《ᠬᠢᠯᠢ ᠬᠠᠮᠠᠭᠠᠯᠠᠭᠴᠢ ᠡᠵᠢ》 ᠤᠶᠤᠨᠴᠢᠮᠡᠭ
2026-04-14 16:56:40
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠬᠠᠮᠢᠶ᠎ᠠ ᠪᠦᠬᠦᠢ ᠨᠡᠢᠳᠡᠯᠡᠯ ᠎ᠢ ᠦᠨᠳᠦᠰᠦᠯᠡᠪᠡᠯ᠂  2026 ᠣᠨ᠎ᠤ ᠨᠢᠭᠡᠳᠦᠭᠡᠷ ᠪᠦᠯᠦᠭ᠎ᠦᠨ《ᠳᠤᠮᠳᠠᠳᠤ ᠤᠯᠤᠰ᠎ᠤᠨ ᠰᠠᠢᠨ ᠬᠥᠮᠦᠨ 》 ᠎ᠤ᠋ ᠵᠢᠱ᠌ᠢᠭ᠌ᠳᠡᠭ᠌ᠰᠡᠳ ᠎ᠲᠸ᠋ ᠦᠪᠦᠷ ᠮᠤᠩᠭᠤᠯ ᠎ᠤᠨ 9 ᠬᠦᠮᠦᠨ ᠲᠤᠳᠤᠷᠠᠵᠠᠢ᠃  ᠦᠯᠢᠭᠡᠷ ᠲᠠᠭᠤᠷᠢᠶᠠᠯ᠎ᠤᠨ ᠨᠦᠯᠦᠭᠡᠯᠡᠬᠦ ᠦᠢᠯᠡᠳᠦᠯ᠎ᠢ ᠪᠠᠳᠠᠷᠠᠭᠤᠯᠵᠤ᠂ ᠦᠯᠢᠭᠡᠷ ᠲᠠᠭᠤᠷᠢᠶᠠᠯ ᠡᠴᠡ ᠲᠠᠭᠠᠨ ᠰᠤᠷᠤᠯᠴᠠᠵᠤ᠂ ᠨᠡᠢᠭᠡᠮ ᠵᠢᠷᠦᠮ᠎ᠤᠨ ᠭᠤᠤᠯᠯᠠᠭᠴᠢ ᠦᠷᠳᠡᠭ᠎ᠤᠨ ᠦᠵᠡᠯᠳᠡ ᠵᠢ ᠴᠢᠨᠠᠭᠰᠢᠳᠠ ᠦᠢᠯᠡᠳᠦᠯᠭᠡᠵᠢᠬᠦᠯᠦᠨ᠂  ᠵᠢᠱ᠌ᠢᠶᠡᠴᠢ ᠦᠪᠡᠷᠳᠡᠭᠡᠨ ᠵᠠᠰᠠᠬᠤ ᠤᠷᠤᠨ᠎ᠢ ᠪᠦᠬᠦ ᠲᠠᠯ᠎ᠠ ᠪᠡᠷ ᠪᠦᠳᠦᠭᠡᠨ ᠪᠠᠢᠭᠤᠯᠬᠤ ᠳ᠋ᠤ ᠰᠠᠢᠨ ᠰᠠᠢᠬᠠᠨ ᠤᠷᠴᠢᠨ ᠨᠦᠬᠦᠴᠡᠯ᠎ᠢ ᠡᠬᠦᠳᠬᠦ ᠵᠢᠨ ᠲᠦᠯᠦᠭᠡ ᠲᠤᠰ ᠨᠢᠭᠤᠷ ᠡᠳᠡᠭᠡᠷ ᠲᠡᠷᠢᠬᠦᠨ᠎ᠤ ᠬᠦᠮᠦᠰ᠎ᠤᠨ ᠦᠢᠯᠡ ᠠᠵᠢᠯᠯᠠᠭ᠎ᠠ ᠵᠢ ᠲᠠᠨᠢᠯᠴᠠᠭᠤᠯᠬᠤ ᠪᠡᠷ ᠪᠤᠯᠤᠯ᠎ᠠ᠃



ᠤᠶᠤᠨᠴᠢᠮᠡᠭ᠂ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠰᠤᠪᠨᠠᠭᠤᠷ ᠰᠤᠮᠤ᠎ᠶ᠋ᠢᠨ ᠢᠪᠠᠤᠲᠤ ᠭᠠᠴᠠᠭᠠᠨ᠎ᠤ ᠮᠠᠯᠴᠢᠨ᠂ ᠳᠤᠮᠳᠠᠳᠤ ᠮᠣᠩᠭᠣᠯ᠎ᠤᠨ ᠬᠢᠯᠢ᠎ᠶ᠋ᠢᠨ ᠱᠤᠭᠤᠮ ᠲᠠᠭᠠᠤ ᠵᠢᠨ ᠬᠢᠯᠢ ᠬᠠᠮᠠᠭᠠᠯᠠᠭ᠍ᠴᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠤᠯᠠᠮᠵᠢᠯᠠᠭ᠍ᠴᠢ᠃ ᠲᠡᠷᠡ 48 ᠵᠢᠯ ᠳᠤᠮᠳᠠᠳᠤ ᠮᠣᠩᠭᠣᠯ᠎ᠤᠨ ᠬᠢᠯᠢ ᠵᠢᠨ ᠱᠤᠭᠤᠮ᠎ᠢ ᠪᠠᠲᠤ ᠰᠠᠬᠢᠵᠤ᠂ ᠮᠠᠯ ᠠᠵᠤ ᠠᠬᠤᠢ᠎ᠪᠠᠷ ᠠᠵᠤ ᠦᠢᠯᠡᠰ ᠶ᠋ᠢᠡᠨ ᠪᠣᠯᠭᠠᠵᠤ᠂ ᠬᠢᠯᠢ ᠬᠢᠵᠠᠭᠠᠷ᠎ᠢᠶᠠᠷ ᠭᠡᠷ ᠣᠷᠣᠨ᠎ᠢᠶᠠᠨ ᠪᠣᠯᠭᠠᠨ᠂ ᠨᠤᠲᠤᠭ ᠳᠡᠪᠢᠰᠭᠡᠷ᠎ᠢᠶᠡᠨ ᠰᠠᠬᠢᠨ ᠬᠠᠮᠠᠭᠠᠯᠠᠵᠤ ᠬᠢᠯᠢ᠎ᠬᠢᠵᠠᠭᠠᠷ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠎ᠵᠢ ᠦᠢᠯᠡᠳᠦᠯᠭᠡᠵᠢᠭᠦᠯᠵᠦ᠍᠂ ᠴᠡᠷᠢᠭ ᠠᠷᠠᠳ᠎ᠢ ᠬᠠᠯᠠᠭᠤᠨ ᠎ᠢᠶᠠᠷ ᠬᠠᠪᠰᠤᠷᠤᠨ ᠲᠡᠳᠬᠦᠵᠦ᠍᠂ ᠤᠨᠴᠠᠯᠢᠬ᠍ᠳᠤ ᠰᠣᠶᠣᠯ ᠎ᠢ ᠤᠯᠠᠮᠵᠢᠯᠠᠨ᠂ ᠦᠨᠳᠦᠰᠦᠲᠡᠨ᠎ᠨᠦᠭᠦᠳ ᠎ᠦᠨ ᠪᠦᠯᠬᠦᠮᠳᠡᠨ ᠲᠡᠮᠡᠴᠡᠵᠦ᠍ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠴᠡᠷᠢᠭ᠎ᠢᠶᠡᠨ ᠬᠦᠷᠢᠶᠡᠯᠡᠨ ᠤᠯᠤᠰ ᠎ᠢᠶᠠᠨ ᠬᠠᠢᠷᠠᠯᠠᠬᠤ ᠬᠡᠪ ᠳᠠᠭᠤᠷᠢᠶᠠᠯ ᠪᠣᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ《ᠱᠢᠯᠢᠳᠡᠭ ᠬᠢᠯᠢ᠎ᠶ᠋ᠢᠨ ᠠᠷᠠᠳ》 ᠤ᠋ᠨ ᠬᠣᠶᠠᠳᠤᠭᠠᠷ ᠳᠡᠰ᠎ᠤᠨ ᠱᠠᠩᠨᠠᠯ᠂ 《ᠳᠤᠮᠳᠠᠳᠤ ᠤᠯᠤᠰ᠎ᠤᠨ ᠰᠦᠯᠵᠢᠶᠡᠨ᠎ᠦ ᠶᠠᠪᠤᠳᠠᠯ· 2025 ᠣᠨ ᠎ᠢ ᠳᠣᠭ᠍ᠳᠣᠯᠤᠭᠤᠯᠤᠭ᠍ᠰᠠᠨ》ᠠᠷᠪᠠᠨ ᠰᠦᠯᠵᠢᠶᠡᠨ ᠎ᠦ ᠴᠤᠤᠳᠤ ᠬᠥᠮᠦᠨ ᠵᠡᠷᠭᠡ ᠢᠷᠠᠭᠤ ᠠᠯᠳᠠᠷ᠎ᠢ ᠭᠥᠷᠳᠡᠵᠦ ᠦᠩᠭᠡᠷᠡᠪᠡ᠃


48 ᠵᠢᠯ ᠬᠢᠯᠢ ᠬᠢᠵᠠᠭᠠᠷ ᠎ᠢ  ᠰᠠᠬᠢᠨ ᠬᠠᠮᠠᠭᠠᠯᠠᠭᠰᠠᠨ ᠢᠷᠠᠭᠤ ᠲᠤᠤᠯᠢ

48 ᠵᠢᠯ ᠬᠢᠯᠢ ᠬᠢᠵᠠᠭᠠᠷ᠎ᠢ ᠰᠠᠬᠢᠨ ᠬᠠᠮᠠᠭᠠᠯᠠᠭᠰᠠᠨ ᠢᠷᠠᠭᠤ ᠲᠤᠤᠯᠢ1978 ᠣᠨ᠎ᠳᠤ᠂ 20 ᠨᠠᠰᠤᠲᠠᠶ ᠤᠶᠤᠨᠴᠢᠮᠡᠭ ᠰᠠᠨᠠᠭᠠᠴᠢᠯᠠᠭ᠎ᠠ᠎ᠠᠴᠠ᠎ᠪᠠᠨ ᠡᠷᠦᠬᠡ᠎ᠶ᠋ᠢᠨ ᠴᠡᠷᠢᠭ᠎ᠲᠦ ᠣᠷᠣᠬᠤ᠎ᠪᠠᠷ ᠭᠤᠶᠤᠴᠢᠯᠠᠵᠤ᠂ ᠨᠢᠭᠡ ᠬᠡᠷ ᠤ᠋ᠨ ᠳᠥᠷᠪᠡᠨ ᠬᠦᠮᠦᠨ ᠠᠮᠠ ᠪᠠᠨ ᠲᠠᠭᠠᠭᠤᠯᠤᠨ ᠬᠢᠯᠢ᠎ᠶ᠋ᠢᠨ ᠱᠤᠭᠤᠮ᠎ᠠᠴᠠ 16 ᠺᠢᠯᠣᠮᠧᠲ᠋ᠷ ᠵᠠᠢᠲᠠᠶ ᠭᠠᠵᠠᠷ᠎ᠲᠤ ᠬᠦᠷᠴᠦ᠍ ᠰᠠᠭᠤᠷᠢᠱᠢᠨ ᠮᠠᠯᠵᠢᠪᠠ᠃ ᠬᠢᠯᠢ ᠬᠢᠵᠠᠭᠠᠷ ᠣᠷᠣᠨ ᠨᠢ ᠭᠣᠪᠢ ᠴᠥᠯ ᠨᠤᠳᠤᠭ ᠲᠡᠪᠢᠰᠭᠡᠷ ᠪᠠᠢᠵᠤ᠂ ᠪᠠᠢᠭᠠᠯᠢ᠎ᠶ᠋ᠢᠨ ᠨᠥᠬᠥᠴᠡᠯ ᠮᠠᠭᠤ᠂ ᠡᠷᠬᠢᠨ ᠲᠣᠭᠣᠷᠢᠨ ᠎ᠤ ᠠᠷᠪᠠᠨ ᠭᠠᠵᠠᠷ᠎ᠲᠤ ᠬᠥᠮᠦᠨ ᠠᠮᠢᠲᠠᠨ᠎ᠤ ᠪᠠᠷ᠎ᠠ ᠬᠠᠷᠠᠭᠳᠠᠬᠤ ᠥᠬᠡᠶ᠂ ᠡᠳ᠋ ᠪᠣᠳᠠᠰ᠎ᠤᠨ ᠬᠠᠩᠭᠠᠯᠭ᠎ᠠ ᠳᠤᠲᠠᠮᠠᠭ ᠪᠠᠢᠳᠠᠭ᠂ ᠭᠡᠪᠡᠴᠦ᠍ ᠲᠡᠷᠡ ᠢᠮᠠᠭ᠍ᠲᠠ ᠨᠤᠲᠤᠭ ᠳᠡᠪᠢᠰᠭᠡᠷ ᠎ᠢᠶᠡᠨ ᠰᠠᠬᠢᠨ ᠬᠢᠯᠢ ᠬᠢᠵᠠᠭᠠᠷ᠎ᠢᠶᠠᠨ ᠬᠠᠮᠠᠭᠠᠯᠠᠬᠤ᠎ᠶ᠋ᠢ ᠥᠪᠡᠷ᠎ᠦᠨ ᠡᠭᠦᠷᠭᠡ᠎ᠪᠡᠨ ᠪᠣᠯᠭᠠᠵᠤ᠂ ᠲᠡᠮᠡᠭᠡ ᠤᠨᠤᠵᠤ ᠬᠢᠯᠢ ᠬᠢᠵᠠᠭᠠᠷ᠎ᠢ ᠴᠠᠭ᠍ᠳᠠᠨ ᠪᠠᠢᠴᠠᠭᠠᠬᠤ᠎ᠶ᠋ᠢ ᠪᠠᠷᠢᠮᠲᠠᠯᠠᠵᠤ᠂ ᠲᠠᠨᠢᠯ ᠪᠤᠰᠤ ᠬᠥᠮᠦᠨ᠂ ᠲᠡᠷᠭᠡ ᠬᠥᠰᠭᠡ᠎ᠶ᠋ᠢ ᠣᠯᠵᠤ ᠮᠡᠳᠡᠭᠰᠡᠭᠡᠷ ᠬᠠᠷᠢᠶ᠎ᠠ ᠣᠷᠣᠨ᠎ᠤ ᠬᠢᠯᠢ ᠬᠢᠵᠠᠭᠠᠷ᠎ᠤᠨ ᠲᠣᠮᠢᠯᠠᠭ᠍ᠰᠠᠨ ᠰᠠᠯᠪᠤᠷᠢ᠎ᠳᠤ ᠲᠠᠷᠤᠢᠬᠠᠨ ᠬᠠᠷᠢᠭᠤ ᠮᠡᠳᠡᠭᠦᠯᠵᠦ᠍᠂ ᠬᠡᠳᠦᠨ ᠠᠷᠪᠠᠨ ᠵᠢᠯ᠎ᠢ ᠨᠢᠭᠡ ᠡᠳᠦᠷ ᠮᠡᠳᠦ ᠪᠡᠷ ᠦᠡᠭᠬᠡᠷᠠᠬᠡᠯ᠎ᠠ᠃ 2002 ᠣᠨ᠎ᠳᠤ᠂ ᠨᠢᠭᠡᠨ ᠭᠠᠳᠠᠭᠠᠳᠤ᠎ᠶ᠋ᠢᠨ ᠬᠠᠷᠢᠶᠠᠲᠤ ᠬᠠᠤᠯᠢ ᠪᠤᠰᠤ ᠪᠡᠷ ᠤᠯᠤᠰ᠎ᠤᠨ ᠬᠢᠯᠢ ᠳᠠᠪᠠᠵᠤ ᠪᠠᠢᠬᠤ ᠵᠢ ᠮᠡᠳᠡᠵᠦ᠂ ᠰᠤᠮᠤ ᠎ᠶ᠋ᠢᠨ ᠬᠢᠯᠢ ᠎ᠶ᠋ᠢᠨ ᠬᠠᠮᠠᠭᠠᠯᠠᠯᠲᠠ᠎ᠶ᠋ᠢᠨ ᠲᠣᠮᠢᠯᠠᠭ᠍ᠰᠠᠨ ᠰᠠᠯᠪᠤᠷᠢ  ᠵᠢᠨ ᠬᠢᠨ ᠭᠠᠵᠠᠷ᠎ᠤᠨ ᠪᠠᠢᠴᠠ᠎ᠶ᠋ᠢ ᠰᠠᠢ᠌ᠨ ᠮᠡᠳᠡᠳᠡᠭ ᠤᠶᠤᠨᠴᠢᠮᠡᠭ ᠵᠢᠡᠷ ᠬᠠᠮᠵᠢᠯᠴᠠᠭᠤᠯᠤᠨ ᠪᠠᠷᠢᠪᠴᠢᠯᠠᠬᠤ ᠪᠡᠷ ᠪᠤᠯᠤᠯ᠎ᠠ᠃ ᠤᠶᠤᠨᠴᠢᠮᠡᠭ ᠲᠡᠷᠡ ᠳᠠᠷᠤᠢᠬᠠᠨ  ᠭᠠᠷ ᠲᠡᠬᠢ ᠠᠵᠢᠯ ᠵᠢᠨᠨ ᠬᠠᠶᠠᠵᠤ᠂ ᠲᠡᠮᠡᠭᠡ ᠤᠨᠤᠨ ᠠᠷᠠᠳ᠎ᠤᠨ ᠴᠠᠭ᠍ᠳᠠᠭ᠎ᠠ᠎ᠲᠠᠶ ᠬᠠᠮᠲᠤ ᠰᠥᠨᠢᠵᠢᠨ ᠮᠥᠷᠳᠡᠵᠦ᠍᠂  ᠶᠠᠯ᠎ᠠ  ᠵᠢᠨ  ᠰᠡᠵᠢᠭ᠌ᠳᠡᠨ ᠎ᠢ  ᠠᠮᠵᠢᠯᠳᠠᠳᠠᠢ ᠪᠠᠷᠢᠪᠴᠢᠯᠠᠭᠰᠠᠨ ᠪᠠᠢᠯ᠎ᠠ᠃ 48 ᠵᠢᠯ᠎ᠦᠨ ᠲᠤᠷᠰᠢ᠂ ᠲᠡᠷᠡ ᠢᠮᠠᠭ᠍ᠲᠠ ᠮᠠᠯᠴᠢᠨ ᠡᠷᠦᠬᠡ᠎ᠪᠡᠷ ᠲᠣᠭᠣᠷᠢᠨ ᠦᠵᠡᠬᠦ᠂ ᠬᠢᠯᠢ ᠬᠢᠵᠠᠭᠠᠷ᠎ᠢᠶᠠᠷ ᠲᠣᠭᠣᠷᠢᠨ ᠪᠠᠢᠴᠠᠭᠠᠬᠤ᠎ᠵᠢ ᠲᠡᠷᠢᠬᠦᠨ ᠳ᠋ᠤ ᠲᠠᠯᠪᠢᠵᠤ᠂  ᠵᠠᠰᠠᠭ᠎ᠤᠨ ᠣᠷᠳᠣᠨ ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠳᠡᠮᠵᠢᠯᠭᠡ ᠪᠠ ᠵᠢᠯᠤᠭᠤᠳᠤᠯᠭ᠎ᠠ ᠳᠣᠣᠷ᠎ᠠ ᠡᠯ᠎ᠡ ᠵᠦᠢᠯ᠎ᠦᠨ ᠬᠢᠯᠢ ᠬᠠᠮᠠᠭᠠᠯᠠᠬᠤ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠠᠢ᠃


QQ20260414-165424.png

    

  ᠲᠡᠮᠡᠭᠡᠨ ᠰᠤᠶᠤᠯ᠎ᠢ ᠤᠯᠠᠮᠵᠢᠯᠠᠨ᠎ᠠ


ᠴᠡᠷᠢᠭ᠎ᠢᠶᠡᠨ ᠬᠦᠷᠢᠶᠡᠯᠡᠭ᠌ᠰᠡᠨ ᠰᠠᠢᠬᠠᠨ ᠰᠤᠨᠤᠰᠬᠠᠯ

 ᠬᠠᠷᠠᠬᠠᠨ ᠪᠠᠭ᠎ᠠ᠎ᠠᠴᠠ᠎ᠪᠠᠨ ᠲᠡᠮᠡᠭᠡ ᠲᠠᠵᠢᠬᠡᠵᠤ ᠲᠤᠲᠤᠮᠲᠠᠵᠤ ᠭᠠᠷᠰᠢᠭᠰᠠᠨ ᠤᠶᠤᠨᠴᠢᠮᠡᠭ ᠬᠢᠯᠢ ᠬᠢᠵᠠᠭᠠᠷ ᠎ᠢ ᠰᠠᠬᠢᠨ ᠰᠠᠭᠤᠷᠢᠰᠢᠭᠰᠠᠨ᠎ᠠᠴᠠ ᠨᠠᠭᠠᠰᠢ ᠣᠢᠷ᠎ᠠ ᠬᠠᠪᠢ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ ᠠᠩᠭᠢ᠎ᠳᠤ ᠴᠡᠷᠢᠭ᠎ᠦᠨ ᠲᠡᠮᠡᠭᠡ ᠲᠡᠵᠢᠭᠡᠵᠦ᠍ ᠥᠭ᠌ᠬᠦ ᠬᠠᠷᠢᠭᠤᠴᠠᠯᠭ᠎ᠠ ᠎ᠵᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠵᠤ᠂ ᠮᠦᠨ 48 ᠵᠢᠯ ᠪᠠᠷᠢᠮᠳᠠᠯᠠᠯ᠎ᠠ᠃ ᠬᠢᠯᠢ᠎ᠶ᠋ᠢᠨ ᠬᠠᠮᠠᠭᠠᠯᠠᠯᠲᠠ᠎ᠶ᠋ᠢᠨ ᠴᠠᠭ᠍ᠳᠠᠨ ᠪᠠᠢᠴᠠᠭᠠᠬᠤ ᠣᠷᠣᠨ᠎ᠤ ᠣᠯᠠᠩᠬᠢ ᠨᠢ ᠭᠣᠪᠢ ᠴᠦᠯ ᠪᠣᠯᠬᠣᠷ ᠲᠡᠮᠡᠭᠡ ᠨᠢ ᠴᠡᠷᠢᠭ ᠠᠩᠬᠢ ᠵᠢᠨ ᠬᠢᠨ᠎ᠤ ᠴᠠᠭ᠍ᠳᠠᠨ ᠪᠠᠢᠴᠠᠭᠠᠬᠤ ᠴᠢᠬᠤᠯᠠ ᠵᠠᠮ ᠬᠠᠷᠢᠯᠴᠠᠭᠠᠨ᠎ᠤ ᠪᠠᠭᠠᠵᠢ ᠪᠣᠯᠤᠭ᠍ᠰᠠᠨ ᠶᠤᠮ᠃ ᠡᠢᠨ᠎ᠬᠦ ᠲᠡᠮᠡᠭᠡ ᠤᠨᠤᠵᠤ ᠲᠡᠮᠡᠭᠡ᠎ᠲᠡᠶ ᠬᠡᠷᠬᠢᠨ ᠬᠠᠷᠢᠯᠴᠠᠬᠤ ᠨᠢ ᠱᠢᠨ᠎ᠡ ᠪᠠᠢᠯᠳᠤᠭ᠍ᠴᠢᠳ ᠎ᠤᠨ ᠵᠠᠪᠠᠯ ᠰᠤᠷᠬᠤ ᠬᠢᠴᠢᠶᠡᠯ ᠪᠣᠯᠤᠭᠰᠠᠨ ᠪᠦᠭᠡᠳ ᠤᠶᠤᠨᠴᠢᠮᠡᠭ  ᠲᠤᠰᠭᠠᠶ ᠰᠤᠷᠭᠠᠭ᠍ᠴᠢ ᠪᠣᠯᠤᠭᠰᠠᠨ ᠪᠢᠯᠡ᠃ ᠬᠡᠳᠦᠨ ᠠᠷᠪᠠᠨ ᠵᠢᠯ᠎ᠦᠨ ᠬᠤᠭᠤᠴᠠᠭᠠᠨ ᠎ᠳᠤ᠂ ᠲᠡᠭᠦᠨ ᠎ᠦ ᠲᠡᠵᠢᠭᠡᠵᠦ᠍ ᠳᠣᠳᠣᠮᠳᠠᠭ᠍ᠰᠠᠨ ᠴᠡᠷᠢᠭ᠎ᠦᠨ ᠲᠡᠮᠡᠭᠡ ᠨᠢ ᠲᠣᠭᠣᠷᠢᠨ ᠴᠠᠭ᠍ᠳᠠᠬᠤ ᠶᠠᠪᠤᠴᠠ᠎ᠳᠤ ᠤᠯᠠᠨ ᠤᠳᠠᠭ᠎ᠠ ᠪᠠᠢᠯᠳᠤᠭ᠍ᠴᠢᠳ᠎ᠢ ᠲᠤᠰᠠᠯᠠᠨ ᠠᠶᠤᠯ᠎ᠠᠴᠠ ᠮᠤᠯᠲᠤᠷᠠᠭᠤᠯᠵᠤ᠂ ᠬᠢᠯᠢ ᠎ᠶ᠋ᠢᠨ ᠬᠠᠮᠠᠭᠠᠯᠠᠯᠲᠠ᠎ᠶ᠋ᠢᠨ ᠱᠤᠭᠤᠮ ᠳᠡᠭᠡᠷᠡᠬᠢ《ᠣᠨᠴᠠᠭᠠᠢ ᠲᠠᠢ᠌ᠴᠢᠨ ᠬᠠᠨᠢ》 ᠪᠣᠯᠪᠠ᠃ ᠤᠷᠳᠤ ᠬᠤᠭᠤᠴᠠᠭᠠᠨ᠎ᠤ ᠬᠠᠷᠢᠯᠴᠠᠭᠠᠨ᠎ᠤ ᠲᠤᠮᠳᠠ ᠤᠶᠤᠨᠴᠢᠮᠡᠭ᠎ᠬᠡᠳᠦᠢᠨ ᠴᠡᠷᠢᠭ ᠠᠩᠬᠢ ᠵᠢᠨ ᠬᠢᠨ᠎ᠤ ᠳᠣᠲᠣᠨᠣ ᠬᠥᠮᠦᠨ ᠪᠤᠯᠵᠤ᠂  ᠲᠠᠷᠤᠭ᠎ᠠ ᠪᠠᠢᠯᠳᠤᠭᠴᠢᠳ ᠲᠣᠭᠣᠷᠢᠨ ᠴᠠᠭ᠍ᠳᠠᠭᠠᠳ ᠪᠤᠴᠠᠵᠤ ᠢᠷᠡᠬᠦ᠌᠎ᠳᠡᠭᠡᠨ ᠦᠷᠭᠦᠯᠵᠢ ᠲᠠᠷᠢᠭ᠍ᠰᠠᠨ ᠱᠢᠨ᠎ᠡ ᠰᠣᠷᠭᠣᠭ ᠢᠳᠡᠱᠢᠨ ᠨᠣᠭᠣᠭ᠎ᠠ᠎ᠪᠠᠨ ᠠᠪᠴᠤ᠌  ᠤᠶᠤᠨᠴᠢᠮᠡᠭ ᠎ᠢ ᠡᠷᠬᠢᠨ ᠦᠵᠡᠬᠦ ᠪᠡᠷ ᠢᠷᠡᠳᠡᠭ ᠪᠦᠭᠡᠳ ᠲᠡᠭᠦᠨ᠎ᠲᠡᠶ ᠵᠣᠭᠣᠭ᠍ᠳᠠᠨ᠂ ᠲᠡᠮᠡᠭᠡᠨ ᠬᠠᠱᠢᠶ᠎ᠠ ᠎ᠶ᠋ᠢ  ᠨᠢ ᠴᠡᠪᠡᠷᠯᠡᠨ ᠦᠭᠴᠦ᠂  ᠴᠡᠷᠢᠭ ᠠᠷᠠᠳ᠎ᠤᠨ ᠬᠦᠨ ᠵᠤᠵᠠᠭᠠᠨ ᠨᠦᠬᠦᠷᠯᠡᠯ ᠎ᠢ ᠪᠠᠢᠭᠤᠯᠵᠤ᠂  ᠴᠡᠷᠢᠭ ᠨᠢ ᠠᠷᠠᠳ ᠎ᠢᠶᠠᠨ ᠬᠠᠢᠷᠠᠯᠠᠬᠤ᠂ ᠠᠷᠠᠳ ᠨᠢ ᠴᠡᠷᠢᠭ᠎ᠢᠶᠡᠨ ᠬᠦᠷᠢᠶᠡᠯᠡᠬᠦ᠌ ᠡᠶ᠎ᠡ ᠵᠣᠬᠢᠴᠠᠩᠭᠤᠢ ᠬᠠᠭᠤᠳᠠᠰᠤ᠎ᠶ᠋ᠢ ᠬᠠᠮᠲᠤ ᠪᠠᠷ ᠪᠢᠴᠢᠭ᠌ᠯᠡᠪᠠ᠃


QQ20260414-165435.png

    

                 ᠤᠶᠤᠨᠴᠢᠮᠡᠭ ᠨᠠᠰᠤᠳᠠᠨ 

 

  ᠰᠣᠶᠣᠯ᠎ᠤᠨ ᠤᠯᠠᠮᠵᠢᠯᠠᠯ᠎ᠤᠨ ᠭᠤᠢᠳᠠ ᠬᠠᠭᠤᠳᠠᠰᠤ

 ᠬᠢᠯᠢ ᠬᠢᠵᠠᠭᠠᠷ᠎ᠢ ᠪᠠᠲᠤ ᠰᠠᠬᠢᠬᠤ᠎ᠶ᠋ᠢᠨ ᠬᠠᠮᠲᠤ ᠤᠶᠤᠨᠴᠢᠮᠡᠭ ᠰᠡᠳᠭᠢᠯ ᠲᠠᠯᠪᠢᠨ ᠠᠵᠤ ᠠᠮᠢᠳᠤᠷᠠᠯ᠎ᠢᠶᠠᠨ ᠡᠵᠡᠩᠨᠡᠵᠦ᠍᠂ ᠲᠡᠮᠡᠭᠡᠨ ᠎ᠦ  ᠲᠤᠬᠠᠢ ᠬᠠᠢᠷ᠎ᠠ ᠰᠡᠳᠬᠢᠯᠬᠡ᠎ᠪᠡᠨ ᠲᠡᠮᠡᠭᠡᠨ ᠰᠣᠶᠣᠯ᠎ᠤᠨ ᠤᠯᠠᠮᠵᠢᠯᠠᠯ ᠬᠦᠭᠵᠢᠯ᠎ᠳᠤ ᠠᠭᠤᠰᠬᠠᠭᠰᠠᠨ ᠪᠠᠢᠯ᠎ᠠ᠃ ᠲᠡᠷᠡ ᠲᠡᠮᠡᠭᠡᠨ ᠡᠳ᠋ᠯᠡᠯ ᠬᠢᠬᠦ᠌ ᠤᠷ᠎ᠠ ᠮᠡᠷᠭᠡᠵᠢᠯ᠎ᠢ ᠪᠣᠯᠪᠠᠰᠤᠷᠠᠩᠭᠤᠢ ᠡᠵᠡᠮᠱᠢᠵᠦ᠍᠂ ᠲᠡᠮᠡᠭᠡᠨ ᠨᠠᠭᠠᠳᠤᠮ᠎ᠤᠨ ᠠᠵᠢᠯᠯᠠᠭ᠎ᠠ᠎ᠶ᠋ᠢ ᠰᠠᠨᠠᠭᠠᠴᠢᠯᠠᠭ᠎ᠠ ᠡᠴᠡ ᠪᠠᠨ ᠥᠷᠨᠢᠭᠦᠯᠵᠦ᠍᠂ ᠬᠢᠯᠢ ᠬᠢᠵᠠᠭᠠᠷ ᠣᠷᠣᠨ᠎ᠤ ᠤᠨᠴᠠᠯᠢᠬ᠍ᠳᠤ ᠰᠣᠶᠣᠯ᠎ᠢ ᠠᠮᠢᠵᠢᠷᠠᠯ᠎ᠤᠨ ᠬᠦᠴᠦᠨ᠎ᠲᠡᠶ ᠪᠣᠯᠭᠠᠪᠠ᠃ ᠭᠣᠢᠳᠠ ᠰᠠᠢᠬᠠᠨ ᠤᠷ᠎ᠠ ᠮᠡᠷᠭᠡᠵᠢᠯ ᠪᠣᠯᠤᠨ ᠤᠯᠠᠮᠵᠢᠯᠠᠯᠲᠤ ᠰᠣᠶᠣᠯ᠎ᠤᠨ ᠬᠦᠨ ᠵᠤᠵᠠᠭᠠᠨ ᠤᠤᠷ ᠲᠤᠨᠳᠠᠰᠤ ᠪᠡᠷ ᠲᠡᠷᠡ ᠵᠢᠷᠭᠤᠳᠤᠭᠠᠷ ᠪᠦᠯᠦᠭ᠎ᠦᠨ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠤᠯᠠᠮᠵᠢᠯᠠᠭ᠍ᠴᠢ᠎ᠪᠠᠷ ᠰᠣᠩᠭᠣᠭ᠍ᠳᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠤᠨᠴᠠᠯᠢᠬ᠍ᠳᠤ ᠰᠣᠶᠣᠯ ᠎ᠢ ᠬᠢᠯᠢ ᠬᠢᠵᠠᠭᠠᠷ ᠎ᠤᠨ ᠭᠤᠪᠢ ᠴᠦᠯ᠎ᠳᠦ ᠦᠶ᠎ᠡ᠎ᠲᠠᠮᠵᠢᠨ ᠤᠯᠠᠮᠵᠢᠯᠠᠵᠤ᠂ ᠬᠢᠯᠢ ᠬᠢᠵᠠᠭᠠᠷ ᠣᠷᠣᠨ ᠎ᠤ ᠰᠣᠶᠣᠯ ᠎ᠤᠨ ᠪᠠᠢᠭᠤᠯᠤᠯᠲᠠ ᠵᠢᠨ ᠭᠤᠢᠳᠠ ᠰᠠᠢᠬᠠᠨ ᠬᠠᠭᠤᠳᠠᠰᠤ ᠵᠢ ᠪᠢᠴᠢᠭᠯᠡᠪᠡ᠃

   ᠡᠳᠦᠭᠡ 68 ᠨᠠᠰᠤᠲᠠᠢ ᠤᠶᠤᠨᠴᠢᠮᠡᠭ ᠨᠤᠲᠤᠭ ᠤᠰᠤ᠎ᠪᠠᠨ ᠰᠠᠬᠢᠨ ᠬᠠᠮᠠᠭᠠᠯᠠᠵᠤ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠬᠤ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠠᠵᠢᠯ᠎ᠳᠤ ᠮᠥᠨ ᠬᠦ᠌ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠤᠷᠤᠯᠴᠠᠵᠤ᠂ ᠨᠠᠰᠤᠨ ᠲᠤᠷᠱᠢᠳᠠ᠎ᠶ᠋ᠢᠨ ᠪᠠᠲᠤ ᠪᠠᠷᠢᠮᠲᠠᠯᠠᠯ᠎ᠢᠶᠠᠷ᠎ᠢᠶᠠᠨ ᠵᠠᠯᠠᠭᠤ ᠨᠠᠰᠤᠨ᠎ᠤ ᠲᠠᠩᠭᠠᠷᠢᠭ᠎ᠢᠶᠠᠨ ᠦᠢᠯᠡᠳᠦᠯᠭᠡᠵᠢᠭᠦᠯᠵᠦ᠍᠂ ᠭᠣᠪᠢ᠎ᠶ᠋ᠢᠨ ᠭᠦᠨ᠎ᠳ᠋ᠤ ᠦᠨᠳᠦᠷ ᠲᠸ᠋ ᠨᠠᠮᠢᠷᠠᠬᠤ ᠨᠢᠭᠡᠨ ᠲᠤᠭ ᠪᠤᠯᠵᠤ᠂ ᠬᠢᠯᠢ ᠬᠢᠵᠠᠭᠠᠷ᠎ᠤᠨ ᠠᠮᠤᠷ ᠠᠮᠤᠭᠤᠯᠠᠩ ᠪᠣᠯᠤᠨ ᠡᠶ᠎ᠡ ᠵᠣᠬᠢᠴᠠᠩᠭᠤᠢ᠎ᠶ᠋ᠢ ᠢᠮᠠᠭ᠍ᠲᠠ ᠰᠠᠬᠢᠨ ᠬᠠᠮᠠᠭᠠᠯᠠᠵᠤ ᠶᠠᠪᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号