ᠭᠠᠯᠠᠭᠤᠳᠤ ᠪᠠᠯᠭᠠᠰᠤᠨ᠎ᠤ 《 ᠪᠦᠯᠬᠦᠮᠲᠠᠯ ᠤ᠋ᠨ ᠨᠢᠭᠤᠴᠠ ᠨᠤᠮᠸᠷ 》
2026-04-14 17:13:56
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠮᠤᠤᠠᠤᠰᠤ ᠵᠢᠨ ᠡᠯᠡᠰᠦᠨ ᠴᠦᠯ᠎ᠤᠨ ᠥᠷᠥᠴᠡᠨ᠎ᠳᠦ᠂ ᠤᠷᠳᠤᠰ ᠬᠤᠳᠠ ᠵᠢᠨ ᠦᠦᠱᠢᠨ ᠬᠣᠱᠢᠭᠤᠨ ᠎ᠤ ᠭᠠᠯᠠᠭᠤᠲᠤ ᠪᠠᠯᠭᠠᠰᠤᠨ᠎ᠠ᠎ᠬᠢᠲᠠᠳ᠂ ᠮᠣᠩᠭᠣᠯ᠂ ᠬᠣᠲᠣᠩ᠂ ᠲᠥᠪᠡᠳ ᠵᠡᠷᠭᠡ ᠦᠨᠳᠦᠰᠦᠲᠡᠨ᠎ᠨᠦᠭᠦᠳ᠎ᠦᠨ ᠤᠯᠠᠨ ᠲᠦᠮᠡᠨ ᠦᠶ᠎ᠡ ᠤᠯᠠᠷᠢᠨ ᠲᠥᠪᠯᠡᠷᠡᠨ ᠰᠠᠭᠤᠷᠢᠱᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠢᠷᠠᠭᠤ ᠲᠤᠤᠯᠢᠰ᠎ᠢ ᠪᠢᠴᠢᠭᠯᠡᠨ᠎ᠡ᠃ ᠤᠢᠷ᠎ᠠ ᠵᠢᠨ ᠵᠢᠯ ᠳ᠋ᠤ᠂ ᠲᠣᠰ ᠪᠠᠯᠭᠠᠰᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠴᠢᠩᠭ᠎ᠠ ᠡᠵᠡᠮᠳᠡᠨ᠂ 23 ᠬᠥᠷᠰᠢ ᠵᠡᠷᠭᠡᠯᠡᠳᠡᠭᠡ᠎ᠶ᠋ᠢᠨ ᠲᠥᠪ᠎ᠢᠶᠡᠷ ᠭᠤᠤᠯ ᠠᠴᠢᠶᠠᠯᠠᠪᠤᠷᠢ ᠪᠣᠯᠭᠠᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦ ᠰᠠᠭᠤᠷᠢ᠎ᠶ᠋ᠢ ᠪᠡᠬᠢᠵᠢᠬᠦᠯᠵᠦ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ ᠪᠠᠷ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠦᠨᠳᠦᠰᠦᠨ ᠱᠠᠲᠤᠨ᠎ᠤ ᠵᠠᠰᠠᠯᠲᠠ ᠳ᠋ᠤ ᠠᠭᠤᠰᠬᠠᠨ᠂  ᠵᠢᠯ ᠳᠤᠮᠳᠠᠴᠢ᠎ᠪᠠᠷ ᠡᠯ᠎ᠡ ᠲᠥᠷᠥᠯ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠠᠵᠢᠯᠯᠠᠭ᠎ᠠ᠎ᠶ᠋ᠢ 1200 ᠭᠠᠷᠤᠶ ᠲᠠᠯᠠᠪᠤᠷ ᠥᠷᠨᠢᠭᠦᠯᠵᠤ᠂ ᠤᠯᠠᠨ ᠲᠦᠮᠡᠨ᠎ᠦ 8000 ᠭᠠᠷᠤᠢ ᠬᠤᠪᠢ ᠬᠦᠰᠡᠯ ᠱᠠᠭᠠᠷᠳᠠᠯᠭ᠎ᠠ᠎ᠶ᠋ᠢ ᠱᠢᠢᠳᠪᠦᠷᠢᠯᠡᠵᠦ ᠦᠭᠴᠦ ᠪᠤᠢ᠃


QQ20260414-165448.png



  ᠭᠠᠷ ᠤᠷᠠᠯᠠᠯ  ᠎ᠤᠨ  ᠬᠢᠴᠢᠶᠡᠯ


ᠦᠨᠡᠨ ᠪᠤᠳᠠᠳᠠᠢ ᠠᠵᠢᠯ᠎ᠤᠨ ᠰᠤᠷᠳᠠᠯ ᠵᠢᠡᠷ ᠠᠷᠠᠳ᠎ᠤᠨ ᠰᠡᠳᠬᠢᠯ᠎ᠢ ᠨᠢᠭᠳᠠᠷᠠᠭᠤᠯᠤᠨ᠎ᠠ

 《ᠪᠢᠲᠠ ᠶᠠᠮᠠᠷ ᠤᠴᠢᠷ ᠶᠠᠪᠤᠳᠠᠯ ᠲᠠᠢ ᠪᠤᠯ ᠲᠣᠣᠷᠵᠢᠯ᠎ᠤᠨ ᠬᠠᠮᠢᠶᠠᠷᠤᠯᠲᠠ᠎ᠶ᠋ᠢᠨ ᠠᠵᠢᠯᠲᠠᠨ᠂  ᠬᠥᠷᠰᠢ ᠵᠡᠷᠭᠡᠯᠡᠳᠡᠭᠡ᠎ᠶ᠋ᠢᠨ ᠬᠢᠨ ᠪᠦᠷ ᠬᠠᠪᠰᠤᠷᠤᠯᠭ᠎ᠠ ᠦᠵᠡᠭᠦᠯᠵᠦ᠍᠂ ᠬᠦᠴᠢᠷᠳᠡᠯ ᠎ᠢ ᠱᠢᠢᠳᠪᠦᠷᠢᠯᠡᠵᠦ᠍ ᠦᠭᠬᠦᠨ᠎ᠡ᠃ ᠨᠡᠢᠭᠡᠮ ᠲᠤᠭᠤᠷᠢᠭ᠎ᠤᠨ ᠦᠨᠳᠦᠰᠦᠳᠡᠨ ᠨᠤᠬᠦᠳ᠎ᠤᠨ ᠤᠯᠠᠨ ᠲᠦᠮᠡᠨ ᠠᠯᠢ ᠡᠷᠲᠡ ᠨᠢᠭᠡ ᠭᠡᠷ᠎ᠦᠨ ᠬᠥᠮᠦᠨ ᠮᠠᠲᠤ ᠲᠤᠲᠤᠨᠤ ᠪᠤᠯᠴᠢᠬᠠᠵᠠᠢ!》ᠭᠡᠵᠦ ᠬᠦᠷᠢᠶ᠎ᠠ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠨᠠᠷᠠᠨᠲᠤᠶᠠᠭ᠎ᠠ᠎ᠤᠢᠯᠠᠭᠠᠯᠳᠠ ᠲᠥᠷᠥᠭ᠌ᠳᠡᠯ ᠵᠢᠡᠨ ᠰᠤᠷᠪᠤᠯᠵᠢᠯᠠᠭᠴᠢ ᠲᠠᠢ ᠬᠤᠪᠢᠶᠠᠯᠴᠠᠯ᠎ᠠ᠃ ᠡᠨᠡ ᠪᠤᠯ ᠭᠠᠯᠠᠭᠤᠲᠤ ᠪᠠᠯᠭᠠᠰᠤᠨ᠎ᠤ  ᠨᠡᠢᠭᠡᠮ ᠲᠤᠭᠤᠷᠢᠭ᠎ᠤᠨ ᠦᠨᠳᠦᠰᠦᠲᠡᠨ᠎ᠦ ᠪᠦᠯᠬᠦᠮᠳᠡᠯ᠎ᠤᠨ ᠠᠮᠢᠳᠤᠯᠢᠭ ᠵᠢᠷᠤᠭ᠍ᠯᠠᠯ ᠪᠣᠯᠤᠨ᠎ᠠ᠃ ᠲᠣᠰ ᠪᠠᠯᠭᠠᠰᠤᠨ᠎ᠤ ᠬᠢᠨ ᠨᠠᠮ᠎ᠤᠨ ᠪᠠᠢᠭᠤᠯᠤᠯᠲᠠ ᠪᠡᠷ ᠦᠨᠳᠦᠰᠦᠲᠡᠨ᠎ᠦ ᠪᠦᠯᠬᠦᠮᠳᠡᠯ ᠎ᠤᠨ ᠠᠵᠢᠯ᠎ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂《ᠨᠠᠮ᠎ᠤᠨ ᠡᠭᠦᠷ + ᠲᠤᠤᠷᠵᠢᠯ ᠤ᠋ᠨ ᠠᠵᠢᠯᠲᠠᠨ + ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ 》ᠭᠤᠷᠪᠠᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌ ᠱᠢᠰᠲ᠋ᠧᠮ᠎ᠢ ᠪᠠᠢᠭᠤᠯᠵᠤ᠂ ᠬᠢᠲᠠᠳ᠂ ᠮᠣᠩᠭᠣᠯ᠂ ᠬᠣᠲᠣᠩ᠂ ᠲᠥᠪᠡᠳ ᠵᠡᠷᠭᠡ ᠡᠯ᠎ᠡ ᠦᠨᠳᠦᠰᠦᠲᠡᠨ᠎ᠦ ᠱᠢᠯᠢᠳᠡᠭ ᠲᠥᠯᠥᠭᠡᠯᠡᠭ᠌ᠴᠢ᠎ᠶ᠋ᠢ ᠨᠠᠷᠢᠨ ᠨᠢᠮᠪᠠᠶ ᠱᠢᠯᠢᠨ ᠰᠣᠩᠭᠣᠵᠤ ᠲᠤᠤᠷᠵᠢᠯᠲᠠ ᠵᠢᠨ ᠡᠩᠨᠡᠭᠡ᠎ᠳᠦ ᠠᠭᠤᠰᠭᠠᠨ᠂ 《ᠬᠡᠷ᠎ᠲᠦᠨᠢ ᠬᠦᠷᠴᠤ ᠪᠠᠢᠲᠠᠯ ᠎ᠢ  ᠤᠢᠯᠠᠭᠠᠬᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠠᠷᠠᠳ᠎ᠤᠨ ᠰᠠᠨᠠᠭ᠎ᠠ᠎ᠶ᠋ᠢ ᠰᠣᠨᠣᠰᠭᠤ᠂ ᠪᠣᠳᠠᠲᠤ ᠶᠠᠪᠤᠳᠠᠯ ᠬᠢᠬᠦ᠌》ᠵᠡᠷᠬᠡ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ ᠨᠡᠢᠲᠡ 18 ᠲᠦᠮᠡ ᠭᠠᠷᠤᠶ ᠤᠳᠠᠭ᠎ᠠ ᠡᠷᠦᠬᠡ᠎ᠪᠡᠷ ᠬᠦᠷᠴᠦ᠍ ᠰᠤᠷᠪᠤᠯᠵᠢᠯᠠᠨ᠂ ᠵᠥᠷᠢᠴᠡᠯ ᠎ᠢ  ᠠᠷᠢᠯᠭᠠᠨ᠂ ᠣᠯᠠᠨ ᠲᠦᠮᠡᠨ᠎ᠳ᠋ᠤ ᠦᠨᠡᠡ᠎ᠬᠦ ᠦᠢᠯᠠᠴᠢᠯᠠᠪᠠ᠃

 ᠭᠠᠯᠠᠭᠤᠲᠤ ᠪᠠᠯᠭᠠᠰᠤ ᠪᠠᠰᠠ ᠲᠣᠭᠠᠴᠢᠯᠠᠭ᠍ᠰᠠᠨ ᠵᠠᠰᠠᠯᠲᠠ᠎ᠶ᠋ᠢᠨ ᠲᠠᠪᠴᠠᠩ᠎ᠳᠤ ᠲᠦᠱᠢᠭ᠌ᠯᠡᠨ《ᠬᠠᠮᠲᠤ᠎ᠪᠠᠷ ᠡᠳ᠋ᠯᠡᠬᠦ᠌ ᠦᠶ᠋ᠯᠡᠴᠢᠯᠡᠭᠡᠨ᠎ᠦ ᠺᠣᠳ᠋》 ᠎ᠢ᠋  ᠡᠭᠦᠳᠴᠦ᠍᠂ ᠵᠠᠰᠠᠭ᠎ᠤᠨ ᠶᠠᠪᠤᠳᠠᠯ᠎ᠢ ᠭᠦᠶ᠋ᠴᠡᠳᠭᠡᠬᠦ᠌᠂ ᠡᠮᠴᠢᠯᠡᠭᠡᠨ᠎ᠦ ᠯᠠᠪᠯᠠᠭ᠎ᠠ  ᠬᠠᠩᠭᠠᠬᠤ ᠵᠡᠷᠭᠡ ᠣᠯᠠᠨ ᠵᠦᠶ᠋ᠯ᠎ᠦᠨ ᠥᠨᠳᠥᠷ ᠳᠠᠪᠲᠠᠮᠵᠢᠲᠤ ᠦᠶ᠋ᠯᠡᠴᠢᠯᠡᠭᠡ᠎ᠶ᠋ᠢ ᠨᠡᠢᠳᠬᠡᠨ᠂《ᠨᠢᠭᠡ ᠺᠣᠳ᠋ ᠎ᠢᠶᠠᠷ ᠨᠡᠢᠳᠡᠮ ᠭᠦᠶ᠋ᠴᠡᠳᠭᠡᠬᠦ᠌᠂ ᠣᠢᠷ᠎ᠠ ᠬᠠᠪᠢ᠎ᠳᠤᠨᠢ ᠭᠦᠶ᠋ᠴᠡᠳᠭᠡᠬᠦ᠌᠂ ᠣᠷᠣᠯᠠᠨ ᠭᠦᠶ᠋ᠴᠡᠳᠭᠡᠬᠦ᠌᠂ ᠬᠡᠷ ᠲᠤᠨᠢ ᠬᠦᠷᠴᠤ ᠭᠦᠶ᠋ᠴᠡᠳᠭᠡᠬᠦ᠌》 ᠶ᠋ᠢ ᠪᠡᠶᠡᠯᠡᠭᠦᠯᠵᠠᠢ᠃ ᠮᠣᠩᠭᠣᠯ ᠬᠡᠯᠡ  ᠪᠠᠷ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠠᠴᠠ ᠬᠢᠲᠠᠳ ᠮᠣᠩᠭᠣᠯ ᠬᠣᠣᠰ ᠬᠡᠯᠡ᠎ᠪᠡᠷ ᠠᠵᠢᠯ ᠶᠠᠪᠤᠳᠠᠯ ᠡᠷᠬᠢᠯᠡᠬᠦ᠌   ᠬᠦᠷᠲᠡᠯ᠎ᠡ᠂ ᠬᠦᠴᠢᠷᠳᠡᠯᠲᠡᠢ ᠤᠯᠠᠨ ᠲᠦᠮᠡᠨ᠎ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌᠎ᠡᠴᠡ ᠬᠥᠷᠰᠢ ᠵᠡᠷᠭᠡᠯᠡᠳᠡᠭᠡ ᠎ᠶ᠋ᠢᠨ ᠵᠠᠭᠤᠷᠠᠯᠳᠤᠭᠠᠨ᠎ᠢ ᠤᠯᠠᠨ ᠡᠱᠢᠴᠢᠯᠡᠨ ᠡᠶᠡᠳᠡᠭᠦᠯᠬᠦ᠌ ᠬᠦᠷᠲᠡᠯ᠎ᠡ᠂ ᠦᠨᠳᠦᠰᠦᠨ ᠱᠠᠲᠤᠨ᠎ᠤ ᠨᠠᠮ ᠎ᠤᠨ ᠵᠣᠬᠢᠶᠠᠨ ᠪᠠᠢᠭᠤᠯᠤᠯᠲᠠ ᠦᠨᠡᠨ ᠪᠣᠳᠠᠲᠠᠢ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢᠶᠠᠷ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠰᠡᠳᠭᠢᠯ᠎ᠢ ᠨᠢᠭ᠍ᠲᠠᠷᠠᠭᠤᠯᠵᠤ᠂  ᠨᠠᠮ᠎ᠤᠨ ᠪᠠᠢᠭᠤᠯᠤᠯᠲᠠ᠎ᠪᠡᠷ ᠦᠨᠳᠦᠰᠦᠲᠡᠨ᠎ᠦ ᠪᠦᠯᠬᠦᠮᠳᠡᠯ᠎ᠢ ᠬᠦᠳᠦᠯᠥᠨ ᠳᠠᠭᠠᠭᠤᠯᠬᠤ ᠢᠯᠡ ᠲᠣᠳᠣ ᠤᠨᠴᠠᠯᠢᠭ᠎ᠢ ᠪᠦᠷᠢᠯᠳᠦᠬᠦᠯᠵᠡᠢ᠃


ᠬᠦᠮᠦᠯᠢᠭ ᠦᠢᠯᠡᠴᠢᠯᠡᠭᠡ ᠪᠡᠷ ᠦᠨᠳᠦᠰᠦᠳᠡᠨ ᠨᠤᠬᠦᠳ᠎ᠤᠨ  ᠠᠭᠤᠰᠤᠯᠴᠠᠯ ᠎ᠢ᠎ᠠᠬᠢᠭᠤᠯᠤᠨ᠎ᠠ

《ᠬᠥᠷᠰᠢ ᠵᠡᠷᠭᠡᠯᠡᠳᠡᠭᠡ᠎ᠶ᠋ᠢᠨ ᠲᠥᠪ᠎ᠲᠦ᠂ ᠲᠠᠨᠢᠯ ᠲᠠᠰᠤᠯ ᠨᠠᠢᠵᠠ᠎ᠨᠠᠷ ᠬᠠᠮᠲᠤ᠎ᠪᠠᠷ ᠮᠤᠷᠢᠨ ᠬᠤᠭᠤᠷ ᠰᠤᠷᠴᠤ᠌᠂ ᠤᠷᠠᠨ ᠪᠢᠴᠢᠯᠭᠡ ᠪᠣᠯᠪᠠᠰᠤᠷᠠᠠ᠂ ᠬᠡᠦᠬᠡᠳ᠎ᠦᠳ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠤᠰᠠᠯᠠᠩ᠎ᠳᠤ ᠣᠷᠣᠯᠴᠠᠵᠤ᠂   ᠬᠥᠷᠰᠢ ᠰᠠᠭᠠᠬᠠᠯᠲᠠ᠎ᠶ᠋ᠢᠨ ᠬᠢᠨ ᠵᠠᠭᠤᠨ ᠠᠢᠯ᠎ᠤᠨ ᠳᠠᠢᠯᠠᠯᠭ᠎ᠠ ᠳ᠋ᠤ ᠲᠣᠭᠣᠷᠢᠨ ᠰᠠᠭᠤᠵᠤ᠂  ᠪᠠᠶᠠᠷ ᠪᠠᠶᠠᠰᠬᠤᠯᠠᠡᠭ ᠶ᠋ᠢᠡᠷ ᠪᠢᠯᠬᠠᠨ᠎ᠠ!》 ᠨᠠᠰᠤᠲᠠᠢᠴᠤᠳ ᠎ᠤᠨ ᠶᠡᠬᠡ ᠰᠤᠷᠭᠠᠭᠤᠯᠢ᠎ᠶ᠋ᠢᠨ ᠰᠤᠷᠤᠯᠭᠠᠲᠠᠨ ᠡᠷᠳᠡᠨᠢᠪᠢᠯᠢᠭ ᠬᠥᠷᠰᠢ ᠵᠡᠷᠭᠡᠯᠡᠳᠡᠭᠡ ᠎ᠶ᠋ᠢᠨ ᠲᠦᠪ ᠤ᠋ᠨ  ᠡᠢᠮᠦᠷᠬᠦᠦ ᠠᠮᠢᠳᠤᠷᠠᠯ᠎ᠳ᠋ᠤ ᠲᠤᠩ  ᠬᠠᠨᠤᠮᠵᠢᠲᠠᠶ ᠪᠠᠢᠬᠤ ᠨᠢ ᠢᠯᠡᠭᠡᠨ ᠪᠠᠢᠯ᠎ᠠ᠃ ᠭᠠᠯᠠᠭᠤᠲᠤ ᠪᠠᠯᠭᠠᠰᠤ ᠬᠥᠷᠰᠢ ᠵᠡᠷᠭᠡᠯᠡᠳᠡᠭᠡ᠎ᠶ᠋ᠢᠨ ᠲᠥᠪ᠎ᠶ᠋ᠢᠡᠨ ᠨᠠᠰᠤᠲᠠᠨ᠎ᠢ ᠠᠰᠠᠷᠠᠬᠤ᠂ ᠬᠡᠦᠬᠡᠳ ᠎ᠢ ᠬᠦᠮᠤᠵᠢᠬᠦᠯᠬᠦ᠂ ᠰᠣᠶᠣᠯ ᠤᠷᠠᠯᠢᠭ᠂ ᠠᠵᠢᠯ ᠣᠯᠭᠣᠯᠲᠠ᠎ᠶ᠋ᠢ ᠠᠬᠢᠭᠤᠯᠬᠤ ᠵᠢ ᠨᠢᠭᠡ ᠴᠣᠭ᠍ᠴᠠᠵᠢᠭᠤᠯᠤᠭ᠍ᠰᠠᠨ《ᠬᠠᠯᠠᠭᠤᠨ ᠳᠤᠯᠠᠭᠠᠨ ᠭᠠᠷᠠᠮ》 ᠪᠣᠯᠭᠠᠨ ᠴᠣᠭ᠍ᠴᠠᠯᠠᠵᠤ᠂ ᠲᠤᠮᠲᠠᠲᠤ  ᠵᠢᠨ ᠦᠨᠲᠤᠰᠤᠲᠠᠨ ᠤ᠋ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ  ᠪᠠᠳᠤ ᠴᠤᠭᠴᠠᠯᠠᠬᠤ ᠵᠢ  ᠬᠦᠮᠦᠰ᠎ᠤᠨ ᠰᠡᠳᠭᠢᠯ᠎ᠢ ᠳᠤᠯᠠᠭᠠᠴᠠᠭᠤᠯᠬᠤ ᠦᠶ᠋ᠯᠡᠴᠢᠯᠡᠭᠡ ᠯᠤᠭᠡ ᠤᠷᠭᠠᠨᠢᠭ ᠵᠢᠡᠷ ᠠᠭᠤᠰᠬᠠᠵᠠᠢ᠃

ᠨᠠᠰᠤᠲᠠᠢᠴᠤᠳ᠎ᠤᠨ ᠪᠦᠯᠬᠦᠮ ᠨᠠᠢᠲᠠ ᠳ᠋ᠤ ᠴᠢᠭ᠌ᠯᠡᠭᠦᠯᠦᠨ᠂ ᠬᠠᠮᠲᠤ ᠪᠠᠷ ᠡᠳ᠋ᠯᠡᠬᠦ ᠬᠣᠭᠣᠯᠠᠨ ᠲᠢᠩᠬᠢᠮ᠂ ᠨᠠᠰᠤᠲᠠᠢᠴᠤᠳ᠎ᠤᠨ ᠶᠡᠬᠡ ᠰᠤᠷᠭᠠᠭᠤᠯᠢ᠂ ᠹᠢᠽᠢᠺ ᠵᠠᠰᠠᠯ᠎ᠤᠨ ᠥᠷᠲᠡᠭᠡ ᠴᠡᠭ ᠢ᠋ ᠲᠥᠬᠥᠷᠵᠢᠭᠦᠯᠦᠨ᠂ ᠬᠣᠭᠣᠯᠠ ᠵᠠᠬᠢᠶᠠᠯᠠᠨ ᠬᠢᠯᠭᠡᠬᠦ᠂ ᠭᠡᠷ᠎ᠲᠦᠨᠢ ᠬᠦᠷᠴᠦ᠍ ᠬᠠᠷᠠᠭᠠᠯᠵᠠᠨ ᠠᠰᠠᠷᠠᠬᠤ᠂ ᠦᠨᠳᠦᠰᠦᠲᠡᠨ ᠎ᠦ ᠰᠣᠶᠣᠯ᠎ᠤᠨ ᠬᠢᠴᠢᠶᠡᠯ ᠬᠦᠷᠭᠡᠬᠦ ᠵᠡᠷᠭᠡ ᠦᠶ᠋ᠯᠡᠴᠢᠯᠡᠭᠡ ᠬᠠᠩᠭᠠᠵᠤ᠂ ᠨᠠᠰᠤᠲᠠᠢᠴᠤᠳ᠎ᠲᠤ ᠵᠢᠯ  ᠳᠤᠮᠳᠠᠴᠢ᠎ᠪᠠᠷ 5000 ᠬᠥᠮᠦᠨ ᠤᠳᠠᠭ᠎ᠠ ᠦᠶ᠋ᠯᠡᠴᠢᠯᠡᠬᠡ ᠦᠷᠨᠢᠬᠦᠯᠦᠨ᠎ᠡ; ᠵᠠᠯᠠᠭᠤᠴᠤᠳ ᠪᠠᠭᠠᠴᠤᠳ᠎ᠲᠤ ᠬᠠᠨᠳᠤᠭᠤᠯᠤᠨ ᠬᠠᠮᠲᠤ᠎ᠪᠠᠷ ᠡᠳ᠋ᠯᠡᠬᠦ᠌ ᠨᠣᠮ᠎ᠤᠨ ᠦᠷᠤᠬᠡ᠂ ᠲᠦᠭᠡᠮᠡᠯ ᠬᠠᠷᠠᠭᠠᠯᠵᠠᠯ ᠦᠵᠡᠬᠦᠯᠬᠦ ᠬᠡᠦᠬᠡᠳ ᠬᠦᠮᠤᠵᠢᠬᠦᠯᠬᠦ ᠴᠡᠭ ᠭᠠᠷᠭᠠᠵᠤ᠂ ᠪᠣᠳᠠᠰ ᠎ᠤᠨ ᠪᠤᠰᠤ ᠰᠣᠶᠣᠯ ᠎ᠤᠨ ᠥᠪ ᠎ᠢ ᠪᠡᠶᠡᠴᠢᠯᠡᠨ ᠣᠢᠯᠠᠭᠠᠬᠤ᠂ ᠦᠨᠳᠦᠰᠦᠲᠡᠨ ᠎ᠦ ᠪᠦᠯᠬᠦᠮᠳᠡᠯ ᠎ᠦᠨ ᠭᠤᠤᠯ ᠰᠡᠳᠦᠪᠲᠦ ᠵᠤᠰᠠᠯᠠᠩ᠎ᠤᠨ ᠠᠵᠢᠯᠯᠠᠭ᠎ᠠ ᠵᠡᠷᠭᠡ ᠵᠢ ᠪᠠᠢᠩᠭᠤ ᠡᠷᠬᠢᠯᠡᠨ᠂ ᠦᠨᠳᠦᠰᠦᠲᠡᠨ ᠨᠤᠬᠦᠳ ᠎ᠤᠨ ᠵᠠᠯᠠᠭᠤᠴᠤᠳ᠎ᠤᠨ ᠰᠠᠢᠨ ᠳᠤᠷᠠᠴᠤᠳ᠎ᠢ ᠵᠣᠬᠢᠶᠠᠨ ᠪᠠᠢᠭᠤᠯᠵᠤ ᠬᠢᠴᠢᠶᠡᠯ ᠎ᠦᠨ ᠳᠠᠷᠠᠭᠠᠬᠢ ᠬᠠᠪᠰᠤᠷᠤᠨ ᠵᠢᠯᠣᠭᠣᠳᠣᠯᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ ᠎ᠦᠨ ᠪᠠᠭᠠᠴᠤᠳ ᠬᠡᠦᠬᠡᠳ᠎ᠦᠨ ᠬᠠᠷᠢᠯᠴᠠᠨ ᠣᠢᠯᠠᠭᠠᠯᠴᠠᠵᠤ ᠬᠠᠷᠢᠯᠴᠠᠨ ᠶᠠᠪᠤᠯᠴᠠᠬᠤ ᠎ᠶ᠋ᠢ ᠠᠬᠢᠭᠤᠯᠤᠨ᠎ᠠ;ᠵᠠᠯᠠᠭᠤᠴᠤᠳ᠎ᠲᠤ ᠬᠦᠴᠦᠨ ᠨᠡᠮᠡᠷᠢᠯᠡᠵᠦ᠍᠂ ᠦᠢᠯᠡᠰ ᠪᠤᠰᠭᠠᠬᠤ ᠨᠡᠪᠴᠢᠭᠦᠯᠤᠯᠲᠠ ᠪᠠ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤᠨ ᠲᠠᠪᠴᠠᠩ᠎ᠢ ᠪᠠᠢᠭᠤᠯᠵᠤ᠂ ᠵᠢᠯ ᠳᠤᠮᠳᠠᠴᠢ᠎ᠪᠠᠷ ᠦᠨᠳᠦᠰᠦᠲᠡᠨ᠎ᠦ ᠭᠠᠷ ᠤᠷᠠᠯᠠᠯ᠂ ᠡᠯᠧᠺᠲ᠋ᠷᠣᠨ ᠬᠤᠳᠠᠯᠳᠤᠭ᠎ᠠ ᠵᠡᠷᠭᠡ  ᠪᠣᠯᠪᠠᠰᠤᠷᠠᠯ᠎ᠢ 1200 ᠭᠠᠷᠤᠢ ᠬᠥᠮᠦᠨ ᠤᠳᠠᠭ᠎ᠠ ᠥᠷᠨᠢᠭᠦᠯᠵᠦ᠍᠂ ᠤᠯᠠᠨ ᠦᠨᠳᠦᠰᠦᠲᠡᠨ ᠵᠢᠡᠷ ᠪᠦᠷᠢᠯᠳᠦᠭᠰᠡᠨ ᠵᠠᠯᠠᠭᠤᠴᠤᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠵᠣᠬᠢᠶᠠᠨ ᠪᠠᠢᠭᠤᠯᠵᠤ᠂ ᠵᠢᠯ ᠳᠤᠮᠳᠠᠴᠢ᠎ᠪᠠᠷ ᠨᠡᠢᠭᠡᠮ ᠲᠣᠭᠣᠷᠢᠭ᠎ᠤᠨ ᠦᠢᠯᠡᠴᠢᠯᠡᠭᠡ᠎ᠶ᠋ᠢ 300 ᠭᠠᠷᠤᠢ ᠲᠠᠯᠠᠪᠤᠷ ᠥᠷᠨᠢᠭᠦᠯᠪᠡ᠃ ᠥᠲᠡᠯᠪᠡᠯ ᠬᠦᠷᠳᠡᠬᠦ᠌ ᠠᠰᠠᠷᠠᠮᠵᠢ᠎ᠲᠠᠶ ᠪᠠᠢᠭ᠍ᠰᠠᠨ᠎ᠠᠴᠠ ᠬᠡᠤᠬᠡᠳ ᠪᠠᠭᠠᠴᠤᠤᠨ ᠲᠸ᠋ ᠬᠥᠮᠦᠵᠢᠯ᠎ᠬᠦᠷᠲᠠᠬᠡᠬᠦ ᠬᠦᠷᠲᠡᠯ᠎ᠡ᠂  ᠤᠨᠢᠨ ᠳᠡᠭᠡᠷ᠎ᠡ ᠨᠢ ᠬᠦᠴᠤᠯᠠᠨ᠂ ᠬᠥᠮᠦᠨᠴᠢ ᠴᠢᠨᠠᠷᠲᠠᠢ ᠦᠢᠯᠡᠴᠢᠯᠡᠭᠡ ᠬᠠᠡᠭᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠠᠨ ᠤ᠋ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠭ᠎ᠠ ᠶ᠋ᠢ᠎ᠠᠬᠢᠭᠤᠯᠵᠠᠢ᠃


ᠠᠵᠢᠯ ᠤᠯᠭᠤᠯᠳᠠ ᠪᠡᠷ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠨᠡᠮᠡᠭᠳᠡᠬᠦᠯᠦᠨ᠎ᠡ 

 

ᠭᠠᠯᠠᠭᠤᠲᠤ ᠪᠠᠯᠭᠠᠰᠤᠨ᠎ᠤ 《ᠪᠠᠶᠠᠯᠢᠭ ᠰᠠᠢᠬᠠᠨ》 ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠭᠠᠵᠠᠷ ᠲᠸ᠋ ᠬᠦᠷᠬᠦ ᠳ᠋ᠤ᠂  ᠬᠠᠳᠭᠤᠮᠠᠯ ᠤᠷᠠᠯᠠᠯ᠂ ᠢᠰᠡᠭᠡᠶ ᠤᠷᠠᠯᠠᠯ᠂ ᠪᠥᠰ ᠤᠷᠠᠯᠠᠯ ᠵᠡᠷᠭᠡ ᠪᠣᠳᠠᠰ ᠎ᠤᠨ ᠪᠤᠰᠤ ᠰᠣᠶᠣᠯ ᠎ᠤᠨ ᠥᠪ᠎ᠦᠨ ᠪᠦᠲᠦᠭᠡᠯ᠎ᠦᠳ ᠬᠠᠷᠠᠭ᠎ᠠ ᠵᠢ ᠪᠠᠶᠠᠰᠬᠠᠵᠤ᠂ ᠦᠨᠳᠦᠰᠦᠲᠡᠨ᠎ᠨᠦᠭᠦᠳ ᠎ᠦᠨ ᠡᠮᠡᠭ᠌ᠲᠡᠢᠴᠦᠳ ᠲᠣᠭᠣᠷᠢᠨ ᠰᠠᠭᠤᠯᠴᠠᠵᠤ ᠦᠵᠡᠯ ᠪᠤᠳᠤᠯ᠎ᠢᠶᠠᠨ ᠰᠣᠯᠢᠯᠴᠠᠠ᠂ ᠬᠠᠷᠢᠯᠴᠠᠨ ᠬᠠᠪᠰᠤᠷᠤᠯᠴᠠᠨ ᠬᠠᠷᠢᠯᠴᠠᠨ ᠰᠤᠷᠤᠯᠴᠠᠵᠤ᠂ ᠲᠤᠬᠠᠶ᠎ᠶ᠋ᠢᠨ ᠲᠠᠯᠠᠪᠠᠶ ᠬᠥᠷ ᠬᠥᠭ᠌ᠵᠢᠶᠡᠨ᠎ᠢᠶᠡᠷ ᠪᠢᠯᠬᠠᠨ᠎ᠠ᠃


QQ20260414-165458.png

 

ᠰᠠᠢᠨ ᠲᠤᠷ᠎ᠠ ᠵᠢᠨ ᠦᠢᠯᠡᠴᠢᠯᠡᠭᠡᠨ ᠎ᠤ ᠠᠩᠬᠢ ᠵᠢᠨ ᠦᠨᠳᠦᠰᠦᠨ ᠱᠠᠲᠤᠨ᠎ᠳᠤ ᠭᠦᠨᠵᠡᠭᠡᠢᠷᠡᠬᠦ ᠰᠢᠷᠢᠰ  ᠠᠵᠢᠯᠯᠠᠭ᠎ᠠ 


《ᠤᠲᠤ ᠦᠢᠯᠡᠳᠬᠡᠯ ᠤ᠋ᠨ ᠭᠠᠵᠠᠷ ᠲᠸ᠋ ᠬᠠᠳᠬᠤᠮᠠᠯ ᠬᠠᠳᠬᠤᠬᠤ ᠶ᠋ᠢ ᠰᠤᠷᠴᠤ᠂  ᠵᠠᠬᠢᠶᠠᠯᠠᠭ᠎ᠠ ᠲᠤᠰᠴᠤ ᠬᠡᠷ ᠲᠠᠬᠡᠨ ᠠᠵᠢᠯᠯᠠᠨ᠂ ᠰᠠᠷ᠎ᠠ ᠪᠦᠷᠢ 2000 ᠭᠠᠷᠤᠢ ᠲᠦᠬᠦᠷᠢᠭ ᠤᠯᠵᠤ᠂ ᠠᠷᠤ ᠬᠡᠷ᠎ᠢᠶᠡᠨ ᠬᠠᠷᠠᠭᠠᠯᠵᠠᠬᠤ ᠵᠢᠨ ᠬᠠᠮᠲᠤ ᠤᠷᠤᠯᠭ᠎ᠠ ᠪᠠᠨ ᠨᠡᠮᠡᠭᠲᠠᠬᠦᠯᠵᠤ᠂ ᠪᠠᠰᠠ ᠦᠨᠲᠤᠰᠤᠲᠠᠨ ᠨᠤᠬᠦᠳ ᠤ᠋ᠨ ᠡᠬᠡᠴᠢ ᠲᠠᠬᠦᠤ ᠨᠠᠷ ᠲᠠᠢ ᠰᠠᠨᠠᠯ ᠪᠤᠲᠤᠯ᠎ᠢᠶᠡᠨ ᠰᠤᠯᠢᠯᠴᠠᠵᠤ᠂ ᠠᠮᠢᠲᠤᠷᠠᠯ ᠶᠠᠪᠤᠬᠤ ᠲᠤᠲᠤᠮ ᠵᠤᠯ ᠵᠢᠷᠭᠠᠯ ᠲᠠᠢ ᠰᠠᠨᠠᠭᠳᠠᠵᠤ ᠪᠠᠢᠨ᠎ᠠ᠃》 ᠨᠠᠷᠠᠨᠲᠤᠶᠠᠭ᠎ᠠ  ᠵᠢᠨ ᠪᠤᠷᠤᠭᠵᠢᠭᠤᠨ ᠦᠬᠡ ᠶᠠᠷᠢᠶ᠎ᠠ ᠨᠢ ᠬᠠᠮᠲᠤ ᠠᠵᠢᠯᠯᠠᠵᠤ ᠪᠦᠬᠦᠢ ᠡᠬᠡᠴᠢ ᠲᠠᠬᠦᠤ ᠨᠠᠷ ᠤ᠋ᠨ ᠰᠡᠳᠬᠢᠯ ᠤ᠋ᠨ ᠦᠬᠡ ᠶ᠋ᠢ ᠨᠢ ᠬᠡᠯᠡᠵᠤ ᠭᠠᠷᠭᠠᠪᠠ᠃ ᠵᠢᠵᠢᠭ ᠦᠢᠯᠡᠳᠭᠡᠯ᠎ᠦᠨ ᠭᠠᠵᠠᠷ ᠨᠢ ᠰᠣᠶᠣᠯ᠎ᠢᠶᠠᠷ ᠬᠣᠯᠪᠣᠭᠠᠰᠤ ᠪᠣᠯᠭᠠᠵᠤ᠂ ᠣᠷᠣᠯᠭ᠎ᠠ ᠵᠢ  ᠨᠡᠮᠡᠭ᠌ᠳᠡᠭᠦᠯᠬᠦ᠌᠎ᠪᠡᠷ ᠬᠠᠷᠠᠯᠲᠠ ᠪᠣᠯᠭᠠᠨ᠂ ᠤᠯᠠᠮᠵᠢᠯᠠᠯᠲᠤ ᠤᠷ᠎ᠠ ᠮᠡᠷᠭᠡᠵᠢᠯ᠎ᠢ ᠤᠯᠠᠮᠵᠢᠯᠠᠠ ᠵᠠᠯᠭᠠᠮᠵᠢᠯᠠᠬᠤ᠎ᠶ᠋ᠢᠨ ᠬᠠᠮᠲᠤ᠂ ᠰᠡᠳᠭᠢᠯ ᠨᠢᠭᠡᠳᠦᠨ ᠬᠠᠮᠲᠤ᠎ᠪᠠᠷ ᠪᠠᠶᠠᠵᠢᠭ᠍ᠰᠠᠨ ᠠᠷᠠᠳ᠎ᠤᠨ ᠠᠮᠢᠳᠤᠷᠠᠯ᠎ᠤᠨ ᠱᠢᠨ᠎ᠡ ᠬᠠᠭᠤᠳᠠᠰᠤ᠎ᠶ᠋ᠢ ᠵᠢᠷᠤᠭ᠍ᠯᠠᠵᠠᠢ᠃

ᠭᠠᠯᠠᠭᠤᠲᠤ ᠪᠠᠯᠭᠠᠰᠤ 21 ᠰᠠᠯᠠᠭ᠎ᠠ 《ᠭᠠᠯᠠᠭᠤᠲᠤ》 ᠤᠬᠠᠭᠤᠯᠤᠨ ᠲᠠᠢᠯᠪᠤᠷᠢᠯᠠᠬᠤ ᠠᠩᠭᠢ᠎ᠶ᠋ᠢ ᠵᠣᠬᠢᠶᠠᠨ ᠪᠠᠢᠭᠤᠯᠵᠤ᠂ ᠬᠢᠲᠠᠳ ᠮᠣᠩᠭᠣᠯ ᠬᠣᠣᠰ ᠬᠡᠯᠡ ᠵᠡᠷᠭᠡ《ᠡᠭᠡᠯ ᠠᠷᠠᠳ᠎ᠤᠨ ᠦᠭᠡ ᠬᠡᠯᠡ》 ᠪᠡᠷ ᠦᠨᠳᠦᠰᠦᠲᠡᠨ᠎ᠦ ᠪᠦᠯᠬᠦᠮᠳᠡᠯ ᠎ᠦᠨ ᠦᠯᠢᠭᠡᠷ᠎ᠢ ᠶᠠᠷᠢᠵᠤ᠂ ᠲᠥᠷᠦ᠍᠎ᠶ᠋ᠢᠨ ᠪᠣᠳᠣᠯᠭ᠎ᠠ ᠴᠢᠭ᠌ᠯᠡᠯᠲᠡ᠎ᠶ᠋ᠢ ᠲᠠᠢᠯᠪᠤᠷᠢᠯᠠᠵᠤ᠂ ᠵᠢᠯ ᠳᠤᠮᠳᠠᠴᠢ᠎ᠪᠠᠷ 500 ᠭᠠᠷᠤᠢ ᠲᠠᠯᠠᠪᠤᠷ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ; ᠬᠥᠷᠰᠢ ᠵᠡᠷᠭᠡᠯᠡᠳᠡᠭᠡ᠎ᠶ᠋ᠢᠨ ᠰᠣᠶᠣᠯ ᠎ᠤᠨ ᠨᠠᠢᠷ᠂ ᠨᠡᠢᠭᠡᠮ ᠲᠣᠭᠣᠷᠢᠭ ᠎ᠤᠨ ᠨᠠᠭᠠᠳᠤᠮ᠎ᠤᠨ ᠬᠤᠷᠠᠯ᠂ ᠦᠨᠳᠦᠰᠦᠲᠡᠨ᠎ᠦ ᠪᠦᠯᠬᠦᠮᠳᠡᠯ ᠎ᠦᠨ ᠵᠠᠭᠤᠨ ᠡᠷᠦᠬᠡ ᠎ᠶ᠋ᠢᠨ ᠳᠠᠢᠯᠠᠯᠭ᠎ᠠ᠎ᠶ᠋ᠢ ᠪᠠᠢᠩᠭᠤ ᠡᠷᠭᠢᠯᠡᠵᠦ᠍᠂ ᠮᠣᠩᠭᠣᠯ ᠦᠨᠳᠦᠰᠦᠲᠡᠨ ᠎ᠦ ᠨᠠᠭᠠᠳᠤᠮ ᠎ᠤᠨ ᠬᠤᠷᠠᠯ᠂ ᠲᠤᠮᠳᠠᠳᠤ ᠵᠢᠨ ᠦᠨᠳᠦᠰᠦᠲᠡᠨ᠎ᠦ ᠴᠠᠭᠠᠨ ᠰᠠᠷ᠎ᠠ᠂ ᠬᠣᠲᠣᠩ ᠦᠨᠳᠦᠰᠦᠲᠡᠨ᠎ᠦ ᠪᠠᠴᠠᠭ ᠲᠠᠢᠯᠬᠤ ᠪᠠᠶᠠᠷ ᠵᠡᠷᠭᠡ ᠴᠢᠬᠤᠯᠠ ᠤᠯᠠᠮᠵᠢᠯᠠᠯᠲᠤ ᠪᠠᠶᠠᠷ᠎ᠤᠨ ᠡᠳᠦᠷ᠎ᠵᠢᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠵᠣᠬᠢᠶᠠᠨ ᠪᠠᠢᠭᠤᠯᠵᠤ ᠬᠠᠮᠲᠤ᠎ᠪᠠᠷ ᠪᠡᠯᠭᠡᠯᠡᠵᠦ᠍ ᠬᠠᠮᠲᠤ᠎ᠪᠠᠷ ᠪᠠᠶᠠᠰᠴᠤ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ  ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃

 ᠭᠠᠯᠠᠭᠤᠲᠤ ᠪᠠᠯᠭᠠᠰᠤ 《ᠬᠠᠮᠲᠤ᠎ᠪᠠᠷ ᠪᠠᠶᠠᠵᠢᠬᠤ ᠦᠢᠯᠡᠳᠭᠡᠯ᠎ᠦᠨ ᠭᠠᠵᠠᠷ》 ᠪᠣᠯᠤᠨ ᠦᠨᠳᠦᠰᠦᠲᠡᠨ᠎ᠦ ᠰᠣᠶᠣᠯ᠎ᠤᠨ ᠦᠢᠯᠡᠰ ᠪᠤᠰᠭᠠᠬᠤ ᠬᠦᠷᠢᠶᠡᠯᠡᠩ᠎ᠢ ᠪᠠᠢᠭᠤᠯᠵᠤ᠂ 《ᠤᠷᠠᠨ ᠭᠠᠷ ᠦᠢᠯᠡᠳᠭᠡᠯ᠎ᠦᠨ ᠭᠠᠵᠠᠷ》 ᠵᠡᠷᠭᠡ 18 ᠦᠢᠯᠡᠰ ᠪᠤᠰᠭᠠᠬᠤ ᠠᠴᠢᠶᠠᠯᠠᠪᠤᠷᠢ᠎ᠶ᠋ᠢ ᠡᠭᠦᠳᠦᠨ ᠪᠠᠢᠭᠤᠯᠵᠤ᠂ ᠪᠣᠳᠠᠰ ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠎ᠶ᠋ᠢ ᠤᠷᠢᠨ ᠬᠦᠮᠦᠵᠢᠯ ᠪᠤᠯᠪᠠᠰᠤᠷᠠᠯ ᠦᠷᠨᠢᠬᠦᠯᠵᠦ᠍᠂ ᠦᠨᠳᠦᠰᠦᠲᠡᠨ᠎ᠨᠦᠭᠦᠳ᠎ᠦᠨ 2000 ᠭᠠᠷᠤᠢ ᠤᠯᠠᠨ ᠲᠦᠮᠡᠨ᠎ᠢ ᠲᠠᠢ᠌ᠴᠢᠯᠠᠨ ᠠᠵᠢᠯ ᠣᠯᠭᠣᠵᠠᠢ᠃ ᠡᠭᠦᠨ᠎ᠳᠦ ᠬᠦᠷᠢᠶ᠎ᠡ ᠨᠡᠢᠭᠡᠮ ᠲᠣᠭᠣᠷᠢᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠶ᠋ᠯᠡᠳᠭᠡᠯ᠎ᠦᠨ ᠭᠠᠵᠠᠷ᠎ᠨᠢ ᠨᠢᠭᠡᠨᠲᠡ 36 ᠰᠠᠭᠤᠭᠠᠯᠢ ᠠᠷᠠᠳ᠎ᠢ ᠳᠠᠢᠴᠢᠯᠠᠨ ᠠᠵᠢᠯ ᠣᠯᠭᠣᠵᠤ᠂ ᠬᠥᠮᠦᠨ ᠳᠤᠮᠳᠠᠴᠢ᠎ᠶ᠋ᠢᠨ ᠰᠠᠷ᠎ᠠ᠎ᠶ᠋ᠢᠨ ᠣᠷᠣᠯᠭ᠎ᠠ ᠨᠢ 1000 — 1500 ᠲᠥᠭᠥᠷᠢᠭ ᠨᠡᠮᠡᠭ᠌ᠳᠡᠪᠠ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠰᠣᠶᠣᠯ ᠎ᠢ ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ ᠡᠳ᠋ ᠪᠠᠶᠠᠯᠢᠭ ᠎ᠢ ᠬᠠᠮᠲᠤ᠎ᠪᠠᠷ ᠡᠭᠦᠳᠦᠨ ᠪᠦᠲᠦᠭᠡᠬᠦ᠌ ᠶᠠᠪᠤᠴᠠ᠎ᠳᠤ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌》  ᠦᠵᠡᠰᠭᠦᠯᠡᠩᠲᠦ ᠰᠠᠢᠬᠠᠨ ᠬᠠᠭᠤᠳᠠᠰᠤ᠎ᠶ᠋ᠢ  ᠵᠢᠷᠤᠭᠯᠠᠵᠠᠢ᠃

  ᠭᠠᠯᠠᠭᠤᠲᠤ ᠪᠠᠯᠭᠠᠰᠤ ᠬᠥᠷᠰᠢ ᠵᠡᠷᠭᠡᠯᠡᠳᠡᠭᠡ᠎ᠶ᠋ᠢᠨ ᠲᠥᠪ᠎ᠢᠶᠡᠷ᠎ᠢᠶᠡᠨ ᠲᠤᠯᠬᠤ ᠴᠡᠭ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ  ᠡᠳᠦᠷ ᠲᠤᠲᠤᠮ᠎ᠤᠨ ᠦᠶ᠋ᠯᠡᠳᠦᠯᠭᠡ ᠪᠣᠯᠭᠠᠨ ᠬᠤᠪᠢᠷᠠᠭᠤᠯᠤᠨ᠂ ᠱᠢᠨ᠎ᠡ ᠴᠠᠭ ᠦᠶ᠎ᠡ᠎ᠶ᠋ᠢᠨ ᠤᠮᠠᠷᠠᠲᠤ ᠬᠢᠯᠢ᠎ᠶ᠋ᠢᠨ ᠦᠨᠳᠦᠰᠦᠨ ᠱᠠᠲᠤᠨ ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢᠨ ᠦᠶ᠋ᠯᠡᠰ ᠎ᠲᠦ ᠳᠡᠯᠭᠡᠷᠡᠭᠦᠯᠵᠦ᠍ ᠪᠣᠯᠬᠤᠢᠴᠠ ᠠᠮᠢᠳᠤᠯᠢᠭ ᠵᠠᠭ᠍ᠪᠤᠷ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号