ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠤᠷᠢᠯᠭ᠎ᠠ᠎ᠪᠠᠷ᠂ ᠳᠤᠮᠳᠠᠳᠤ ᠤᠯᠤᠰ᠎ᠤᠨ ᠭᠣᠮᠢᠨᠳᠠᠩ᠎ᠤᠨ ᠲᠡᠷᠢᠭᠦᠯᠡᠭ᠌ᠴᠢ ᠵᠧᠩ ᠯᠢ ᠸᠸᠨ ᠪᠦᠯᠬᠦᠮ ᠳᠠᠭᠠᠭᠤᠯᠤᠨ 4 ᠰᠠᠷ᠎ᠠ᠎ᠶ᠋ᠢᠨ 7 ᠤ᠋ ᠡᠳᠦᠷ᠎ᠡᠴᠡ 12 ᠤ᠋ᠨ ᠡᠳᠦᠷ ᠪᠣᠯᠲᠠᠯ᠎ᠠ ᠡᠬᠡ ᠬᠠᠭᠤᠷᠠᠶ᠎ᠳᠤ ᠢᠷᠡᠵᠤ ᠲᠤᠭᠤᠷᠢᠨ ᠦᠵᠡᠵᠤ ᠠᠢᠯᠴᠢᠯᠠᠪᠠ᠃ ᠶᠡᠷᠦᠩᠬᠡᠢ ᠱᠦᠵᠢ ᠰᠢ ᠵᠢᠨ ᠫᠢᠩ ᠲᠡᠷᠢᠭᠦᠯᠡᠭᠴᠢ ᠵᠧᠩ ᠯᠢ ᠸᠸᠨ᠎ᠲᠡᠶ ᠠᠭᠤᠯᠵᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠬᠣᠶᠠᠷ ᠨᠠᠮ ᠪᠣᠯᠤᠨ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠬᠠᠷᠢᠴᠠᠭ᠎ᠠ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠠᠢ᠃ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠠᠬ᠎ᠠ ᠳᠡᠭᠦᠦ᠍᠎ᠶ᠋ᠢᠨ ᠬᠠᠢᠷ᠎ᠠ ᠰᠡᠳᠭᠢᠯᠭᠡ ᠪᠠ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢᠨ ᠲᠥᠯᠥᠭᠡ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠲᠠᠢ ᠵᠦᠪᠳᠡᠯᠴᠡᠬᠦ ᠪᠡᠷ ᠳᠠᠮᠵᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠠᠢᠸᠠᠨ᠎ᠤ ᠠᠵᠢᠯ᠎ᠤᠨ ᠠᠯᠪᠠᠨ ᠭᠡᠷ ᠡᠷᠬᠡ ᠬᠦᠯᠢᠶᠡᠨ ᠳᠣᠣᠷᠠᠬᠢ ᠮᠡᠲᠦ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠠ᠎ᠶ᠋ᠢ ᠨᠡᠢᠲᠡᠯᠡᠪᠡ ᠄
ᠨᠢᠭᠡ᠂ ᠭᠣᠮᠢᠨᠳᠠᠩ ᠡᠪ ᠬᠠᠮᠲᠤ ᠨᠠᠮ ᠬᠣᠶᠠᠷ ᠨᠠᠮ᠎ᠤᠨ ᠪᠠᠢᠩᠭᠤᠵᠢᠬᠰᠠᠨ ᠨᠡᠪᠲᠡᠷᠡᠯᠴᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠭᠣᠮᠢᠨᠳᠠᠩ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》᠎ᠶ᠋ᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠶ᠋ᠢ ᠡᠰᠡᠷᠭᠦᠴᠡᠬᠦ᠌ ᠬᠠᠮᠲᠤ᠎ᠶ᠋ᠢᠨ ᠤᠯᠤᠰ ᠲᠦᠷᠦ᠍᠎ᠶ᠋ᠢᠨ ᠰᠠᠭᠤᠷᠢᠨ ᠳᠡᠭᠡᠷ᠎ᠡ᠂ 《ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ ᠵᠢᠨ ᠬᠢᠨ ᠨᠢᠭᠡ ᠭᠡᠷᠮᠡᠳᠦ ᠳᠤᠳᠤᠨᠤ ᠪᠠᠢᠬᠤ》 ᠣᠢᠯᠠᠭᠠᠭ᠍ᠳᠠᠬᠤᠨ᠎ᠢ ᠪᠠᠷᠢᠮᠲᠠᠯᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠠᠬ᠎ᠠ ᠳᠡᠭᠦᠦ᠍᠎ᠨᠡᠷ᠎ᠦᠨ ᠡᠩᠬᠡ ᠲᠠᠢᠪᠤᠩ᠂ ᠬᠥᠭ᠌ᠵᠢᠯᠲᠡ᠂ ᠰᠣᠯᠢᠯᠴᠠᠭ᠎ᠠ᠂ ᠬᠠᠮᠲᠤᠷᠠᠯᠴᠠᠭ᠎ᠠ ᠵᠢ ᠡᠷᠬᠢᠮᠯᠡᠬᠦ ᠬᠠᠮᠲᠤ᠎ᠶ᠋ᠢᠨ ᠰᠡᠳᠭᠢᠯ᠎ᠦᠨ ᠳᠠᠭᠤᠨ᠎ᠳᠤ ᠵᠣᠬᠢᠴᠠᠭᠤᠯᠤᠨ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠌ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠠᠬ᠎ᠠ ᠳᠡᠭᠦᠦ᠍᠎ᠨᠡᠷ ᠭᠠᠷ ᠬᠣᠯᠪᠣᠨ ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠠᠵᠠ ᠵᠢᠷᠭᠠᠯ᠎ᠢ ᠬᠠᠮᠲᠤ᠎ᠪᠠᠷ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠱᠢᠨ᠎ᠡ ᠭᠡᠷᠡᠯ ᠰᠠᠴᠤᠷᠠᠩᠭᠤᠢ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠨ᠎ᠠ᠃
ᠬᠣᠶᠠᠷ᠂ ᠭᠣᠮᠢᠨᠳᠠᠩ ᠡᠪ ᠬᠠᠮᠲᠤ ᠨᠠᠮ ᠬᠣᠶᠠᠷ ᠨᠠᠮ᠎ᠤᠨ ᠵᠠᠯᠠᠭᠤᠴᠤᠳ᠎ᠤᠨ ᠬᠣᠣᠰ ᠴᠢᠭ᠌ᠯᠡᠯ᠎ᠳᠤ ᠰᠣᠯᠢᠯᠴᠠᠭ᠎ᠠ᠎ᠶ᠋ᠢ ᠲᠤᠭ᠍ᠳᠠᠴᠠᠵᠢᠭᠤᠯᠬᠤ ᠲᠠᠪᠴᠠᠩ᠎ᠢ ᠪᠠᠢᠭᠤᠯᠤᠨ᠎ᠠ᠃ ᠪᠦᠬᠦ᠌ ᠤᠯᠤᠰ᠎ᠤᠨ ᠵᠠᠯᠠᠭᠤᠴᠤᠳ᠎ᠤᠨ ᠬᠣᠯᠪᠣᠭ᠎ᠠ ᠪᠣᠯᠤᠨ ᠭᠣᠮᠢᠨᠳᠠᠩ᠎ᠤᠨ ᠵᠠᠯᠠᠭᠤᠴᠤᠳ᠎ᠤᠨ ᠶᠠᠪᠤᠳᠠᠯ᠎ᠤᠨ ᠬᠥᠭ᠌ᠵᠢᠯᠲᠡ᠎ᠶ᠋ᠢᠨ ᠵᠥᠪᠯᠡᠯ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠬᠣᠶᠠᠷ ᠬᠦᠪᠡᠭᠡ᠎ᠶ᠋ᠢᠨ ᠵᠠᠯᠠᠭᠤᠴᠤᠳ᠎ᠤᠨ ᠰᠣᠯᠢᠯᠴᠠᠭᠠᠨ᠎ᠤ ᠠᠵᠢᠯᠯᠠᠭ᠎ᠠ ᠵᠢ ᠥᠷᠨᠢᠭᠦᠯᠦᠨ᠎ᠠ᠃ ᠪᠦᠬᠦ᠌ ᠤᠯᠤᠰ᠎ᠤᠨ ᠵᠠᠯᠠᠭᠤᠴᠤᠳ᠎ᠤᠨ ᠬᠣᠯᠪᠣᠭ᠎ᠠ ᠵᠡᠷᠭᠡ ᠡᠬᠡ ᠬᠠᠭᠤᠷᠠᠢ᠎ᠶ᠋ᠢᠨ ᠬᠣᠯᠪᠣᠭ᠍ᠳᠠᠯ ᠪᠦᠬᠦᠢ ᠪᠠᠢᠭᠤᠯᠭ᠎ᠠ ᠵᠢᠯ ᠪᠦᠷᠢ ᠠᠷᠠᠯ ᠳᠣᠲᠣᠷᠠᠬᠢ 20 ᠵᠠᠯᠠᠭᠤᠴᠤᠳ᠎ᠤᠨ ᠪᠦᠯᠬᠦᠮ᠎ᠢ ᠡᠬᠡ ᠬᠠᠭᠤᠷᠠᠢ᠎ᠳᠤ ᠤᠷᠢᠵᠤ ᠰᠣᠯᠢᠯᠴᠠᠭ᠎ᠠ ᠬᠢᠵᠦ᠍ ᠠᠢᠯᠴᠢᠯᠠᠭᠤᠯᠤᠨᠠ᠃
ᠭᠤᠷᠪᠠ᠂ ᠹᠦᠵᠢᠶᠠᠨ᠎ᠤ ᠲᠠᠯᠠᠢ ᠳᠠᠭᠠᠤ ᠭᠠᠵᠠᠷ ᠣᠷᠣᠨ᠎ᠤ ᠨᠥᠬᠥᠴᠡᠯ ᠪᠦᠷᠢᠯᠳᠦᠭ᠌ᠰᠡᠨ ᠪᠠᠢᠳᠠᠯ ᠳᠣᠣᠷ᠎ᠠ ᠵᠢᠨᠮᠸᠨ᠂ ᠮᠠ ᠽᠦ ᠯᠤᠭ᠎ᠠ ᠤᠰᠤ ᠨᠡᠪᠲᠡᠷᠡᠬᠦ᠂ ᠴᠠᠬᠢᠯᠭᠠᠨ ᠨᠡᠪᠲᠡᠷᠡᠬᠦ᠂ ᠰᠢᠳᠠᠮᠠᠬᠠᠢ ᠬᠡᠢ ᠨᠡᠪᠲᠡᠷᠡᠬᠦ᠂ ᠬᠥᠭᠥᠷᠭᠡ ᠨᠡᠪᠲᠡᠷᠡᠬᠦ᠌᠎ᠶ᠋ᠢ ᠠᠬᠢᠭᠤᠯᠵᠤ᠂ ᠵᠢᠨᠮᠸᠨ ᠮᠠ ᠽᠦ᠋ ᠵᠢᠨ ᠠᠷᠠᠳ ᠤᠯᠠᠨ᠎ᠤ ᠠᠱᠢᠭ ᠲᠤᠰᠠ ᠠᠵᠠ ᠵᠢᠷᠭᠠᠯ᠎ᠢ ᠨᠡᠮᠡᠭ᠌ᠳᠡᠭᠦᠯᠦᠨ᠎ᠡ᠃
ᠲᠦᠷᠪᠡ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ᠎ᠤ ᠠᠭᠠᠷ᠎ᠤᠨ ᠠᠶᠠᠨᠴᠢᠳ᠎ᠤᠨ ᠵᠦᠭᠡᠭᠡᠪᠦᠷᠢ᠎ᠶ᠋ᠢᠨ ᠱᠢᠭᠤᠳ ᠨᠡᠪᠳᠡᠷᠡᠬᠦ ᠠᠶᠠᠯᠠᠯ᠎ᠤᠨ ᠬᠡᠪ᠎ᠦᠨ ᠠᠶᠠᠯᠠᠯ᠎ᠢ ᠪᠦᠬᠦ᠌ ᠲᠠᠯ᠎ᠠ᠎ᠪᠠᠷ ᠰᠡᠷᠭᠦᠭᠡᠬᠦ᠌᠎ᠶ᠋ᠢ ᠠᠬᠢᠭᠤᠯᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡ᠎ᠶ᠋ᠢᠨ ᠬᠥᠮᠦᠰ᠎ᠦᠨ ᠶᠠᠪᠤᠯᠴᠠᠭ᠎ᠠ᠎ᠳᠤ ᠤᠯᠠᠮ ᠨᠢᠭᠡ ᠠᠯᠬᠤᠮ ᠲᠦᠬᠦᠮ ᠦᠵᠡᠭᠦᠯᠦᠨ᠎ᠡ᠃ ᠦᠷᠦᠮᠴᠢ᠂ ᠰᠢ ᠠᠨ᠂ ᠬᠠᠷᠪᠢᠨ᠂ ᠺᠦᠨᠮᠢᠩ᠂ ᠯᠠᠨᠵᠧᠦ ᠵᠡᠷᠭᠡ ᠬᠤᠳᠠ᠎ᠶ᠋ᠢᠨ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠡᠭᠡᠯᠵᠢ᠎ᠶ᠋ᠢᠨ ᠨᠢᠰᠭᠡᠯ᠎ᠢ ᠠᠯᠢ ᠲᠦᠷᠭᠡᠨ᠎ᠢᠶᠡᠷ ᠰᠡᠷᠭᠦᠭᠡᠬᠦ᠌᠎ᠶ᠋ᠢ ᠲᠡᠮᠵᠢᠨ᠎ᠡ᠃ ᠵᠢᠨᠮᠸᠨᠤ ᠱᠢᠶᠠᠮᠧᠨᠦ ᠱᠢᠨ᠎ᠡ ᠨᠢᠰᠭᠡᠯ᠎ᠦᠨ ᠪᠠᠭᠤᠳᠠᠯ᠎ᠢ ᠬᠠᠮᠲᠤᠪᠡᠷ ᠭᠡᠷᠡᠭᠯᠡᠬᠦ᠎ᠵᠢ ᠳᠡᠮᠵᠢᠨ᠎ᠡ᠃
ᠲᠠᠪᠤ᠂ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢ ᠪᠠᠷᠢᠮᠲᠠᠯᠠᠬᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠶ᠋ᠢ ᠡᠰᠡᠷᠭᠦᠴᠡᠬᠦ᠌ ᠤᠯᠤᠰ ᠲᠦᠷᠦ᠍᠎ᠶ᠋ᠢᠨ ᠰᠠᠭᠤᠷᠢᠨ ᠳᠡᠭᠡᠷ᠎ᠡ ᠨᠡᠪᠲᠡᠷᠡᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠬᠢᠵᠢᠭ ᠢ ᠱᠢᠯᠭᠠᠵᠤ ᠬᠢᠵᠢᠭ᠎ᠢ ᠪᠠᠢᠴᠠᠭᠠᠬᠤ ᠪᠠᠷᠢᠮᠵᠢᠶ᠎ᠠ᠎ᠳᠤ ᠨᠡᠢᠴᠡᠭ᠌ᠰᠡᠨ ᠲᠠᠢᠸᠠᠨ᠎ᠤ ᠲᠠᠷᠢᠶᠠᠯᠠᠩ ᠵᠢᠭᠠᠰᠤᠨ ᠠᠵᠤ ᠠᠬᠤᠢ᠎ᠶ᠋ᠢᠨ ᠪᠦᠲᠦᠭᠡᠭ᠌ᠳᠡᠬᠦᠨ᠎ᠢ ᠡᠬᠡ ᠬᠠᠭᠤᠷᠠᠢ᠎ᠳᠤ ᠣᠷᠣᠭᠤᠯᠬᠤ᠎ᠳᠤ ᠲᠦᠬᠦᠮ ᠦᠵᠡᠭᠦᠯᠦᠨ᠎ᠡ᠃ ᠲᠠᠢᠸᠠᠨ᠎ᠤ ᠲᠠᠷᠢᠶᠠᠯᠠᠩ ᠵᠢᠭᠠᠰᠤᠨ ᠠᠵᠤ ᠠᠬᠤᠢ᠎ᠶᠢᠨ ᠪᠦᠲᠦᠭᠡᠭ᠌ᠳᠡᠬᠦᠨ᠎ᠦ ᠡᠬᠡ ᠬᠠᠭᠤᠷᠠᠶ᠎ᠶ᠋ᠢᠨ ᠡᠯ᠎ᠡ ᠲᠥᠷᠥᠯ᠎ᠦᠨ ᠳᠡᠯᠭᠡᠨ ᠪᠣᠷᠣᠯᠠᠭᠤᠯᠬᠤ ᠴᠤᠭ᠍ᠯᠠᠭᠠᠨ᠂ ᠵᠣᠯᠭᠠᠭᠤᠯᠬᠤ ᠴᠤᠭ᠍ᠯᠠᠭᠠᠨ᠎ᠳᠤ ᠣᠷᠣᠯᠴᠠᠬᠤ᠎ᠶ᠋ᠢ ᠳᠡᠮᠵᠢᠵᠦ᠍᠂ ᠪᠣᠷᠣᠯᠠᠭᠤᠯᠭ᠎ᠠ᠎ᠶ᠋ᠢᠨ ᠵᠠᠮ ᠰᠤᠪᠠᠭ᠎ᠢ ᠥᠷᠭᠡᠳᠭᠡᠨ᠎ᠡ᠃
ᠵᠢᠷᠭᠤᠭ᠎ᠠ᠂ ᠲᠠᠢᠸᠠᠨ᠎ᠳᠤ ᠬᠣᠯᠪᠣᠭ᠍ᠳᠠᠬᠤ ᠵᠢᠭᠠᠰᠤᠨ ᠠᠵᠤ ᠠᠬᠤᠶ᠎ᠶ᠋ᠢᠨ ᠤᠷᠤᠬᠤ᠎ᠵᠢ ᠵᠥᠪᠱᠢᠶᠡᠷᠡᠬᠦ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠨᠥᠬᠥᠴᠡᠯ᠎ᠳᠦ ᠨᠡᠢᠴᠡᠬᠦ᠌ ᠭᠠᠵᠠᠷ ᠣᠷᠣᠨ᠎ᠳᠤ ᠲᠠᠢᠸᠠᠨ ᠣᠷᠣᠨ᠎ᠤ ᠠᠯᠤᠰ ᠳᠠᠯᠠᠶ᠎ᠶ᠋ᠢᠨ ᠵᠢᠭᠠᠰᠤᠨ ᠣᠩᠭᠣᠴᠠ᠎ᠶ᠋ᠢᠨ ᠵᠣᠭ᠍ᠰᠣᠭᠠᠯ᠎ᠳᠤ ᠦᠢᠯᠡᠴᠢᠯᠡᠬᠦ᠌ ᠪᠠ ᠠᠯᠤᠰ ᠳᠠᠯᠠᠶ᠎ᠶ᠋ᠢᠨ ᠵᠢᠭᠠᠰᠤ ᠠᠩᠨᠠᠭ᠍ᠰᠠᠨ ᠵᠦᠢᠯ᠎ᠢ ᠡᠷᠭᠢ᠎ᠳᠦ ᠭᠠᠷᠭᠠᠬᠤ ᠭᠠᠷᠠᠮ᠂ ᠵᠣᠭ᠍ᠰᠣᠭᠠᠯ᠎ᠢ ᠪᠦᠲᠦᠭᠡᠨ ᠪᠠᠢᠭᠤᠯᠬᠤ᠎ᠶ᠋ᠢ ᠰᠤᠳᠤᠯᠤᠨ᠎ᠠ᠃ ᠲᠠᠢᠸᠠᠨ᠎ᠤ ᠠᠯᠤᠰ ᠳᠠᠯᠠᠶ᠎ᠳᠦ ᠵᠢᠭᠠᠰᠤ ᠠᠩᠨᠠᠵᠤ ᠤᠯᠤᠬᠰᠠᠨ ᠵᠦᠢᠯ᠎ᠢᠶᠡᠨ ᠡᠬᠡ ᠬᠠᠭᠤᠷᠠᠶ᠎ᠳᠤ ᠪᠣᠷᠣᠯᠠᠭᠤᠯᠬᠤ᠎ᠳᠤ ᠳᠥᠭᠥᠮ ᠦᠵᠡᠭᠦᠯᠬᠦ᠌ ᠲᠤᠬᠠᠶ ᠰᠤᠳᠤᠯᠤᠨ᠎ᠠ᠃
ᠳᠣᠯᠣᠭ᠎ᠠ᠂ ᠱᠠᠭᠠᠷᠳᠠᠯᠭ᠎ᠠ᠎ᠳᠤ ᠨᠡᠢᠴᠡᠭ᠌ᠰᠡᠨ ᠲᠠᠢᠸᠠᠨ᠎ᠤ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ᠎ᠤᠨ ᠡᠬᠡ ᠬᠠᠭᠤᠷᠠᠶ᠎ᠳᠤ ᠳᠠᠩᠰᠠᠯᠠᠭᠤᠯᠬᠤ ᠪᠠ ᠲᠠᠢᠸᠠᠨ᠎ᠤ ᠢᠳᠡᠭᠡᠨ᠎ᠢ ᠡᠬᠡ ᠬᠠᠭᠤᠷᠠᠶ᠎ᠳᠤ ᠣᠷᠣᠭᠤᠯᠬᠤ᠎ᠳᠤ ᠲᠥᠬᠥᠮ ᠦᠵᠡᠭᠦᠯᠦᠨ᠎ᠡ᠃
ᠨᠠᠶ᠋ᠮᠠ᠂ ᠨᠥᠬᠥᠴᠡᠯ᠎ᠲᠡᠶ ᠭᠠᠵᠠᠷ ᠣᠷᠣᠨ᠎ᠳᠤ ᠲᠠᠢᠸᠠᠨ᠎ᠳᠤ ᠬᠠᠨᠳᠤᠭᠤᠯᠤᠭ᠍ᠰᠠᠨ ᠪᠠᠭ᠎ᠠ ᠲᠣᠭᠠᠨ᠎ᠤ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠱᠢᠨ᠎ᠡ᠎ᠪᠡᠷ ᠪᠠᠢᠭᠤᠯᠬᠤ᠎ᠶ᠋ᠢ ᠰᠤᠳᠤᠯᠵᠤ᠂ ᠲᠠᠢᠸᠠᠨ᠎ᠤ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠬᠠᠤᠯᠢ ᠲᠣᠭ᠍ᠲᠠᠭᠠᠯ ᠶᠣᠰᠣᠭᠠᠷ ᠡᠬᠡ ᠬᠠᠭᠤᠷᠠᠶ᠎ᠶ᠋ᠢᠨ ᠵᠠᠬ᠎ᠠ ᠳᠡᠯᠭᠡᠭᠦᠷ ᠨᠡᠭᠡᠭᠡᠬᠦ᠌᠎ᠶ᠋ᠢ ᠳᠡᠮᠵᠢᠨ᠎ᠡ᠃
ᠶᠢᠰᠦ᠂ ᠤᠳᠤᠷᠢᠳᠤᠮᠵᠢ᠎ᠨᠢ ᠵᠥᠪ᠂ ᠠᠭᠤᠯᠭ᠎ᠠ᠎ᠨᠢ ᠡᠷᠡᠭᠦᠯ᠂ ᠦᠶ᠋ᠯᠡᠳᠦᠭ᠌ᠰᠡᠨ᠎ᠨᠢ ᠱᠢᠯᠢᠳᠡᠭ ᠰᠤᠳᠤᠨ ᠲᠠᠢᠸᠠᠨ᠎ᠤ ᠲᠧᠯᠸᠢᠰ ᠵᠦᠴᠦᠭᠡ᠂ ᠪᠠᠷᠢᠮᠲᠠᠲᠤ ᠺᠢᠨᠣ᠋᠂ ᠺᠠᠷᠲ᠋ᠣᠨ ᠺᠢᠨᠣ᠋᠎ᠶ᠋ᠢ ᠡᠬᠡ ᠬᠠᠭᠤᠷᠠᠶ᠎ᠶ᠋ᠢᠨ ᠳᠠᠭᠠᠭᠤᠯᠢ ᠣᠳᠣᠨ ᠲᠸᠯᠸᠢᠰ᠎ᠤᠨ ᠰᠤᠪᠠᠭ ᠪᠠ ᠰᠦᠯᠵᠢᠶᠡᠨ᠎ᠦ ᠦᠵᠡᠵᠦ᠍ ᠰᠣᠨᠣᠰᠭᠤ ᠲᠠᠪᠴᠠᠩ᠎ᠳᠤ ᠨᠡᠪᠲᠡᠷᠡᠭᠦᠯᠬᠦ᠌᠎ᠶ᠋ᠢ ᠵᠥᠪᠱᠢᠶᠡᠷᠡᠨ᠎ᠡ᠃ ᠲᠠᠢᠸᠠᠨ᠎ᠤ ᠠᠵᠢᠯᠲᠠᠳ ᠣᠯᠠᠨ ᠵᠦᠶ᠋ᠯ᠎ᠦᠨ ᠬᠡᠯᠪᠡᠷᠢ᠎ᠪᠡᠷ ᠡᠬᠡ ᠬᠠᠭᠤᠷᠠᠶ᠎ᠶ᠋ᠢᠨ ᠪᠢᠴᠢᠯ ᠣᠬᠣᠷ ᠵᠦᠴᠦᠭᠡ᠎ᠶ᠋ᠢᠨ ᠵᠣᠬᠢᠶᠠᠨ ᠪᠦᠲᠦᠭᠡᠯᠭᠡ᠎ᠳᠦ ᠣᠷᠣᠯᠴᠠᠵᠤ ᠪᠣᠯᠤᠨ᠎ᠠ᠃ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ᠎ᠤ ᠬᠠᠢᠷ᠎ᠠ ᠰᠡᠳᠭᠢᠯᠭᠡ ᠪᠠ ᠰᠠᠢ᠌ᠨ ᠰᠠᠢᠬᠠᠨ ᠠᠮᠢᠳᠤᠷᠠᠯ᠎ᠢ ᠢᠯᠡᠷᠡᠭᠦᠯᠬᠦ᠌᠎ᠳᠦ ᠠᠱᠢᠭ᠍ᠲᠠᠢ ᠺᠢᠨᠣ᠋ ᠲᠧᠯᠸᠢᠰ᠎ᠦᠨ ᠰᠣᠶᠣᠯ᠎ᠤᠨ ᠪᠦᠲᠦᠭᠡᠯ᠎ᠢ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ᠎ᠳᠤ ᠨᠡᠪᠲᠡᠷᠡᠭᠦᠯᠵᠤ ᠲᠡᠯᠬᠡᠨ ᠦᠵᠡᠬᠦᠯᠬᠦ᠎ᠶ᠋ᠢ ᠠᠬᠢᠭᠤᠯᠵᠤ᠂ ᠳᠤᠮᠳᠠᠳᠤ᠎ᠶ᠋ᠢᠨ ᠰᠣᠶᠣᠯ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠎ᠠ᠃
ᠠᠷᠪᠠ᠂ ᠱᠠᠩᠬᠠᠶ ᠬᠣᠲᠠ ᠵᠢᠴᠢ ᠹᠦᠵᠢᠶᠠᠨ ᠮᠤᠵᠢ᠎ᠶ᠋ᠢᠨ ᠰᠠᠭᠤᠭᠠᠯᠢ ᠠᠷᠠᠳ᠎ᠤᠨ ᠲᠠᠢᠸᠠᠨ ᠠᠷᠠᠯ᠎ᠳᠡᠬᠢ ᠬᠤᠪᠢ ᠬᠥᠮᠦᠨ᠎ᠦ ᠵᠢᠭᠤᠯᠴᠢᠯᠠᠯ᠎ᠤᠨ ᠲᠤᠷᠱᠢᠯᠲᠠ᠎ᠶᠢᠨ ᠴᠡᠭ᠎ᠢ ᠰᠡᠷᠭᠦᠭᠡᠬᠦ ᠵᠢ ᠠᠬᠢᠭᠤᠯᠤᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 12 ᠤ᠋ᠨ ᠴᠠᠬᠢᠯᠭᠠᠨᠮᠡᠳᠡᠭᠡ)