ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠮ ᠤ᠋ᠨ ᠵᠦᠢᠯᠡᠰ ᠢ᠋ ᠬᠢᠨᠡᠨ ᠦᠨᠡᠯᠡᠬᠦ ᠲᠦᠪ (ᠤᠯᠤᠰ ᠤ᠋ᠨ ᠡᠮ ᠤ᠋ᠨ ᠵᠦᠢᠯᠡᠰ ᠤ᠋ᠨ ᠬᠠᠷᠰᠢᠬᠤ ᠢᠯᠡᠷᠡᠯ ᠢ᠋ ᠬᠢᠨᠠᠨ ᠰᠢᠯᠭᠠᠬᠤ ᠲᠦᠪ) ᠤᠢᠷ᠎ᠠ ᠳ᠋ᠤ ᠵᠠᠷᠯᠠᠯ ᠨᠡᠢᠳᠡᠯᠡᠵᠦ᠂ 2025 ᠤᠨ ᠤ᠋ ᠪᠦᠬᠦ ᠤᠯᠤᠰ ᠤ᠋ᠨ ᠡᠮ ᠤ᠋ᠨ ᠵᠦᠢᠯᠡᠰ ᠡᠮᠴᠢᠯᠡᠭᠡᠨ ᠤ᠋ ᠪᠠᠭᠠᠵᠢ ᠬᠡᠷᠡᠭᠰᠡᠯ ᠭᠤᠶᠤᠯᠠᠯ ᠤ᠋ᠨ ᠡᠳ᠋ ᠤ᠋ᠨ ᠬᠠᠷᠰᠢᠬᠤ ᠢᠯᠡᠷᠡᠯ ᠢ᠋ ᠬᠢᠨᠡᠨ ᠰᠢᠯᠭᠠᠵᠤ ᠦᠨᠡᠯᠡᠬᠦ ᠠᠵᠢᠯ ᠳ᠋ᠤ ᠲᠤᠪᠤᠢᠮ᠎ᠠ ᠢᠯᠡᠷᠡᠯ ᠪᠦᠬᠦᠢ ᠨᠢᠭᠡᠴᠢ ᠶ᠋ᠢ ᠮᠠᠭᠳᠠᠨ ᠰᠠᠢᠰᠢᠶᠠᠵᠤ᠂ ᠮᠠᠨ ᠤ᠋ ᠤᠷᠤᠨ ᠡᠴᠡ 6 ᠨᠢᠭᠡᠴᠢ ᠰᠠᠢᠰᠢᠶᠠᠭᠳᠠᠪᠠ᠃
ᠲᠤᠰ ᠤᠳᠠᠭ᠎ᠠ ᠬᠦᠯᠦᠨ ᠪᠤᠢᠷ ᠬᠤᠳᠠ ᠶ᠋ᠢᠨ ᠢᠳᠡᠭᠡᠨ ᠪᠠ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠭᠠᠵᠠᠷ (ᠬᠦᠯᠦᠨ ᠪᠤᠢᠷ ᠬᠤᠳᠠ ᠶ᠋ᠢᠨ ᠡᠮ ᠤ᠋ᠨ ᠵᠦᠢᠯᠡᠰ ᠤ᠋ᠨ ᠬᠠᠷᠰᠢᠬᠤ ᠢᠯᠡᠷᠡᠯ ᠢ᠋ ᠬᠢᠨᠠᠨ ᠰᠢᠯᠭᠠᠬᠤ ᠲᠦᠪ)᠂ ᠲᠦᠩᠯᠢᠶᠤᠤ ᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠮ ᠤ᠋ᠨ ᠵᠦᠢᠯᠡᠰ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠠᠷᠰᠢᠬᠤ ᠢᠯᠡᠷᠡᠯ ᠢ᠋ ᠬᠢᠨᠠᠨ ᠰᠢᠯᠭᠠᠬᠤ ᠰᠠᠯᠠᠭ᠎ᠠ᠂ ᠦᠪᠦᠷ ᠮᠤᠩᠭᠤᠯ ᠤ᠋ᠨ ᠪᠤᠭᠤᠳᠤ ᠶ᠋ᠢᠨ ᠪᠤᠯᠤᠳ ᠲᠡᠮᠦᠷ ᠤ᠋ᠨ ᠪᠦᠯᠦᠭᠯᠡᠯ ᠤ᠋ᠨ ᠡᠮᠨᠡᠯᠭᠡ ᠶ᠋ᠢᠨ ᠬᠤᠷᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶ᠋ᠢᠨ ᠬᠠᠷᠢᠶᠠᠳᠦ ᠡᠮᠨᠡᠯᠭᠡ ᠶ᠋ᠢᠨ ᠬᠤᠷᠢᠶ᠎ᠠ᠂ ᠦᠪᠦᠷ ᠮᠤᠩᠭᠤᠯ ᠤ᠋ᠨ ᠳ᠋ᠠ ᠲᠠᠩ ᠡᠮ ᠤ᠋ᠨ ᠦᠢᠯᠡᠰ ᠤ᠋ᠨ ᠬᠢᠵᠠᠭᠠᠷᠳᠦ ᠺᠤᠮᠫᠠᠨᠢ᠂ ᠶᠢᠩ ᠬᠤᠸᠠ ᠷᠦᠩ ᠲᠠᠢ ᠡᠮᠴᠢᠯᠡᠭᠡᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠳᠦ ᠺᠤᠮᠫᠠᠨᠢ ᠵᠡᠷᠭᠡ 6 ᠨᠢᠭᠡᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠳᠡᠭᠡᠭᠰᠢ ᠮᠡᠳᠡᠭᠦᠯᠬᠦ ᠬᠠᠷᠢᠭᠤᠴᠠᠯᠭ᠎ᠠ ᠪᠡᠨ ᠭᠦᠢᠴᠡᠳᠭᠡᠬᠦ᠂ ᠰᠢᠨ᠎ᠠ ᠶ᠋ᠢ ᠡᠭᠦᠳᠬᠦ ᠰᠤᠳᠤᠯᠭᠠᠨ ᠢ᠋ ᠳᠡᠮᠵᠢᠬᠦ᠂ ᠭᠤᠤᠯ ᠴᠤᠭᠴᠠ ᠶ᠋ᠢᠨ ᠬᠠᠷᠢᠭᠤᠴᠠᠯᠭ᠎ᠠ ᠪᠡᠨ ᠭᠦᠢᠴᠡᠳᠭᠡᠬᠦ ᠵᠡᠷᠭᠡ ᠲᠠᠯ᠎ᠠ ᠪᠡᠷ ᠬᠢ ᠲᠤᠪᠤᠢᠮ᠎ᠠ ᠢᠯᠡᠷᠡᠯ ᠶ᠋ᠢᠡᠷ ᠰᠠᠢᠰᠢᠶᠠᠯ ᠬᠦᠷᠳᠡᠭᠰᠡᠨ ᠪᠠᠢᠨ᠎ᠠ᠃
ᠤᠢᠯᠠᠭᠠᠭᠰᠠᠨ ᠶ᠋ᠢᠡᠷ᠂ 2025 ᠤᠨ ᠳ᠋ᠤ ᠦᠪᠦᠷ ᠮᠤᠩᠭᠤᠯ ᠤ᠋ᠨ ᠡᠮ ᠤ᠋ᠨ ᠵᠦᠢᠯᠡᠰ ᠤ᠋ᠨ ᠬᠠᠷᠰᠢᠬᠤ ᠢᠯᠡᠷᠡᠯ ᠢ᠋ ᠬᠢᠨᠠᠨ ᠰᠢᠯᠭᠠᠵᠤ ᠦᠨᠡᠯᠡᠬᠦ ᠨᠢᠭᠡᠴᠢ ᠶ᠋ᠢᠨ ᠬᠢᠨ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠰᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠢᠨᠠᠨ ᠰᠢᠯᠭᠠᠵᠤ ᠦᠨᠡᠯᠡᠬᠦ ᠡᠭᠦᠷᠭᠡ ᠬᠠᠷᠢᠭᠤᠴᠠᠯᠭ᠎ᠠ ᠪᠡᠨ ᠨᠠᠷᠢᠨ ᠬᠢᠨᠠᠮᠠᠭᠠᠢ ᠭᠦᠢᠴᠡᠳᠭᠡᠨ᠂ ᠬᠢᠨᠠᠨ ᠰᠢᠯᠭᠠᠬᠤ ᠰᠢᠰᠲᠧᠮ ᠪᠠ ᠴᠢᠳᠠᠪᠤᠷᠢ ᠶ᠋ᠢᠨ ᠪᠠᠢᠭᠤᠯᠤᠯᠳᠠ ᠪᠡᠨ ᠴᠢᠩᠭᠠᠳᠬᠠᠵᠤ᠂ ᠮᠡᠷᠭᠡᠵᠢᠯ ᠤ᠋ᠨ ᠲᠤᠯᠭᠠᠭᠤᠷᠢᠯᠠᠯ ᠪᠠ ᠲᠦᠭᠰᠢᠭᠦᠷᠢ ᠶ᠋ᠢ ᠰᠡᠷᠡᠮᠵᠢᠯᠡᠭᠦᠯᠬᠦ ᠲᠦᠪᠰᠢᠨ ᠢ᠋ ᠲᠠᠰᠤᠷᠠᠯᠳᠠ ᠦᠭᠡᠢ ᠳᠡᠭᠡᠭᠰᠢᠯᠡᠭᠦᠯᠤᠨ᠂ ᠤᠯᠠᠨ ᠲᠦᠮᠡᠨ ᠤ᠋ ᠠᠮᠦᠷ ᠲᠦᠪᠰᠢᠨ ᠶ᠋ᠢᠡᠷ ᠡᠮ ᠬᠡᠷᠡᠭᠯᠡᠬᠦ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠬᠡᠷᠡᠭᠯᠡᠬᠦ ᠳ᠋ᠤ ᠢᠳᠡᠪᠬᠢᠳᠠᠢ ᠬᠤᠪᠢ ᠨᠡᠮᠡᠷᠢ ᠦᠵᠡᠭᠦᠯᠪᠠ᠃