ᠬᠠᠪᠤᠷ ᠤ᠋ᠨ ᠤᠯᠠᠷᠢᠯ ᠨᠢ ᠤᠢ ᠰᠢᠭᠤᠢ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠬᠦ ᠵᠠᠡᠭᠬᠢᠯᠠᠭᠠ ᠵᠢᠨ ᠬᠤᠭᠤᠴᠠᠭ᠎ᠠ ᠪᠤᠯᠤᠨ᠎ᠠ᠃ ᠲᠦᠷᠦᠬᠦᠬᠡᠨ᠂ ᠰᠤᠷᠪᠤᠯᠵᠢᠯᠠᠭᠴᠢ ᠤᠯᠠᠭᠠᠨᠴᠠᠪ ᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶᠠᠨ ᠤ᠋ ᠤᠢ ᠰᠢᠭᠤᠢ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠬᠦ ᠤᠷᠢᠳᠴᠢᠯᠡᠨ ᠰᠡᠷᠡᠮᠵᠢᠯᠡᠭᠦᠯᠬᠦ ᠬᠢᠨᠡᠨ ᠡᠵᠡᠮᠳᠡᠬᠦ ᠲᠦᠪ ᠲᠤ᠌ ᠬᠦᠷᠬᠦ ᠳ᠋ᠤ᠂ ᠦᠪᠦᠷ ᠮᠤᠡᠭᠭᠤᠯ ᠤ᠋ᠨ ᠡᠯ ᠯᠦᠡᠭ ᠱᠢ ᠲᠠᠢ ᠤᠯᠤᠰ ᠤ᠋ᠨ ᠤᠢ ᠰᠢᠭᠤᠢ ᠵᠢᠨ ᠴᠡᠴᠡᠷᠯᠢᠭ᠂ ᠴᠠᠬᠠᠷ ᠪᠠᠷᠠᠭᠤᠨ ᠭᠠᠷᠤᠨ ᠬᠤᠢᠲᠤ ᠬᠤᠰᠢᠭᠤᠨ ᠤ᠋ ᠬᠤᠨᠢᠨ ᠲᠠᠯᠠᠢ ᠠᠮᠢ ᠠᠬᠤᠢ ᠵᠢᠨ ᠬᠦᠷᠢᠶᠠᠯᠠᠡᠭ ᠤ᠋ᠨ ᠦᠵᠡᠮᠵᠢ ᠲᠡᠯᠭᠡᠴᠡ ᠳ᠋ᠤ ᠲᠤᠳᠤᠷᠬᠠᠢ ᠬᠠᠷᠠᠭᠳᠠᠨ᠎ᠠ᠃ ᠡᠨᠳᠡ 24 ᠴᠠᠭ ᠵᠢᠡᠷ ᠠᠵᠢᠯᠯᠠᠵᠤ ᠪᠠᠢᠭ᠎ᠠ ᠰᠢᠨᠵᠢᠯᠡᠭᠡ ᠮᠡᠷᠭᠡᠵᠢᠯ ᠤ᠋ᠨ ᠬᠢᠨᠠᠨ ᠡᠵᠡᠮᠳᠡᠬᠦ ᠲᠦᠭᠦᠭᠡᠷᠤᠮᠵᠢ ᠵᠢ ᠠᠰᠢᠭᠯᠠᠨ ᠤᠢ ᠰᠢᠭᠤᠢ ᠨᠤᠲᠤᠭ ᠪᠡᠯᠴᠢᠭᠡᠷ ᠤ᠋ᠨ ᠪᠠᠢᠳᠠᠯ ᠢ᠋ ᠴᠠᠭ ᠲᠤᠬᠠᠢ ᠳ᠋ᠤᠨᠢ ᠠᠵᠢᠭᠯᠠᠵᠤ ᠪᠠᠢᠨ᠎ᠠ᠃
ᠲᠤᠰ ᠤᠷᠢᠳᠴᠢᠯᠠᠨ ᠰᠡᠷᠡᠮᠵᠢᠯᠡᠬᠦᠯᠬᠦ ᠬᠢᠨᠡᠨ ᠡᠵᠡᠮᠳᠡᠬᠦ ᠲᠠᠪᠴᠠᠡᠭ ᠰᠢᠰᠲᠸᠮ ᠤ᠋ᠨ ᠦᠪᠡᠷ ᠳᠡᠭᠡᠨ ᠴᠠᠭᠳᠠᠭ᠎ᠠ ᠳ᠋ᠤ ᠮᠡᠳᠡᠭᠦᠯᠬᠦ᠂ ᠲᠦᠪ ᠡᠴᠡ ᠮᠠᠭᠠᠳᠯᠠᠨ ᠵᠠᠳᠠᠯᠬᠤ ᠡᠴᠡ ᠠᠵᠢᠯᠲᠡᠳ ᠬᠤᠶᠠᠳᠡᠬᠢ ᠤᠳᠠᠭ᠎ᠠ ᠬᠢᠨᠡᠨ ᠬᠠᠷᠭᠤᠭᠤᠯᠬᠤ᠂ ᠲᠦᠷᠭᠡᠨ ᠰᠢᠢᠳᠪᠤᠷᠢᠯᠡᠬᠦ ᠬᠦᠷᠳᠡᠯ᠎ᠠ᠂ ᠲᠠᠬᠢᠭᠠᠳ ᠰᠢᠢᠳᠪᠤᠷᠢᠯᠡᠵᠤ ᠲᠠᠭᠤᠰᠤᠭᠠᠳ ᠲᠡᠭᠡᠭᠰᠢ ᠮᠡᠳᠡᠭᠦᠯᠬᠦ ᠬᠦᠷᠳᠡᠯᠡᠬᠢ ᠪᠦᠬᠦ ᠶᠠᠪᠤᠴᠠ ᠵᠢ ᠬᠠᠮᠤᠷᠴᠤ᠂︽ᠤᠯᠵᠤ ᠮᠡᠳᠡᠮᠡᠭᠴᠡ ᠲᠠᠷᠤᠢᠬᠠᠨ ᠰᠢᠢᠳᠪᠤᠷᠢᠯᠡᠬᠦ᠂ ᠬᠡᠮ ᠰᠤᠭᠤᠭ ᠢ᠋ ᠲᠦᠷᠭᠡᠨ ᠠᠷᠢᠯᠭᠠᠬᠤ︾ᠵᠢ ᠦᠨᠡᠨ ᠬᠦ᠌ ᠪᠠᠶᠠᠯᠡᠭᠦᠯᠪᠡ᠃ ᠡᠬᠦᠨ ᠤ᠋ ᠲᠠᠭᠠᠤ᠂ ᠲᠠᠭᠠᠭᠤᠯᠢ ᠤᠳᠤᠨ ᠤ᠋ ᠠᠯᠤᠰ ᠰᠡᠷᠡᠯ᠂ ᠦᠨᠳᠤᠷ ᠤᠭᠳᠠᠷᠭᠤᠢ ᠡᠴᠡ ᠠᠵᠢᠭᠯᠠᠬᠤ᠂ ᠵᠢᠯᠤᠭᠤᠴᠢ ᠦᠭᠡᠢ ᠨᠢᠰᠭᠡᠯ ᠵᠢᠡᠷ ᠲᠤᠭᠤᠷᠢᠨ ᠪᠠᠢᠴᠠᠭᠠᠬᠤ ᠪᠡ ᠭᠠᠵᠠᠷ ᠤ᠋ᠨ ᠭᠠᠳᠠᠷᠭᠤ ᠡᠴᠡ ᠬᠢᠨᠡᠨ ᠡᠵᠡᠮᠳᠡᠬᠦ ᠵᠢ ᠬᠠᠷᠢᠯᠴᠠᠨ ᠵᠤᠯᠭᠠᠯᠴᠠᠭᠤᠯᠪᠠ᠃
ᠵᠢᠨᠢᠡᠭ ᠲᠤᠭᠤᠷᠢᠭ ᠤ᠋ᠨ ᠪᠠᠢ ᠴᠢᠤᠸᠠᠨ ᠱᠠᠨ ᠠᠭᠤᠯᠠᠨ ᠤ᠋ ᠠᠮᠢ ᠠᠬᠤᠢ ᠵᠢᠨ ᠴᠡᠴᠡᠷᠯᠢᠭ ᠲᠤ᠌᠂ ᠵᠢᠨᠢᠡᠭ ᠲᠤᠭᠤᠷᠢᠭ ᠤ᠋ᠨ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠪᠠ ᠤᠢ ᠰᠢᠭᠤᠢ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠨ ᠤᠨᠳᠠᠷᠠᠭᠠᠬᠤ ᠶᠡᠬᠡ ᠠᠡᠭᠬᠢ ᠵᠢᠨ ᠬᠡᠰᠢᠭᠦᠳ ᠠᠭᠤᠯᠠᠨ ᠳ᠋ᠡᠬᠢ ᠲᠦᠢᠮᠡᠷ ᠤ᠋ᠨ ᠡᠬᠢ ᠡᠭᠦᠰᠦᠯ ᠤ᠋ᠨ ᠬᠡᠮ ᠰᠤᠭᠤᠭ ᠢ᠋ ᠨᠠᠷᠢᠨ ᠪᠠᠢᠴᠠᠭᠠᠵᠤ ᠪᠠᠢᠯ᠎ᠠ᠃︽ᠬᠠᠪᠤᠷ ᠤ᠋ᠨ ᠤᠯᠠᠷᠢᠯ ᠰᠠᠯᠬᠢ ᠶᠠᠬᠡ᠂ ᠭᠠᠡᠭ ᠬᠠᠭᠰᠠᠷᠠᠭᠠᠨ ᠬᠡᠴᠡᠭᠦᠤ᠂ ᠲᠦᠢᠮᠡᠷ ᠤ᠋ᠨ ᠠᠶᠤᠯ ᠡᠭᠦᠰᠬᠦ ᠪᠤᠯᠤᠮᠵᠢ ᠶᠡᠬᠡ ᠪᠠᠢᠳᠠᠭ᠃ ᠡᠢᠮᠦᠷᠬᠦᠤ ᠪᠠᠢᠳᠠᠯ ᠳ᠋ᠤ᠂ ᠪᠢᠳᠡ ᠲᠤᠭᠤᠷᠢᠨ ᠪᠠᠢᠴᠠᠭᠠᠬᠤ ᠴᠠᠭ ᠵᠢᠡᠨ ᠤᠷᠳᠤᠳᠬᠠᠵᠤ᠂ 24 ᠴᠠᠭ ᠵᠢᠡᠷ ᠡᠭᠡᠯᠵᠢᠯᠡᠨ ᠵᠢᠵᠢᠭᠦᠷᠯᠡᠵᠤ ᠲᠦᠢᠮᠡᠷ ᠢ᠋ ᠰᠡᠷᠭᠡᠢᠯᠡᠵᠤ ᠪᠠᠢᠨ᠎ᠠ᠃ ᠪᠢᠳᠡ ᠬᠠᠡᠭᠰᠢ᠂ ᠬᠠᠪᠤᠷ ᠤ᠋ᠨ ᠲᠠᠷᠢᠶᠠᠯᠠᠭ᠎ᠠ ᠵᠡᠷᠭᠡ ᠵᠠᠡᠭᠬᠢᠯᠠᠭᠠ ᠵᠢᠨ ᠴᠠᠭ ᠬᠤᠭᠤᠴᠠᠭ᠎ᠠ ᠵᠢ ᠴᠢᠡᠭᠭ᠎ᠠ ᠠᠡᠭᠬᠠᠷᠴᠤ᠂ ᠡᠷᠤᠬᠡ ᠳ᠋ᠤ ᠬᠦᠡᠵᠡᠭᠡᠢᠷᠡᠨ ᠲᠦᠢᠮᠡᠷ ᠢ᠋ ᠰᠡᠷᠭᠡᠢᠯᠡᠬᠦ ᠲᠤᠬᠠᠢ ᠮᠡᠳᠡᠯᠭᠡ ᠵᠢ ᠤᠬᠠᠭᠤᠯᠤᠨ ᠲᠠᠢᠯᠪᠤᠷᠢᠯᠠᠬᠤ᠂ ᠲᠠᠷᠢᠶᠠᠨ ᠭᠠᠵᠠᠷ ᠲᠤ᠌ ᠬᠦᠷᠴᠤ ᠲᠦᠭᠡᠮᠡᠯᠵᠢᠭᠦᠯᠬᠦ᠂ ᠰᠢᠨ᠎ᠠ ᠵᠠᠭᠤᠴᠢᠯᠠᠭᠤᠷ ᠵᠢᠡᠷ ᠤᠬᠠᠭᠤᠯᠬᠤ ᠵᠡᠷᠭᠡ ᠬᠡᠯᠪᠡᠷᠢ ᠪᠡᠷ ᠤᠯᠠᠨ ᠲᠦᠮᠡᠨ ᠢ᠋ ᠭᠦᠳᠡᠯᠦᠨ ᠵᠢᠯᠤᠭᠤᠳᠴᠤ ᠲᠦᠢᠮᠡᠷ ᠢ᠋ ᠰᠡᠷᠭᠡᠢᠯᠡᠬᠦ ᠤᠬᠠᠮᠰᠡᠷ ᠢ᠋ ᠨᠢ ᠲᠡᠭᠡᠭᠰᠢᠯᠡᠭᠦᠯᠪᠡ︾ᠬᠡᠵᠤ ᠵᠢᠨᠢᠡᠭ ᠲᠤᠭᠤᠷᠢᠭ ᠤ᠋ᠨ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠪᠠ ᠤᠢ ᠰᠢᠭᠤᠢ ᠨᠤᠲᠤᠭ ᠪᠠᠯᠴᠢᠭᠡᠷ ᠤ᠋ᠨ ᠲᠦᠢᠮᠡᠷ ᠢ᠋ ᠰᠡᠷᠭᠡᠢᠯᠡᠨ ᠤᠨᠳᠠᠷᠠᠭᠠᠬᠤ ᠶᠠᠬᠡ ᠠᠡᠭᠬᠢ ᠵᠢᠨ ᠲᠡᠳ᠋ ᠲᠠᠷᠤᠭ᠎ᠠ ᠴᠸᠨ ᠨᠠᠨ ᠲᠠᠨᠢᠯᠴᠠᠭᠤᠯᠤᠨ᠎ᠠ᠃
ᠤᠢᠯᠡᠭᠠᠭᠰᠠᠨ ᠵᠢᠡᠷ᠂ ᠲᠤᠰ ᠬᠤᠲᠠ ᠵᠢᠨ ᠤᠢ ᠰᠢᠭᠤᠢ ᠨᠤᠲᠤᠭ ᠪᠡᠯᠴᠢᠭᠡᠷ ᠤ᠋ᠨ ᠰᠠᠯᠠᠭ᠎ᠠ ᠮᠦᠴᠢᠷ ᠨᠢᠭᠡᠨᠲᠡ 14 ᠲᠤᠰᠬᠠᠢ ᠮᠡᠷᠭᠡᠵᠢᠯ ᠤ᠋ᠨ ᠤᠢ ᠰᠢᠭᠤᠢ ᠨᠤᠲᠤᠭ ᠪᠠᠯᠴᠢᠭᠡᠷ ᠤ᠋ᠨ ᠲᠦᠢᠮᠡᠷ ᠤᠨᠳᠠᠷᠠᠭᠠᠬᠤ ᠠᠡᠭᠬᠢ ᠵᠢ ᠵᠤᠬᠢᠶᠠᠨ ᠪᠠᠢᠭᠤᠯᠵᠤ᠂ 266 ᠬᠡᠰᠢᠬᠦᠨ 24 ᠴᠠᠭ ᠵᠢᠡᠷ ᠡᠭᠡᠯᠵᠢᠯᠠᠨ ᠠᠵᠢᠯᠯᠠᠵᠤ᠂ ᠤᠢ ᠰᠢᠭᠤᠢ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠰᠠᠬᠢᠨ ᠬᠠᠮᠠᠭᠠᠯᠠᠵᠤ ᠪᠤᠢ᠃ ᠡᠬᠦᠨ ᠤ᠋ ᠲᠠᠭᠠᠤ᠂ ᠲᠦᠢᠮᠡᠷ ᠢ᠋ ᠰᠡᠷᠬᠡᠢᠯᠡᠨ ᠤᠨᠳᠠᠷᠠᠭᠠᠬᠤ ᠬᠠᠷᠢᠭᠤᠴᠠᠯᠭ᠎ᠠ ᠵᠢ ᠪᠤᠳᠠᠳᠠᠢᠵᠢᠭᠤᠯᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠵᠢ ᠨᠠᠢᠳᠠᠪᠤᠷᠢᠵᠢᠭᠤᠯᠤᠨ᠂ 1657 ᠤᠢ ᠰᠢᠭᠤᠢ ᠨᠤᠲᠤᠭ ᠪᠠᠯᠴᠢᠭᠡᠷ ᠤ᠋ᠨ ᠲᠦᠢᠮᠡᠷ ᠢ᠋ ᠰᠡᠷᠭᠡᠢᠯᠡᠬᠦ ᠲᠤᠤᠷᠵᠢᠭᠤᠯᠤᠨ ᠬᠠᠮᠢᠶᠠᠷᠬᠤ ᠴᠡᠭ ᠢ᠋ ᠲᠤᠭᠳᠠᠭᠠᠵᠤ᠂ ᠲᠦᠮᠡ ᠭᠠᠷᠤᠢ ᠤᠢ ᠰᠢᠭᠤᠢ︵ᠨᠤᠲᠤᠭ ᠪᠡᠯᠴᠢᠭᠡᠷ︶ᠬᠠᠮᠠᠭᠠᠯᠠᠭᠴᠢ ᠠᠵᠢᠯ ᠤ᠋ᠨ ᠪᠠᠢᠷᠢ ᠪᠡᠨ ᠪᠠᠲᠤ ᠰᠠᠬᠢᠵᠤ᠂ ᠪᠡᠯᠡᠳᠭᠡᠯ ᠠᠵᠢᠯ ᠵᠢᠡᠨ ᠰᠠᠢᠳᠤᠷ ᠬᠢᠬᠦ ᠵᠢᠨ ᠬᠠᠮᠲᠤ᠂ ᠦᠨᠳᠤᠰᠤᠨ ᠱᠠᠳᠤᠨ ᠤ᠋ ᠤᠢ ᠱᠢᠭᠤᠢ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠨ ᠤᠨᠳᠠᠷᠠᠭᠠᠬᠤ ᠡᠡᠭᠨᠡᠭᠡ ᠵᠢᠨ ᠲᠤᠬᠠᠢᠯᠠᠭᠰᠠᠨ ᠠᠵᠢᠯ ᠤ᠋ᠨ ᠪᠤᠯᠪᠠᠰᠤᠷᠠᠯ ᠪᠠ ᠬᠤᠰᠢᠭᠤ ᠰᠢᠶᠠᠨ ᠠᠯᠤᠰᠯᠠᠭᠰᠠᠨ ᠬᠤᠯᠪᠤᠭᠠᠯᠠᠨ ᠡᠵᠡᠮᠳᠡᠵᠤ ᠪᠠᠴᠢᠮ ᠪᠠᠢᠳᠠᠯ ᠢ᠋ ᠠᠷᠭᠠᠴᠠᠭᠠᠬᠤ ᠰᠤᠷᠢᠯᠲᠡ ᠵᠢᠨ ᠠᠵᠢᠯᠯᠠᠭ᠎ᠠ ᠦᠷᠨᠢᠭᠦᠯᠵᠤ᠂ ᠰᠡᠷᠭᠡᠢᠯᠡᠨ ᠡᠵᠡᠮᠳᠡᠵᠤ ᠰᠢᠢᠳᠪᠤᠷᠢᠯᠡᠬᠦ ᠴᠢᠳᠠᠪᠤᠷᠢ ᠵᠢ ᠪᠦᠬᠦ ᠲᠠᠯ᠎ᠠ ᠪᠡᠷ ᠲᠡᠭᠡᠭᠰᠢᠯᠡᠭᠦᠯᠵᠤ ᠪᠤᠢ᠃