ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠬᠠᠩᠵᠧᠤ ᠶ᠋ᠢᠨ ᠬᠤ᠌ ᠴᠢᠩ ᠢᠤᠢ ᠲᠠᠩ ᠡᠮ ᠡᠮᠨᠡᠯᠭᠡ ᠶ᠋ᠢᠨ ᠬᠢᠵᠠᠭᠠᠷᠳᠦ ᠺᠤᠮᠫᠠᠨᠢ᠂ ᠦᠪᠦᠷ ᠮᠤᠩᠭᠤᠯ ᠤ᠋ᠨ ᠤᠢ ᠰᠢᠭᠤᠢ ᠶ᠋ᠢᠨ ᠠᠵᠤ ᠦᠢᠯᠡᠳᠪᠤᠷᠢ ᠶ᠋ᠢᠨ ᠪᠦᠯᠦᠭᠯᠡᠯ ᠺᠤᠮᠫᠠᠨᠢ ᠶ᠋ᠢᠨ ᠲᠤᠯᠢ ᠭᠤᠤᠯ ᠤ᠋ᠨ ᠤᠢ ᠰᠢᠭᠤᠢ ᠶ᠋ᠢᠨ ᠠᠵᠤ ᠦᠢᠯᠡᠳᠪᠤᠷᠢ ᠶ᠋ᠢᠨ ᠺᠤᠮᠫᠠᠨᠢ᠂ ᠬᠦᠯᠦᠨ ᠪᠤᠢᠷ ᠤ᠋ᠨ ᠰᠦᠩ ᠯᠤ᠌ ᠡᠮ ᠦᠢᠯᠡᠳᠬᠦ ᠬᠢᠵᠠᠭᠠᠷᠳᠦ ᠺᠤᠮᠫᠠᠨᠢ ᠤᠢᠷ᠎ᠠ ᠳ᠋ᠤ ᠬᠦᠯᠦᠨ ᠪᠤᠢᠷ ᠤ᠋ᠨ ᠶᠠᠭᠰᠢ ᠬᠤᠳᠠ ᠶ᠋ᠢᠨ ᠲᠤᠯᠢ ᠭᠤᠤᠯ ᠪᠠᠯᠭᠠᠰᠤᠨ ᠳ᠋ᠤ ᠬᠠᠮᠳᠤᠷᠠᠨ ᠠᠵᠢᠯᠯᠠᠬᠤ ᠵᠦᠪᠯᠡᠯᠴᠡᠭᠡᠷ ᠳᠤᠬᠢᠷᠠᠯᠴᠠᠵᠤ᠂ ᠦᠪᠦᠷ ᠮᠤᠩᠭᠤᠯ ᠤ᠋ᠨ ᠬᠤ᠌ ᠴᠢᠩ ᠢᠤᠢ ᠲᠠᠩ ᠡᠮ ᠡᠮᠨᠡᠯᠭᠡ ᠶ᠋ᠢᠨ ᠬᠢᠵᠠᠭᠠᠷᠳᠦ ᠺᠤᠮᠫᠠᠨᠢ ᠲᠤᠤᠵᠠ ᠬᠠᠢᠴᠢᠯᠠᠨ ᠪᠠᠢᠭᠤᠯᠤᠭᠳᠠᠵᠠᠢ᠃ ᠡᠨᠡ ᠨᠢ ᠵᠠᠭᠤᠨ ᠵᠢᠯ ᠤ᠋ᠨ ᠲᠡᠦᠬᠡ ᠲᠠᠢ 《ᠬᠤ᠌ ᠴᠢᠩ ᠢᠤᠢ ᠲᠠᠩ》 ᠨᠡᠷᠡᠳᠦ ᠲᠦᠷᠦᠯ ᠲᠡᠮᠳᠡᠭᠳᠦ ᠦᠪᠦᠷ ᠮᠤᠩᠭᠤᠯ ᠳ᠋ᠤ ᠨᠤᠳᠤᠭᠰᠢᠭᠰᠠᠨ ᠢ᠋ ᠬᠠᠷᠠᠭᠤᠯᠵᠤ᠂ ᠦᠪᠦᠷ ᠮᠤᠩᠭᠤᠯ ᠤ᠋ᠨ ᠰᠢᠭᠤᠢᠳᠦ ᠤᠷᠤᠨ ᠤ᠋ ᠡᠬᠢ ᠪᠠᠶᠠᠯᠢᠭ ᠪᠤᠯᠤᠨ ᠬᠢᠲᠠᠳ ᠡᠮ ᠡᠮᠨᠡᠯᠭᠡ ᠶ᠋ᠢᠨ ᠠᠵᠤ ᠦᠢᠯᠡᠰ ᠤ᠋ᠨ ᠭᠦᠨᠵᠡᠭᠡᠢ ᠠᠭᠤᠰᠤᠯᠴᠠᠨ ᠬᠦᠭᠵᠢᠬᠦ ᠰᠢᠨ᠎ᠠ ᠬᠠᠭᠤᠳᠠᠰᠤ ᠶ᠋ᠢ ᠰᠡᠭᠦᠯ᠎ᠠ᠃
ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠶᠡᠬᠡ ᠬᠢᠩᠭᠠᠨ ᠳᠠᠪᠠᠭ᠎ᠠ ᠳ᠋ᠤ 10.67 ᠲᠦᠮᠡᠨ ᠳᠡᠭᠰᠢ ᠳᠦᠷᠪᠡᠯᠵᠢᠨ ᠺᠢᠯᠦᠮᠧᠲᠷ ᠤ᠋ᠨ ᠤᠯᠤᠰ ᠤ᠋ᠨ ᠦᠮᠴᠢᠯᠡᠯᠳᠦ ᠤᠢ ᠰᠢᠭᠤᠢ ᠲᠠᠢ ᠪᠠᠢᠵᠤ᠂ ᠮᠠᠨ ᠤ᠋ ᠤᠯᠤᠰ ᠤ᠋ᠨ ᠬᠠᠮᠤᠭ ᠤ᠋ᠨ ᠶᠡᠬᠡ ᠤᠯᠤᠰ ᠤ᠋ᠨ ᠦᠮᠴᠢᠯᠡᠯᠳᠦ ᠭᠤᠤᠯᠳᠠᠯᠭᠠᠳᠤ ᠰᠢᠭᠤᠢᠳᠤ ᠤᠷᠤᠨ ᠪᠤᠯᠬᠤ ᠪᠦᠭᠡᠳ ᠪᠠᠢᠭᠠᠯᠢ ᠶ᠋ᠢᠨ ᠡᠮ ᠤ᠋ᠨ ᠮᠠᠲᠧᠷᠢᠶᠠᠯ ᠤ᠋ᠨ ᠡᠬᠢ ᠪᠠᠶᠠᠯᠢᠭ ᠤ᠋ᠨ ᠬᠦᠮᠦᠷᠭᠡ ᠪᠤᠯᠤᠨ᠎ᠠ᠃ 2024 ᠤᠨ ᠤ᠋ ᠪᠠᠢᠴᠠᠭᠠᠯᠳᠠ ᠳ᠋ᠤ ᠬᠠᠷᠠᠭᠤᠯᠤᠭᠰᠠᠨ ᠶ᠋ᠢᠡᠷ᠂ ᠡᠨᠳᠡ 600 ᠭᠠᠷᠤᠢ ᠵᠦᠢᠯ ᠤ᠋ᠨ ᠭᠡᠭᠡᠷ᠎ᠠ ᠶ᠋ᠢᠨ ᠡᠮ ᠤ᠋ᠨ ᠮᠠᠲᠧᠷᠢᠶᠠᠯ ᠲᠠᠢ ᠪᠠᠢᠵᠤ᠂ ᠬᠢᠲᠠᠳ ᠡᠮ ᠡᠮᠨᠡᠯᠭᠡ ᠶ᠋ᠢᠨ ᠦᠢᠯᠡᠰ ᠢ᠋ ᠬᠦᠭᠵᠢᠭᠦᠯᠬᠦ ᠦᠪᠡᠷᠮᠢᠴᠡ ᠳᠠᠪᠠᠭᠤᠯᠢᠭ ᠲᠠᠢ ᠶᠤᠮ᠃ ᠬᠤ᠌ ᠴᠢᠩ ᠢᠤᠢ ᠲᠠᠩ ᠡᠮ ᠡᠮᠨᠡᠯᠭᠡ ᠶ᠋ᠢᠨ ᠬᠢᠵᠠᠭᠠᠷᠳᠦ ᠺᠤᠮᠫᠠᠨᠢ ᠪᠤᠯ 1874 ᠤᠨ ᠳ᠋ᠤ ᠪᠠᠢᠭᠤᠯᠤᠭᠳᠠᠭᠰᠠᠨ 《ᠵᠢᠶᠠᠩᠨᠠᠨ ᠤᠷᠤᠨ ᠤ᠋ ᠤᠳᠠᠴᠢ》 ᠭᠡᠬᠦ ᠰᠠᠢᠬᠠᠨ ᠠᠯᠳᠠᠷ ᠲᠠᠢ ᠤᠯᠠᠮᠵᠢᠯᠠᠯᠳᠤ ᠨᠡᠷᠡᠳᠦ ᠠᠵᠤ ᠠᠬᠤᠢᠯᠠᠯ ᠪᠠᠢᠵᠤ᠂ ᠬᠢᠲᠠᠳ ᠡᠮ ᠢ᠋ ᠰᠤᠳᠤᠯᠤᠨ ᠦᠢᠯᠡᠳᠬᠦ ᠪᠠ ᠲᠦᠷᠦᠯ ᠲᠡᠮᠳᠡᠭ ᠤ᠋ᠨ ᠡᠵᠡᠩᠨᠡᠯᠳᠡ᠂ ᠪᠦᠬᠦ ᠤᠯᠤᠰ ᠤ᠋ᠨ ᠪᠤᠷᠤᠯᠠᠭᠤᠯᠭ᠎ᠠ ᠶ᠋ᠢᠨ ᠪᠠᠢᠷᠢᠰᠢᠭᠤᠯᠤᠯᠳᠠ ᠵᠢᠨ ᠲᠠᠯ᠎ᠠ ᠪᠡᠷ ᠬᠦᠴᠦᠷᠬᠡᠭ ᠶᠡᠬᠡ ᠪᠤᠳᠠᠳᠤ ᠬᠦᠴᠦᠨ ᠲᠠᠢ ᠶᠤᠮ᠃
ᠲᠤᠰ ᠤᠳᠠᠭ᠎ᠠ 3 ᠲᠠᠯ᠎ᠠ ᠪᠡᠷ ᠶ᠋ᠢᠡᠨ ᠬᠠᠮᠳᠤᠷᠠᠨ ᠠᠵᠢᠯᠯᠠᠬᠤ ᠵᠦᠪᠯᠡᠯᠴᠡᠭᠡᠷ ᠳᠤᠬᠢᠷᠠᠯᠴᠠᠭᠰᠠᠨ ᠨᠢ ᠬᠤ᠌ ᠴᠢᠩ ᠢᠤᠢ ᠲᠠᠩ ᠡᠮ ᠡᠮᠨᠡᠯᠭᠡ ᠶ᠋ᠢᠨ ᠬᠢᠵᠠᠭᠠᠷᠳᠦ ᠺᠤᠮᠫᠠᠨᠢ ᠶ᠋ᠢ ᠳᠤᠭᠳᠠᠪᠤᠷᠢᠳᠠᠢ ᠪᠦᠭᠡᠳ ᠢᠷᠡᠯᠳᠡ ᠶ᠋ᠢ ᠨᠢ ᠮᠦᠷᠳᠡᠵᠦ ᠪᠤᠯᠬᠤ ᠲᠦᠬᠦᠭᠡᠢ ᠮᠠᠲᠧᠷᠢᠶᠠᠯ ᠤ᠋ᠨ ᠰᠠᠭᠤᠷᠢᠨ ᠲᠠᠢ ᠪᠤᠯᠭᠠᠭᠰᠠᠨ ᠪᠦᠭᠡᠳ ᠮᠠᠨ ᠤ᠋ ᠤᠷᠤᠨ ᠤ᠋ ᠰᠢᠭᠤᠢᠳᠤ ᠤᠷᠤᠨ ᠤ᠋ ᠡᠮ ᠤ᠋ᠨ ᠮᠠᠲᠧᠷᠢᠶᠠᠯ ᠨᠢ 《ᠬᠤ᠌ ᠴᠢᠩ ᠢᠤᠢ ᠲᠠᠩ》 ᠨᠡᠷᠡᠳᠦ ᠲᠦᠷᠦᠯ ᠲᠡᠮᠳᠡᠭᠳᠤ ᠵᠢᠨ ᠨᠦᠯᠦᠭᠡ ᠪᠡᠷ ᠪᠦᠬᠦ ᠤᠯᠤᠰ ᠤ᠋ᠨ ᠳᠡᠭᠡᠳᠦ ᠳᠡᠰ ᠤ᠋ᠨ ᠵᠠᠬ᠎ᠠ ᠳᠡᠯᠭᠡᠭᠦᠷ ᠲᠤ᠌ ᠤᠷᠤᠬᠤ ᠶ᠋ᠢ ᠠᠬᠢᠭᠤᠯᠬᠤ ᠪᠤᠯᠤᠨ᠎ᠠ᠃