4 ᠰᠠᠷ᠎ᠠ᠎ᠶ᠋ᠢᠨ 2᠎ᠤ᠋ᠨ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠢ ᠳᠡᠮᠵᠢᠬᠦ᠌ ᠠᠵᠤ ᠠᠬᠤᠢᠯᠠᠯ᠎ᠤᠨ ᠭᠡᠷ᠎ᠡ ᠲᠣᠭ᠍ᠲᠠᠬᠤ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃ ᠭᠡᠷ᠎ᠡ ᠲᠣᠭ᠍ᠲᠠᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠦᠨ ᠥᠪᠥᠷ ᠮᠣᠩᠭᠣᠯ᠎ᠤᠨ ᠰᠦᠯᠵᠢᠶᠡᠨ᠎ᠦ ᠬᠢᠵᠠᠭᠠᠷᠲᠤ ᠺᠣᠮᠫᠠᠨᠢ ᠭᠠᠭ᠍ᠴᠠᠭᠠᠷ ᠡᠵᠡᠩᠨᠡᠬᠦ᠌ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠪᠠ᠃ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠦᠨ ᠥᠪᠥᠷ ᠮᠣᠩᠭᠣᠯ᠎ᠤᠨ ᠰᠦᠯᠵᠢᠶᠡᠨ᠎ᠦ ᠬᠢᠵᠠᠭᠠᠷᠲᠤ ᠺᠣᠮᠫᠠᠨᠢ ᠨᠢ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠢ ᠳᠡᠯᠭᠡᠷᠡᠭᠦᠯᠬᠦ᠌᠂ ᠬᠤᠳᠠᠯᠳᠤᠭᠠᠨ᠎ᠤ ᠶᠠᠪᠤᠳᠠᠯ᠎ᠤᠨ ᠨᠡᠭᠡᠭᠡᠨ ᠬᠥᠭ᠌ᠵᠢᠭᠦᠯᠦᠯᠲᠡ᠂ ᠵᠠᠭᠤᠴᠢᠯᠠᠭᠤᠷ᠎ᠤᠨ ᠡᠵᠡᠩᠨᠡᠯᠲᠡ᠂ ᠪᠢᠯᠧᠲ᠎ᠦᠨ ᠶᠠᠪᠤᠳᠠᠯ᠎ᠤᠨ ᠬᠠᠮᠢᠶᠠᠷᠤᠯᠲᠠ ᠪᠠ ᠲᠤᠬᠠᠶ᠎ᠶ᠋ᠢᠨ ᠲᠠᠯᠠᠪᠠᠶ᠎ᠶ᠋ᠢᠨ ᠬᠡᠷᠡᠭ᠌ᠵᠢᠭᠦᠯᠦᠯᠲᠡ ᠵᠡᠷᠭᠡ ᠠᠵᠢᠯ᠎ᠢ ᠪᠥᠬᠥ᠌ ᠲᠠᠯ᠎ᠠ᠎ᠪᠠᠷ ᠬᠠᠷᠢᠭᠤᠴᠠᠵᠤ᠂ ᠷᠠᠳᠢᠣ᠋ ᠲᠧᠯᠸᠢᠰ᠎ᠦᠨ ᠰᠦᠯᠵᠢᠶᠡᠨ᠎ᠦ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠤᠷᠤᠯᠳᠤᠭᠠᠨ᠎ᠤ ᠳᠠᠮᠵᠢᠭᠤᠯᠬᠤ ᠬᠦᠴᠦᠨ ᠪᠠ ᠵᠠᠬ᠎ᠠ ᠳᠡᠯᠭᠡᠭᠦᠷᠴᠢᠯᠡᠬᠦ᠌ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃
ᠮᠸᠩ ᠨᠢᠤ ᠪᠦᠯᠦᠭ᠌ᠯᠡᠯ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠶᠡᠷᠦᠩᠬᠡᠶ ᠲᠡᠮᠵᠢᠭᠴᠢ ᠬᠤᠳᠠᠯᠳᠤᠭᠠᠴᠢᠨ ᠪᠣᠯᠪᠠ᠃ ᠥᠪᠥᠷ ᠮᠣᠩᠭᠣᠯ᠎ᠤᠨ ᠣᠷᠣᠨ ᠨᠤᠲᠤᠭ᠎ᠤᠨ ᠲᠤᠯᠤᠭᠠᠢᠯᠠᠭᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ ᠮᠸᠩ ᠨᠢᠦ ᠲᠦᠷᠦᠯ ᠲᠡᠮᠳᠡᠭ᠎ᠢᠶᠡᠷ ᠤᠷᠤᠯᠳᠤᠭᠠᠨ ᠳ᠋ᠦ ᠡᠨᠧᠷᠭᠢ ᠣᠯᠭᠣᠵᠤ᠂ ᠡᠷᠡᠭᠦᠯ ᠮᠡᠨᠳᠦ᠂ ᠠᠮᠢᠵᠢᠷᠠᠯ᠎ᠤᠨ ᠬᠦᠴᠦᠨ᠎ᠲᠡᠶ ᠪᠠᠢᠬᠤ ᠣᠢᠯᠠᠭᠠᠭ᠍ᠳᠠᠬᠤᠨ᠎ᠢ ᠳᠠᠮᠵᠢᠭᠤᠯᠵᠤ᠂ ᠲᠠᠯ᠎ᠠ ᠨᠤᠲᠤᠭ᠎ᠤᠨ ᠬᠦᠯ ᠪᠥᠮᠪᠥᠭᠡ᠎ᠶ᠋ᠢᠨ ᠰᠣᠶᠣᠯ᠎ᠢ ᠲᠡᠯᠭᠡᠷᠡᠬᠦᠯᠦᠨ ᠤᠯᠠᠮᠵᠢᠯᠠᠨ᠎ᠠ᠃ ᠡᠬᠦᠨ ᠡᠴᠡ ᠭᠠᠳᠠᠨ᠎ᠠ᠂ ᠺᠠ ᠡᠯ ᠮᠧᠶ ᠪᠡᠶ᠎ᠡ᠎ᠶ᠋ᠢᠨ ᠲᠠᠮᠢᠷ᠎ᠤᠨ ᠠᠵᠤ ᠠᠬᠤᠢᠯᠠᠯ᠎ᠤᠨ ᠬᠢᠨ ᠬᠣᠯᠪᠣᠭᠠᠲᠤ ᠤᠷᠤᠯᠳᠤᠭᠠᠨ᠎ᠤ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ ᠪᠣᠯᠵᠣ᠂ ᠡᠸ᠋ ᠯᠢᠶᠠᠨ ᠶᠸ ᠠᠷᠢᠬᠢ᠂ ᠴᠢᠩᠳᠤᠤ ᠫᠢᠸᠤ᠋ ᠵᠡᠷᠭᠡ ᠨᠡᠷᠡᠳᠦ ᠠᠵᠤ ᠠᠬᠤᠢᠯᠠᠯ ᠤᠷᠤᠯᠳᠤᠭᠠᠨ᠎ᠢ ᠲᠡᠮᠵᠢᠬᠦ ᠭᠡᠷ᠎ᠡ ᠲᠣᠭ᠍ᠲᠠᠪᠠ᠃
ᠡᠨᠡ ᠵᠢᠯ᠎ᠦᠨ ᠥᠪᠥᠷ ᠮᠣᠩᠭᠣᠯ᠎ᠤᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠰᠢᠨ᠎ᠡ ᠪᠡᠷ ᠲᠠᠰ ᠳᠡᠪᠱᠢᠵᠦ᠍᠂ ᠤᠷᠤᠯᠳᠤᠭᠠᠨ᠎ᠤ ᠱᠢᠰᠲ᠋ᠧᠮ ᠨᠢ ᠨᠠᠩ ᠲᠡᠭᠦᠯᠳᠡᠷᠵᠢᠵᠦ᠍᠂ ᠣᠷᠣᠯᠴᠠᠬᠤ ᠬᠡᠪᠴᠢᠶ᠎ᠡ ᠨᠢ ᠨᠠᠩ ᠥᠷᠭᠡᠨ ᠳᠡᠯᠭᠡᠷ ᠪᠣᠯᠬᠤ ᠪᠣᠯᠤᠨ᠎ᠠ᠂ ᠪᠥᠬᠥ᠌ ᠣᠷᠣᠨ᠎ᠤ 12 ᠠᠢᠮᠠᠭ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠵᠤᠨ ᠨᠠᠮᠤᠷ᠎ᠤᠨ ᠵᠢᠭᠤᠯᠴᠢᠯᠠᠯ᠎ᠤᠨ ᠤᠯᠠᠷᠢᠯ᠎ᠢ ᠲᠤᠬᠢᠶᠠᠯᠳᠤᠭᠤᠯᠤᠨ 79 ᠲᠠᠯᠠᠪᠠᠶ ᠤᠷᠤᠯᠳᠤᠭᠠᠨ ᠶᠠᠪᠤᠭᠤᠯᠤᠨ᠎ᠠ᠃