ᠪᠦᠦ ᠭᠠᠩ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠤ ᠪᠠᠢᠴᠠᠭᠠᠨ ᠰᠤᠳᠤᠯᠪᠡ
2026-04-14 09:52:08
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 11 ᠡᠴᠡ 13 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠤ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌ ᠵᠡᠷᠭᠡ ᠠᠵᠢᠯ᠎ᠢ ᠪᠠᠢᠴᠠᠭᠠᠨ ᠰᠤᠳᠤᠯᠪᠠ᠃

ᠪᠦᠦ ᠭᠠᠩ ᠤᠷᠢᠳ ᠬᠣᠵᠢᠳ ᠣᠷᠳᠣᠰ᠎ᠤᠨ ᠦᠵᠦᠭᠦᠷ ᠠᠵᠤ ᠦᠶ᠋ᠯᠡᠰ᠎ᠦᠨ ᠬᠦᠷᠢᠶᠡᠯᠡᠩ ᠎ᠤᠨ  ᠳ᠋ᠦᠩ ᠿᠢ ᠱᠢᠨ᠎ᠡ ᠡᠨᠧᠷᠭᠢ᠂ ᠰᠢ᠎ᠶ᠋ᠢᠨ ᠠᠭᠤᠷᠬᠠᠶ᠎ᠮᠠᠯᠲᠠᠬᠤ ᠪᠠ ᠲᠡᠮᠦᠷᠯᠢᠭ ᠬᠠᠢᠯᠤᠭᠤᠯᠬᠤ ᠺᠣᠮᠫᠠᠨᠢ᠂ ᠦᠬᠠᠶ᠎ᠶ᠋ᠢᠨ ᠬᠠᠢᠨᠠᠨ ᠎ᠤ ᠳᠡᠭᠡᠳᠦ ᠱᠢᠨ᠎ᠡ ᠮᠡᠷᠭᠡᠵᠢᠯ ᠎ᠦᠨ ᠠᠵᠤ ᠦᠶ᠋ᠯᠡᠰ᠎ᠦᠨ ᠬᠦᠷᠢᠶᠡᠯᠡᠩ᠎ᠦᠨ ᠰᠠᠨ ᠸᠧᠶ ᠱᠢᠨ᠎ᠡ ᠮᠠᠲ᠋ᠧᠷᠢᠶᠠᠯ᠎ᠤᠨ ᠺᠣᠮᠫᠠᠨᠢ᠂ ᠦᠬᠠᠶ᠎ᠶ᠋ᠢᠨ ᠴᠢᠶᠠᠨ ᠯᠢ ᠱᠠᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ᠎ᠦᠨ ᠴᠢᠩ ᠲᠤᠤ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠺᠣᠮᠫᠠᠨᠢ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠳᠤᠮᠳᠠᠳᠤ ᠤᠯᠤᠰ ᠎ᠤᠨ ᠳᠠᠪᠤᠰᠤᠨ ᠎ᠤ ᠦᠢᠯᠡᠰ᠎ᠤᠨ ᠪᠦᠯᠦᠭᠯᠡᠯ᠎ᠤᠨ ᠥᠪᠥᠷ ᠮᠣᠩᠭᠣᠯ᠎ᠤᠨ ᠬᠢᠮᠢ᠎ᠶ᠋ᠢᠨ ᠠᠵᠤ ᠦᠶ᠋ᠯᠡᠳᠪᠦᠷᠢ ᠵᠢᠨ ᠺᠤᠮᠫᠠᠨᠢ᠂ ᠷᠦᠢ ᠳ᠋ᠠ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠺᠣᠮᠫᠠᠨᠢ᠎ᠳᠤ ᠬᠦᠷᠴᠦ᠍᠂ ᠦᠶ᠋ᠯᠡᠳᠪᠦᠷᠢᠯᠡᠯ ᠎ᠦᠨ ᠤᠷ᠎ᠠ ᠮᠡᠷᠭᠡᠱᠢᠯ᠂ ᠵᠠᠬ᠎ᠠ ᠳᠡᠯᠭᠡᠭᠦᠷ᠎ᠦᠨ ᠢᠷᠡᠭᠡᠳᠦᠶ᠂ ᠡᠨᠧᠷᠭᠢ ᠠᠷᠪᠢᠯᠠᠵᠤ ᠬᠣᠷᠣᠭ᠍ᠳᠠᠯ ᠎ᠢ ᠪᠠᠭᠠᠰᠭᠠᠬᠤ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠠᠵᠤ ᠦᠶ᠋ᠯᠡᠰ ᠎ᠦᠨ ᠬᠡᠯᠬᠢᠶ᠎ᠡ ᠎ᠶ᠋ᠢ ᠳᠤᠮᠳᠠ ᠪᠠ ᠡᠴᠦᠰ᠎ᠤᠨ ᠬᠡᠯᠬᠢᠶ᠎ᠡ ᠲᠡᠢᠰᠢ ᠤᠷᠲᠤᠳᠭᠠᠬᠤ᠂ ᠥᠷᠲᠡᠭ᠎ᠦᠨ ᠬᠡᠯᠬᠢᠶ᠎ᠡ᠎ᠶ᠋ᠢ ᠳᠤᠮᠳᠠ ᠳᠡᠭᠡᠳᠦ ᠲᠠᠰ ᠲᠡᠢᠰᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠵᠢ ᠵᠤᠷᠢᠭᠵᠢᠭᠤᠯᠪᠠ᠃ ᠬᠦᠷᠦᠭ᠌ᠰᠡᠨ ᠭᠠᠵᠠᠷ ᠪᠣᠯᠭᠠᠨ᠎ᠳᠤ᠂ ᠲᠡᠷᠡ ᠴᠦᠮ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠳᠤ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠭᠠᠳᠠᠭ᠍ᠰᠢ ᠳᠠᠭᠠᠭᠠᠴᠢᠯᠠᠭᠤᠯᠬᠤ ᠠᠮᠤᠷ ᠲᠦᠪᠱᠢᠨ᠎ᠦ ᠬᠠᠮᠢᠶᠠᠷᠤᠯᠲᠠ᠎ᠪᠠᠨ ᠵᠢᠷᠤᠮᠵᠢᠭᠤᠯᠵᠤ᠂ ᠬᠠᠭᠤᠴᠢᠨ ᠲᠥᠬᠥᠭᠡᠷᠦᠮᠵᠢ᠎ᠶᠢ ᠤᠶᠤᠨᠴᠢᠯᠠᠵᠤ ᠱᠢᠨᠡᠳᠭᠡᠨ ᠥᠭᠡᠷᠡᠴᠢᠯᠡᠬᠦ ᠵᠢ ᠴᠢᠩᠭᠠᠳᠭᠠᠵᠤ᠂ ᠦᠢᠯᠡᠳᠬᠦᠨ᠎ᠦ ᠵᠠᠬ᠎ᠠ ᠳᠡᠯᠭᠡᠭᠦᠷ᠎ᠦᠨ ᠦᠨ᠎ᠡ ᠬᠠᠩᠰᠢ ᠥᠰᠦᠭ᠌ᠰᠡᠨ ᠎ᠡᠴᠡ ᠪᠤᠯᠵᠤ ᠦᠢᠯᠡᠳᠪᠦᠷᠢᠯᠡᠯ᠎ᠤᠨ ᠬᠡᠮᠵᠢᠶ᠎ᠡ᠎ᠪᠠᠨ ᠰᠣᠬᠣᠷ ᠪᠠᠯᠠᠢ ᠎ᠪᠠᠷ ᠥᠷᠭᠡᠳᠭᠡᠵᠦ᠍ ᠶᠠᠭᠠᠬᠢᠭ᠍ᠰᠠᠨ ᠴᠤ᠌ ᠪᠣᠯᠬᠤ ᠦᠭᠡᠢ᠂ ᠬᠦᠨᠳᠦ ᠶᠡᠬᠡ ᠡᠨᠳᠡᠯ ᠭᠠᠷᠬᠤ ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠵᠢ ᠵᠠᠬᠢᠪᠠ᠃

ᠪᠦᠦ ᠭᠠᠩ ᠪᠠᠰᠠ ᠠᠵᠤ ᠠᠬᠤᠢᠯᠠᠯ ᠎ᠤᠨ ᠬᠠᠷᠢᠭᠤᠴᠠᠯᠭᠠᠲᠠᠨ᠂ ᠬᠦᠷᠢᠶᠡᠯᠡᠩ ᠲᠣᠭᠣᠷᠢᠭ᠎ᠤᠨ ᠬᠠᠮᠢᠶᠠᠷᠤᠭ᠍ᠴᠢ᠎ᠲᠠᠶ ᠶᠠᠷᠢᠯᠴᠠᠨ ᠰᠠᠨᠠᠯ ᠵᠢᠨᠨ ᠰᠣᠯᠢᠯᠴᠠᠵᠤ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠬᠦᠴᠢᠷᠳᠡᠯ᠎ᠢ ᠨᠢᠭᠡᠳ ᠨᠢᠭᠡ᠎ᠪᠡᠷ ᠠᠰᠠᠭᠤᠨ ᠯᠠᠪᠯᠠᠵᠤ᠂ ᠲᠤᠬᠠᠢ᠎ᠶ᠋ᠢᠨ ᠲᠠᠯᠠᠪᠠᠢ᠎ᠳᠤ ᠬᠠᠷᠢᠭᠤᠯᠲᠠ ᠥᠭ᠌ᠪᠡ᠃ ᠲᠡᠷᠡ᠂ ᠠᠵᠤ ᠠᠬᠤᠢᠯᠠᠯ᠎ᠤᠨ ᠬᠢᠨ ᠲᠤᠬᠠᠢ ᠵᠢᠨ ᠭᠠᠵᠠᠷ᠎ᠤᠨ ᠡᠬᠢ ᠪᠠᠶᠠᠯᠢᠭ ᠎ᠤᠨ ᠳᠠᠪᠠᠭᠤᠯᠢᠭ ᠪᠣᠯᠤᠨ ᠠᠵᠤ ᠦᠢᠯᠡᠰ᠎ᠦᠨ ᠰᠠᠭᠤᠷᠢ᠎ᠳᠠᠭᠠᠨ ᠰᠠᠭᠤᠷᠢᠯᠠᠵᠤ᠂ ᠢᠲᠡᠭᠡᠯ ᠵᠣᠷᠢᠭ᠎ᠢᠶᠠᠨ ᠬᠥᠪᠴᠢᠯᠡᠨ᠂ ᠰᠠᠨᠠᠭ᠎ᠠ ᠠᠮᠤᠷ ᠬᠥᠭ᠌ᠵᠢᠬᠦᠯᠵᠦ᠍ ᠂ ᠨᠡᠭᠦᠷᠡᠰᠦ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠵᠦ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ ᠵᠡᠷᠭᠡ ᠪᠠᠢᠯᠳᠤᠬᠤ ᠪᠤᠳᠤᠯᠭ᠎ᠠ ᠵᠢᠨ ᠴᠢᠨᠠᠷᠲᠠᠢ ᠱᠢᠨ᠎ᠡ ᠪᠡᠷ ᠮᠠᠨᠳᠤᠭᠰᠠᠨ ᠠᠵᠤ ᠦᠢᠯᠡᠰ᠎ᠤᠨ ᠲᠦᠷᠭᠡᠨ ᠬᠥᠭ᠌ᠵᠢᠯᠲᠡ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠵᠠᠭᠤᠨ ᠳ᠋ᠦᠩᠱᠢᠭᠤᠷ᠎ᠤᠨ ᠳᠡᠰ᠎ᠤᠨ ᠠᠵᠤ ᠠᠬᠤᠢᠯᠠᠯ᠂ ᠮᠢᠩᠭᠠᠨ ᠳ᠋ᠦᠩᠱᠢᠭᠤᠷ᠎ᠤᠨ ᠳᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠦᠲᠦᠭᠡᠨ ᠪᠠᠢᠭᠤᠯᠬᠤ᠎ᠶ᠋ᠢ ᠬᠦᠰᠡᠪᠡ᠃

ᠪᠠᠢᠴᠠᠭᠠᠨ ᠰᠤᠳᠤᠯᠬᠤ ᠬᠤᠭᠤᠴᠠᠭᠠᠨ᠎ᠳᠤ᠂ ᠪᠦᠦ ᠭᠠᠩ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠪᠣᠯᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠠᠵᠢᠯ᠎ᠢ ᠲᠤᠰᠭᠠᠢᠯᠠᠨ ᠲᠤᠬᠢᠷᠠᠭᠤᠯᠪᠠ᠃ ᠲᠡᠷᠡ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠭᠠᠷ ᠮᠠᠨᠳᠠᠯ᠎ᠤᠨ ᠪᠣᠬᠢᠷᠲᠤᠯ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠡᠯ᠎ᠡ ᠲᠦᠷᠦᠯ᠎ᠦᠨ ᠠᠭᠤᠷᠬᠠᠢ ᠪᠣᠯᠤᠨ ᠲᠠᠷᠠᠬᠠᠢ ᠪᠤᠲᠠᠷᠬᠠᠢ ᠦᠢᠯᠡᠳᠪᠦᠷᠢᠯᠡᠯ᠎ᠦᠨ ᠴᠢᠳᠠᠪᠤᠷᠢ᠎ᠶ᠋ᠢ ᠱᠢᠯᠢᠳᠡᠭ᠌ᠵᠢᠭᠦᠯᠦᠨ ᠨᠡᠢᠳᠭᠡᠬᠦ᠌᠎ᠶ᠋ᠢ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠪᠤᠬᠢᠷᠳᠤᠯ ᠦᠭᠡᠢ ᠴᠠᠬᠢᠯᠭᠠᠨ ᠬᠡᠷᠡᠭ᠌ᠯᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠍᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠣᠪᠣᠭᠠᠯᠠᠨ ᠬᠠᠳᠠᠭᠠᠯᠠᠬᠤ᠂ ᠵᠣᠬᠢᠶᠠᠨ ᠪᠠᠢᠭᠤᠯᠤᠯᠲᠠ ᠦᠭᠡᠢ᠎ᠪᠡᠷ ᠭᠠᠳᠠᠭ᠍ᠰᠢᠯᠠᠭᠤᠯᠬᠤ᠂ ᠠᠭᠤᠷᠬᠠᠢ᠎ᠶ᠋ᠢᠨ ᠣᠷᠣᠨ᠎ᠤ ᠲᠣᠭᠣᠰᠣ ᠪᠤᠳᠠᠷᠠᠬᠤ ᠵᠡᠷᠭᠡ ᠠᠰᠠᠭᠤᠳᠠᠯ᠎ᠢ ᠪᠦᠬᠦ᠌ ᠲᠠᠯ᠎ᠠ ᠎ᠪᠠᠷ ᠴᠡᠭ᠌ᠴᠡᠯᠡᠨ ᠵᠠᠰᠠᠵᠤ᠂ ᠲᠥᠪ᠎ᠦᠨ ᠲᠣᠭᠣᠷᠢᠨ ᠪᠠᠢᠴᠠᠭᠠᠯᠲᠠ ᠪᠣᠯᠤᠨ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ ᠎ᠢ ᠪᠣᠳᠠᠲᠠᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ᠃ ᠦᠬᠠᠶ ᠬᠣᠲᠠ ᠵᠢᠨ ᠬᠢᠨ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠶ᠋ᠢᠨ ᠴᠢᠳᠠᠪᠤᠷᠢ ᠲᠠᠰ᠎ᠢᠶᠠᠨ ᠳᠡᠭᠡᠭ᠌ᠰᠢᠯᠡᠭᠦᠯᠵᠦ᠍᠂ ᠡᠷᠬᠢᠨ ᠲᠣᠭᠣᠷᠢᠨ᠎ᠤ ᠠᠢᠮᠠᠭ ᠬᠣᠲᠠ᠎ᠲᠠᠶ ᠬᠠᠮᠲᠤ᠎ᠪᠠᠷ ᠠᠵᠤ ᠦᠶ᠋ᠯᠡᠰ᠎ᠢᠶᠡᠷ᠎ᠢᠶᠡᠨ ᠬᠠᠷᠢᠯᠴᠠᠨ ᠨᠥᠬᠥᠪᠥᠷᠢᠯᠡᠬᠦ᠌᠂ ᠲᠣᠨᠣᠭ ᠲᠥᠬᠥᠭᠡᠷᠦᠮᠵᠢ᠎ᠶ᠋ᠢ ᠬᠠᠮᠲᠤ᠎ᠪᠠᠷ ᠪᠠᠢᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠳᠠᠢᠴᠢᠨ ᠠᠵᠢᠯᠯᠠᠭ᠎ᠠ᠎ᠳᠦ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号