ᠮᠠᠱᠢᠨ ᠬᠦᠷᠴᠢᠭᠢᠨᠡᠵᠦ᠍ ᠡᠷᠳᠡᠨᠢ ᠱᠢᠰᠢ᠎ᠶ᠋ᠢᠨ ᠡᠰᠢ ᠰᠦᠷᠡᠯ᠎ᠢ ᠬᠡᠮᠬᠡᠯᠦᠭᠰᠡᠨ ᠵᠢᠡᠨ ᠡᠷᠳᠡᠨᠢ ᠱᠢᠰᠢ᠂ ᠪᠤᠷᠴᠠᠭ᠎ᠤᠨ ᠱᠢᠬᠠᠳᠠᠰᠤᠲᠠᠶ ᠵᠤᠬᠢᠬᠤ ᠬᠠᠷᠢᠴᠠᠯ᠎ᠵᠢᠡᠷ ᠬᠣᠯᠢᠵᠤ ᠂ ᠬᠣᠨᠢᠨ᠎ᠤ ᠲᠤᠰᠭᠠᠶ ᠪᠣᠷᠳᠣᠭ᠎ᠠ ᠪᠤᠯᠭᠠᠨ ᠡᠳ᠋ᠰᠢᠬᠦᠯᠦᠨ ᠪᠤᠯᠪᠠᠰᠤᠷᠠᠭᠤᠯᠤᠨ᠎ᠠ᠃ 4 ᠰᠠᠷ᠎ᠠ᠎ᠶ᠋ᠢᠨ 10 ᠤ᠋ ᠡᠳᠦᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠪᠤᠷᠭᠠᠰᠤᠲᠠᠢ ᠱᠢᠶᠠᠩ᠎ᠤᠨ ᠶᠦᠩ ᠵᠢᠨ ᠲᠣᠰᠭᠣᠨ᠎ᠤ 《ᠮᠠᠯ ᠠᠵᠤ ᠠᠬᠤᠢ᠎ᠶ᠋ᠢᠨ ᠲᠡᠵᠢᠭᠡᠯ ᠪᠤᠷᠳᠤᠭ᠎ᠠ᠎ᠶᠢᠨ ᠲᠥᠪ》 ᠲᠤ᠌ ᠬᠦᠷᠪᠡᠯ᠂ 2500 ᠲᠡᠭ᠌ᠰᠢ ᠳᠥᠷᠪᠡᠯᠵᠢᠨ ᠮᠸᠲᠷ᠎ᠤᠨ ᠦᠢᠯᠡᠳᠪᠦᠷᠢ᠎ᠶ᠋ᠢᠨ ᠳᠠᠰᠤᠬᠲᠠᠬᠢ ᠦᠢᠯᠡᠳᠪᠦᠷᠢᠯᠡᠯ᠎ᠦᠨ ᠱᠤᠭᠤᠮ ᠨᠢ ᠪᠦᠬᠦᠨᠶ᠋ᠢᠡᠷ ᠶ᠋ᠢᠡᠨ ᠶᠠᠭᠠᠷᠠᠯᠲᠠᠢ ᠠᠵᠢᠯᠯᠠᠵᠤ᠂ ᠠᠵᠢᠯᠴᠢᠳ ᠲᠡᠵᠢᠭᠡᠯ ᠪᠣᠷᠳᠣᠭ᠎ᠠ᠎ᠵᠢ ᠵᠦᠭᠡᠭᠡᠪᠦᠷᠢᠯᠡᠨ ᠣᠪᠣᠭᠠᠯᠠᠭᠠᠳ ᠶᠠᠪ ᠶᠠᠭᠠᠷᠠᠤ ᠪᠠᠢᠯ᠎ᠠ᠃
《ᠥᠩᠭᠡᠷᠡᠭᠡᠭ᠌ᠰᠡᠨ᠎ᠳᠦ ᠲᠡᠵᠢᠭᠡᠯ ᠪᠣᠷᠳᠣᠭ᠎ᠠ ᠲᠤᠨᠭ᠌ ᠦᠨᠡᠲᠡᠶ ᠪᠠᠢᠭ᠍ᠰᠠᠨ᠂ ᠣᠳᠣ ᠥᠪᠡᠷ ᠲᠡᠭᠡᠨ ᠪᠣᠷᠳᠣᠭ᠎ᠠ ᠦᠢᠯᠡᠳᠪᠦᠷᠢᠯᠡᠵᠦ ᠪᠠᠢᠨ᠎ᠠ᠂ ᠲᠣᠨ ᠪᠦᠷᠢᠳᠦ ᠵᠢᠷᠭᠤᠭ᠎ᠠ ᠳᠣᠯᠣᠭᠠᠨ ᠵᠠᠭᠤᠨ ᠲᠥᠭᠥᠷᠢᠭ ᠠᠷᠪᠢᠯᠠᠵᠤ ᠳᠡᠢᠯᠦᠨ᠎ᠡ!》 ᠭᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠵᠢᠶᠦ᠋ᠨ ᠸᠧᠶ ᠲᠡᠵᠢᠭᠡᠨ ᠦᠷᠡᠵᠢᠭᠦᠯᠬᠦ᠌ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠯᠢᠦ ᠵᠢᠩ ᠲᠠᠩ ᠠᠵᠢᠯᠴᠢᠨ ᠢ ᠵᠢᠯᠣᠭᠣᠳᠤᠨ ᠲᠡᠷᠭᠡᠨ᠎ᠳᠦ ᠪᠤᠷᠳᠤᠭ᠎ᠠ ᠲᠡᠭᠡᠭᠡᠬᠦ᠎ᠶᠢᠨ ᠳᠠᠭᠠᠤ ᠲᠠᠩᠰᠠ ᠪᠤᠳᠤᠵᠤ ᠭᠠᠷᠭᠠᠪᠠ᠃
ᠡᠨᠡ ᠲᠠᠩᠰᠠ᠎ᠶ᠋ᠢ ᠯᠢᠦ ᠵᠢᠩ ᠲᠠᠩ ᠲᠣᠰᠭᠣᠨ᠎ᠤ ᠲᠡᠵᠢᠭᠡᠨ ᠦᠷᠡᠵᠢᠭᠦᠯᠬᠦ᠌ ᠡᠷᠦᠬᠡ ᠨᠤᠬᠦᠦᠨ ᠲᠠᠢ ᠠᠷᠪᠠᠨ ᠬᠡᠳᠦᠨ ᠵᠢᠯ ᠪᠤᠳᠤᠵᠦ ᠪᠠᠢᠨ᠎ᠠ᠃ ᠡᠨᠡ ᠵᠢᠯ᠎ᠦᠨ 1 ᠰᠠᠷ᠎ᠠ᠎ᠶ᠋ᠢᠨ 1 ᠤ᠋ ᠡᠳᠦᠷ ᠰᠠᠶᠢ ᠲᠣᠰᠭᠣᠨ᠎ᠤ 《ᠮᠠᠯ ᠠᠵᠤ ᠠᠬᠤᠢ᠎ᠶ᠋ᠢᠨ ᠲᠡᠵᠢᠭᠡᠯ ᠪᠤᠷᠳᠤᠭ᠎ᠠ᠎ᠶᠢᠨ ᠲᠥᠪ》 ᠵᠢᠩᠬᠢᠨᠢ᠎ᠪᠡᠷ ᠠᠱᠢᠭ᠍ᠯᠠᠯᠲᠠ᠎ᠳᠤ ᠣᠷᠣᠪᠠ᠃ ᠬᠣᠨᠢ ᠨᠢᠭᠡᠪᠦᠷᠢ᠎ᠶ᠋ᠢᠨ ᠲᠡᠵᠢᠭᠡᠪᠦᠷᠢ ᠵᠢᠨ ᠥᠪᠡᠷ᠎ᠦᠨ ᠥᠷᠲᠡᠭ ᠨᠢ ᠱᠢᠭᠤᠳ 30 ᠡᠴᠡ 50 ᠲᠥᠭᠥᠷᠢᠭ ᠪᠠᠭᠤᠷᠠᠪᠠ᠃ ᠨᠡᠩ ᠪᠠᠶᠠᠷᠯᠠᠭᠤᠱᠢᠲᠠᠶ ᠨᠢ ᠲᠦᠭᠦᠬᠡᠶ ᠮᠠᠲ᠋ᠧᠷᠢᠶᠠᠯ᠎ᠤᠨ ᠲᠠᠯ᠎ᠠ᠎ᠪᠠᠷ ᠪᠠᠰᠠ ᠲᠤᠬᠠᠶ᠎ᠶ᠋ᠢᠨ ᠭᠠᠵᠠᠷ᠎ᠤᠨ ᠲᠠᠷᠢᠶᠠᠴᠢᠨ ᠡᠷᠦᠬᠡ᠎ᠶ᠋ᠢᠨ ᠡᠰᠢ ᠰᠦᠷᠡᠯ ᠪᠣᠯᠤᠨ ᠡᠷᠳᠡᠨᠢ ᠱᠢᠰᠢ᠎ᠶ᠋ᠢ ᠡᠩ ᠲᠡᠷᠢᠭᠦᠨ᠎ᠳᠦ ᠬᠤᠳᠠᠯᠳᠤᠨ ᠠᠪᠬᠤ ᠪᠤᠯᠵᠠᠢ᠃ 《 ᠤᠤᠯ ᠳ᠋ᠠᠭᠠᠨ ᠨᠤᠲᠤᠭ᠎ᠤᠨ ᠠᠬ᠎ᠠ ᠳᠡᠭᠦᠦ᠍᠎ᠨᠡᠷ᠎ᠦᠨ ᠰᠢᠳᠠᠭᠠᠵᠦ ᠬᠠᠶᠠᠵᠦ ᠪᠠᠢᠬᠰᠠᠨ ᠡᠰᠢ ᠰᠦᠷᠡᠯ ᠨᠢ ᠤᠷᠤᠯᠭ᠎ᠠ ᠪᠤᠯᠵᠦ ᠬᠤᠪᠢᠷᠠᠬᠰᠠᠨ ᠮᠦᠷᠳᠡᠬᠡᠨ ᠣᠷᠴᠢᠨ ᠲᠣᠭᠣᠷᠢᠨ᠎ᠢ ᠴᠦ᠍ ᠪᠣᠬᠢᠷᠲᠤᠭᠤᠯᠬᠤ ᠥᠬᠡᠶ ᠪᠤᠯᠪᠠ》 ᠬᠡᠵᠦ ᠯᠢᠤ ᠵᠢᠩ ᠲᠠᠩ ᠬᠡᠯᠡᠨ᠎ᠠ᠃
ᠦᠢᠯᠡᠳᠪᠦᠷᠢ᠎ᠶ᠋ᠢᠨ ᠲᠠᠰᠤᠭ᠎ᠤᠨ ᠠᠷᠤ᠎ᠳᠠᠬᠢ ᠮᠠᠯ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠵᠤ ᠲᠡᠰ ᠳᠡᠪᠱᠢᠭᠦᠯᠬᠦ᠌ ᠵᠢᠱ᠌ᠢᠢ᠎ᠡ ᠦᠵᠡᠭᠦᠯᠬᠦ᠌ ᠰᠠᠭᠤᠷᠢᠨ᠎ᠤ ᠣᠳᠣᠬᠢᠴᠢᠯᠠᠭ᠍ᠰᠠᠨ ᠬᠤᠨᠢᠨ ᠬᠠᠱᠢᠶᠠᠨ᠎ᠳᠤ ᠬᠤᠨᠢ ᠲᠡᠵᠢᠭᠡᠬᠦ᠌ ᠤᠶᠤᠨᠴᠢ ᠮᠠᠱᠢᠨ ᠵᠢᠨᠷ ᠰᠠᠶᠢᠬᠠᠨ ᠦᠢᠯᠡᠳᠪᠦᠷᠢᠯᠡᠵᠦ᠍ ᠭᠠᠷᠭᠠᠭ᠍ᠰᠠᠨ ᠲᠤᠰᠬᠠᠢ ᠪᠤᠷᠳᠤᠭ᠎ᠠ ᠨᠢ 5000 ᠬᠤᠷᠠᠭ᠎ᠠ᠎ᠵᠢᠨ 《ᠠᠮᠳᠠᠳᠤ ᠲᠡᠵᠢᠬᠡᠯ》 ᠪᠤᠯᠵᠤ ᠪᠠᠢᠨ᠎ᠠ᠃ 《ᠮᠠᠨ᠎ᠤ ᠥᠪᠡᠷ ᠵᠢᠡᠨ ᠨᠠᠢᠷᠠᠭᠤᠯᠵᠦ ᠭᠠᠷᠭᠠᠬᠰᠠᠨ ᠱᠢᠮ᠎ᠡ ᠲᠡᠵᠢᠭᠡᠯ ᠰᠠᠢᠳᠠᠢ ᠪᠤᠷᠳᠤᠭ᠎ᠠ ᠪᠡᠷ ᠲᠡᠵᠢᠭᠡᠭᠰᠡᠨ ᠬᠤᠷᠠᠭ᠎ᠠ ᠡᠳᠦᠷ ᠪᠦᠷᠢ ᠳᠣᠯᠣᠭᠠᠨ ᠯᠠᠩ᠎ᠠᠴᠠ ᠳᠡᠭᠡᠭ᠌ᠰᠢ ᠦᠰᠴᠤ ᠪᠠᠢᠨ᠎ᠠ》 ᠭᠡᠵᠦ ᠯᠢᠦ ᠵᠢᠩ ᠲᠠᠩ ᠲᠠᠨᠢᠯᠴᠠᠭᠤᠯᠤᠨ᠎ᠠ᠃ ᠲᠡᠷᠡ᠂ ᠥᠩᠭᠡᠷᠡᠭ᠌ᠰᠡᠨ᠎ᠳᠦ ᠬᠣᠨᠢ ᠢᠮᠠᠭ᠎ᠠ ᠲᠡᠵᠢᠭᠡᠬᠦ᠌ ᠳ᠋ᠤ ᠶᠠᠭᠤ ᠪᠡᠷ ᠲᠡᠵᠢᠭᠡᠬᠦ᠌ ᠂ ᠬᠡᠳᠦᠶ ᠲᠡᠵᠢᠭᠡᠬᠦ᠌ ᠨᠢ ᠪᠦᠷ ᠲᠤᠷᠱᠢᠯᠭ᠎ᠠ᠎ᠳᠤ ᠲᠦᠱᠢᠭ᠌ᠯᠡᠳᠡᠭ ᠪᠠᠢᠵᠠᠢ᠃ ᠬᠣᠨᠢ ᠢᠮᠠᠭ᠎ᠠ ᠵᠢᠨ ᠦᠰᠦᠯᠳᠡ ᠤᠳᠠᠭᠠᠨ ᠪᠦᠭᠡᠳ ᠪᠠᠰᠠ ᠠᠮᠠᠷᠬᠠᠨ ᠡᠪᠡᠳᠴᠢᠯᠡᠳᠡᠭ ᠪᠠᠢᠯ᠎ᠠ᠃ ᠣᠳᠣ ᠨᠢᠭᠡᠳᠦᠯᠲᠡᠶ ᠪᠣᠷᠳᠣᠭ᠎ᠠ᠂ ᠨᠢᠭᠡᠳᠦᠯᠲᠡᠶ ᠬᠠᠮᠢᠶᠠᠷᠤᠯᠲᠠ᠎ᠳᠦ ᠲᠦᠰᠢᠭᠯᠡᠨ ᠬᠣᠨᠢᠨ᠎ᠤ ᠴᠢᠨᠠᠷ ᠪᠠ ᠪᠣᠷᠣᠯᠠᠭᠤᠯᠬᠤ ᠨᠣᠷᠮ᠎ᠠ ᠪᠦᠷ ᠳᠡᠭᠡᠭ᠌ᠰᠢᠯᠡᠵᠡᠶ ᠭᠡᠪᠡ᠃
ᠲᠣᠰᠭᠣᠨ᠎ᠤ ᠲᠡᠵᠢᠭᠡᠨ ᠦᠷᠡᠵᠢᠭᠦᠯᠬᠦ᠌ ᠡᠷᠦᠬᠡ᠎ᠶ᠋ᠢᠨ 《ᠠᠵᠤ ᠦᠢᠯᠡᠰ᠎ᠦᠨ ᠬᠠᠮᠢᠶᠠᠷᠤᠭ᠍ᠴᠢ 》 ᠪᠣᠯᠤᠭ᠍ᠰᠠᠨ᠎ᠤ ᠬᠤᠪᠢ᠎ᠳᠤ᠂ 《ᠰᠠᠢᠲᠤᠷ ᠲᠡᠵᠢᠭᠡᠬᠦ᠌ 》 ᠠᠰᠠᠭᠤᠳᠠᠯ᠎ᠢ ᠱᠢᠢᠳᠪᠦᠷᠢᠯᠡᠵᠦ᠍᠂ ᠯᠢᠦ ᠵᠢᠩ ᠲᠠᠩ ᠪᠠᠰᠠ ᠤᠷᠤᠭ᠍ᠰᠢᠲᠠᠢ ᠪᠤᠷᠤᠯᠠᠭᠤᠯᠬᠤ ᠠᠰᠠᠭᠤᠳᠠᠯ᠎ᠢ ᠪᠣᠳᠣᠯᠬᠢᠯᠠᠵᠠᠢ᠃ ᠰᠠᠭᠤᠷᠢᠨ ᠠᠴᠠ 15 ᠮᠢᠨᠦ᠋ᠲ ᠲᠡᠷᠭᠡ ᠵᠢᠯᠣᠭᠣᠳᠴᠤ᠌᠂ ᠪᠢᠳᠡ 302 ᠤᠯᠤᠰ᠎ᠤᠨ ᠵᠠᠮ᠎ᠤᠨ ᠬᠠᠵᠠᠭᠤᠳ᠋ᠡᠬᠢ ᠠᠮᠢᠳᠤ ᠬᠣᠨᠢᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠬᠦᠷᠪᠡ᠃ ᠡᠨᠳᠡ ᠬᠦᠷ ᠬᠦᠭᠵᠢᠶᠡᠨᠶ᠋ᠢᠡᠷ ᠪᠢᠯᠬᠠᠵᠦ᠂ ᠲᠡᠵᠢᠭᠡᠨ ᠦᠷᠡᠵᠢᠭᠦᠯᠬᠦ᠌ ᠡᠷᠦᠬᠡ᠎ᠨᠦᠭᠦᠳ ᠬᠤᠷᠠᠭ᠎ᠠ᠎ᠪᠠᠨ ᠲᠠᠭᠤᠵᠤ ᠢᠷᠡᠭᠡᠳ ᠵᠢᠩᠯᠡᠬᠦᠯᠵᠦ᠍᠂ ᠨᠢᠭᠤᠷ ᠳᠦᠭᠦᠷᠡᠩ ᠪᠠᠶᠠᠷ ᠲᠠᠢ ᠪᠠᠢᠯ᠎ᠠ᠃
ᠡᠨᠡ ᠬᠦ᠌ ᠲᠣᠰᠭᠣᠨ᠎ᠤ ᠲᠡᠰ᠎ᠤᠨ ᠠᠮᠢᠳᠤ ᠬᠤᠨᠢᠨ᠎ᠤ ᠠᠷᠠᠯᠵᠢᠶᠠᠨ᠎ᠤ ᠵᠠᠬ᠎ᠠ ᠳᠡᠯᠭᠡᠭᠦᠷ ᠪᠣᠯ ᠯᠢᠦ ᠵᠢᠩ ᠲᠠᠩ ᠨᠤᠲᠤᠭ᠎ᠤᠨ ᠠᠬ᠎ᠠ ᠳᠡᠭᠦᠦ᠍᠎ᠨᠡᠷ᠎ᠲᠠᠭᠠᠨ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ 《 ᠡᠴᠦᠰ᠎ᠦᠨ ᠨᠢᠭᠡ ᠺᠢᠯᠤᠮᠸᠲᠷ》 ᠢ᠋ ᠨᠡᠪᠲᠡᠷᠡᠭᠦᠯᠵᠦ᠍ ᠥᠭ᠌ᠬᠦᠭᠰᠡᠨ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠠ ᠪᠣᠯᠤᠨ᠎ᠠ᠃ ᠵᠠᠬ᠎ᠠ ᠳᠡᠯᠭᠡᠭᠦᠷ ᠨᠢ 《 ᠪᠣᠷᠳᠣᠵᠤ ᠲᠠᠷᠭᠤᠯᠠᠭᠤᠯᠤᠬᠰᠠᠨ ᠬᠣᠨᠢ᠎ᠶ᠋ᠢ ᠬᠦᠶ᠋ᠲᠡᠨ ᠬᠥᠮᠥᠷᠭᠡ᠎ᠲᠡᠶ ᠵᠣᠯᠭᠠᠭᠤᠯᠬᠤ 》 ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ ᠭᠠᠷᠭᠠᠪᠠ᠄ ᠲᠠᠷᠢᠶᠠᠴᠢᠨ ᠡᠷᠦᠬᠡ ᠡᠨᠳᠡ᠎ᠡᠴᠡ ᠴᠢᠨᠠᠷ ᠰᠠᠢᠲᠠᠶ ᠬᠤᠷᠠᠭ᠎ᠠ ᠬᠤᠳᠠᠯᠳᠤᠨ ᠠᠪᠴᠤ᠌᠂ ᠬᠣᠷᠱᠢᠶ᠎ᠠ᠎ᠶ᠋ᠢᠨ ᠨᠠᠢᠷᠠᠭᠤᠯᠵᠦ ᠪᠤᠯᠪᠠᠰᠤᠷᠠᠭᠤᠯᠤᠬᠰᠠᠨ ᠪᠣᠷᠳᠣᠭ᠎ᠠ᠎ᠪᠠᠷ ᠲᠡᠵᠢᠭᠡᠨ᠂ ᠪᠣᠷᠣᠯᠠᠭᠤᠯᠬᠤ ᠪᠠᠷᠢᠮᠵᠢᠶ᠎ᠠ᠎ᠳᠤ ᠭᠦᠷᠦᠭ᠌ᠰᠡᠨᠦ ᠳᠠᠷᠠᠭ᠎ᠠ᠂ ᠬᠣᠷᠱᠢᠶ᠎ᠠ᠎ᠠᠴᠠ ᠣᠷᠣᠨ᠎ᠤ ᠳᠣᠲᠣᠷᠠᠬᠢ ᠲᠣᠮᠣ ᠬᠡᠯᠪᠡᠷᠢ᠎ᠶ᠋ᠢᠨ ᠬᠦᠶ᠋ᠲᠡᠨ ᠬᠥᠮᠥᠷᠭᠡ᠎ᠲᠡᠶ ᠨᠢᠭᠡᠳᠦᠯᠲᠡᠶ ᠬᠠᠷᠢᠯᠴᠠᠵᠤ᠂ ᠲᠡᠭᠡᠭᠡᠪᠦᠷᠢᠯᠡᠬᠦ᠌᠂ ᠨᠢᠲᠤᠯᠬᠤ ᠴᠢᠨᠠᠭ᠍ᠰᠢᠯᠠᠪᠠᠯ ᠪᠥᠬᠥ᠌ ᠶᠠᠪᠤᠴᠠ᠎ᠶ᠋ᠢ ᠣᠷᠣᠯᠠᠨ ᠪᠣᠷᠣᠯᠠᠭᠤᠯᠬᠤ᠎ᠶ᠋ᠢ ᠬᠠᠷᠢᠭᠤᠴᠠᠵᠦ ᠪᠠᠢᠨ᠎ᠠ᠃
《 ᠥᠩᠭᠡᠷᠡᠭ᠌ᠰᠡᠨ᠎ᠳᠦ ᠬᠣᠨᠢ ᠬᠤᠳᠠᠯᠳᠤᠬᠤ ᠬᠡᠵᠦ ᠶᠤᠰᠤᠳᠠᠢ ᠦᠢᠯᠡ ᠪᠠᠨ ᠦᠵᠡᠵᠦ ᠪᠠᠢᠬᠰᠠᠨ ᠱᠢᠤ!》ᠭᠡᠵᠦ ᠰᠠᠶᠢᠬᠠᠨ 1500 ᠬᠤᠷᠠᠭ᠎ᠠ᠎ᠪᠠᠨ ᠵᠠᠷᠤᠳ ᠬᠣᠱᠢᠭᠤᠨ᠎ᠤ ᠬᠤᠳᠠᠯᠳᠤᠭᠠᠴᠢᠨ᠎ᠳᠦ ᠬᠤᠳᠠᠯᠳᠤᠨ ᠦᠭᠭᠦᠭᠰᠡᠨ ᠲᠤᠰᠬᠤᠨ᠎ᠤ ᠠᠷᠠᠳ ᠵᠧᠦ ᠵᠢᠶᠠᠨ ᠴᠢ ᠪᠠᠶᠠᠷᠳᠠᠢᠬᠠᠨ ᠬᠡᠯᠡᠨ᠎ᠠ᠃ 《 ᠥᠪᠡᠷ᠎ᠢᠶᠡᠨ ᠲᠡᠷᠭᠡ ᠡᠷᠢᠨ᠎ᠠ᠂ ᠬᠤᠳᠠᠯᠳᠤᠨ ᠠᠪᠤᠭ᠍ᠴᠢ ᠦᠨ᠎ᠡ᠎ᠵᠢ ᠳᠠᠷᠤᠨ᠎ᠠ᠂ ᠵᠠᠷᠢᠮ᠎ᠳᠠᠭᠠᠨ ᠬᠡᠳᠦᠨ ᠡᠳᠦᠷ ᠳᠡᠩᠰᠡᠯᠭᠡᠭᠡᠳ ᠪᠠᠰᠠ ᠪᠤᠯᠤᠮᠠᠷ ᠦᠨ᠎ᠡ ᠪᠡᠷ ᠬᠤᠳᠠᠯᠳᠤᠵᠤ ᠲᠡᠢᠯᠬᠦ ᠦᠭᠡᠢ ᠪᠠᠢᠵᠠᠢ᠃ ᠤᠳᠤ ᠵᠠᠬ᠎ᠠ ᠳᠡᠯᠭᠡᠭᠦᠷ ᠡᠷᠢᠵᠤ ᠭᠦᠶᠦᠬᠦ᠌ ᠬᠡᠷᠡᠭ ᠦᠭᠡᠢ᠂ ᠴᠤᠬᠤᠮ ᠰᠠᠨᠠᠭ᠎ᠠ ᠠᠮᠤᠷ ᠪᠤᠯᠵᠠᠢ 》ᠭᠡᠪᠡ᠃
ᠾᠧᠨᠠᠨ᠂ ᠾᠸᠪᠸᠢ᠂ ᠲᠦᠩᠯᠢᠶᠣᠤ ᠵᠡᠷᠭᠡ ᠭᠠᠵᠠᠷ᠎ᠤᠨ ᠬᠤᠳᠠᠯᠳᠤᠭᠠᠴᠢᠨ ᠴᠦᠮ ᠰᠢᠯᠢᠳᠡᠭ ᠡᠬᠦᠯᠲᠠᠷ ᠤ᠋ᠨ ᠬᠣᠨᠢᠨ᠎ᠤ ᠴᠢᠨᠠᠷ ᠪᠠ ᠳᠣᠲᠣᠨᠣ ᠦᠶ᠋ᠯᠡᠴᠢᠯᠡᠭᠡ ᠵᠢᠨ ᠴᠢᠮᠡᠭᠡ ᠪᠡᠷ ᠬᠦᠷᠦᠯᠴᠡᠨ ᠢᠷᠡᠵᠡᠭᠡᠵᠦ᠍᠂ ᠶᠦᠩ ᠵᠢᠨ ᠲᠣᠰᠭᠣᠨ᠎ᠤ ᠵᠠᠬ᠎ᠠ ᠳᠡᠯᠭᠡᠭᠦᠷ᠎ᠦᠨ ᠵᠢᠯ᠎ᠦᠨ ᠠᠷᠠᠯᠵᠢᠶᠠᠨ᠎ᠤ ᠬᠡᠮᠵᠢᠶ᠎ᠡ 20 ᠲᠦᠮᠡ ᠱᠢᠬᠠᠮ᠎ᠳᠤ ᠬᠦᠷᠴᠦ᠍᠂ ᠡᠷᠬᠢᠨ ᠲᠣᠭᠣᠷᠢᠨ ᠪᠠ ᠬᠣᠯᠠ ᠣᠢᠷᠠᠳ᠋ᠠᠭᠠᠨ ᠠᠯᠳᠠᠷᠱᠢᠭ᠍ᠰᠠᠨ ᠮᠢᠬᠠᠨ᠎ᠤ ᠬᠣᠨᠢᠨ ᠤ᠋ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠵᠠᠢ᠃
ᠨᠡᠩ ᠤᠯᠠᠨ ᠨᠤᠲᠤᠭ᠎ᠤᠨ ᠠᠬ᠎ᠠ ᠳᠡᠭᠦᠦ᠍᠎ᠨᠡᠷ ᠵᠢᠡᠨ ᠪᠠᠶᠠᠵᠢᠭᠤᠯᠬᠤ ᠪᠡᠷ ᠯᠢᠦ ᠵᠢᠩ ᠲᠠᠩ ᠪᠠᠰᠠ ᠲᠠᠷᠢᠶᠠᠴᠢᠳ ᠲᠠᠢ ᠬᠣᠯᠪᠣᠭᠠᠯᠠᠨ ᠲᠠᠷᠢᠶᠠᠴᠢᠨ ᠡᠷᠤᠬᠡ᠎ᠶ᠋ᠢ ᠳᠠᠢᠴᠢᠯᠠᠬᠤ ᠯᠠᠪᠲᠠᠭᠤᠨ ᠪᠠᠲᠤᠲᠠᠢ ᠵᠠᠭ᠍ᠪᠤᠷ᠎ᠢ ᠰᠦᠪᠡᠭᠴᠢᠯᠡᠪᠡ ᠄ ᠬᠤᠨᠢᠨ᠎ᠤ ᠬᠠᠱᠢᠶ᠎ᠠ ᠰᠠᠷᠠᠪᠴᠢ᠎ᠶ᠋ᠢ ᠲᠠᠷᠢᠶᠠᠴᠢᠨ ᠡᠷᠦᠬᠡ᠎ᠳᠦ ᠬᠤᠪᠢᠶᠠᠨ ᠳᠠᠭᠠᠭᠠᠴᠢᠯᠠᠭᠤᠯᠵᠤ᠂ ᠬᠤᠨᠢ ᠢᠮᠠᠭ᠎ᠠ ᠨᠢᠬᠡᠪᠦᠷᠢ᠎ᠳᠦ 20 ᠲᠥᠭᠥᠷᠢᠭ᠎ᠦᠨ ᠦᠶᠡᠯᠡᠯ᠎ᠦᠨ ᠬᠤᠭᠤᠴᠠᠭ᠎ᠠ᠎ᠪᠠᠷ ᠬᠥᠯᠥᠰᠥ᠍ ᠣᠯᠭᠣᠮᠵᠢ ᠪᠤᠳᠤᠨ ᠦᠭᠴᠦ᠂ ᠨᠢᠳᠤᠨᠤᠨ᠎ᠤ ᠲᠤᠷᠱᠢᠯᠲᠠ ᠵᠢᠨ ᠴᠡᠭ ᠤ᠋ᠨ ᠬᠣᠶᠠᠷ ᠲᠠᠷᠢᠶᠠᠴᠢᠨ ᠡᠷᠦᠬᠡ᠎ᠶ᠋ᠢᠨ ᠵᠢᠯ᠎ᠦᠨ ᠣᠷᠣᠯᠭ᠎ᠠ ᠴᠥᠮ 10 ᠲᠦᠮᠡᠨ ᠲᠥᠭᠥᠷᠢᠭ᠎ᠢ ᠳᠠᠪᠠᠭ᠍ᠰᠠᠨ ᠪᠠᠢᠨ᠎ᠠ; ᠪᠡᠯᠡ ᠮᠥᠩᠭᠥ᠌ ᠲᠤᠲᠠᠭᠲᠠᠬᠤ᠂ ᠮᠡᠷᠭᠡᠵᠢᠯ ᠳᠤᠲᠠᠭ᠍ᠳᠠᠵᠤ ᠪᠠᠢᠭ᠎ᠠ ᠲᠠᠷᠢᠶᠠᠴᠢᠨ ᠡᠷᠦᠭᠡ ᠬᠤᠪᠢ ᠣᠷᠣᠬᠤ ᠳ᠋ᠤ ᠬᠤᠷᠱᠢᠶ᠎ᠠ᠎ᠠᠴᠠ ᠬᠣᠨᠢ ᠢᠮᠠᠭ᠎ᠠ᠂ ᠲᠡᠵᠢᠭᠡᠯ ᠪᠣᠷᠳᠣᠭ᠎ᠠ᠂ ᠮᠡᠷᠭᠡᠵᠢᠯ ᠪᠠ ᠪᠣᠷᠣᠯᠠᠭᠤᠯᠭ᠎ᠠ᠎ᠶ᠋ᠢ ᠨᠢᠭᠡᠳᠦᠯᠲᠡᠶ ᠬᠠᠩᠭᠠᠵᠤ᠂ ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠠ᠂ ᠠᠱᠢᠭ ᠤᠯᠵᠠᠪᠤᠷᠢ ᠶ᠋ᠢ ᠬᠠᠮᠲᠤ᠎ᠪᠠᠷ ᠡᠳ᠋ᠯᠡᠪᠠ᠃
ᠬᠤᠨᠢ ᠢᠮᠠᠭᠠᠨ ᠤ᠋ ᠬᠣᠷᠭᠣᠤᠯᠢ ᠬᠦᠷᠲᠡᠯ᠎ᠡ ᠯᠢᠦ ᠵᠢᠩ ᠲᠠᠩ ᠰᠠᠢᠳᠤᠷ ᠬᠡᠷᠡᠭᠯᠡᠵᠠᠢ᠃ ᠣᠳᠣᠬᠠᠨ ᠳᠤ᠂ ᠲᠡᠷᠡ ᠣᠷᠭᠠᠨᠢᠭ ᠪᠣᠷᠲᠣᠭᠣᠷ ᠡᠳ᠋ᠱᠢᠭᠦᠯᠬᠦ᠌ ᠦᠶ᠋ᠯᠡᠳᠪᠦᠷᠢ᠎ᠶ᠋ᠢ ᠱᠢᠨ᠎ᠡ᠎ᠪᠡᠷ ᠪᠠᠢᠭᠤᠯᠬᠤ᠎ᠪᠠᠷ ᠲᠥᠯᠥᠪᠯᠡᠵᠦ᠍ ᠪᠠᠢᠬᠤ᠎ᠶ᠋ᠢᠨ ᠬᠠᠮᠲᠤ ᠣᠶᠤᠨᠴᠢ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠵᠦ᠍᠂ ᠣᠯᠠᠨ ᠲᠦᠮᠠᠨ᠎ᠢ ᠦᠨᠡᠨᠬᠦ ᠲᠠᠢᠴᠢᠯᠠᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠣᠭ᠍ᠴᠣᠭ᠎ᠠ ᠨᠢᠭᠡᠪᠦᠷᠢ᠎ᠶ᠋ᠢ ᠦᠨ᠎ᠡ ᠥᠷᠲᠡᠭ᠎ᠲᠠᠢ ᠪᠤᠯᠭᠠᠪᠠ᠃
ᠦᠨᠦ᠂ ᠪᠦᠬᠦᠢᠯᠡ ᠲᠣᠰᠭᠣᠨᠵᠢᠡᠷ ᠵᠢᠡᠨ ᠮᠢᠬᠠᠨ᠎ᠤ ᠬᠣᠨᠢ ᠲᠡᠵᠢᠭᠡᠨ ᠦᠷᠡᠵᠢᠭᠦᠯᠵᠦ᠍ ᠪᠣᠷᠳᠣᠨ ᠲᠠᠷᠭᠤᠯᠠᠭᠤᠯᠬᠤ ᠵᠢᠱ᠌ᠢᠶ᠎ᠡ ᠦᠵᠡᠭᠦᠯᠬᠦ᠌ ᠲᠣᠰᠭᠣᠨ ᠪᠣᠯᠤᠭ᠍ᠰᠠᠨ᠎ᠤ ᠬᠤᠪᠢ᠎ᠳᠤ ᠤᠳᠤ ᠶᠦᠩ ᠵᠢᠨ ᠲᠣᠰᠭᠣᠨ ᠳ᠋ᠤ ᠮᠢᠬᠠᠨ᠎ᠤ ᠬᠣᠨᠢ ᠲᠡᠵᠢᠭᠡᠨ ᠦᠷᠡᠵᠢᠭᠦᠯᠬᠦ᠌ ᠬᠣᠷᠱᠢᠶ᠎ᠠ 20 ᠂ ᠲᠡᠵᠢᠭᠡᠨ ᠦᠷᠡᠵᠢᠭᠦᠯᠬᠦ᠌ ᠲᠤᠰᠭᠠᠶ ᠡᠷᠦᠬᠡ 80 ᠂ ᠵᠢᠯ᠎ᠦᠨ ᠪᠣᠷᠳᠣᠨ ᠲᠠᠷᠭᠤᠯᠠᠭᠤᠯᠵᠤ ᠪᠣᠷᠣᠯᠠᠭᠤᠯᠬᠤ ᠮᠢᠬᠠᠨ᠎ᠤ ᠬᠣᠨᠢ 10 ᠲᠦᠮᠡ᠎ᠶ᠋ᠢ ᠳᠠᠪᠠᠵᠤ᠂《ᠬᠤᠪᠢ ᠬᠥᠮᠦᠨ ᠠᠱᠢᠭ ᠭᠥᠷᠳᠡᠬᠦ᠌᠂ ᠬᠠᠮᠲᠤ ᠨᠡᠢᠲᠡ ᠠᠱᠢᠭ ᠭᠥᠷᠳᠡᠬᠦ᠌᠂ ᠲᠠᠷᠢᠶᠠᠴᠢᠨ ᠠᠱᠢᠭ ᠭᠥᠷᠳᠡᠬᠦ᠌》ᠰᠠᠢᠨ ᠣᠷᠴᠢᠯ᠎ᠢ ᠪᠦᠷᠢᠯᠳᠦᠭᠦᠯᠵᠡᠶ᠃
《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠡᠢᠮᠦᠷᠬᠦᠦ ᠳᠠᠭᠠᠭᠤᠯᠤᠭ᠍ᠴᠢ᠎ᠶ᠋ᠢ ᠬᠡᠷᠡᠭ᠌ᠰᠡᠨ᠎ᠡ᠂ ᠬᠢᠩᠭᠠᠨ ᠠᠢᠮᠠᠭ᠎ᠤᠨ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠳᠤ ᠡᠢᠮᠦ᠍ᠷᠬᠦᠦ ᠦᠨᠳᠦᠰᠦᠨ ᠱᠠᠲᠤᠨ᠎ᠤ ᠬᠠᠢᠨ ᠰᠥᠪᠡᠭ᠌ᠴᠢᠯᠡᠯᠲᠡ᠎ᠶ᠋ᠢ ᠨᠠᠩ ᠬᠡᠷᠡᠭ᠌ᠰᠡᠨ᠎ᠡ》ᠬᠡᠵᠦ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠮᠠᠯ ᠡᠮᠨᠡᠯᠭᠡ᠎ᠶ᠋ᠢᠨ ᠲᠣᠪᠴᠢᠶ᠎ᠠ᠎ᠶ᠋ᠢᠨ ᠳᠠᠷᠤᠭ᠎ᠠ ᠯᠢ ᠵᠢᠩ ᠬᠡᠯᠡᠪᠡ᠃ ᠲᠡᠷᠡ ᠂ ᠡᠨᠡ ᠬᠦ᠌ ᠲᠠᠷᠢᠶᠠᠴᠢᠳ ᠲᠠᠢ ᠬᠣᠯᠪᠣᠭᠠᠯᠠᠵᠦ ᠲᠠᠷᠢᠶᠠᠴᠢᠨ ᠡᠷᠦᠬᠡ ᠵᠢ ᠳᠠᠢᠴᠢᠯᠠᠬᠤ᠎ᠪᠠᠷ ᠭᠤᠤᠯ ᠪᠣᠯᠭᠠᠭ᠍ᠰᠠᠨ᠂ ᠵᠠᠬ᠎ᠠ ᠳᠡᠯᠭᠡᠭᠦᠷ᠎ᠦᠨ ᠤᠳᠤᠷᠢᠳᠤᠮᠵᠢ᠎ᠪᠠᠷ ᠲᠤᠯᠭᠠᠭᠤᠷᠢᠯᠠᠯ ᠪᠣᠯᠭᠠᠭ᠍ᠰᠠᠨ᠂ ᠠᠮᠢ ᠠᠬᠤᠶ᠎ᠶ᠋ᠢᠨ ᠣᠷᠴᠢᠯ᠎ᠢᠶᠠᠷ ᠣᠨᠴᠠᠯᠢᠭ ᠪᠣᠯᠭᠠᠭ᠍ᠰᠠᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠠᠭ᠍ᠪᠤᠷ ᠨᠢ ᠲᠤᠷᠱᠢᠯᠲᠠ᠎ᠶ᠋ᠢᠨ ᠣᠷᠣᠨ᠎ᠤ 《ᠪᠥᠬᠥ᠌ ᠬᠡᠯᠬᠢᠶ᠎ᠡ᠎ᠶ᠋ᠢ ᠴᠣᠭ᠍ᠴᠠᠯᠠᠨ ᠪᠠᠢᠭᠤᠯᠬᠤ᠂ ᠪᠥᠬᠥ᠌ ᠡᠯᠧᠮᠧᠨ᠋ᠲ᠎ᠢ ᠳᠡᠭᠡᠭ᠌ᠰᠢᠯᠡᠭᠦᠯᠬᠦ᠌᠂ ᠪᠥᠬᠥ᠌ ᠥᠷᠲᠡᠭ᠎ᠢ ᠪᠡᠶᠡᠯᠡᠭᠦᠯᠬᠦ᠌ 》 ᠬᠥᠭ᠌ᠵᠢᠯᠲᠡ᠎ᠶ᠋ᠢᠨ ᠱᠠᠭᠠᠷᠳᠠᠯᠭ᠎ᠠ᠎ᠲᠠᠶ ᠨᠠᠷᠢᠯᠢᠭ ᠤᠨᠤᠴᠠᠲᠠᠢ ᠵᠣᠯᠭᠠᠯᠴᠠᠵᠤ᠂ ᠪᠥᠬᠥ᠌ ᠠᠢᠮᠠᠭ ᠴᠢᠨᠠᠭ᠍ᠰᠢᠯᠠᠪᠠᠯ ᠪᠥᠬᠥ᠌ ᠣᠷᠣᠨ᠎ᠤ ᠮᠢᠬᠠᠨ᠎ᠤ ᠬᠣᠨᠢ ᠲᠡᠵᠢᠭᠡᠨ ᠦᠷᠡᠵᠢᠭᠦᠯᠬᠦ᠌ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠱᠢᠨ᠎ᠡ ᠰᠣᠷᠭᠣᠭ ᠥᠯᠢᠭᠡᠷ ᠬᠡᠪ ᠬᠠᠩᠭᠠᠭ᠍ᠰᠠᠨ ᠪᠠᠢᠨ᠎ᠠ ᠭᠡᠪᠡ᠃
[ᠰᠤᠷᠪᠤᠯᠵᠢᠯᠠᠭ᠍ᠴᠢ᠎ᠶ᠋ᠢᠨ ᠭᠠᠷ ᠲᠡᠮᠳᠡᠭ᠌ᠯᠡᠯ]
ᠶᠦᠩ ᠵᠢᠨ ᠲᠣᠰᠭᠣᠨᠵᠢᠡᠷ ᠰᠤᠷᠪᠤᠯᠵᠢᠯᠠᠬᠤ᠎ᠳᠤ᠂ ᠯᠢᠦ ᠵᠢᠩ ᠲᠠᠩ᠎ᠤᠨ ᠪᠡᠶ᠎ᠡ ᠳᠡᠭᠡᠷᠡᠬᠢ ᠲᠡᠷᠡ ᠬᠦ᠌ ᠪᠤᠳᠠᠳᠠᠢ ᠠᠵᠢᠯᠯᠠᠬᠤ ᠡᠷᠴᠢ ᠵᠣᠷᠢᠭ ᠪᠠ ᠡᠬᠦᠷᠬᠡ ᠬᠠᠷᠢᠭᠤᠴᠠᠯᠭ᠎ᠠ ᠨᠢ ᠰᠡᠳᠭᠢᠯ᠎ᠢ ᠬᠠᠮᠤᠭ᠎ᠠᠴᠠ ᠳᠣᠭ᠍ᠳᠣᠯᠤᠭᠤᠯᠪᠠ᠃ ᠲᠡᠷᠡ ᠲᠣᠮᠣ ᠡᠵᠡᠨᠳᠡᠨ ᠪᠢᠰᠢ᠂ ᠬᠠᠷᠢᠨ ᠨᠢᠭᠡ ᠰᠡᠳᠭᠢᠯᠨᠢᠬᠡ ᠵᠤᠷᠢᠭ᠎ᠢᠶᠡᠷ ᠲᠡᠵᠢᠭᠡᠨ ᠦᠷᠡᠵᠢᠭᠦᠯᠬᠦ᠌ ᠡᠷᠦᠬᠡ᠎ᠶ᠋ᠢᠨ ᠬᠠᠮᠤᠭ ᠡᠴᠡ ᠰᠠᠨᠠᠭ᠎ᠠ ᠵᠣᠪᠠᠨᠢᠵᠤ ᠪᠠᠢᠭ᠎ᠠ ᠭᠤᠷᠪᠠᠨ ᠶᠠᠪᠤᠲᠠᠯ᠎ᠢ ᠱᠢᠢᠳᠪᠦᠷᠢᠯᠡᠵᠡᠢ᠄ ᠬᠣᠨᠢ ᠲᠡᠵᠢᠭᠡᠬᠦ ᠳ᠋ᠤ ᠬᠡᠷᠬᠢᠨ ᠵᠣᠭᠣᠰ ᠠᠷᠪᠢᠯᠠᠬᠤ᠂ ᠬᠣᠨᠢ ᠬᠤᠲᠠᠯᠲᠤᠬᠤ ᠳ᠋ᠤ ᠶᠠᠭᠠᠬᠢᠪᠠᠯ ᠰᠡᠳᠭᠢᠯ ᠠᠮᠤᠷ ᠪᠠᠢᠬᠤ᠂ ᠶᠠᠭᠠᠬᠢᠪᠠᠯ ᠨᠠᠡᠭ ᠤᠯᠠᠨ ᠵᠣᠭᠣᠰ ᠮᠦᠡᠭᠬᠦ ᠣᠯᠬᠤ ᠶᠠᠪᠤᠲᠠᠯ ᠪᠤᠯᠤᠨ᠎ᠠ᠃ ᠡᠭᠦᠨ᠎ᠦ ᠠᠷᠤ᠎ᠳᠤ᠂ ᠬᠢᠩᠭᠠᠨ ᠠᠢᠮᠠᠭ᠎ᠤᠨ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠬᠤ ᠶᠠᠪᠤᠴᠠ᠎ᠳᠤ᠂ ᠦᠨᠳᠦᠰᠦᠨ ᠱᠠᠲᠤᠨ᠎ᠤ ᠳᠠᠭᠠᠭᠤᠯᠤᠭ᠍ᠴᠢᠳ ᠲᠠᠷᠢᠶᠠᠴᠢᠳ᠎ᠲᠠᠶ ᠬᠣᠯᠪᠣᠭᠠᠯᠠᠨ ᠲᠠᠷᠢᠶᠠᠴᠢᠨ ᠡᠷᠦᠬᠡ ᠵᠢ ᠳᠠᠢᠴᠢᠯᠠᠬᠤ ᠱᠢᠨ᠎ᠡ ᠵᠠᠭ᠍ᠪᠤᠷ᠎ᠤᠨ ᠬᠥᠭ᠌ᠵᠢᠯᠲᠡ᠎ᠶ᠋ᠢᠨ ᠲᠣᠳᠣᠷᠬᠠᠶ ᠰᠤᠳᠠᠰᠤ᠎ᠶ᠋ᠢ ᠬᠠᠢᠨ ᠰᠦᠪᠡᠭ᠌ᠴᠢᠯᠡᠵᠠᠢ᠃
ᠣᠳᠣᠬᠠᠨ᠎ᠳᠤ᠂ ᠬᠢᠩᠭᠠᠨ ᠠᠢᠮᠠᠭ ᠶᠠᠭ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠵᠤ ᠪᠤᠢ᠂ ᠡᠨᠡ ᠨᠢ ᠤᠯᠤᠰ᠎ᠠᠴᠠ ᠬᠢᠩᠭᠠᠨ ᠠᠢᠮᠠᠭ᠎ᠲᠤ ᠲᠤᠱᠢᠶᠠᠭ᠍ᠰᠠᠨ ᠴᠢᠬᠤᠯᠠ ᠶᠡᠬᠡ ᠡᠭᠦᠷᠭᠡ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠲᠤᠬᠠᠶ ᠶ᠋ᠢᠨ ᠭᠠᠵᠠᠷ᠎ᠤᠨ ᠮᠠᠯ ᠠᠵᠤ ᠠᠬᠤᠶ᠎ᠶ᠋ᠢ ᠲᠠᠰ ᠳᠡᠪᠱᠢᠭᠦᠯᠬᠦ᠌ ᠣᠯᠳᠠᠰᠢ ᠥᠬᠡᠶ ᠠᠵᠠ ᠲᠣᠬᠢᠶᠠᠯ ᠮᠦᠨ᠃ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠵᠥᠪᠬᠡᠨ ᠦᠵᠦ᠍ ᠲᠥᠯᠥᠪᠯᠡᠭᠡ ᠪᠠᠢᠭᠠᠳ ᠪᠣᠯᠬᠤ ᠦᠭᠡᠢ᠂ ᠨᠡᠩ ᠴᠤ᠌ ᠯᠢᠦ ᠵᠢᠩ ᠲᠠᠩ ᠱᠢᠭ᠋ ᠬᠥᠳᠡᠭᠡ ᠲᠤᠰᠬᠤᠨ᠎ᠳᠦ ᠨᠤᠲᠤᠭ᠍ᠰᠢᠭ᠍ᠰᠠᠨ ᠲᠦᠭ ᠲᠦᠮᠡᠨ《ᠨᠤᠲᠤᠭ᠎ᠤᠨ ᠲᠤᠰᠭᠠᠢ ᠮᠡᠷᠭᠡᠵᠢᠯᠲᠡᠨ》 ᠪᠠ《ᠲᠠᠭᠠᠭᠤᠯᠤᠭ᠍ᠴᠢ》 ᠡᠴᠡ ᠰᠠᠯᠵᠤ ᠴᠢᠳᠠᠬᠤ ᠦᠭᠡᠢ ᠶᠤᠮ᠃ ᠲᠡᠳ᠋ᠡ ᠲᠠᠷᠢᠶᠠᠴᠢᠳ᠎ᠤᠨ ᠬᠦᠴᠢᠷᠳᠡᠯ ᠢ ᠣᠢᠯᠠᠭᠠᠵᠤ᠂ ᠲᠠᠷᠢᠶᠠᠴᠢᠳ᠎ᠤᠨ ᠬᠦᠰᠡᠯ ᠡᠷᠡᠮᠡᠯᠵᠡᠯ᠎ᠢ ᠣᠢᠯᠠᠭᠠᠵᠤ᠂ ᠲᠠᠷᠢᠶᠠᠴᠢᠳ᠎ᠤᠨ ᠳᠤᠷᠠᠲᠠᠶ᠎ᠠ ᠬᠢᠬᠦ᠌ ᠶᠠᠪᠤᠳᠠᠯ᠎ᠢ ᠬᠢᠵᠦ᠍᠂ ᠲᠦᠷᠦ᠍᠎ᠶ᠋ᠢᠨ ᠪᠤᠳ᠋ᠤᠯᠭ᠎ᠠ᠎ᠶ᠋ᠢᠨ ᠲᠠᠯ᠎ᠠ᠎ᠶ᠋ᠢᠨ ᠱᠠᠭᠠᠷᠳᠠᠯᠭ᠎ᠠ᠎ᠶ᠋ᠢ ᠦᠨᠡᠨ ᠪᠣᠳᠠᠲᠠᠢ ᠶᠠᠪᠤᠲᠠᠯ ᠪᠤᠯᠭᠠᠨ ᠨᠠᠢᠲᠠᠪᠤᠷᠢᠵᠢᠭᠤᠯᠵᠦ ᠪᠠᠢᠨ᠎ᠠ᠃
ᠠᠷᠠᠳ ᠤᠯᠠᠨ᠎ᠤ ᠣᠷᠣᠯᠭ᠎ᠠ ᠨᠡᠮᠡᠭ᠌ᠳᠡᠠ᠂ ᠴᠢᠷᠠᠢ ᠳ᠋ᠤᠨᠢ ᠵᠤᠯ ᠵᠢᠷᠭᠠᠯ ᠤ᠋ᠨ ᠮᠦᠱᠢᠶᠠᠯ ᠲᠤᠲᠤᠷᠠᠬᠤ ᠨᠢ ᠬᠠᠮᠤᠭ ᠤᠨ ᠰᠠᠢᠨ ᠬᠠᠷᠢᠭᠤᠯᠲᠠ᠎ᠶ᠋ᠢᠨ ᠬᠠᠭᠤᠳᠠᠰᠤ ᠶᠤᠮ᠃