ᠬᠦᠯᠦᠨ ᠪᠤᠢᠷ ᠬᠤᠳᠠ᠄ ᠤᠷᠤᠨ ᠨᠤᠳᠤᠭ᠎ᠦᠨ ᠤᠨᠴᠠᠯᠢᠭ᠎ᠲᠦ ᠰᠠᠭᠤᠷᠢᠯᠠᠨ ᠵᠠᠯᠠᠭᠤᠴᠤᠳ ᠪᠠᠭᠠᠴᠤᠳ᠎ᠦᠨ ᠪᠦᠬᠦ ᠲᠠᠯ᠎ᠠ ᠵᠢᠨ ᠬᠦᠭᠵᠢᠯᠳᠡ ᠵᠢ ᠠᠬᠢᠭᠤᠯᠤᠨ᠎ᠠ
2026-04-13 10:34:19
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

— 《ᠪᠡᠶ᠎ᠡ᠎ᠶ᠋ᠢᠨ ᠲᠠᠮᠢᠷ + ᠰᠤᠷᠭᠠᠨ ᠬᠦᠮᠦᠵᠢᠯ》 ᠰᠢᠷᠢᠰ ᠮᠡᠳᠡᠭᠡᠯᠡᠯ ②

  

ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠪᠣᠯ ᠱᠢᠨ᠎ᠡ ᠴᠠᠭ ᠦᠶ᠎ᠡ᠎ᠵᠢᠨ ᠵᠠᠯᠠᠭᠤᠴᠤᠳ ᠪᠠᠭᠠᠴᠤᠳ᠎ᠤᠨ ᠰᠣᠶᠣᠯ᠎ᠤᠨ ᠰᠤᠷᠤᠯᠴᠠᠯᠭ᠎ᠠ ᠪᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠰᠠᠭᠤᠷᠢ᠎ᠶ᠋ᠢ ᠪᠡᠬᠢᠵᠢᠭᠦᠯᠬᠦ᠌ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠂ ᠵᠠᠯᠠᠭᠤᠴᠤᠳ ᠪᠠᠭᠠᠴᠤᠳ᠎ᠤᠨ ᠪᠥᠬᠥ᠌ ᠲᠠᠯ᠎ᠠ᠎ᠪᠠᠷ ᠡᠷᠡᠭᠦᠯ᠎ᠢᠶᠡᠷ ᠦᠰᠦᠨ ᠪᠣᠢᠵᠢᠬᠤ᠎ᠶ᠋ᠢ ᠠᠬᠢᠭᠤᠯᠬᠤ ᠭᠤᠤᠯ ᠠᠷᠭ᠎ᠠ ᠵᠠᠮ ᠮᠥᠨ᠃ ᠬᠥᠯᠥᠨ ᠪᠣᠢᠷ ᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠦᠪᠡᠷᠮᠢᠴᠡ ᠤᠨᠴᠠᠯᠢᠬᠳᠤ ᠪᠠᠢᠭᠠᠯᠢ᠎ᠶ᠋ᠢᠨ ᠡᠬᠢ ᠪᠠᠶᠠᠯᠢᠭ ᠲᠠᠢ ᠪᠠᠢᠳᠠᠭ᠂ ᠨᠠᠩ ᠴᠤ᠌ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠳᠠᠭᠠᠭᠠᠨ ᠡᠷᠭᠢᠯᠡᠭ᠌ᠰᠡᠨ ᠱᠢᠯᠢᠳᠡᠭ ᠲᠠᠯᠠᠪᠤᠷ ᠣᠷᠳᠣᠨ᠎ᠤ ᠡᠬᠢ ᠪᠠᠶᠠᠯᠢᠭ᠎ᠲᠠᠢ ᠪᠠᠢᠵᠤ᠂ ᠭᠠᠵᠠᠷ ᠣᠷᠣᠨ᠎ᠤ ᠪᠣᠳᠠᠲᠤ ᠪᠠᠢᠳᠠᠯ ᠪᠠ ᠦᠨᠳᠦᠰᠦᠲᠡᠨ᠎ᠦ ᠣᠨᠴᠠᠯᠢᠭ᠎ᠲᠤ ᠰᠠᠭᠤᠷᠢᠯᠠᠨ ᠲᠥᠷᠥ᠎ᠶ᠋ᠢᠨ ᠪᠣᠳᠣᠯᠭ᠎ᠠ᠎ᠶᠢᠨ ᠳᠠᠮᠵᠢᠯᠭᠡ ᠦᠵᠡᠬᠦᠯᠬᠦ᠂ ᠡᠬᠢ ᠪᠠᠶᠠᠯᠢᠭ᠎ᠢ ᠨᠡᠢᠳᠭᠡᠬᠦ᠂ ᠤᠨᠴᠠᠯᠢᠭ᠍ᠳᠤ ᠤᠷᠤᠯᠳᠤᠭᠠᠨ ᠡᠷᠬᠢᠯᠡᠬᠦ᠂ ᠴᠢᠳᠠᠪᠤᠷᠢᠲᠠᠨ ᠬᠥᠮᠦᠵᠢᠭᠦᠯᠬᠦ᠌ ᠵᠡᠷᠭᠡ ᠲᠠᠯ᠎ᠠ᠎ᠪᠠᠷ ᠤᠨᠤᠴᠠᠳᠠᠢ ᠬᠦᠴᠦᠯᠡᠨ᠂ ᠬᠢᠯᠢ ᠬᠢᠵᠠᠭᠠᠷ ᠣᠷᠣᠨ᠎ᠤ ᠬᠥᠭ᠌ᠵᠢᠯᠲᠡ᠎ᠳᠦ ᠵᠣᠬᠢᠴᠠᠭ᠍ᠰᠠᠨ ᠪᠡᠶ᠎ᠡ᠎ᠶᠢᠨ  ᠲᠠᠮᠢᠷ ᠪᠠ  ᠰᠤᠷᠭᠠᠨ  ᠬᠥᠮᠦᠵᠢᠯ᠎ᠢ  ᠠᠭᠤᠰᠤᠯᠴᠠᠭᠤᠯᠬᠤ ᠱᠢᠨ᠎ᠡ ᠠᠷᠭ᠎ᠠ ᠵᠠᠮ᠎ᠢ ᠲᠠᠰᠤᠷᠠᠯᠲᠠ ᠦᠭᠡᠢ  ᠬᠠᠢᠨ ᠰᠦᠪᠡᠭ᠌ᠴᠢᠯᠡᠵᠦ᠍ ᠪᠤᠢ᠃

ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠵᠤ ᠣᠷᠣᠨ ᠪᠦᠰᠡ᠎ᠶ᠋ᠢᠨ ᠡᠬᠢ ᠪᠠᠶᠠᠯᠢᠭ᠎ᠢ ᠨᠡᠢᠳᠭᠡᠨ᠎ᠡ

ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠶᠠᠪᠤᠴᠠ᠎ᠳᠠᠬᠢ ᠰᠠᠯᠠᠭ᠎ᠠ ᠮᠥᠴᠢᠷ᠎ᠦᠨ ᠬᠠᠮᠵᠢᠯᠴᠠᠭ᠎ᠠ ᠬᠦᠷᠦᠯᠴᠡᠬᠦ᠌ ᠦᠭᠡᠢ ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠤᠢᠷ᠎ᠠ᠎ᠶᠢᠨ ᠵᠢᠯ᠎ᠳᠦ ᠬᠦᠯᠦᠨ ᠪᠤᠢᠷ ᠬᠤᠳᠠ ᠡᠬᠢ ᠪᠠᠶᠠᠯᠢᠭ᠎ᠤᠨ ᠲᠠᠷᠬᠠᠯᠲᠠ ᠲᠡᠩᠴᠡᠬᠦᠷᠢ ᠦᠭᠡᠢ᠂ ᠲᠣᠭ᠍ᠲᠠᠴᠠ ᠱᠢᠯᠤᠭᠤᠨ ᠪᠤᠰᠤ ᠵᠡᠷᠭᠡ ᠠᠰᠠᠭᠤᠳᠠᠯ᠎ᠳᠦ ᠴᠢᠭᠯᠡᠬᠦᠯᠦᠨ ᠦᠵᠦ᠍ ᠲᠥᠯᠥᠪᠯᠡᠭᠡ᠎ᠶ᠋ᠢ ᠤᠷᠢᠳ᠎ᠢᠶᠠᠷ ᠬᠢᠬᠦ᠌᠎ᠶ᠋ᠢ ᠪᠠᠷᠢᠮᠲᠠᠯᠠᠨ᠂ ᠬᠦᠯᠦᠨ ᠪᠤᠢᠷ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠰᠤᠷᠭᠠᠨ ᠬᠥᠮᠦᠵᠢᠯ᠎ᠦᠨ ᠲᠣᠪᠴᠢᠶ᠎ᠠ ᠲᠦᠷᠦᠭᠦᠯᠡᠨ《ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠍ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠂ 《ᠰᠤᠷᠭᠠᠭᠤᠯᠢ᠎ᠶ᠋ᠢᠨ ᠬᠦᠷᠢᠶᠡᠨ᠎ᠦ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠶ᠋ᠢᠨ ᠲᠥᠯᠥᠪᠵᠢᠭᠦᠯᠭᠡ》 ᠵᠡᠷᠭᠡ ᠱᠢᠷᠢᠰ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠬᠠᠮᠲᠤᠷᠠᠨ ᠨᠡᠢᠲᠡᠯᠡᠵᠦ᠂ ᠠᠵᠢᠯ᠎ᠤᠨ ᠬᠠᠷᠠᠯᠲᠠ ᠵᠢ ᠲᠤᠳᠤᠷᠬᠠᠢᠯᠠᠨ᠂ ᠬᠠᠷᠢᠭᠤᠴᠠᠯᠭ᠎ᠠ᠎ᠶ᠋ᠢᠨ ᠬᠤᠪᠢᠶᠠᠷᠢᠯᠠᠯ ᠬᠢᠭᠡᠳ ᠬᠡᠷᠡᠭ᠌ᠵᠢᠭᠦᠯᠬᠦ᠌ ᠠᠷᠭ᠎ᠠ ᠵᠠᠮ᠂ ᠪᠡᠶ᠎ᠡ᠎ᠶ᠋ᠢᠨ ᠲᠠᠮᠢᠷ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠪᠠᠢᠩᠭᠤ᠎ᠶ᠋ᠢᠨ ᠬᠠᠮᠲᠤᠷᠠᠭ᠍ᠰᠠᠨ ᠲᠣᠭ᠍ᠲᠠᠴᠠ᠂ ᠲᠠᠯᠠᠪᠤᠷ ᠭᠠᠵᠠᠷ᠎ᠢ ᠬᠠᠮᠲᠤ᠎ᠪᠠᠷ ᠡᠳ᠋ᠯᠡᠬᠦ᠌ ᠵᠡᠷᠭᠡ ᠵᠢ ᠨᠢᠭᠡᠳᠦᠯᠲᠡᠶ ᠲᠥᠯᠥᠪᠯᠡᠨ ᠱᠢᠶ᠋ᠳᠪᠦᠷᠢᠯᠡᠪᠡ᠃


69dc08bc-2ce2-4847-9087-2f98b701a9a3.png


ᠡᠭᠦᠨ᠎ᠦ ᠬᠠᠮᠲᠤ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠶᠠᠰᠤ ᠴᠢᠨᠠᠷ᠎ᠢ ᠱᠢᠯᠭᠠᠨ ᠬᠢᠨᠠᠬᠤ᠂ ᠰᠤᠷᠭᠠᠨ ᠬᠥᠮᠦᠵᠢᠯ᠎ᠦᠨ ᠬᠢᠨᠠᠨ ᠵᠢᠯᠣᠭᠣᠳᠴᠤ᠌ ᠦᠨᠡᠯᠡᠬᠦ᠌ ᠱᠢᠰᠲ᠋ᠧᠮ᠎ᠳᠦ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠦᠨ ᠴᠠᠭ᠎ᠤᠨ ᠪᠠᠷᠢᠮᠵᠢᠶ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠶᠡᠬᠡ ᠬᠢᠴᠢᠶᠡᠯ᠎ᠦᠨ ᠵᠠᠪᠰᠠᠷ᠎ᠤᠨ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠂ ᠬᠢᠴᠢᠶᠡᠯ᠎ᠦᠨ ᠭᠠᠳᠠᠨᠠᠬᠢ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠪᠦᠷᠢᠨ ᠪᠦᠷᠬᠦᠭᠦᠯᠬᠦ᠌᠎ᠶ᠋ᠢ ᠪᠠᠲᠤᠯᠠᠵᠤ᠂ ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ᠎ᠢ 《ᠳᠡᠳ᠋ᠯᠡᠬᠦ᠌ ᠬᠢᠴᠢᠶᠡᠯ ᠲᠥᠷᠥᠯ》᠎ᠡᠴᠠ 《ᠭᠤᠤᠯᠯᠠᠬᠤ ᠬᠥᠮᠦᠨ ᠬᠥᠮᠦᠵᠢᠭᠦᠯᠬᠦ᠌ ᠭᠣᠭ᠍ᠴᠣᠭ᠎ᠠ》 ᠪᠣᠯᠭᠠᠨ ᠬᠤᠪᠢᠷᠠᠭᠤᠯᠬᠤ᠎ᠶ᠋ᠢ ᠠᠬᠢᠭᠤᠯᠤᠭᠰᠠᠨ ᠪᠠᠢᠨ᠎ᠠ᠃ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ ᠵᠡᠷᠭᠡ ᠣᠨᠴᠠᠯᠢᠭ᠍ᠲᠤ ᠳᠠᠪᠠᠭᠤᠯᠢᠭ ᠲᠥᠷᠥᠯ ᠵᠦᠶ᠋ᠯ᠎ᠳᠦ ᠴᠢᠭ᠌ᠯᠡᠭᠦᠯᠦᠨ᠂ ᠲᠤᠰᠭᠠᠶ ᠵᠠᠷᠤᠳᠠᠯ᠎ᠢᠶᠠᠷ ᠲᠡᠳᠬᠦᠬᠦ᠌᠂ ᠲᠠᠯᠠᠪᠤᠷ ᠭᠠᠵᠠᠷ᠎ᠤᠨ ᠪᠥᠲᠥᠭᠡᠨ ᠪᠠᠢᠭᠤᠯᠤᠯᠲᠠ  ᠬᠢᠬᠦ᠂ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠬᠡᠯᠪᠡᠢᠯᠭᠡᠭᠰᠡᠨ ᠲᠥᠷᠥ᠎ᠶ᠋ᠢᠨ ᠪᠣᠳᠣᠯᠭ᠎ᠠ ᠲᠣᠭ᠍ᠲᠠᠭᠠᠵᠤ᠂ 《ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠰᠤᠷᠭᠠᠭᠤᠯᠢ ᠨᠠᠢᠳᠠᠪᠤᠷᠢᠵᠢᠭᠤᠯᠬᠤ᠂ ᠨᠡᠢᠭᠡᠮ ᠳᠠᠶᠠᠭᠠᠷ ᠣᠷᠣᠯᠴᠠᠬᠤ》 ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠠᠵᠢᠯ᠎ᠤᠨ ᠪᠠᠢᠷᠢᠱᠢᠯ᠎ᠢ ᠪᠣᠶ ᠪᠣᠯᠭᠠᠵᠤ᠂ ᠪᠥᠬᠥ᠌ ᠣᠷᠣᠨ ᠪᠦᠰᠡ᠎ᠶ᠋ᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠬᠤ᠎ᠳᠤ ᠪᠠᠲᠤ ᠪᠠᠬᠢ ᠲᠦᠷᠢᠮ᠎ᠦᠨ ᠪᠠᠲᠤᠯᠠᠭ᠎ᠠ ᠬᠠᠩᠭᠠᠪᠠ᠃


cc05aa57-02eb-4d25-84e7-fea217579a0f.png


ᠣᠨᠴᠠᠯᠢᠭ᠍ᠲᠤ ᠲᠥᠷᠥᠯ ᠵᠦᠶ᠋ᠯ᠎ᠢ ᠬᠦᠭᠵᠢᠬᠦᠯᠵᠦ ᠲᠤᠨᠤᠭ ᠲᠦᠭᠦᠭᠡᠷᠦᠮᠵᠢ᠎ᠶᠢᠨ ᠪᠠᠳᠤᠯᠠᠭ᠎ᠠ ᠬᠠᠨᠭᠭᠠᠨ᠎ᠠ

《ᠰᠠᠭᠤᠷᠢ ᠪᠡᠶ᠎ᠡ᠎ᠶ᠋ᠢᠨ ᠲᠠᠮᠢᠷ + ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ + ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ》 ᠎ᠤ᠋ᠨ ᠭᠤᠷᠪᠠᠨ ᠬᠡᠮᠵᠢᠯᠳᠦ ᠣᠨᠴᠠᠯᠢᠭ᠍ᠲᠤ ᠬᠢᠴᠢᠶᠡᠯ᠎ᠦᠨ ᠱᠢᠰᠲ᠋ᠧᠮ᠎ᠢ ᠪᠠᠢᠭᠤᠯᠵᠤ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠵᠤ ᠲᠦᠭᠡᠮᠡᠯ ᠴᠢᠨᠠᠷ ᠪᠠ ᠥᠪᠡᠷᠮᠢᠴᠡ ᠴᠢᠨᠠᠷ᠎ᠢ ᠪᠤᠢ ᠪᠣᠯᠭᠠᠪᠠ᠃ ᠰᠠᠭᠤᠷᠢ ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠦᠨ ᠪᠠᠷᠢᠮᠵᠢᠶ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠬᠥᠩᠭᠡᠨ ᠪᠡᠶ᠎ᠡ᠎ᠶ᠋ᠢᠨ ᠲᠠᠮᠢᠷ᠂ ᠪᠥᠮᠪᠥᠭᠡ᠎ᠶ᠋ᠢᠨ ᠲᠥᠷᠥᠯ ᠵᠡᠷᠭᠡ ᠰᠠᠭᠤᠷᠢ ᠲᠥᠷᠥᠯ ᠵᠦᠶ᠋ᠯ᠎ᠢ ᠲᠦᠭᠡᠮᠡᠯᠵᠢᠭᠦᠯᠦᠨ᠂ ᠵᠠᠯᠠᠭᠤᠴᠤᠳ ᠪᠠᠭᠠᠴᠤᠳ᠎ᠤᠨ ᠦᠨᠳᠦᠰᠦᠨ ᠪᠡᠶ᠎ᠡ᠎ᠶ᠋ᠢᠨ ᠲᠠᠮᠢᠷ᠎ᠤᠨ ᠮᠡᠷᠭᠡᠵᠢᠯ ᠴᠢᠳᠠᠪᠤᠷᠢ ᠬᠢᠭᠡᠳ ᠪᠡᠶ᠎ᠡ ᠮᠠᠬᠠᠪᠣᠳ᠎ᠤᠨ ᠬᠡᠪ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃



42ee59ed-458d-4d8e-ab1a-dbf088042e23.png


ᠬᠥᠯᠥᠨ ᠪᠣᠢᠷ᠎ᠤᠨ ᠭᠠᠵᠠᠷ ᠨᠤᠲᠤᠭ ᠥᠷᠭᠡᠨ ᠠᠭᠤᠳᠠᠮ᠂ ᠮᠠᠯᠵᠢᠬᠤ ᠲᠠᠷᠢᠶᠠᠯᠠᠬᠤ ᠣᠷᠣᠨ᠎ᠤ ᠲᠠᠷᠬᠠᠯᠲᠠ ᠥᠷᠭᠡᠨ ᠪᠤᠯᠬᠤᠷ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠡᠬᠢ ᠪᠠᠶᠠᠯᠢᠭ᠎ᠤᠨ ᠲᠡᠩᠴᠡᠭᠦᠷᠢᠲᠡᠶ ᠬᠠᠩᠭᠠᠯᠭ᠎ᠠ ᠵᠢ ᠪᠠᠳᠤᠯᠠᠬᠤ ᠪᠣᠯ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠬᠤ᠎ᠶ᠋ᠢᠨ ᠵᠠᠩᠭᠢᠯᠠᠭ᠎ᠠ ᠪᠣᠯᠤᠨ᠎ᠠ᠃ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠ》 ᠤ᠋ ᠲᠤᠰᠭᠠᠶ ᠲᠠᠯᠠᠪᠤᠷ ᠣᠷᠳᠣᠨ᠎ᠢᠶᠠᠷ ᠭᠤᠤᠯ ᠪᠣᠯᠭᠠᠵᠤ᠂ 《ᠣᠯᠠᠨ ᠨᠡᠢᠲᠡ᠎ᠶ᠋ᠢᠨ ᠲᠠᠯᠠᠪᠤᠷ ᠣᠷᠳᠣᠨ + ᠰᠤᠷᠭᠠᠭᠤᠯᠢ᠎ᠶ᠋ᠢᠨ ᠬᠦᠷᠢᠶᠡᠨ᠎ᠦ ᠲᠠᠯᠠᠪᠤᠷ ᠭᠠᠵᠠᠷ + ᠨᠡᠢᠭᠡᠮ᠎ᠦᠨ ᠥᠷᠲᠡᠭᠡ ᠴᠡᠭ》 ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠤᠨ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠪᠠ᠃ ᠣᠳᠣᠬᠠᠨ᠎ᠳᠤ ᠂ ᠪᠥᠬᠥ᠌ ᠬᠦᠯᠦᠨ ᠪᠤᠢᠷ ᠬᠣᠲᠠ᠎ᠶ᠋ᠢᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠰᠦᠶ᠋ᠳᠭᠡᠯ ᠬᠤᠷᠢᠶᠠᠬᠤ ᠥᠬᠡᠶ ᠪᠤᠶᠤ ᠰᠦᠶ᠋ᠳᠭᠡᠯ ᠪᠠᠭ᠎ᠠ ᠬᠤᠷᠢᠶᠠᠵᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠴᠢᠯᠥᠭᠡᠲᠡᠶ ᠨᠡᠭᠡᠭᠡᠬᠦ᠌᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ 120 ᠭᠠᠷᠤᠶ ᠮᠥᠰᠥ᠍ ᠴᠠᠰᠤᠨ᠎ᠤ ᠲᠠᠮᠢᠷ᠎ᠤᠨ ᠲᠠᠯᠠᠪᠤᠷ᠎ᠨᠢ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠲᠠᠯᠠᠪᠤᠷ ᠬᠦᠷᠦᠯᠴᠡᠬᠦ᠌ ᠥᠬᠡᠶ ᠪᠠᠢᠬᠤ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠢᠯᠠᠩᠭᠤᠶ᠎ᠠ ᠬᠢᠯᠢ ᠬᠢᠵᠠᠭᠠᠷ ᠣᠷᠣᠨ᠎ᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠠᠯᠠᠪᠠᠢ ᠤᠷᠳᠤᠨ᠎ᠢ 《ᠬᠠᠭᠠᠰ ᠵᠢᠯ ᠵᠢᠡᠷ ᠰᠤᠯᠠ ᠲᠠᠯᠪᠢᠬᠤ》 ᠬᠥᠭ᠌ᠵᠢᠯᠲᠡ᠎ᠶ᠋ᠢᠨ ᠪᠣᠭᠣᠮᠢ᠎ᠶ᠋ᠢ ᠱᠢᠶ᠋ᠳᠪᠦᠷᠢᠯᠡᠪᠡ᠃


dac4cb0c-9a68-4d9b-a648-6f0a7a61f1ad.png


ᠮᠠᠯᠵᠢᠬᠤ ᠲᠠᠷᠢᠶᠠᠯᠠᠬᠤ ᠣᠷᠣᠨ᠎ᠤ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠲᠥᠬᠥᠭᠡᠷᠦᠮᠵᠢ ᠪᠠᠭᠤᠷᠠᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠬᠥᠯᠥᠨ ᠪᠦᠢᠷ ᠦᠨᠳᠦᠰᠦᠨ ᠱᠠᠲᠤᠨ᠎ᠤ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠷᠢᠮᠵᠢᠶᠠᠵᠢᠭ᠍ᠰᠠᠨ ᠲᠠᠮᠢᠷ᠎ᠤᠨ ᠲᠠᠯᠠᠪᠠᠢ᠂ ᠪᠡᠶ᠎ᠡ ᠴᠢᠭᠢᠷᠠᠭ᠍ᠵᠢᠭᠤᠯᠬᠤ ᠵᠠᠮ ᠱᠤᠭᠤᠮ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠣᠷᠣᠨ᠎ᠳᠤ ᠪᠥᠬᠡ ᠪᠠᠷᠢᠯᠳᠤᠬᠤ᠂ ᠪᠤᠢᠺᠤ ᠪᠥᠮᠪᠥᠭᠡ᠂ ᠰᠤᠷ ᠬᠠᠷᠪᠤᠬᠤ ᠵᠡᠷᠭᠡ ᠦᠨᠳᠦᠰᠦᠲᠡᠨ᠎ᠦ ᠪᠡᠶ᠎ᠡ᠎ᠶ᠋ᠢᠨ ᠲᠠᠮᠢᠷ᠎ᠤᠨ ᠣᠨᠴᠠᠯᠢᠭ᠍ᠲᠤ ᠲᠠᠯᠠᠪᠤᠷ᠎ᠢ ᠲᠤᠰᠭᠠᠶ ᠪᠠᠢᠭᠤᠯᠪᠠ᠃ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠤᠯᠠᠨ ᠳᠤᠮᠳᠠᠳᠤ ᠪᠠᠭ᠎ᠠ ᠰᠤᠷᠭᠠᠭᠤᠯᠢ᠎ᠳᠤ ᠪᠦᠷ ᠲᠤᠰᠭᠠᠢ ᠮᠡᠷᠭᠡᠵᠢᠯ᠎ᠦᠨ ᠪᠦᠢᠺᠦ᠌ ᠪᠥᠮᠪᠥᠭᠡ᠎ᠶ᠋ᠢᠨ ᠪᠣᠯᠪᠠᠰᠤᠷᠠᠯ᠎ᠤᠨ ᠲᠠᠯᠠᠪᠤᠷ ᠪᠠᠢᠭᠤᠯᠵᠤ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠨᠡᠩ ᠴᠤ᠌ 《ᠬᠣᠶᠠᠷ ᠲᠠᠯᠠᠪᠤᠷ ᠨᠢᠭᠡ ᠣᠷᠳᠣᠨ》 ᠤ᠋ ᠲᠤᠰᠭᠠᠢ ᠮᠡᠷᠭᠡᠵᠢᠯ᠎ᠦᠨ ᠪᠣᠯᠪᠠᠰᠤᠷᠠᠯ᠎ᠤᠨ ᠲᠠᠯᠠᠪᠤᠷ ᠣᠷᠳᠣᠨ᠎ᠢ ᠪᠠᠢᠭᠤᠯᠵᠤ᠂ ᠢᠵᠢ ᠪᠦᠷᠢᠳᠦᠭ᠌ᠰᠡᠨ ᠪᠣᠯᠪᠠᠰᠤᠷᠠᠯ᠎ᠤᠨ ᠭᠡᠷ᠂ ᠰᠤᠷᠤᠭ᠍ᠴᠢᠳ᠎ᠤᠨ ᠨᠡᠢᠲᠡ᠎ᠶ᠋ᠢᠨ ᠪᠠᠢᠷᠢ ᠵᠡᠷᠭᠡ ᠲᠥᠬᠥᠭᠡᠷᠦᠮᠵᠢ᠎ᠶ᠋ᠢ ᠪᠠᠢᠭᠤᠯᠵᠤ᠂ 《ᠰᠤᠷᠤᠯᠴᠠᠬᠤ᠂ ᠪᠣᠯᠪᠠᠰᠤᠷᠠᠬᠤ᠂ ᠤᠷᠤᠯᠳᠤᠬᠤ᠂ ᠰᠠᠭᠤᠬᠤ》 ᠵᠢ ᠨᠢᠭᠡ ᠴᠤᠬ᠍ᠴᠠᠵᠢᠭᠤᠯᠤᠨ ᠪᠠᠲᠤᠯᠠᠬᠤ᠎ᠶ᠋ᠢ ᠪᠡᠶᠡᠯᠡᠭᠦᠯᠪᠡ᠃ ᠡᠭᠦᠨ᠎ᠦ ᠬᠠᠮᠲᠤ᠂ ᠱᠢᠶᠠᠩ ᠪᠠᠯᠭᠠᠰᠤ ᠰᠤᠮᠤ᠂ ᠨᠡᠢᠭᠡᠮ ᠲᠣᠭᠣᠷᠢᠭ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠥᠪ᠎ᠲᠦ ᠲᠦᠱᠢᠭ᠌ᠯᠡᠨ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠥᠷᠲᠡᠭᠡ ᠴᠡᠭ᠎ᠢ ᠪᠠᠢᠭᠤᠯᠵᠤ᠂ ᠬᠣᠲᠠ ᠬᠥᠳᠡᠭᠡ᠎ᠶ᠋ᠢ ᠬᠠᠮᠤᠷᠤᠭ᠍ᠰᠠᠨ 《10 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠎ᠢ᠋ ᠪᠠᠢᠭᠤᠯᠵᠤ᠂ ᠬᠣᠲᠠ ᠲᠣᠭᠣᠷᠢᠭ ᠬᠢᠭᠡᠳ ᠮᠠᠯᠵᠢᠬᠤ ᠲᠠᠷᠢᠶᠠᠯᠠᠬᠤ ᠣᠷᠣᠨ᠎ᠤ ᠵᠠᠯᠠᠭᠤᠴᠤᠳ ᠪᠠᠭᠠᠴᠤᠳ᠎ᠢ ᠴᠥᠮ ᠣᠢᠷ᠎ᠠ ᠬᠠᠪᠢ᠎ᠳᠠᠭᠠᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠭᠤᠯᠵᠤ᠂ ᠪᠡᠶ᠎ᠡ᠎ᠶ᠋ᠢᠨ ᠲᠠᠮᠢᠷ᠎ᠤᠨ ᠡᠬᠢ ᠪᠠᠶᠠᠯᠢᠭ᠎ᠤᠨ ᠪᠥᠬᠥ᠌ ᠣᠷᠣᠨ ᠪᠦᠰᠡ᠎ᠶ᠋ᠢ ᠲᠡᠩᠴᠡᠭᠦᠷᠢᠲᠡᠶ ᠬᠠᠮᠤᠷᠬᠤ᠎ᠶ᠋ᠢ ᠪᠡᠶᠡᠯᠡᠭᠦᠯᠪᠠ᠃

ᠱᠢᠯᠭᠠᠷᠠᠭᠤᠯᠬᠤ ᠲᠣᠭ᠍ᠲᠠᠴᠠ᠎ᠵᠢ ᠲᠡᠬᠦᠯᠳᠡᠷᠵᠢᠬᠦᠯᠵᠦ ᠴᠢᠳᠠᠪᠤᠷᠢᠲᠠᠨ᠎ᠢ ᠬᠥᠮᠦᠵᠢᠭᠦᠯᠦᠨ᠎ᠠ

ᠤᠷᠤᠯᠳᠤᠭᠠᠨ ᠪᠣᠯ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠦᠷ᠎ᠡ ᠪᠦᠲᠦᠭᠡᠯ᠎ᠢ ᠱᠢᠯᠭᠠᠬᠤ᠂ ᠪᠡᠯᠡᠳᠭᠡᠯ ᠴᠢᠳᠠᠪᠤᠷᠢᠲᠠᠨ᠎ᠢ ᠱᠢᠯᠢᠨ ᠰᠣᠩᠭᠣᠬᠤ ᠭᠤᠤᠯ ᠠᠴᠢᠶᠠᠯᠠᠪᠤᠷᠢ ᠮᠥᠨ᠃ ᠬᠥᠯᠥᠨ ᠪᠣᠢᠷ 《ᠰᠤᠷᠭᠠᠭᠤᠯᠢ᠎ᠶ᠋ᠢᠨ ᠳᠣᠲᠣᠷᠠᠬᠢ ᠤᠷᠤᠯᠳᠤᠭᠠᠨ᠂ ᠰᠤᠷᠭᠠᠭᠤᠯᠢ᠎ᠶ᠋ᠢᠨ ᠬᠣᠭᠣᠷᠣᠨᠳᠣᠬᠢ ᠬᠣᠯᠪᠣᠭᠠᠲᠤ ᠤᠷᠤᠯᠳᠤᠭᠠᠨ᠂ ᠬᠣᠲᠠ᠎ᠶ᠋ᠢᠨ ᠲᠠᠰ᠎ᠤᠨ ᠱᠢᠯᠭᠠᠷᠠᠭᠤᠯᠤᠯᠲᠠ᠂ ᠣᠷᠣᠨ᠎ᠤ ᠲᠠᠰ᠎ᠤᠨ ᠬᠦᠷᠭᠡᠯᠲᠡ》 ᠭᠡᠬᠦ᠌ ᠳᠥᠷᠪᠡᠨ ᠳᠡᠰ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮ᠎ᠢ ᠪᠠᠢᠭᠤᠯᠵᠤ᠂ ᠵᠢᠯ ᠪᠦᠷᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠦᠨᠳᠦ ᠬᠥᠩᠭᠡᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠵᠠᠯᠠᠭᠤᠴᠤᠳ ᠪᠠᠭᠠᠴᠤᠳ᠎ᠤᠨ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠂ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠦᠨᠳᠦᠰᠦᠲᠡᠨ᠎ᠦ ᠪᠡᠶ᠎ᠡ᠎ᠶ᠋ᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠡᠷᠭᠡ 240 ᠭᠠᠷᠤᠶ ᠲᠠᠯᠠᠪᠤᠷ ᠤᠷᠤᠯᠳᠤᠭᠠᠨ᠎ᠢ ᠪᠠᠢᠩᠭᠤ ᠡᠷᠭᠢᠯᠡᠵᠦ᠍᠂ ᠡᠯ᠎ᠡ ᠨᠠᠰᠤ ᠵᠢᠯ᠂ ᠡᠯ᠎ᠡ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃ ᠲᠤᠬᠠᠢᠯᠠᠪᠡᠯ᠂ ᠬᠠᠢᠯᠠᠷ ᠲᠣᠭᠣᠷᠢᠭ᠎ᠤᠨ ᠵᠢᠶᠠᠨ ᠺᠠᠩ ᠵᠡᠭᠡᠯᠢ᠎ᠶ᠋ᠢᠨ ᠪᠠᠭ᠎ᠠ ᠰᠤᠷᠭᠠᠭᠤᠯᠢ᠂ ᠢᠮᠢᠨ ᠪᠠᠭ᠎ᠠ ᠰᠤᠷᠭᠠᠭᠤᠯᠢ ᠵᠡᠷᠭᠡ ᠣᠯᠠᠨ ᠰᠤᠷᠭᠠᠭᠤᠯᠢ ᠵᠢᠯ ᠪᠦᠷᠢ ᠰᠤᠷᠭᠠᠭᠤᠯᠢ᠎ᠶ᠋ᠢᠨ ᠳᠣᠲᠣᠷᠠᠬᠢ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠴᠤᠭ᠍ᠯᠠᠭᠠᠨ᠂ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠵᠡᠷᠭᠡ᠎ᠵᠢ ᠡᠷᠬᠢᠯᠡᠨ ᠶᠠᠪᠤᠭᠳᠠᠭᠤᠯᠵᠦ ᠪᠤᠢ᠃


17193051-364a-499e-a3d8-9902fe7d357e.png


ᠡᠭᠦᠨ᠎ᠦ ᠬᠠᠮᠲᠤ᠂ 《ᠮᠥᠰᠥ᠍ ᠴᠠᠰᠤᠨ᠎ᠤ ᠨᠡᠢᠷ》᠂ 《ᠦᠨᠳᠦᠰᠦᠲᠡᠨ᠎ᠦ ᠪᠡᠶ᠎ᠡ᠎ᠶ᠋ᠢᠨ ᠲᠠᠮᠢᠷ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠵᠡᠷᠭᠡ ᠨᠠᠷᠠᠲᠤ ᠲᠥᠷᠥᠯ ᠲᠡᠮᠳᠡᠭ᠌ᠲᠦ ᠠᠵᠢᠯᠯᠠᠭ᠎ᠠ᠎ᠶ᠋ᠢ ᠡᠬᠦᠳᠴᠦ᠂ ᠤᠷᠤᠯᠳᠤᠭᠠᠨ᠎ᠤ ᠴᠢᠨᠠᠷ ᠪᠠ ᠰᠣᠨᠢᠷᠬᠠᠯᠲᠤ ᠴᠢᠨᠠᠷ᠎ᠢ ᠬᠠᠷᠢᠯᠴᠠᠨ ᠤᠶᠠᠯᠳᠤᠭᠤᠯᠵᠤ᠂ ᠪᠥᠬᠥ᠌ ᠬᠣᠲᠠ᠎ᠶ᠋ᠢᠨ 80 ᠭᠠᠷᠤᠶ ᠲᠦᠮᠡᠨ ᠵᠠᠯᠠᠭᠤᠴᠤᠳ ᠪᠠᠭᠠᠴᠤᠳ (ᠬᠦᠮᠦᠨ ᠤᠳᠠᠭ᠎ᠠ) ᠎ᠢ᠋ ᠲᠡᠳᠡᠨ ᠣᠷᠣᠯᠴᠠᠭᠤᠯᠵᠤ᠂ ᠨᠠᠩ ᠣᠯᠠᠨ ᠵᠠᠯᠠᠭᠤᠴᠤᠳ ᠪᠠᠭᠠᠴᠤᠳ᠎ᠢ ᠪᠡᠶ᠎ᠡ᠎ᠶ᠋ᠢᠨ ᠲᠠᠮᠢᠷ᠎ᠲᠤ ᠪᠠᠬᠠᠲᠠᠶ ᠪᠣᠯᠭᠠᠵᠤ᠂ ᠪᠡᠶ᠎ᠡ᠎ᠶ᠋ᠢᠨ ᠲᠠᠮᠢᠷ᠎ᠲᠤ ᠣᠷᠣᠯᠴᠠᠭᠤᠯᠵᠤ ᠪᠤᠢ᠃ ᠤᠷᠤᠯᠳᠤᠭᠠᠨ᠎ᠤ ᠶᠠᠪᠤᠳᠠᠯ᠎ᠤᠨ ᠱᠢᠯᠭᠠᠷᠠᠭᠤᠯᠬᠤ ᠲᠣᠭ᠍ᠲᠠᠴᠠ᠎ᠪᠠᠷ ᠳᠠᠮᠵᠢᠭᠤᠯᠤᠨ ᠵᠠᠯᠠᠭᠤᠴᠤᠳ ᠪᠠᠭᠠᠴᠤᠳ᠎ᠤᠨ ᠱᠢᠯᠢᠳᠡᠭ ᠲᠠᠮᠢᠷᠴᠢᠨ᠎ᠢ ᠬᠦᠷᠭᠡᠬᠦ᠌ ᠵᠠᠮ᠎ᠢ ᠨᠡᠪᠲᠡᠷᠡᠭᠦᠯᠵᠦ᠍᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠂ ᠵᠠᠯᠠᠨ ᠠᠢᠯ ᠬᠤᠳᠠ᠎ᠶ᠋ᠢᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠵᠡᠷᠭᠡ ᠤᠨᠴᠠᠯᠢᠬ᠍ᠳᠤ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠶᠠᠪᠤᠳᠠᠯ᠎ᠤᠨ ᠱᠢᠯᠭᠠᠷᠠᠭᠤᠯᠤᠯᠲᠠ᠎ᠪᠠᠷ ᠲᠠᠮᠵᠢᠨ ᠬᠤᠳᠠ᠎ᠶ᠋ᠢᠨ ᠠᠩᠬᠢ᠂ ᠥᠪᠡᠷᠲᠡᠭᠡᠨ ᠵᠠᠰᠠᠬᠤ ᠣᠷᠣᠨ᠎ᠤ ᠠᠩᠬᠢ ᠴᠢᠨᠠᠭ᠍ᠰᠢᠯᠠᠪᠠᠯ ᠤᠯᠤᠰ᠎ᠤᠨ ᠠᠩᠬᠢ᠎ᠳᠤ ᠴᠢᠳᠠᠪᠤᠷᠢᠲᠠᠨ᠎ᠢ ᠣᠨᠣᠪᠴᠢᠲᠠᠢ ᠬᠦᠷᠭᠡᠵᠦ᠍᠂ 《ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠴᠢᠳᠠᠪᠤᠷᠢᠲᠠᠨ᠎ᠢ ᠰᠣᠩᠭᠣᠬᠤ᠂ ᠤᠷᠤᠯᠳᠤᠭᠠᠨ᠎ᠢᠶᠠᠷ ᠴᠢᠳᠠᠪᠤᠷᠢᠲᠠᠨ᠎ᠢ ᠬᠥᠮᠦᠵᠢᠭᠦᠯᠬᠦ᠌》 ᠰᠠᠢ᠌ᠨ ᠣᠷᠴᠢᠯ᠎ᠢ ᠪᠡᠶᠡᠯᠡᠭᠦᠯᠵᠦ᠍᠂ ᠵᠠᠯᠠᠭᠤᠴᠤᠳ ᠪᠠᠭᠠᠴᠤᠳ᠎ᠤᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠦᠬᠡᠢ᠂ ᠪᠠᠰᠠ ᠥᠷᠢᠰᠥᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠲᠤ ᠶᠡᠬᠡ ᠬᠡᠮᠵᠢᠶᠡᠨ᠎ᠦ ᠱᠢᠯᠢᠳᠡᠭ ᠪᠡᠯᠡᠳᠭᠡᠯ ᠴᠢᠳᠠᠪᠤᠷᠢᠲᠠᠨ᠎ᠢ ᠨᠥᠭᠡᠴᠡᠯᠡᠭ᠌ᠰᠡᠨ ᠪᠠᠢᠨ᠎ᠠ᠃ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠨᠢ 《ᠤᠯᠤᠰ᠎ᠤᠨ ᠪᠦᠢᠺᠦ᠌ ᠪᠥᠮᠪᠥᠭᠡ᠎ᠶ᠋ᠢᠨ ᠣᠯᠢᠮᠫᠢᠺ᠎ᠤᠨ ᠪᠡᠯᠡᠳᠭᠡᠯ ᠴᠢᠳᠠᠪᠤᠷᠢᠲᠠᠨ᠎ᠤ ᠰᠠᠭᠤᠷᠢᠨ》 ᠵᠢᠡᠷ ᠦᠨᠡᠯᠡᠭ᠌ᠳᠡᠵᠦ᠍᠂ ᠵᠠᠯᠠᠨ ᠠᠢᠯ ᠬᠤᠳᠠ᠎ᠶ᠋ᠢᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠨᠢ ᠪᠦᠬᠦ᠌ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠤᠨᠴᠠᠯᠢᠬ᠍ᠳᠤ ᠰᠤᠷᠭᠠᠭᠤᠯᠢ ᠪᠤᠯᠤᠭᠰᠠᠨ ᠪᠠᠢᠨ᠎ᠠ᠃


(ᠭᠡᠷᠡᠯ ᠵᠢᠷᠤᠭ᠎ᠤᠳ᠎ᠢ ᠱᠢᠨᠬᠤᠸᠠ ᠰᠦᠯᠵᠢᠶ᠎ᠡ᠎ᠡᠴᠡ ᠠᠪᠤᠪᠠ


ᠰᠤᠷᠪᠤᠯᠵᠢᠯᠠᠭᠰᠠᠨ᠎ᠤ ᠲᠠᠷᠠᠭ᠎ᠠ᠄

ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠨᠢ ᠶᠡᠷᠦ᠍᠎ᠡᠴᠡ ᠬᠡᠶ ᠬᠣᠭᠣᠰᠣᠨ ᠤᠷᠢᠶ᠎ᠠ ᠪᠢᠰᠢ᠂ ᠬᠠᠷᠢᠨ ᠤᠮᠠᠷᠠᠲᠤ ᠬᠢᠯᠢ᠎ᠶ᠋ᠢᠨ ᠡᠬᠡ ᠭᠠᠵᠠᠷ᠎ᠲᠡᠬᠢ ᠪᠤᠳᠠᠳᠠᠢ ᠦᠢᠯᠡᠳᠦᠯᠭᠡ ᠪᠣᠯᠤᠨ᠎ᠠ᠃ ᠲᠤᠰ ᠤᠳᠠᠭ᠎ᠠ ᠵᠢᠨ ᠰᠤᠷᠪᠤᠯᠵᠢᠯᠠᠭ᠎ᠠ ᠪᠡᠷ ᠲᠠᠮᠵᠢᠨ᠂ ᠬᠥᠯᠥᠨ ᠪᠤᠢ᠌ᠷ ᠬᠤᠳᠠ ᠵᠢᠨ ᠬᠢᠨ ᠢᠮᠠᠭ᠍ᠲᠠ ᠬᠢᠯᠢ ᠬᠢᠵᠠᠭᠠᠷ᠎ᠤᠨ ᠭᠠᠵᠠᠷ ᠣᠷᠣᠨ᠎ᠤ ᠤᠨᠴᠠᠯᠢᠭ ᠪᠣᠯᠤᠨ ᠤᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ᠎ᠤ ᠣᠨᠴᠠᠯᠢᠭ᠎ᠲᠤ  ᠪᠠᠨ ᠰᠠᠭᠤᠷᠢᠯᠠᠵᠤ᠂ ᠪᠡᠶ᠎ᠡ᠎ᠶ᠋ᠢᠨ ᠲᠠᠮᠢᠷ ᠪᠣᠯᠤᠨ ᠰᠤᠷᠭᠠᠨ ᠬᠥᠮᠦᠵᠢᠯ᠎ᠦᠨ ᠠᠭᠤᠰᠤᠯᠴᠠᠯ᠎ᠢ ᠬᠦᠨᠵᠡᠭᠡᠢᠷᠡᠭᠦᠯᠵᠦ᠂ ᠡᠬᠢ ᠪᠠᠶᠠᠯᠢᠭ᠎ᠤᠨ ᠳᠠᠪᠠᠭᠤᠯᠢᠭ᠂ ᠰᠣᠶᠣᠯ᠎ᠤᠨ ᠠᠭᠤᠯᠤᠭ᠍ᠳᠠᠬᠤᠨ ᠪᠣᠯᠤᠨ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠯᠲᠠ᠎ᠶ᠋ᠢ ᠨᠢᠭ᠍ᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ ᠳ᠋ᠤ ᠰᠠᠢᠨ ᠰᠠᠢᠬᠠᠨ ᠤᠷᠴᠢᠨ ᠨᠦᠬᠦᠴᠡᠯ᠎ᠢ ᠡᠬᠦᠳᠴᠦ ᠦᠭᠴᠦ ᠪᠠᠢᠭ᠎ᠠ ᠵᠢ ᠤᠢᠯᠠᠭᠠᠯ᠎ᠠ᠃ ᠪᠡᠶ᠎ᠡ᠎ᠶ᠋ᠢᠨ ᠲᠠᠮᠢᠷ ᠨᠢ ᠬᠡᠦᠬᠡᠳ᠎ᠦᠨ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ᠎ᠪᠡᠷ ᠪᠠᠷᠠᠬᠤ ᠦᠭᠡᠢ᠂ ᠨᠡᠩ ᠴᠤ᠌ ᠲᠡᠳᠡᠨ᠎ᠦ ᠡᠷᠡᠰ ᠬᠠᠲᠠᠭᠤ ᠥᠭᠡᠳᠡᠷᠬᠡᠭ ᠵᠠᠩ ᠴᠢᠨᠠᠷ᠎ᠢ ᠱᠤᠭᠤᠵᠤ᠂ ᠪᠠᠰᠠ ᠲᠤᠮᠳᠠᠳᠤ ᠵᠢᠨ ᠦᠨᠳᠦᠰᠦᠲᠡᠨ᠎ᠦ ᠤᠯᠠᠮᠵᠢᠯᠠᠯᠲᠤ  ᠪᠡᠶ᠎ᠡ ᠵᠢᠨ ᠲᠠᠮᠢᠷ᠎ᠤᠨ ᠰᠣᠶᠣᠯ᠎ᠢ ᠦᠶ᠎ᠡ᠎ᠶ᠋ᠢᠨ ᠦᠶ᠎ᠡ᠎ᠳ᠋ᠤ ᠤᠯᠠᠮᠵᠢᠯᠠᠬᠤ ᠳᠤᠮᠳᠠ ᠱᠢᠨ᠎ᠡ ᠠᠮᠢᠵᠢᠷᠠᠯ᠎ᠤᠨ ᠬᠦᠴᠦᠨ᠎ᠲᠡᠶ ᠪᠤᠯᠭᠠᠵᠠᠢ᠃ ᠡᠨᠡ ᠨᠢ ᠮᠠᠨ᠎ᠤ ᠤᠷᠤᠨ᠎ᠤ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠦᠢᠯᠡᠳᠦᠯᠭᠡ᠎ᠶ᠋ᠢᠨ ᠨᠢᠭᠡᠨ ᠠᠮᠢᠳᠤᠯᠢᠭ ᠵᠢᠷᠤᠭᠯᠠᠯ ᠪᠤᠯᠤᠭᠰᠠᠨ ᠪᠥᠭᠡᠳ ᠪᠠᠰᠠ ᠬᠢᠯᠢ ᠬᠢᠵᠠᠭᠠᠷ᠎ᠤᠨ ᠵᠠᠯᠠᠭᠤᠴᠤᠳ ᠪᠠᠭᠠᠴᠤᠳ᠎ᠤᠨ ᠪᠦᠬᠦ᠌ ᠲᠠᠯ᠎ᠠ ᠵᠢᠨ ᠬᠦᠭᠵᠢᠯᠳᠡ ᠳ᠋ᠤ ᠰᠠᠢᠨ ᠰᠠᠢᠬᠠᠨ ᠨᠦᠬᠦᠴᠡᠯ᠎ᠢ ᠡᠬᠦᠳᠴᠦ ᠦᠭᠴᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号