《ᠠᠷᠪᠠᠨ ᠲᠦᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳ᠋ᠤ ᠥᠪᠥᠷ ᠮᠣᠩᠭᠣᠯ ᠤ᠋ᠨ ᠬᠥᠮᠦᠨ ᠳᠤᠮᠳᠠᠴᠢ ᠵᠢᠨ ᠵᠢᠱ᠌ᠢᠭᠰᠡᠨ ᠨᠠᠰᠤᠨ ᠬᠤᠲᠤᠭ 78.5 ᠨᠠᠰᠤᠨ᠎ᠳᠤ ᠬᠦᠷᠪᠠ
2026-04-13 15:59:22
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠡᠭᠠᠰᠢ᠂ ᠥᠪᠥᠷ ᠮᠣᠩᠭᠣᠯ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠢᠯᠡᠰ ᠲᠣᠭᠲᠠᠭᠤᠨ ᠵᠢᠠᠷ ᠬᠥᠭᠵᠢᠵᠦ᠂ ᠭᠣᠣᠯ ᠪᠣᠯᠬᠤ ᠡᠷᠡᠭᠦᠯ ᠮᠡᠨᠳᠦ ᠵᠢᠨ ᠭᠦᠢᠴᠡᠳᠬᠡᠯ ᠲᠣᠭ᠎ᠠ ᠦᠷᠭᠦᠯᠵᠢᠯᠡᠨ ᠰᠠᠢᠵᠢᠷᠠᠵᠤ᠂ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠵᠢᠨ ᠵᠢᠱ᠌ᠢᠭᠰᠡᠨ ᠨᠠᠰᠤᠨ ᠬᠤᠲᠤᠭ 77.8 ᠨᠠᠰᠤᠨ ᠡᠴᠡ ᠪᠡᠨ ᠳᠡᠭᠡᠭᠰᠢᠯᠡᠭᠡᠳ 78.5 ᠨᠠᠰᠤᠨ᠎ᠳᠤ ᠬᠦᠷᠴᠤ᠂ ᠡᠷᠡᠭᠦᠯ ᠮᠡᠨᠳᠦ ᠵᠢᠨ ᠬᠡᠪ ᠪᠣᠯᠪᠠᠰᠤᠷᠠᠯ ᠤ᠋ᠨ ᠲᠦᠪᠰᠢᠨ 21% ᠡᠴᠡ ᠪᠠᠨ 33% ᠪᠣᠯᠤᠨ ᠳᠡᠭᠡᠭᠰᠢᠯᠡᠵᠦ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠲᠡᠨ ᠤ᠋ ᠦᠨᠳᠦᠰᠦᠨ ᠱᠠᠲᠤᠨ ᠤ᠋ ᠵᠢᠷᠤᠮᠵᠢᠭᠰᠠᠨ ᠬᠠᠮᠢᠶᠠᠷᠤᠯᠲᠠ ᠵᠢᠨ ᠦᠢᠯᠡᠴᠢᠯᠡᠭᠡᠨ ᠤ᠋ ᠨᠣᠷᠮ᠎ᠠ ᠲᠤᠰᠪᠦᠷᠢ 74%᠂ 75% ᠡᠴᠡ 81% ᠪᠣᠯᠤᠨ 82% ᠪᠣᠯᠵᠤ ᠳᠡᠭᠡᠭᠰᠢᠯᠡᠪᠡ᠃

ᠣᠳᠣᠬᠠᠨ ᠳ᠋ᠤ᠌᠂ ᠥᠪᠥᠷ ᠮᠣᠩᠭᠣᠯ ᠤ᠋ᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠬᠠᠩᠭᠠᠯᠭ᠎ᠠ ᠪᠤᠯᠤᠨ ᠣᠯᠠᠨ ᠲᠦᠮᠡᠨ ᠤ᠋ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠡᠷᠡᠭᠦᠯ ᠮᠡᠨᠳᠦ ᠵᠢᠨ ᠬᠡᠷᠡᠭᠴᠡᠭᠡ ᠮᠥᠨ ᠯᠡ ᠵᠥᠷᠢᠶ᠎ᠡ ᠲᠡᠢ ᠪᠠᠢᠵᠤ᠂ ᠵᠢᠷᠦᠬᠡ ᠲᠠᠷᠢᠬᠢᠨ ᠤ᠋ ᠴᠢᠰᠤᠨ ᠰᠤᠳᠠᠯ ᠤ᠋ᠨ ᠡᠪᠡᠳᠴᠢᠨ (ᠴᠢᠰᠤᠨ ᠳᠠᠷᠤᠯᠲᠠ ᠥᠨᠳᠥᠷ)᠂ ᠬᠠᠪᠤᠳᠠᠷ ᠡᠪᠡᠳᠴᠢᠨ᠂ ᠰᠢᠬᠢᠷ ᠰᠢᠵᠢᠩ ᠡᠪᠡᠳᠴᠢᠨ᠂ ᠠᠮᠢᠰᠬᠤᠯ ᠤ᠋ᠨ ᠰᠢᠰᠲ᠋ᠧᠮ ᠤ᠋ᠨ ᠡᠪᠡᠳᠴᠢᠨ᠂ ᠣᠶᠤᠨ ᠮᠡᠳᠡᠷᠡᠯ ᠤ᠋ᠨ ᠡᠪᠡᠳᠴᠢᠨ᠂ ᠬᠠᠷᠰᠢᠮᠠᠲᠠᠭᠠᠢ ᠴᠢᠨᠠᠷᠲᠠᠢ ᠬᠠᠮᠠᠷ ᠤ᠋ᠨ ᠦᠷᠪᠢᠰᠦᠯ ᠵᠡᠷᠭᠡ ᠤᠳᠠᠭᠠᠨ ᠴᠢᠨᠠᠷᠲᠠᠢ ᠡᠪᠡᠳᠴᠢᠨ ᠵᠢᠴᠢ ᠪᠷᠦ᠋ᠼᠧᠯ ᠡᠪᠡᠳᠴᠢᠨ᠂ ᠬᠤᠯᠤᠭᠠᠨ᠎ᠠ ᠬᠢᠵᠢᠭ ᠵᠡᠷᠭᠡ ᠭᠣᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ᠋ ᠰᠡᠷᠭᠡᠢᠯᠡᠨ ᠡᠵᠡᠮᠳᠡᠭᠦ ᠳᠠᠷᠤᠭᠠᠰᠤ ᠦᠷᠭᠦᠯᠵᠢᠯᠡᠨ ᠨᠡᠮᠡᠭᠳᠡᠵᠦ᠂ ᠬᠣᠲᠠ ᠬᠥᠳᠡᠭᠡ ᠵᠢᠨ ᠦᠢᠯᠡᠴᠢᠯᠡᠭᠡ ᠲᠡᠩᠴᠡᠭᠦᠷᠢ ᠦᠭᠡᠢ ᠵᠡᠷᠭᠡ ᠠᠰᠠᠭᠤᠳᠠᠯ ᠤᠷᠤᠰᠢᠵᠤ ᠪᠤᠢ᠃ ᠡᠢᠮᠦᠷᠬᠦᠤ ᠪᠠᠢᠳᠠᠯ ᠳᠤᠤᠷ᠎ᠠ᠂ ᠥᠪᠥᠷ ᠮᠣᠩᠭᠣᠯ ᠪᠣᠳᠠᠲᠤ ᠪᠠᠢᠳᠠᠯ ᠳ᠋ᠤ᠌ ᠰᠠᠭᠤᠷᠢᠯᠠᠨ᠂ 《ᠡᠪᠡᠳᠴᠢᠨ ᠢ᠋ ᠰᠡᠷᠭᠡᠢᠯᠡᠨ ᠵᠠᠰᠠᠬᠤ ᠡᠷᠡᠭᠦᠯ ᠮᠡᠨᠳᠦ ᠵᠢᠨ ᠬᠠᠮᠢᠶᠠᠷᠤᠯᠳᠠ ᠵᠢᠨ ᠦᠢᠯᠡᠴᠢᠯᠡᠭᠡᠨ ᠤ᠋ ᠢᠨᠵᠧᠨᠧᠷᠢᠩ ᠢ᠋ ᠬᠡᠷᠡᠭᠵᠢᠭᠦᠯᠬᠦ ᠲᠥᠰᠦᠯ》 ᠢ᠋ ᠰᠤᠳᠤᠯᠤᠨ ᠲᠣᠭᠲᠠᠭᠠᠵᠤ᠂ ᠡᠪᠡᠳᠴᠢᠨ ᠢ᠋ ᠰᠡᠷᠭᠡᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠵᠢᠴᠢ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠪᠦᠬᠦ ᠬᠡᠯᠬᠢᠶ᠎ᠠ ᠵᠢᠨ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ᠋ ᠰᠢᠰᠲ᠋ᠧᠮ ᠢ᠋ ᠪᠠᠢᠭᠤᠯᠵᠤ᠂ 《ᠡᠪᠡᠳᠴᠢᠨ ᠢ᠋ ᠵᠠᠰᠠᠬᠤ ᠪᠠᠷ ᠭᠣᠣᠯ ᠪᠣᠯᠭᠠᠬᠤ》 ᠪᠠᠢᠭᠰᠠᠨ ᠡᠴᠡ 《ᠠᠷᠠᠳ ᠲᠦᠮᠡᠨ ᠤ᠋ ᠡᠷᠡᠭᠦᠯ ᠮᠡᠨᠳᠦ ᠵᠢ ᠪᠠᠲᠤᠯᠠᠬᠤ ᠪᠠᠷ ᠭᠣᠣᠯ ᠪᠣᠯᠭᠠᠬᠤ》 ᠳᠠᠢᠰᠢ ᠦᠨᠳᠦᠰᠦᠨ ᠴᠢᠨᠠᠷᠲᠠᠢ ᠬᠤᠪᠢᠷᠠᠯᠲᠠ ᠵᠢ ᠠᠬᠢᠭᠤᠯᠵᠤ᠂ ᠣᠯᠠᠨ ᠲᠦᠮᠡᠨ ᠤ᠋ ᠪᠦᠬᠦ ᠲᠠᠯ᠎ᠠ ᠵᠢᠨ ᠪᠦᠬᠦ ᠠᠮᠢ ᠨᠠᠰᠤᠨ ᠤ᠋ ᠦᠶᠡᠯᠡᠯ ᠤ᠋ᠨ ᠡᠷᠡᠭᠦᠯ ᠮᠡᠨᠳᠦ ᠵᠢᠨ ᠬᠡᠷᠡᠭᠴᠡᠭᠡ ᠱᠠᠭᠠᠷᠳᠠᠯᠭ᠎ᠠ ᠵᠢ ᠦᠨᠡᠨ ᠬᠦ᠌ ᠬᠠᠩᠭᠠᠭᠰᠠᠨ ᠪᠠᠢᠨ᠎ᠠ᠃

ᠣᠢᠯᠠᠭᠠᠭᠰᠠᠨ ᠵᠢᠠᠷ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠦᠯᠦᠪᠵᠢᠭᠦᠯᠭᠡ ᠵᠢᠨ ᠬᠤᠭᠤᠴᠠᠭᠠᠨ ᠤ᠋ ᠰᠡᠭᠦᠯᠴᠢ ᠪᠣᠯᠬᠤ ᠳ᠋ᠤ᠌ ᠥᠪᠥᠷ ᠮᠣᠩᠭᠣᠯ ᠤ᠋ᠨ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠵᠢᠨ ᠵᠢᠱ᠌ᠢᠭᠰᠡᠨ ᠨᠠᠰᠤᠨ ᠬᠤᠲᠤᠭ ᠢ᠋ 80 ᠨᠠᠰᠤ ᠣᠷᠴᠢᠮ ᠳ᠋ᠤ᠌ ᠬᠦᠷᠭᠡᠵᠦ᠂ ᠡᠷᠡᠭᠦᠯ ᠮᠡᠨᠳᠤ ᠵᠢᠨ ᠬᠡᠪ ᠪᠣᠯᠪᠠᠰᠤᠷᠠᠯ ᠤ᠋ᠨ ᠲᠦᠪᠰᠢᠨ ᠢ᠋ 40% ᠠ᠋ᠴᠠ ᠳᠠᠪᠠᠭᠤᠯᠵᠤ᠂ 30 — 70 ᠨᠠᠰᠤᠨ ᠤ᠋ ᠬᠥᠮᠦᠰ ᠤ᠋ᠨ ᠬᠦᠨᠳᠦ ᠶᠡᠬᠡ ᠡᠪᠡᠳᠴᠢᠨ ᠤᠳᠠᠭᠠᠨ ᠴᠢᠨᠠᠷᠲᠠᠢ ᠡᠪᠡᠳᠴᠢᠨ ᠵᠢᠡᠷ ᠡᠷᠲᠡ ᠨᠠᠰᠤ ᠪᠠᠷᠠᠬᠤ ᠨᠣᠷᠮ᠎ᠠ ᠵᠢ 13% ᠪᠣᠯᠭᠠᠨ ᠪᠠᠭᠤᠷᠠᠭᠤᠯᠵᠤ᠂ ᠨᠢᠯᠬ᠎ᠠ ᠬᠡᠦᠬᠡᠳ ᠤ᠋ᠨ ᠦᠬᠦᠯᠳᠡ ᠵᠢᠨ ᠨᠣᠷᠮ᠎ᠠ ᠪᠠ ᠵᠢᠷᠮᠦᠰᠦᠨ ᠪᠦᠰᠡᠭᠦᠢ ᠵᠢᠨ ᠦᠬᠦᠯᠲᠡ ᠵᠢᠨ ᠨᠣᠷᠮ᠎ᠠ ᠵᠢ ᠪᠠᠭᠤᠷᠠᠭᠤᠯᠵᠤ᠂ ᠬᠦᠨᠳᠦ ᠶᠡᠬᠡ ᠬᠠᠯᠳᠠᠪᠤᠷᠢᠲᠤ ᠡᠪᠡᠳᠴᠢᠨ ᠢ᠋ ᠪᠦᠲᠦᠮᠵᠢᠲᠡᠢ ᠡᠵᠡᠮᠳᠡᠨ᠎ᠡ; ᠪᠥᠬᠥ ᠤᠯᠤᠰ ᠤ᠋ᠨ ᠡᠷᠡᠭᠦᠯ ᠮᠡᠨᠳᠤ ᠵᠢᠨ ᠬᠣᠲᠠ ᠰᠤᠮᠤ ᠰᠢᠶᠠᠩ ᠪᠠᠯᠭᠠᠰᠤ ᠵᠢᠨ ᠪᠦᠳᠦᠭᠡᠨ ᠪᠠᠢᠭᠤᠯᠤᠯᠳᠠ ᠵᠢ ᠴᠢᠩᠭᠠᠳᠬᠠᠵᠤ᠂ ᠵᠢᠱ᠌ᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠨᠥᠯᠥᠭᠡᠯᠡᠨ ᠳᠠᠢᠴᠢᠯᠠᠬᠤ ᠦᠢᠯᠡᠳᠦᠯ ᠢ᠋ ᠪᠠᠳᠠᠷᠠᠭᠤᠯᠵᠤ᠂ ᠡᠷᠡᠭᠦᠯ ᠮᠡᠨᠳᠤ ᠥᠪᠥᠷ ᠮᠣᠩᠭᠣᠯ ᠤ᠋ᠨ ᠪᠦᠲᠦᠭᠡᠨ ᠪᠠᠢᠭᠤᠯᠤᠯᠲᠠ ᠵᠢ ᠯᠠᠪᠳᠠᠭᠤᠨ ᠠᠬᠢᠭᠤᠯᠵᠤ᠂ ᠠᠷᠠᠳ ᠣᠯᠠᠨ ᠤ᠋ ᠡᠷᠡᠭᠦᠯ ᠮᠡᠨᠳᠦ ᠵᠢᠨ ᠬᠦᠷᠳᠡᠮᠵᠢ ᠵᠢᠨ ᠲᠥᠷᠥᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ᠋ ᠲᠠᠰᠤᠷᠠᠯᠲᠠ ᠦᠭᠡᠢ ᠨᠡᠮᠡᠭᠳᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号