᠭ ᠵᠠᠬᠢᠷᠭᠠᠨ ᠤ᠋ ᠬᠢᠨᠠᠯᠲᠠ ᠲᠠᠯᠪᠢᠬᠤ ᠪᠠ ᠬᠠᠤᠯᠢ ᠴᠠᠭᠠᠵᠠ ᠵᠢᠨ ᠪᠠᠲᠤᠯᠠᠭ᠎ᠠ ᠵᠢᠨ ᠬᠠᠮᠲᠤᠷᠠᠯ ᠬᠦᠴᠦᠨ ᠢ᠋ ᠪᠦᠷᠢᠯᠳᠦᠭᠦᠯᠵᠦ᠂ ᠠᠯᠢ ᠣᠯᠠᠨ ᠪᠢᠳᠡᠭᠦᠦ ᠬᠡᠯᠬᠢᠶᠡᠳᠤ ᠲᠣᠭᠲᠠᠴᠠ ᠪᠠᠷ ᠳᠠᠮᠵᠢᠨ 《ᠨᠢᠭᠡ ᠤᠳᠠᠭ᠎ᠠ ᠬᠠᠤᠯᠢ ᠡᠴᠡ ᠵᠥᠷᠢᠴᠡᠪᠡᠯ ᠤᠳᠠᠭ᠎ᠠ ᠪᠣᠯᠭᠠᠨ ᠳ᠋ᠤ᠌ ᠬᠦᠯᠢᠶᠡᠰᠦᠯᠡᠭᠳᠡᠭᠦ》 ᠤᠷᠲᠤ ᠬᠤᠭᠤᠴᠠᠭᠠᠨ ᠤ᠋ ᠪᠦᠲᠦᠮᠵᠢᠲᠡᠢ ᠬᠢᠨᠠᠨ ᠬᠠᠮᠢᠶᠠᠷᠬᠤ ᠰᠢᠰᠲ᠋ᠸᠮ ᠢ᠋ ᠪᠠᠢᠭᠤᠯᠪᠠ᠃

ᠤᠰᠤᠨ ᠤ᠋ ᠡᠬᠢ ᠪᠠᠶᠠᠯᠢᠭ ᠤ᠋ᠨ ᠬᠠᠮᠠᠭᠠᠯᠠᠯᠲᠠ ᠬᠠᠮᠢᠶᠠᠷᠤᠯᠲᠠ ᠨᠢᠭᠡᠨᠲᠡ ᠰᠢᠰᠲ᠋ᠧᠮ ᠲᠡᠢ ᠵᠠᠰᠠᠯᠲᠠ ᠬᠢᠬᠦ᠂ ᠬᠠᠤᠯᠢ ᠶᠣᠰᠣᠭᠠᠷ ᠴᠢᠩᠭ᠎ᠠ ᠬᠠᠮᠢᠶᠠᠷᠬᠤ ᠰᠢᠨ᠎ᠡ ᠱᠠᠲᠤᠨ ᠳ᠋ᠤ᠌ ᠣᠷᠣᠭᠰᠠᠨ ᠪᠠᠢᠨ᠎ᠠ᠃ ᠡᠨᠡ ᠨᠢ ᠲᠧᠭᠨᠢᠭ ᠮᠡᠷᠭᠡᠵᠢᠯ ᠪᠤᠶᠤ ᠢᠨᠵᠧᠨᠧᠷᠢᠩ ᠤ᠋ᠨ ᠠᠰᠠᠭᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ᠌ ᠳᠦᠷᠢᠮ ᠳᠤᠭᠳᠠᠭᠠᠯ᠂ ᠬᠠᠤᠯᠢ ᠴᠠᠭᠠᠵᠠ ᠬᠢᠭᠡᠳ ᠬᠡᠷᠡᠭᠵᠢᠭᠦᠯᠦᠯᠲᠡ ᠳ᠋ᠦ᠍ ᠬᠣᠯᠪᠣᠭᠳᠠᠬᠰᠠᠨ ᠨᠡᠢᠭᠡᠮ ᠤ᠋ᠨ ᠵᠠᠰᠠᠯᠲᠠ ᠵᠢᠨ ᠠᠰᠠᠭᠤᠳᠠᠯ ᠪᠣᠯᠪᠠ᠃ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠨᠠᠢᠳᠠᠪᠤᠷᠢᠵᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠵᠢ ᠴᠢᠩᠭᠠᠳᠬᠠᠬᠤ ᠵᠢᠨ ᠬᠠᠮᠲᠤ ᠦᠨᠡᠨᠴᠢ ᠢᠲᠡᠭᠡᠮᠵᠢ ᠵᠢᠨ ᠵᠠᠯᠬᠠᠭᠠᠨ ᠴᠡᠭᠡᠷᠯᠡᠭᠦᠯᠬᠦ ᠵᠡᠷᠭᠡ ᠣᠳᠣᠬᠢᠴᠢᠯᠠᠭᠰᠠᠨ ᠵᠠᠰᠠᠯᠳᠠ ᠵᠢ ᠠᠰᠢᠭᠯᠠᠵᠤ᠂ ᠤᠰᠤ ᠲᠠᠲᠠᠵᠤ ᠬᠡᠷᠡᠭᠯᠡᠬᠦ ᠠᠵᠢᠯᠯᠠᠭ᠎ᠠ ᠵᠢ ᠪᠦᠲᠦᠮᠵᠢᠲᠡᠢ ᠵᠢᠷᠤᠮᠵᠢᠭᠤᠯᠵᠤ᠂ ᠤᠰᠤᠨ ᠤ᠋ ᠡᠬᠢ ᠪᠠᠶᠠᠯᠢᠭ ᠲᠣᠲᠠᠭᠳᠠᠬᠤ ᠳᠠᠷᠤᠭᠠᠰᠤ ᠵᠢ ᠬᠦᠡᠭᠭᠡᠷᠡᠬᠦᠯᠤᠨ᠂ ᠤᠰᠤᠨ ᠤ᠋ ᠠᠮᠤᠷ ᠲᠦᠪᠰᠢᠨ ᠢ᠋ ᠦᠨᠡᠨ ᠬᠦ᠌ ᠪᠠᠲᠤᠯᠠᠬᠤ ᠪᠤᠯ ᠤᠳᠤᠬᠠᠨ ᠤ᠋ ᠳᠤᠯᠭᠠᠮ ᠱᠠᠭᠠᠷᠳᠠᠯᠭ᠎ᠠ ᠪᠤᠯᠬᠤ ᠨᠢ ᠢᠯᠡᠭᠡᠨ᠃

ᠤᠰᠤ ᠪᠤᠯ ᠠᠮᠢ ᠨᠠᠰᠤᠨ ᠤ᠋ ᠡᠬᠢ᠂ ᠠᠮᠢᠳᠤᠷᠠᠯ ᠦᠢᠯᠡᠳᠪᠦᠷᠢᠯᠡᠯ ᠤ᠋ᠨ ᠬᠡᠷᠡᠭᠴᠡᠭᠡ᠂ ᠠᠮᠢ ᠠᠬᠤᠢ ᠵᠢᠨ ᠰᠠᠭᠤᠷᠢ ᠪᠤᠯᠬᠤ ᠨᠢ ᠭᠠᠷᠴᠠᠭ᠎ᠠ ᠦᠭᠡᠢ᠃ ᠤᠰᠤᠨ ᠤ᠋ ᠡᠬᠢ ᠪᠠᠶᠠᠯᠢᠭ ᠤ᠋ᠨ ᠬᠠᠮᠠᠭᠠᠯᠠᠯᠲᠠ ᠬᠠᠮᠢᠶᠠᠷᠤᠯᠳᠠ ᠳ᠋ᠤ ᠲᠤᠰᠬᠠᠢ ᠲᠥᠪᠯᠡᠷᠡᠭᠦᠯᠦᠨ ᠴᠡᠭᠴᠡᠯᠡᠨ ᠵᠠᠰᠠᠯᠲᠠ ᠬᠢᠬᠦ ᠴᠢᠬᠤᠯᠠᠳᠠᠢ ᠮᠦᠷᠳᠡᠭᠡᠨ ᠦᠷᠬᠦᠯᠵᠢᠯᠡᠨ ᠪᠠᠢᠩᠭᠤ ᠵᠢᠨ ᠴᠢᠨᠠᠷᠳᠠᠢ ᠬᠢᠨᠠᠨ ᠬᠠᠮᠢᠶᠠᠷᠤᠯᠲᠠ ᠬᠢᠭᠦ ᠨᠢ ᠨᠡᠩ ᠴᠢᠬᠤᠯᠠᠳᠠᠢ ᠪᠠᠢᠭ᠎ᠠ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号