2026 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠠᠩᠬᠠᠳᠠᠭ᠍ᠴᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠶᠠᠪᠤᠬᠳᠠᠵᠠᠢ
2026-04-13 16:05:30
ᠵᠣᠬᠢᠶᠠᠭ᠍ᠴᠢ᠄
​ᠬᠤᠩ ᠰᠢᠶᠠ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 2 ᠎ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠲᠥᠷᠥᠯ ᠵᠦᠶ᠋ᠯ᠎ᠦᠨ ᠠᠯᠪᠠᠨ ᠬᠡᠷ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ 《ᠡᠬᠡ ᠤᠯᠤᠰ᠎ᠲᠠᠭᠠᠨ ᠬᠦᠴᠦ᠍᠎ᠪᠡᠨ ᠡᠷᠭᠦᠵᠦ᠍  ᠪᠠᠷᠠᠭᠤᠨ ᠣᠷᠣᠨ᠎ᠳᠤ ᠭᠠᠪᠢᠶ᠎ᠠ ᠪᠠᠢᠭᠤᠯᠤᠨᠠᠮ》 ᠭᠡᠬᠦ 2026 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠰᠠᠢᠨ ᠲᠤᠷᠠᠴᠤᠳ᠎ᠤᠨ ᠠᠩᠬᠠᠳᠠᠬᠴᠢ ᠤᠬᠠᠭᠤᠯᠤᠨ ᠲᠠᠢᠯᠪᠤᠷᠢᠯᠠᠬᠤ ᠬᠤᠷᠠᠯ᠎ᠢ ᠡᠷᠭᠢᠯᠡᠨ ᠶᠠᠪᠤᠬᠳᠠᠭᠤᠯᠪᠠ᠃

ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠳᠦᠴᠡ ᠦᠷᠭᠡᠨ ᠲᠡᠯᠭᠡᠷ ᠪᠠᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠱᠢᠭᠤ ᠱᠢᠶᠠᠨ᠎ᠤ ᠲᠦᠷᠦᠯ ᠵᠦᠢᠯ᠎ᠦᠨ ᠠᠯᠪᠠᠨ ᠭᠡᠷ᠎ᠦᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂   ᠨᠢᠭᠡ ᠵᠢᠯ ᠵᠢᠴᠢ ᠨᠢᠭᠡ ᠵᠢᠯ᠎ᠡᠴᠡ ᠳᠡᠭᠡᠭ᠌ᠰᠢ ᠪᠠᠷᠠᠭᠤᠨ ᠤᠷᠤᠨ ᠳ᠋ᠤ ᠦᠢᠯᠡᠴᠢᠯᠡᠵᠦ ᠪᠠᠢᠭ᠎ᠠ ᠰᠠᠢ᠌ᠨ ᠳᠤᠷᠠᠴᠤᠳ᠂ ᠠᠰᠫᠢᠷᠠᠨᠲ᠎ᠤᠨ ᠰᠤᠷᠭᠠᠨ ᠬᠥᠮᠦᠵᠢᠯ᠎ᠢ ᠳᠡᠮᠵᠢᠬᠦ᠌ ᠪᠦᠯᠬᠦᠮ᠎ᠦᠨ ᠪᠦᠷᠢᠯᠳᠦᠬᠦᠨ᠂ ᠦᠢᠯᠡᠴᠢᠯᠡᠭᠡᠨ᠎ᠦ ᠬᠤᠭᠤᠴᠠᠭ᠎ᠠ ᠨᠢ ᠳᠦᠭᠦᠷᠦᠭ᠌ᠰᠡᠨ᠎ᠦ ᠲᠠᠷᠠᠭ᠎ᠠ ᠥᠪᠥᠷ ᠮᠣᠩᠭᠣᠯ᠎ᠤᠨ ᠦᠨᠳᠦᠰᠦᠨ ᠱᠠᠲᠤᠨ᠎ᠳᠤ ᠦᠨᠳᠦᠰᠦ ᠬᠠᠳᠭᠤᠭ᠍ᠰᠠᠨ ᠬᠦᠮᠦᠰ ᠪᠠᠢᠵᠤ᠂ 《ᠦᠨᠳᠦᠰᠦᠨ ᠱᠠᠲᠤᠨ᠎ᠠᠴᠠ ᠢᠷᠡᠵᠦ᠍ ᠦᠨᠳᠦᠰᠦᠨ ᠱᠠᠲᠤᠨ᠎ᠳᠤ ᠣᠴᠢᠬᠤ》 ᠵᠢᠱ᠌ᠢᠢ᠎ᠡ ᠦᠵᠡᠭᠦᠯᠵᠦ᠍ ᠬᠦᠳᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠢᠯᠡᠷᠡᠭᠦᠯᠪᠡ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠱᠢᠰᠲ᠋ᠧᠮ᠎ᠲᠡᠶ ᠡᠮᠬᠢᠯᠡᠵᠤ᠂ ᠡᠯ᠎ᠡ ᠭᠠᠵᠠᠷ᠎ᠤᠨ ᠡᠯᠰᠡᠬᠦ᠌  ᠨᠦᠬᠦᠴᠡᠯ᠎ᠢ ᠲᠤᠳᠤᠷᠬᠠᠢᠯᠠᠨ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌᠂ ᠲᠤᠷᠱᠢᠯᠭ᠎ᠠ᠎ᠪᠠᠨ ᠬᠤᠪᠢᠶᠠᠯᠴᠠᠬᠤ᠂ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂  ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠥᠯᠢᠭᠡᠷ᠎ᠢ ᠰᠠᠢᠲᠤᠷ ᠶᠠᠷᠢᠵᠤ᠂ ᠨᠠᠩ ᠣᠯᠠᠨ ᠵᠠᠯᠠᠭᠤᠴᠤᠳ᠎ᠤᠨ ᠪᠠᠷᠠᠭᠤᠨ ᠣᠷᠣᠨ᠎ᠳᠤ ᠣᠴᠢᠵᠦ᠂ ᠦᠨᠳᠦᠰᠦᠨ ᠱᠠᠲᠤᠨ᠎ᠳᠤ ᠦᠨᠳᠦᠰᠦ ᠬᠠᠳᠭᠤᠨ᠂ ᠵᠠᠯᠠᠭᠤ ᠨᠠᠰᠤᠨ᠎ᠤ ᠬᠦᠴᠦᠨ ᠴᠢᠳᠠᠯ ᠵᠢᠡᠨ ᠡᠷᠬᠦᠬᠦ  ᠶ᠋ᠢ ᠵᠣᠷᠢᠭ᠍ᠵᠢᠭᠤᠯᠪᠠ᠃

ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠲᠥᠷᠥᠯ ᠵᠦᠶ᠋ᠯ᠎ᠦᠨ ᠠᠯᠪᠠᠨ ᠬᠡᠷ ᠵᠠᠯᠭᠠᠭ᠎ᠠ᠎ᠪᠠᠷ 12ᠠᠢᠮᠠᠭ ᠬᠣᠲᠠ᠎ᠶ᠋ᠢᠨ ᠡᠯ᠎ᠡ ᠶᠡᠬᠡ ᠳᠡᠭᠡᠳᠦ ᠰᠤᠷᠭᠠᠭᠤᠯᠢ᠎ᠳᠤ ᠬᠦᠷᠴᠦ᠍ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯ᠎ᠢ ᠥᠷᠨᠢᠭᠦᠯᠬᠦ᠌᠎ᠶ᠋ᠢᠨ ᠬᠠᠮᠲᠤ ᠶᠡᠬᠡ ᠳᠡᠭᠡᠳᠦ ᠰᠤᠷᠭᠠᠭᠤᠯᠢ᠎ᠶ᠋ᠢᠨ ᠪᠠᠷᠠᠭᠤᠨ ᠣᠷᠣᠨ᠎ᠤ ᠲᠥᠯᠥᠪᠯᠡᠭᠡ᠎ᠶ᠋ᠢᠨ ᠰᠠᠢᠨ ᠳᠤᠷᠠᠴᠤᠳ ᠡᠯᠰᠡᠬᠦ᠌ ᠵᠢᠯᠣᠭᠣᠳᠣᠯᠭ᠎ᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠵᠠᠯᠠᠭᠤᠴᠤᠳ᠎ᠤᠨ ᠪᠠᠷᠠᠭᠤᠨ ᠣᠷᠣᠨ᠎ᠳᠤ  ᠠᠵᠢᠯᠯᠠᠬᠤ ᠬᠠᠯᠠᠭᠤᠨ ᠰᠡᠳᠭᠢᠯᠭᠡ ᠪᠠ ᠡᠭᠦᠷᠭᠡᠯᠡᠯ᠎ᠢ ᠦᠷᠭᠦᠯᠵᠢᠯᠡᠨ ᠬᠥᠭ᠌ᠵᠢᠭᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号