ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠬᠣᠯᠪᠣᠭ᠎ᠠ ᠠᠷᠢᠭᠤᠨ ᠴᠢᠬᠡᠴᠢ ᠰᠣᠶᠣᠯ᠎ᠢ ᠬᠡᠷ ᠪᠦᠯᠢ᠎ᠳᠦ ᠣᠷᠣᠭᠤᠯᠬᠤ ᠵᠢᠴᠢ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠪᠠᠢᠭᠤᠯᠭ᠎ᠠ᠎ᠳᠤ ᠣᠷᠣᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ
2026-04-13 15:42:54
ᠵᠣᠬᠢᠶᠠᠭ᠍ᠴᠢ᠄
​ᠬᠤᠩ ᠰᠢᠶᠠ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 31᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠤᠭ᠎ᠠ ᠠᠷᠢᠭᠤᠨ ᠴᠢᠬᠡᠴᠢ ᠰᠣᠶᠣᠯ᠎ᠢ ᠬᠡᠷ ᠪᠦᠯᠢ᠎ᠳᠦ ᠣᠷᠣᠭᠤᠯᠬᠤ ᠵᠢᠴᠢ ᠪᠥᠬᠥ᠌ ᠤᠯᠤᠰ᠎ᠤᠨ 《3·8》 ᠤ᠋ ᠤᠯᠠᠭᠠᠨ ᠲᠤᠭ᠍ᠴᠢ (ᠬᠠᠮᠲᠤ ᠨᠡᠢᠲᠡ) ᠂ ᠡᠮᠡᠭ᠌ᠲᠡᠢᠴᠦᠳ᠎ᠦᠨ ᠪᠣᠯᠪᠠᠰᠤᠨ ᠠᠵᠢᠯ᠎ᠤᠨ ᠪᠠᠢᠷᠢ᠎ᠵᠢ ᠪᠠᠢᠭᠤᠯᠭ᠎ᠠ᠎ᠳᠤ ᠣᠷᠣᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠡᠷᠭᠢᠯᠡᠪᠡ᠃

ᠠᠵᠢᠯᠯᠠᠭ᠎ᠠ᠎ᠨᠢ ᠶᠣᠰᠣ ᠰᠤᠷᠲᠠᠬᠤᠨ᠎ᠢ ᠡᠷᠬᠢᠮᠯᠡᠨ ᠠᠷᠢᠭᠤᠨ ᠴᠢᠬᠡᠴᠢ᠎ᠶ᠋ᠢ ᠡᠷᠬᠢᠮᠯᠡᠬᠦ᠌᠂ ᠬᠡᠷ᠎ᠦᠨ ᠰᠤᠷᠲᠠᠯ᠎ᠢᠶᠠᠷ ᠬᠥᠮᠦᠨ᠎ᠢ ᠬᠥᠮᠦᠵᠢᠭᠦᠯᠬᠦ᠌᠂ ᠨᠡᠢᠲᠡᠯᠢᠭ ᠵᠢᠱ᠌ᠢᠶ᠎ᠡ᠎ᠪᠡᠷ ᠬᠥᠲᠥᠯᠥᠨ ᠳᠠᠭᠠᠭᠤᠯᠬᠤ᠎ᠪᠠᠷ ᠭᠤᠤᠯ ᠰᠡᠳᠦᠪ ᠪᠣᠯᠭᠠᠵᠤ᠂ ᠱᠠᠩᠨᠠᠯ ᠣᠯᠭᠣᠵᠤ ᠬᠥᠬᠢᠭᠦᠯᠦᠨ ᠰᠠᠢᠱᠢᠶᠠᠬᠤ᠂ ᠨᠡᠢᠲᠡᠯᠢᠭ ᠵᠢᠱ᠌ᠢᠶᠡᠴᠢ ᠤᠬᠠᠭᠤᠯᠤᠨ ᠲᠠᠢᠯᠪᠤᠷᠢᠯᠠᠬᠤ᠂ ᠬᠤᠪᠢᠰᠭᠠᠯᠲᠤ ᠨᠣᠮ ᠪᠢᠴᠢᠭ᠎ᠢ ᠲᠠᠨᠢᠯᠴᠠᠭᠤᠯᠬᠤ᠂ ᠰᠡᠷᠡᠮᠵᠢᠯᠡᠭᠦᠯᠬᠦ᠌ ᠬᠥᠮᠦᠵᠢᠯ ᠬᠢᠬᠦ ᠵᠡᠷᠭᠡ ᠠᠭᠤᠯᠭ᠎ᠠ᠎ᠶ᠋ᠢ ᠬᠠᠪᠰᠤᠷᠭᠠᠨ᠂ ᠥᠷᠭᠡᠨ ᠣᠯᠠᠨ ᠡᠮᠡᠭ᠌ᠲᠡᠶ ᠺᠠᠳ᠋ᠷᠴᠤᠳ᠎ᠢ ᠥᠯᠢᠭᠡᠷ ᠳᠠᠭᠤᠷᠢᠶᠠᠯ᠎ᠢᠶᠠᠷ ᠬᠡᠪ ᠳᠠᠭᠤᠷᠢᠶᠠᠯ ᠪᠣᠯᠭᠠᠵᠤ᠂ ᠠᠷᠢᠭᠤᠨ ᠴᠢᠬᠡᠴᠢ᠎ᠪᠡᠷ ᠬᠣᠷᠢᠭ᠎ᠠ ᠱᠤᠭᠤᠮ ᠪᠣᠯᠭᠠᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠵᠢ ᠬᠦᠲᠦᠯᠦᠨ ᠵᠢᠯᠣᠭᠣᠳᠪᠠ᠃

ᠪᠦᠬᠦ᠌ ᠤᠯᠤᠰ᠎ᠤᠨ 《3·8 》 ᠤ᠋ ᠤᠯᠠᠭᠠᠨ ᠲᠤᠭ᠍ᠴᠢ ᠵᠢᠨ ᠲᠦᠯᠦᠭᠡᠯᠡᠭᠴᠢ ᠸᠠᠩ ᠶᠠᠨ ᠨᠠᠷ ᠲᠤᠰ ᠲᠤᠰ᠎ᠤᠨ ᠠᠵᠢᠯ᠎ᠤᠨ ᠪᠠᠢᠷᠢ ᠪᠣᠯᠤᠨ ᠭᠡᠷ ᠪᠦᠯᠢ᠎ᠶ᠋ᠢᠨ ᠥᠩᠭᠡᠷᠡᠯᠲᠡ᠎ᠲᠡᠶ᠎ᠪᠡᠨ ᠤᠶᠠᠯᠳᠤᠭᠤᠯᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠵᠠᠰᠠᠭ᠍ᠰᠠᠨ᠂ ᠠᠷᠢᠭᠤᠨ ᠴᠢᠬᠡᠴᠢ᠎ᠪᠡᠷ ᠭᠡᠷ᠎ᠢᠶᠡᠨ ᠵᠠᠰᠠᠭ᠍ᠰᠠᠨ ᠰᠡᠳᠭᠢᠯ ᠬᠥᠳᠡᠯᠭᠡᠮ᠎ᠡ ᠦᠯᠢᠭᠡᠷ᠎ᠢ ᠬᠤᠪᠢᠶᠠᠯᠴᠠᠵᠤ᠂ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ᠎ᠦᠨ ᠦᠨᠡᠨᠴᠢ ᠱᠢᠳᠤᠷᠭᠤ ᠡᠭᠦᠷᠭᠡᠯᠡᠯ ᠬᠠᠷᠢᠭᠤᠴᠠᠯᠭ᠎ᠠ᠎ᠲᠡᠶ᠂ ᠶᠣᠰᠣ ᠰᠤᠷᠲᠠᠬᠤᠨ᠎ᠢ ᠡᠷᠬᠢᠮᠯᠡᠨ ᠠᠷᠢᠭᠤᠨ ᠴᠢᠬᠡᠴᠢ᠎ᠶ᠋ᠢ ᠡᠷᠬᠢᠮᠯᠡᠬᠦ᠌ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠂ ᠰᠢ ᠵᠢᠨ ᠫᠢᠩ᠎ᠦᠨ ᠬᠡᠷ᠎ᠤᠨ ᠰᠤᠷᠭᠠᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠲᠤᠬᠠᠢ ᠬᠠᠮᠢᠶ᠎ᠠ ᠪᠦᠬᠦᠢ ᠨᠤᠮ ᠲᠡᠪᠳᠡᠷ᠎ᠢ  ᠬᠤᠪᠢᠶᠠᠨ ᠲᠠᠷᠬᠠᠭᠠᠭ᠍ᠰᠠᠨ ᠪᠥᠭᠡᠳ ᠪᠠᠰᠠ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠰᠤᠨᠢᠷᠬᠠᠭᠤᠯᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ  ᠴᠡᠭᠡᠷ ᠪᠤᠯᠭᠠᠵᠤ᠂ ᠬᠡᠷ ᠪᠦᠯᠢ᠎ᠶ᠋ᠢᠨ ᠠᠷᠢᠭᠤᠨ ᠴᠢᠬᠡᠴᠢ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号