ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠄ ᠲᠠᠪᠤᠨ 《ᠬᠤᠯᠪᠤᠭᠠᠯᠠᠬᠤ》ᠠᠵᠢᠯ᠎ᠤᠨ ᠵᠠᠭ᠍ᠪᠤᠷ ᠎ᠢ ᠡᠬᠦᠳᠴᠦ ᠪᠦᠯᠬᠦᠮᠳᠡᠯ ᠳᠠᠪᠱᠢᠯᠲᠠ᠎ᠶ᠋ᠢᠨ ᠱᠢᠨ᠎ᠡ ᠬᠠᠭᠤᠳᠠᠰᠤ᠎ᠶ᠋ᠢ ᠵᠢᠷᠤᠭ᠍ᠯᠠᠨ᠎ᠠ
2026-04-14 17:07:19
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

 ᠬᠢᠩᠭᠠᠨ ᠠᠢᠮᠠᠬ ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ《ᠲᠠᠪᠤ  ᠵᠢ ᠬᠣᠯᠪᠣᠭᠠᠯᠠᠬᠤ》 ᠠᠵᠢᠯ ᠎ᠤᠨ ᠵᠠᠭ᠍ᠪᠤᠷ᠎ᠢ ᠡᠬᠦᠳᠴᠦ᠂ 2026 ᠣᠨ᠎ᠤ 1 ᠰᠠᠷ᠎ᠠ᠎ᠳᠤ ᠠᠷᠪᠠᠨ ᠬᠣᠶᠠᠳᠤᠭᠠᠷ ᠪᠦᠯᠦᠭ ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠵᠢᠡᠷ ᠠᠮᠵᠢᠯᠲᠠ᠎ᠲᠠᠶ ᠰᠣᠩᠭᠣᠭ᠍ᠳᠠᠪᠠ᠃

 ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠎ᠶ᠋ᠢ 《ᠬᠣᠯᠪᠣᠭᠠᠯᠠᠨ ᠠᠳᠭᠤᠵᠤ》᠂ ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠪᠡ᠃  ᠨᠢᠭᠡᠳᠦᠯᠲᠡᠶ ᠲᠥᠯᠥᠪᠵᠢᠭᠦᠯᠦᠨ ᠰᠦᠪᠡᠭ᠌ᠴᠢᠯᠡᠬᠦ᠌ ᠎ᠵᠢ ᠴᠢᠩᠭᠠᠳᠭᠠᠵᠤ᠂ ᠱᠢᠷᠢᠰ ᠲᠥᠷᠥ ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ ᠎ᠢ ᠨᠡᠢᠲᠡᠯᠡᠵᠦ᠍᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠶ᠋ᠢ ᠣᠯᠠᠨ ᠵᠦᠶ᠋ᠯ᠎ᠦᠨ ᠬᠢᠨᠠᠨ ᠱᠢᠯᠭᠠᠬᠤ ᠠᠭᠤᠯᠭ᠎ᠠ᠎ᠳᠤ ᠣᠷᠣᠭᠤᠯᠪᠠ; ᠬᠠᠷᠢᠭᠤᠴᠠᠯᠭ᠎ᠠ ᠎ᠶ᠋ᠢᠨ ᠲᠣᠭ᠍ᠲᠠᠯᠴᠠᠭ᠎ᠠ᠎ᠶ᠋ᠢ ᠪᠦᠷᠢᠡᠱᠢᠬᠦᠯᠤᠨ᠂ ᠨᠠᠮ ᠎ᠤᠨ ᠪᠠᠢᠭᠤᠯᠤᠯᠲᠠ᠎ᠶ᠋ᠢᠨ《ᠭᠤᠷᠪᠠᠨ ᠱᠠᠲᠤᠨ ᠎ᠤ ᠬᠠᠷᠢᠭᠤᠴᠠᠯᠭ᠎ᠠ ᠎ᠶ᠋ᠢᠨ ᠲᠣᠭ᠍ᠲᠠᠯᠴᠠᠭ᠎ᠠ》ᠶ᠋ᠢ ᠪᠠᠢᠭᠤᠯᠵᠤ᠂ 12 ᠰᠤᠮᠤ ᠪᠠᠯᠭᠠᠰᠤᠨ᠎ᠳᠤ ᠲᠤᠰᠭᠠᠢ ᠨᠢᠭᠡᠳᠦᠮᠡᠯ ᠹᠷᠣᠨᠲ᠎ᠤᠨ ᠡᠩᠨᠡᠭᠡ  ᠲᠤᠬᠢᠷᠠᠭᠤᠯᠵᠦ᠂ ᠤᠬᠠᠭᠤᠯᠭ᠎ᠠ ᠬᠥᠮᠦᠵᠢᠯ ᠎ᠢ ᠭᠦᠨᠵᠡᠭᠡᠢᠷᠡᠭᠦᠯᠵᠦ᠍᠂ ᠪᠠᠢᠩᠭᠤ ᠵᠢᠨ ᠲᠣᠭ᠍ᠲᠠᠴᠠ᠎ᠶ᠋ᠢ ᠪᠦᠷᠢᠨᠱᠢᠭᠦᠯᠵᠦ᠍᠂《ᠭᠤᠷᠪᠠᠨ ᠰᠠᠯᠵᠤ ᠴᠢᠳᠠᠬᠤ ᠦᠭᠡᠢ》  ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃

  ᠣᠶᠤᠨ ᠰᠠᠨᠠᠭᠠᠨ ᠎ᠤ ᠭᠡᠷ ᠣᠷᠣᠨ᠎ᠢ 《ᠬᠣᠯᠪᠣᠭᠠᠯᠠᠨ ᠪᠠᠢᠭᠤᠯᠵᠤ》᠂ ᠰᠣᠶᠣᠯ᠎ᠤᠨ ᠠᠭᠤᠯᠤᠭ᠍ᠳᠠᠬᠤᠨ ᠎ᠢ ᠪᠠᠶᠠᠯᠢᠭ᠍ᠵᠢᠭᠤᠯᠪᠠ᠃ 《ᠳᠥᠷᠪᠡ᠎ᠶ᠋ᠢ ᠨᠢᠭᠡ ᠴᠣᠭ᠍ᠴᠠᠵᠢᠭᠤᠯᠬᠤ》ᠤᠬᠠᠭᠤᠯᠭ᠎ᠠ ᠬᠥᠮᠦᠵᠢᠯ᠎ᠦᠨ ᠵᠠᠭ᠍ᠪᠤᠷ ᠎ᠢ  ᠡᠭᠦᠳᠴᠦ᠍᠂ ᠪᠣᠰᠣᠭ᠎ᠠ ᠴᠣᠭ᠍ᠴᠠᠲᠤ ᠤᠬᠠᠭᠤᠯᠭ᠎ᠠ᠎ᠶ᠋ᠢᠨ ᠲᠤᠤᠷ ᠰᠦᠯᠵᠢᠶ᠎ᠡ᠎ᠶ᠋ᠢ ᠪᠠᠢᠭᠤᠯᠤᠨ᠂《ᠭᠡᠷ ᠎ᠦᠨ ᠡᠭᠦᠳᠡᠨ᠎ᠳᠡᠬᠢ ᠵᠣᠭᠣᠭ᠍ᠳᠠᠬᠤ ᠠᠩᠭᠢ》ᠨᠢ ᠲᠦᠪ᠎ᠤᠨ ᠤᠬᠠᠭᠤᠯᠬᠤ ᠬᠡᠯᠳᠡᠰ᠎ᠤᠨ 《ᠦᠨᠳᠦᠰᠦᠨ ᠱᠠᠲᠤᠨ᠎ᠤ ᠤᠨᠤᠯ ᠎ᠤᠨ ᠤᠬᠠᠭᠤᠯᠭ᠎ᠠ ᠵᠢᠨ ᠲᠡᠷᠢᠭᠦᠨ᠎ᠦ ᠬᠠᠮᠲᠤ ᠨᠡᠢᠲᠡ》 ᠪᠡᠷ ᠦᠨᠡᠯᠡᠭ᠌ᠳᠡᠵᠦ᠍᠂ 《ᠲᠣᠰᠭᠣᠨ᠎ᠤ ᠰᠣᠨᠢᠨ ᠮᠡᠳᠡᠭᠡᠨ᠎ᠦ ᠬᠠᠮᠲᠤᠷᠠᠭ᠍ᠰᠠᠨ ᠨᠡᠪᠲᠡᠷᠡᠭᠦᠯᠭᠡ》 ᠨᠢ ᠪᠦᠬᠦ ᠤᠯᠤᠰ᠎ᠤᠨ ᠬᠦᠳᠡᠭᠡ ᠲᠤᠰᠬᠤᠨ᠎ᠤ ᠵᠠᠰᠠᠯᠲᠠ ᠵᠢᠨ ᠨᠡᠢᠲᠡᠯᠢᠭ ᠵᠢᠱ᠌ᠢᠶ᠎ᠡ᠎ᠪᠡᠷ ᠰᠣᠩᠭᠣᠭ᠍ᠳᠠᠪᠠ; ᠤᠨᠴᠠᠯᠢᠬ᠍ᠳᠤ ᠰᠣᠶᠣᠯ᠎ᠤᠨ ᠲᠦᠷᠦᠯ ᠲᠡᠮᠳᠡᠭ᠎ᠢ ᠡᠭᠦᠳᠴᠦ᠍᠂ ᠤᠯᠠᠨ ᠢᠵᠢ ᠰᠣᠳᠣᠨ ᠪᠦᠲᠦᠭᠡᠯ ᠭᠠᠷᠭᠠᠵᠤ᠂ 《ᠳᠡᠯᠡᠬᠡᠢ ᠳ᠋ᠠᠬᠢᠨ᠎ᠳᠤ ᠦᠵᠡᠭᠦᠯᠪᠡᠢ》 ᠭᠡᠬᠦ᠌ ᠪᠦᠲᠦᠭᠡᠯ ᠨᠢ 《ᠠᠵᠢᠨᠠᠢ ᠬᠦᠯᠦᠭ 》 ᠱᠠᠩᠨᠠᠯ ᠎ᠢ ᠬᠦᠷᠳᠡᠪᠡ᠃ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠵᠠᠭ᠍ᠪᠤᠷ ᠎ᠤᠨ ᠱᠢᠨ᠎ᠡ ᠎ᠶ᠋ᠢ ᠡᠭᠦᠳᠴᠦ᠍᠂ ᠦᠨᠳᠦᠰᠦᠲᠡᠨ᠎ᠨᠦᠭᠦᠳ᠎ᠦᠨ ᠰᠡᠳᠭᠢᠯ ᠰᠠᠨᠠᠭ᠎ᠠ ᠨᠡᠪᠲᠡᠷᠡᠯᠴᠡᠬᠦ᠌᠎ᠶ᠋ᠢ ᠠᠬᠢᠭᠤᠯᠪᠠ᠃

 ᠣᠷᠣᠨ ᠪᠦᠰᠡ᠎ᠶ᠋ᠢᠨ ᠬᠥᠭ᠌ᠵᠢᠯᠲᠡ᠎ᠶ᠋ᠢ《ᠬᠣᠯᠪᠣᠭᠠᠯᠠᠨ ᠲᠠᠢᠴᠢᠯᠠᠵᠤ》᠂ ᠠᠮᠢᠳᠤᠷᠠᠯ᠎ᠤᠨ ᠣᠷᠴᠢᠨ ᠨᠥᠬᠥᠴᠡᠯ᠎ᠢ ᠰᠠᠢᠵᠢᠷᠠᠭᠤᠯᠪᠠ᠃ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠎ᠶ᠋ᠢ ᠪᠠᠷᠢᠮᠲᠠᠯᠠᠵᠤ᠂ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠥᠩᠭᠥᠨ ᠬᠠᠢᠷᠬᠠᠨ ᠮᠦᠨ》ᠬᠡᠬᠦ ᠤᠢᠯᠠᠭᠠᠭᠳᠠᠬᠤᠨ ᠎ᠤ  ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠎ᠢᠶᠠᠷ ᠦᠨᠡᠯᠡᠭ᠌ᠳᠡᠵᠦ᠂ ᠦᠬᠡᠷ ᠎ᠦᠨ ᠠᠵᠤ ᠦᠢᠯᠡᠰ᠎ᠢ ᠬᠦᠴᠦᠷᠬᠡᠭ᠌ᠵᠢᠭᠦᠯᠦᠨ᠂ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠱᠢᠰᠲ᠋ᠧᠮ᠎ᠢ  ᠪᠠᠢᠭᠤᠯᠤᠭᠰᠠᠨ ᠪᠦᠬᠦ᠌ ᠤᠯᠤᠰ᠎ᠤᠨ ᠨᠡᠢᠲᠡᠯᠢᠭ ᠬᠣᠱᠢᠭᠤ᠎ᠪᠠᠷ ᠦᠨᠡᠯᠡᠭ᠌ᠳᠡᠪᠡ᠃ ᠰᠣᠶᠣᠯ ᠵᠢᠭᠤᠯᠴᠢᠯᠠᠯ᠎ᠤᠨ ᠠᠵᠤ ᠠᠬᠤᠢ᠎ᠶ᠋ᠢ ᠱᠢᠯᠢᠳᠡᠭ᠌ᠵᠢᠭᠦᠯᠵᠦ᠍᠂《ᠪᠠᠲᠤᠴᠠᠭᠠᠨ》ᠰᠣᠶᠣᠯ ᠵᠢᠭᠤᠯᠴᠢᠯᠠᠯ ᠎ᠤᠨ ᠨᠡᠷᠡᠲᠦ ᠲᠦᠷᠦᠯ ᠲᠡᠮᠳᠡᠭ᠎ᠢ ᠡᠭᠦᠳᠴᠦ᠍᠂ ᠵᠢᠯ᠎ᠳᠦ 300 ᠲᠦᠮᠡᠨ  ᠵᠢᠭᠤᠯᠴᠢᠯᠠᠬᠰᠠᠳ ᠎ᠢ  ᠬᠦᠯᠢᠶᠡᠨ ᠠᠪᠬᠤ ᠪᠤᠯᠵᠠᠢ᠃

  《ᠭᠤᠷᠪᠠᠨ ᠲᠥᠯᠥᠪᠯᠡᠭᠡ》 ᠵᠢ 《ᠬᠣᠯᠪᠣᠭᠠᠯᠠᠨ ᠠᠬᠢᠭᠤᠯᠵᠤ》᠂ ᠰᠣᠯᠢᠯᠴᠠᠭᠠᠨ ᠎ᠤ ᠲᠠᠪᠴᠠᠩ᠎ᠢ ᠪᠠᠢᠭᠤᠯᠪᠠ᠃ ᠱᠢᠭᠢᠳᠭᠡᠯᠳᠦ ᠮᠠᠶᠢᠭ᠎ᠤᠨ ᠬᠥᠭ᠌ᠵᠢᠯᠲᠡ᠎ᠶ᠋ᠢ ᠭᠦᠨᠵᠡᠭᠡᠢᠷᠡᠭᠦᠯᠵᠦ᠍᠂ ᠣᠯᠠᠨ ᠭᠠᠵᠠᠷ ᠣᠷᠣᠨ᠎ᠯᠤᠭ᠎ᠠ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠠᠢᠴᠢᠯᠠᠬᠤ ᠵᠢᠨ ᠬᠠᠮᠲᠤ᠂ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠰᠣᠯᠢᠯᠴᠠᠭ᠎ᠠ ᠬᠢᠵᠦ᠍ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠦᠷᠨᠢᠭᠦᠯᠪᠡ; ᠵᠢᠭᠤᠯᠴᠢᠯᠠᠯ ᠵᠢᠡᠷ 《ᠠᠭᠤᠰᠤᠯᠴᠠᠯ ᠰᠤᠯᠢᠯᠴᠠᠭ᠎ᠠ ᠶᠠᠪᠤᠯᠴᠠᠭ᠎ᠠ》 ᠵᠢ ᠠᠬᠢᠭᠤᠯᠬᠤ ᠲᠥᠯᠥᠪᠯᠡᠭᠡ᠎ᠶ᠋ᠢ ᠠᠬᠢᠭᠤᠯᠵᠤ᠂ ᠰᠣᠶᠣᠯ ᠵᠢᠭᠤᠯᠴᠢᠯᠠᠯ᠎ᠤᠨ IP ᠪᠠ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠪᠤᠢ ᠪᠣᠯᠭᠠᠪᠠ; 《ᠨᠡᠢᠭᠡᠮ ᠲᠣᠭᠣᠷᠢᠭ᠎ᠤᠨ ᠠᠰᠠᠷ᠎ᠤᠨ ᠡᠭᠦᠳᠡᠨ᠎ᠦ ᠰᠣᠶᠣᠯ + 》 ᠨᠠᠷᠠᠲᠤ ᠲᠥᠷᠥᠯ ᠲᠡᠮᠳᠡᠭ᠌᠎ᠢ ᠳᠡᠯᠭᠡᠷᠡᠭᠦᠯᠪᠡ᠃

  ᠨᠡᠢᠭᠡᠮ᠎ᠦᠨ ᠵᠠᠰᠠᠯᠲᠠ ᠵᠢᠨ ᠲᠠᠯ᠎ᠠ ᠪᠡᠷ 《ᠬᠣᠯᠪᠣᠭᠠᠯᠠᠨ ᠬᠥᠳᠡᠯᠦᠯᠴᠡᠵᠦ᠍》᠂ ᠡᠶ᠎ᠡ ᠵᠣᠬᠢᠴᠠᠩᠭᠤᠢ ᠬᠡᠷ ᠣᠷᠣᠨ᠎ᠢᠶᠠᠨ ᠰᠠᠬᠢᠨ ᠬᠠᠮᠠᠭᠠᠯᠠᠪᠠ᠃ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ 《ᠥᠪᠡᠷᠲᠡᠭᠡᠨ ᠵᠠᠰᠠᠬᠤ ᠣᠷᠣᠨ᠎ᠤ ᠠᠮᠤᠭᠤᠯᠠᠩᠲᠤ ᠪᠦᠲᠦᠭᠡᠨ ᠪᠠᠢᠭᠤᠯᠤᠯᠲᠠ ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ》 ᠪᠠᠷ ᠦᠨᠡᠯᠡᠭ᠌ᠳᠡᠪᠡ; ᠤᠯᠠᠨ ᠡᠱᠢᠲᠦ ᠡᠶᠡᠳᠡᠭᠦᠯᠭᠡ᠎ᠶ᠋ᠢᠨ ᠪᠠᠢᠷᠢᠱᠢᠯ᠎ᠢ ᠪᠠᠢᠭᠤᠯᠵᠤ᠂ ᠤᠯᠠᠨ ᠲᠦᠮᠡᠨᠴᠢ ᠴᠢᠨᠠᠷᠲᠠᠢ ᠬᠡᠷᠡᠭ ᠵᠥᠪᠯᠡᠬᠦ᠌ ᠲᠠᠪᠴᠠᠩ᠎ᠢ ᠪᠠᠢᠭᠤᠯᠬᠤ ᠵᠢᠨ ᠬᠠᠮᠲᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠱᠢᠨ᠎ᠡ᠎ᠶ᠋ᠢ ᠡᠭᠦᠳᠴᠦ᠍᠂ ᠣᠷᠣᠨ ᠪᠦᠰᠡ ᠠᠯᠤᠰᠯᠠᠭ᠍ᠰᠠᠨ ᠬᠠᠤᠯᠢ ᠲᠦᠭᠡᠮᠡᠯᠵᠢᠭᠦᠯᠬᠦ᠌ ᠬᠣᠱᠢᠭᠤᠴᠢ ᠠᠩᠭᠢ᠎ᠶ᠋ᠢ ᠵᠣᠬᠢᠶᠠᠨ ᠪᠠᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号