ᠥᠪᠥᠷ ᠮᠣᠩᠭᠣᠯ ᠤ᠋ᠨ ᠶᠡᠬᠡᠩᠬᠢ ᠭᠠᠵᠠᠷ ᠲᠤ᠌ ᠪᠤᠷᠤᠭᠠᠨ ᠴᠠᠰᠤ ᠤᠷᠤᠨ᠎ᠠ
2026-04-13 09:54:26
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠬᠦᠢᠲᠡᠨ ᠲᠤᠯᠠᠭᠠᠨ ᠠᠭᠠᠷ ᠤ᠋ᠨ ᠬᠠᠮᠳᠤ ᠵᠢᠨ ᠨᠦᠯᠦᠭᠡᠯᠡᠯ ᠢ᠋ᠢᠡᠷ 4 ᠰᠠᠷ᠎ᠠ ᠢ᠋ᠢᠨ 15 — 16᠎ᠤ᠋ ᠡᠳᠦᠷ ᠪᠣᠯᠲᠠᠯ᠎ᠠ ᠦᠪᠦᠷ ᠮᠤᠡᠭᠭᠤᠯ ᠳ᠋ᠤ ᠨᠡᠢᠳᠡᠮ ᠪᠣᠷᠣᠭᠠᠨ ᠴᠠᠰᠤ ᠤᠷᠤᠵᠤ᠂ ᠶᠡᠬᠡ ᠰᠠᠯᠬᠢ ᠰᠠᠯᠬᠢᠯᠡᠨ᠂ ᠠᠭᠠᠷ ᠤ᠋ᠨ ᠳᠤᠯᠠᠭᠠᠨ ᠪᠠᠭᠤᠷᠠᠨ᠎ᠠ᠃

4 ᠰᠠᠷ᠎ᠠ ᠢ᠋ᠢᠨ 15 — 16᠎ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠲᠤ᠌ ᠪᠠᠭ᠎ᠠ ᠪᠣᠷᠣᠭᠠᠨ᠂ ᠪᠠᠭ᠎ᠠ ᠴᠠᠰᠤ ᠪᠤᠶᠤ ᠪᠣᠷᠣᠭᠠᠨ ᠴᠠᠰᠤ ᠬᠣᠯᠢᠯᠳᠤᠨ ᠣᠷᠣᠨ᠎ᠠ᠃ ᠡᠭᠦᠨ ᠳ᠋ᠤ᠂ ᠣᠷᠳᠣᠰ ᠬᠣᠲᠠ ᠢ᠋ᠢᠨ ᠡᠮᠦᠨ᠎ᠠ ᠪᠡᠶ᠎ᠠ᠂ ᠪᠤᠭᠤᠲᠤ ᠬᠣᠲᠠ ᠢ᠋ᠢᠨ ᠵᠡᠭᠦᠨ ᠬᠣᠢᠲᠤ ᠪᠡᠶ᠎ᠠ᠂ ᠤᠯᠠᠭᠠᠨᠴᠠᠪ ᠬᠣᠲᠠ ᠢ᠋ᠢᠨ ᠡᠮᠦᠨ᠎ᠠ ᠪᠡᠶ᠎ᠠ᠂ ᠱᠢᠯᠢ ᠢ᠋ᠢᠨ ᠭᠤᠤᠯ ᠠᠢᠮᠠᠭ ᠤ᠋ᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ ᠢ᠋ᠢᠨ ᠬᠡᠰᠡᠭ ᠭᠠᠵᠠᠷ ᠲᠤ᠌ ᠳᠤᠮᠳᠠ ᠵᠡᠷᠭᠡ ᠢ᠋ᠢᠨ ᠪᠣᠷᠣᠭᠠᠨ ᠪᠤᠶᠤ ᠪᠤᠷᠤᠭᠠᠨ ᠴᠠᠰᠤ ᠬᠣᠯᠢᠯᠳᠤᠨ ᠣᠷᠣᠵᠤ᠂ ᠬᠥᠯᠥᠨ ᠪᠣᠢᠷ ᠬᠣᠲᠠ ᠢ᠋ᠢᠨ ᠬᠣᠢᠲᠤ ᠬᠡᠰᠡᠭ᠎ᠲᠦ ᠳᠤᠮᠳᠠ ᠵᠡᠷᠭᠡ ᠢ᠋ᠢᠨ ᠴᠠᠰᠤ ᠣᠷᠣᠵᠤ᠂ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠠ 10 — 25 ᠮᠢᠯᠢᠮᠧᠲ᠋ᠷ ᠬᠦᠷᠦᠨ᠎ᠠ᠃

4 ᠰᠠᠷ᠎ᠠ ᠢ᠋ᠢᠨ 15 — 16 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠲᠤ᠌ ᠪᠠᠷᠠᠭᠤᠨ ᠪᠤᠶᠤ ᠡᠮᠦᠨ᠎ᠠ ᠡᠴᠡ 4 — 5 ᠲᠠᠰ᠂ ᠣᠬᠣᠷ ᠬᠤᠭᠤᠴᠠᠭᠠᠨ ᠳ᠋ᠤ 7 ᠲᠠᠰ ᠤ᠋ᠨ ᠶᠡᠬᠡ ᠰᠠᠯᠬᠢ ᠰᠠᠯᠬᠢᠯᠠᠵᠤ᠂ ᠪᠠᠷᠠᠭᠤᠨ ᠪᠡᠶ᠎ᠠ ᠢ᠋ᠢᠨ ᠪᠠᠷᠠᠭᠤᠨ ᠬᠡᠰᠡᠭ᠂ ᠳᠤᠮᠳᠠ ᠪᠡᠶ᠎ᠠ ᠢ᠋ᠢᠨ ᠬᠣᠢᠲᠤ ᠬᠡᠰᠡᠭ᠂ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠤ᠋ᠨ ᠵᠠᠷᠢᠮ ᠭᠠᠵᠠᠷ ᠲᠤ᠌ 8 ᠲᠠᠰ ᠡᠴᠡ ᠳᠡᠭᠡᠭ᠌ᠰᠢᠬᠢ ᠶᠡᠬᠡ ᠰᠠᠯᠬᠢ ᠰᠠᠯᠬᠢᠯᠡᠨ᠂ ᠪᠠᠷᠠᠭᠤᠨ ᠪᠡᠶ᠎ᠠ ᠢ᠋ᠢᠨ ᠪᠠᠷᠠᠭᠤᠨ ᠬᠡᠰᠡᠭ ᠤ᠋ᠨ ᠵᠠᠷᠢᠮ ᠭᠠᠵᠠᠷ ᠲᠤ᠌ ᠡᠯᠡᠰᠤ ᠲᠤᠭᠤᠰᠤ ᠳᠡᠭ᠌ᠳᠡᠨ᠎ᠡ᠃ ᠡᠬᠦᠨ ᠳ᠋ᠤ 4 ᠰᠠᠷ᠎ᠠ ᠢ᠋ᠢᠨ 16᠎ᠤ᠋ ᠡᠳᠦᠷ᠂ ᠦᠪᠦᠷ ᠮᠤᠡᠭᠭᠤᠯ ᠤ᠋ᠨ ᠪᠠᠷᠠᠭᠤᠨ ᠪᠡᠶ᠎ᠡ ᠢ᠋ᠢᠨ ᠵᠡᠭᠦᠨ ᠬᠡᠰᠡᠭ᠂ ᠳᠤᠮᠳᠠ ᠪᠡᠶ᠎ᠠ᠂ ᠵᠡᠭᠦᠨ ᠪᠡᠶ᠎ᠡ ᠢ᠋ᠢᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 4 — 8 ᠭᠷᠠᠳᠦ᠋ᠰ ᠪᠠᠭᠤᠷᠠᠵᠤ᠂ ᠳᠤᠮᠳᠠ ᠪᠡᠶ᠎ᠡ ᠢ᠋ᠢᠨ ᠪᠠᠷᠠᠭᠤᠨ ᠬᠣᠢᠲᠤ ᠬᠡᠰᠡᠭ ᠪᠤᠯᠤᠨ ᠵᠡᠭᠦᠨ ᠪᠡᠶ᠎ᠡ ᠢ᠋ᠢᠨ ᠡᠮᠦᠨ᠎ᠡ ᠬᠡᠰᠡᠭ ᠤ᠋ᠨ ᠵᠠᠷᠢᠮ ᠭᠠᠵᠠᠷ ᠤ᠋ᠨ ᠠᠭᠠᠷ ᠤ᠋ᠨ ᠳᠤᠯᠠᠭᠠᠨ 8 — 10 ᠭᠷᠠᠳᠦ᠋ᠰ ᠪᠠᠭᠤᠷᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号