— ᠤᠯᠤᠰ᠎ᠤᠨ ᠪᠠᠢᠷᠢᠱᠢᠭᠤᠯᠤᠯᠲᠠ᠎ᠡᠴᠡ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠠᠢᠭᠤᠯᠤᠬᠰᠠᠨ ᠯᠣᠭᠢᠭ ᠢ᠋ ᠬᠠᠷᠠᠬᠤᠢ
ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠲᠥᠰᠦᠯ》 (ᠳᠣᠷᠣᠭ᠍ᠰᠢ《ᠶᠡᠷᠦᠩᠬᠡᠶ ᠲᠥᠰᠦᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠬᠤ᠎ᠶ᠋ᠢ ᠳᠠᠭᠠᠯᠳᠤᠨ᠂ ᠮᠠᠨ ᠤ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ 23 ᠪᠣᠯᠵᠣ ᠥᠷᠭᠡᠵᠢᠵᠦ᠂ ᠵᠡᠭᠦᠨ᠎ᠡᠴᠡ ᠪᠠᠷᠠᠭᠤᠨᠰᠢ᠂ ᠡᠮᠦᠨ᠎ᠡ᠎ᠡᠴᠡ ᠤᠮᠠᠷᠠᠰᠢ᠂ ᠲᠡᠯᠡᠶ ᠳᠠᠭᠠᠤ᠎ᠡᠴᠡ ᠬᠢᠯᠢ ᠳᠠᠭᠠᠤ ᠳᠣᠲᠣᠭᠠᠳᠤ ᠬᠠᠭᠤᠷᠠᠶ ᠬᠦᠷᠲᠡᠯᠡᠬᠢ ᠪᠥᠬᠥ᠌ ᠲᠠᠯ᠎ᠠ᠎ᠪᠠᠷ ᠨᠡᠭᠡᠭᠡᠯᠲᠡ ᠬᠢᠬᠦ᠌ ᠪᠠᠢᠷᠢᠱᠢᠯ ᠨᠠᠩ ᠲᠡᠭᠦᠯᠳᠡᠷᠵᠢᠵᠡᠢ᠃ 4 ᠰᠠᠷ᠎ᠠ᠎ᠶ᠋ᠢᠨ 11 ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠢᠩᠬᠢᠨᠢ᠎ᠪᠡᠷ ᠫᠠᠢᠰᠠ ᠰᠡᠬᠦᠪᠡ᠃
ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂ 《ᠤᠮᠠᠷᠠᠲᠤ ᠶ᠋ᠢᠨ ᠭᠤᠷᠪᠠᠨ ᠣᠷᠣᠨ》 ᠢ᠋ ᠰᠤᠨᠳᠠᠯᠠᠨ᠂ ᠳᠣᠲᠣᠭᠠᠳᠤ᠎ᠳᠠᠭᠠᠨ ᠨᠠᠶ᠋ᠮᠠᠨ ᠮᠤᠵᠢ ᠣᠷᠣᠨ᠎ᠲᠠᠶ ᠵᠠᠯᠭᠠᠯᠳᠤᠵᠤ᠂ ᠭᠠᠳᠠᠭᠠᠳᠤ ᠳ᠋ᠠᠭᠠᠨ ᠣᠷᠣᠰ ᠮᠣᠩᠭᠣᠯ᠎ᠲᠠᠶ ᠬᠦᠷᠰᠢᠯᠡᠵᠦ ᠪᠠᠢᠭ᠎ᠠ ᠥᠪᠡᠷᠮᠢᠴᠡ ᠣᠷᠣᠨ ᠪᠠᠢᠷᠢ᠎ᠶ᠋ᠢᠨ ᠳᠠᠪᠠᠭᠤᠯᠢᠭ᠎ᠲᠠᠶ᠃ ᠭᠡᠲᠡᠯ᠎ᠡ᠂ ᠤᠷᠳᠤ ᠬᠤᠭᠤᠴᠠᠭᠠᠨ᠎ᠤ ᠲᠤᠷᠱᠢᠬᠢ ᠬᠦᠴᠢᠷᠳᠡᠯ ᠨᠢ ᠡᠨᠡ ᠬᠦ᠌ ᠥᠷᠭᠡᠨ ᠠᠭᠤᠳᠠᠮ ᠨᠤᠲᠤᠭ ᠤᠷᠤᠨ ᠢ 《ᠠᠯᠳᠠᠨ ᠠᠶᠠᠭ᠎ᠠ᠎ᠲᠠᠶ ᠪᠠᠢᠭᠠᠳ ᠢᠳᠡᠬᠦ᠌ ᠬᠣᠭᠣᠯᠠ ᠦᠭᠡᠢ》 ᠪᠠᠢᠳᠠᠯ ᠳ᠋ᠤ ᠪᠠᠢᠯᠭᠠᠪᠠ — ᠡᠳᠦᠷ ᠪᠦᠷᠢ ᠶᠡᠬᠡ ᠬᠡᠮᠵᠢᠶᠡᠨ᠎ᠦ ᠡᠳ᠋ ᠪᠠᠷᠠᠭ᠎ᠠ ᠬᠢᠯᠢ ᠪᠡᠷ ᠦᠩᠭᠡᠷᠡᠳᠡᠭ ᠴᠦ᠍ ᠲᠤᠬᠠᠢ ᠵᠢᠨ ᠭᠠᠵᠠᠷ ᠵᠥᠪᠬᠡᠨ ᠨᠡᠪᠲᠡᠷᠡᠯ ᠵᠠᠮ ᠲᠡᠳᠦᠢ ᠪᠠᠢᠵᠦ᠂ ᠨᠡᠮᠡᠯᠲᠡ ᠦᠷᠳᠡᠭ ᠨᠢ ᠲᠤᠩ ᠪᠠᠭ᠎ᠠ ᠪᠠᠢᠯ᠎ᠠ᠃ ᠡᠨᠡ ᠪᠣᠯ ᠳᠠᠷᠤᠢ ᠬᠢᠯᠢ ᠳᠠᠭᠠᠤ ᠨᠡᠬᠡᠬᠡᠯᠳᠡ ᠬᠢᠬᠦ᠌ ᠳᠤᠮᠳᠠᠬᠢ ᠨᠡᠢᠲᠡᠯᠢᠭ 《ᠶᠡᠬᠡ ᠨᠡᠪᠳᠡᠷᠡᠯ ᠵᠠᠮ᠂ ᠪᠠᠭ᠎ᠠ ᠲᠠᠪᠴᠠᠩ》 ᠤ᠋ᠨ ᠡᠪᠡᠷᠱᠢᠶᠡᠯ ᠪᠣᠯᠤᠨ᠎ᠠ᠃ ᠬᠠᠷᠢᠨ ᠦᠨᠦ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠴᠤᠬᠤᠯᠠᠪᠤᠷᠢᠯᠠᠬᠳᠠᠭᠰᠠᠨ ᠨᠢ ᠡᠨᠡ ᠬᠦ᠌ ᠬᠦᠴᠢᠷᠳᠡᠯ᠎ᠢ ᠲᠠᠪᠠᠬᠤ 《ᠲᠦᠷᠢᠮ᠎ᠦᠨ ᠲᠦᠯᠬᠢᠭᠦᠷ》 ᠪᠣᠯᠤᠭ᠍ᠰᠠᠨ ᠨᠢ ᠳᠠᠮᠵᠢᠭ ᠦᠭᠡᠢ᠃
ᠲᠡᠭᠡᠪᠡᠯ ᠴᠢᠯᠦᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠢ ᠶᠠᠭᠤᠨ᠎ᠳᠤ ᠥᠪᠥᠷ ᠮᠣᠩᠭᠣᠯ ᠳ᠋ᠦ ᠪᠠᠢᠭᠤᠯᠤᠬᠰᠠᠨ ᠪᠤᠢ? ᠶᠠᠭᠠᠬᠢᠭᠠᠳ ᠡᠨᠡ ᠴᠠᠭ ᠮᠦᠴᠡ ᠳ᠋ᠤ ᠪᠠᠢᠭᠤᠯᠤᠬᠰᠠᠨ ᠪᠣᠶ? ᠬᠠᠷᠢᠭᠤᠯᠲᠠ ᠨᠢ ᠤᠯᠤᠰ ᠤᠨ ᠪᠠᠢᠯᠳᠤᠬᠤ ᠪᠤᠳᠤᠯᠭ᠎ᠠ᠎ᠶ᠋ᠢᠨ ᠠᠤᠭ᠎ᠠ ᠶᠡᠬᠡ ᠪᠠᠢᠷᠢᠱᠢᠭᠤᠯᠤᠯᠲᠠ ᠪᠣᠯᠤᠨ ᠴᠠᠭ ᠦᠶ᠎ᠡ ᠶ᠋ᠢᠨ ᠬᠥᠭ᠌ᠵᠢᠯᠲᠡ᠎ᠶ᠋ᠢᠨ ᠠᠬᠤᠢᠴᠢ ᠯᠣᠭᠢᠭ᠎ᠲᠤ ᠠᠭᠤᠯᠤᠬᠳᠠᠵᠤ ᠪᠤᠢ᠃
ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠴᠢᠬᠤᠯᠠ ᠨᠠᠢᠳᠠᠪᠦᠷᠢᠵᠢᠭᠤᠯᠤᠯᠳᠠ
ᠳᠤᠮᠳᠠᠳᠤ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠭᠡᠳᠡᠭ ᠨᠢ ᠳᠤᠮᠳᠠᠳᠤ ᠤᠯᠤᠰ᠎ᠤᠨ ᠬᠢᠯᠢ ᠳᠣᠲᠣᠷ᠎ᠠ ᠪᠠᠢᠭᠤᠯᠤᠯ᠎ᠦᠨ ᠱᠢᠨ᠎ᠡ᠎ᠶ᠋ᠢ ᠡᠭᠦᠳᠬᠦ᠌᠎ᠪᠡᠷ ᠭᠣᠣᠯ ᠪᠣᠯᠭᠠᠭ᠍ᠰᠠᠨ ᠠᠵᠤ ᠠᠬᠤᠢ᠎ᠶ᠋ᠢᠨ ᠴᠢᠳᠠᠮᠵᠢᠳᠤ ᠣᠷᠣᠨ᠎ᠢ ᠪᠠᠢᠭᠤᠯᠵᠤ᠂ 《ᠬᠢᠯᠢ᠎ᠶ᠋ᠢᠨ ᠳᠣᠲᠣᠷ᠎ᠠ ᠪᠣᠭᠣᠮᠲᠠ ᠵᠢᠨ ᠭᠠᠳᠠᠨᠠᠬᠢ》ᠬᠠᠮᠢᠶᠠᠷᠤᠯᠲᠠ᠎ᠶ᠋ᠢᠨ ᠵᠠᠭ᠍ᠪᠤᠷ ᠢ ᠬᠡᠷᠡᠭ᠌ᠵᠢᠭᠦᠯᠵᠦ᠍᠂ ᠠᠷᠠᠯᠵᠢᠶᠠᠨ᠎ᠤ ᠳᠥᠭᠥᠮᠵᠢᠯᠲᠡ᠂ ᠪᠡᠯᠡ ᠣᠷᠣᠭᠤᠯᠤᠯᠲᠠ᠎ᠶ᠋ᠢᠨ ᠴᠢᠯᠥᠭᠡᠵᠢᠯᠲᠡ ᠪᠠ ᠮᠥᠩᠭᠥᠨ ᠭᠦᠢᠯᠭᠡᠭᠡᠨ᠎ᠦ ᠳᠡᠯᠡᠬᠡᠢᠴᠢᠯᠡᠯᠲᠡᠶ᠋ᠢ ᠠᠬᠢᠭᠤᠯᠬᠤ᠎ᠶ᠋ᠢ ᠵᠢᠭᠠᠵᠤ ᠪᠠᠢᠨ᠎ᠠ᠂ ᠳᠤᠮᠳᠠᠳᠤ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ ᠨᠢ 13 ᠵᠢᠯ᠎ᠦᠨ ᠶᠠᠪᠤᠴᠠ᠎ᠶ᠋ᠢ ᠥᠩᠭᠡᠷᠡᠭᠡᠵᠦ᠍᠂ ᠥᠩᠭᠡᠷᠡᠭ᠌ᠰᠡᠨ᠎ᠦ ᠪᠠᠢᠷᠢᠯᠠᠭᠤᠯᠤᠯᠲᠠ ᠨᠢ ᠲᠠᠯᠠᠢ ᠳᠠᠭᠠᠤ᠂ ᠮᠥᠷᠡᠨ ᠳᠠᠭᠠᠤ ᠪᠠ ᠬᠡᠰᠡᠭ ᠡᠮᠦᠨᠡᠲᠦ ᠤᠷᠤᠨ᠎ᠤ ᠬᠢᠯᠢ ᠳᠠᠭᠠᠤ ᠣᠷᠣᠨ᠎ᠳᠤ ᠨᠡᠩ ᠢᠯᠡᠭᠦᠦ ᠲᠥᠪᠯᠡᠷᠡᠵᠦ᠍ ᠪᠠᠢᠪᠠ᠃《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠠᠢᠭᠤᠯᠬᠤ᠎ᠪᠠᠷ ᠲᠣᠭ᠍ᠲᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠪᠠᠢᠷᠢᠱᠢᠭᠤᠯᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠂ ᠡᠨᠡ ᠪᠤᠯ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌ ᠴᠢᠬᠤᠯᠠ ᠪᠠᠢᠷᠢᠯᠠᠭᠤᠯᠤᠯᠲᠠ ᠪᠣᠯᠤᠨ᠎ᠠ᠂ ᠮᠥᠨ ᠴᠦ᠍ ᠱᠢᠨ᠎ᠡ ᠴᠠᠭ ᠦᠶ᠎ᠡ᠎ᠶ᠋ᠢᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
《ᠪᠦᠬᠦ᠌ ᠪᠥᠮᠪᠥᠷᠴᠡᠭ ᠦᠨ ᠠᠵᠤ ᠠᠬᠤᠢ᠎ᠶ᠋ᠢᠨ ᠪᠠᠢᠷᠢᠱᠢᠯ᠎ᠳᠤ ᠭᠦᠨᠵᠡᠭᠡᠢ ᠲᠤᠬᠢᠷᠠᠭᠤᠯᠤᠯᠳᠠ ᠬᠢᠵᠦ᠍ ᠪᠠᠢᠭ᠎ᠠ ᠠᠬᠤᠢ ᠪᠠᠢᠳᠠᠯ ᠳᠣᠣᠷ᠎ᠠ᠂ ᠮᠠᠨ᠎ᠤ ᠤᠯᠤᠰ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠪᠠᠷ ᠳᠤᠷᠠᠳᠴᠠᠢ᠃ ᠥᠪᠥᠷ ᠮᠣᠩᠭᠣᠯ᠎ᠤᠨ ᠥᠪᠡᠷᠮᠢᠴᠡ ᠣᠷᠣᠨ ᠪᠠᠢᠷᠢ ᠨᠢ ᠲᠡᠭᠦᠨ᠎ᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠱᠢᠯᠤᠭᠤᠳᠭᠠᠬᠤ᠎ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ᠎ᠲᠡᠶ ᠪᠣᠯᠭᠠᠵᠠᠢ》 ᠬᠡᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠥᠪᠥᠷ ᠮᠣᠩᠭᠣᠯ᠎ᠤᠨ《ᠨᠢᠭᠡ ᠪᠦᠰᠡ ᠨᠢᠭᠡ ᠵᠠᠮ》 ᠰᠤᠳᠤᠯᠬᠤ ᠭᠠᠵᠠᠷ᠎ᠤᠨ ᠳᠡᠳ᠋ ᠳᠠᠷᠤᠭ᠎ᠠ᠂ ᠳᠡᠳ᠋ ᠰᠤᠳᠤᠯᠤᠭ᠍ᠴᠢ ᠵᠣᠷᠢᠭ᠍ᠲᠤ ᠬᠡᠯᠡᠨ᠎ᠠ᠃ ᠲᠡᠬᠦᠨ ᠤ ᠲᠠᠨᠢᠯᠴᠠᠭᠤᠯᠤᠭᠰᠠᠨ ᠵᠢᠡᠷ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠬᠤ ᠪᠤᠯ ᠥᠪᠥᠷ ᠮᠣᠩᠭᠣᠯ᠎ᠤᠨ ᠳᠣᠲᠣᠭᠠᠳᠤᠳ᠋ᠠᠭᠠᠨ ᠨᠠᠶ᠋ᠮᠠᠨ ᠮᠤᠵᠢ ᠤᠷᠤᠨ᠎ᠲᠠᠢ ᠵᠠᠯᠭᠠᠯᠳᠤᠵᠤ ᠨᠡᠢᠰᠯᠡᠯ ᠡᠴᠡ ᠤᠢᠷᠠᠬᠠᠨ ᠪᠠᠢᠵᠦ᠂ ᠭᠠᠳᠠᠭᠠᠳᠤ ᠳ᠋ᠠᠭᠠᠨ ᠣᠷᠣᠰ ᠮᠣᠩᠭᠣᠯ᠎ᠲᠠᠶ ᠬᠦᠷᠰᠢᠯᠡᠵᠦ ᠧᠦ᠋ᠷᠣᠫᠠ ᠠᠽᠢᠶ᠎ᠠ᠎ᠲᠠᠢ ᠨᠡᠪᠳᠡᠷᠡᠯᠴᠡᠭᠰᠡᠨ ᠥᠪᠡᠷᠮᠢᠴᠡ ᠣᠷᠣᠨ ᠪᠠᠢᠷᠢ᠎ᠶ᠋ᠢᠨ ᠳᠠᠪᠠᠭᠤᠯᠢᠭ ᠢ᠋ ᠭᠦᠶ᠋ᠴᠡᠳ ᠪᠠᠳᠠᠷᠠᠭᠤᠯᠵᠦ᠂ ᠲᠠᠪᠤᠨ ᠶᠡᠬᠡ ᠪᠠᠢᠯᠳᠤᠬᠤ ᠪᠤᠳᠤᠯᠭ᠎ᠠ ᠵᠢᠨ ᠡᠭᠦᠷᠭᠡ ᠶ᠋ᠢ ᠬᠦᠨᠵᠡᠬᠡᠢ ᠨᠠᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠣᠷᠣᠯᠴᠠᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠶ᠎ᠶ᠋ᠢᠨ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠥᠨᠳᠥᠷᠯᠢᠭ ᠪᠠ ᠪᠥᠬᠥ᠌ ᠤᠯᠤᠰ᠎ᠤᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠵᠦ ᠪᠠᠲᠤᠯᠠᠭ᠎ᠠ ᠬᠠᠩᠭᠠᠬᠤ ᠵᠢᠱ᠌ᠢᠶ᠎ᠡ ᠦᠵᠡᠭᠦᠯᠬᠦ᠌ ᠣᠷᠣᠨ ᠪᠦᠰᠡ᠎ᠵᠢ ᠪᠦᠲᠦᠬᠡᠨ ᠪᠠᠢᠭᠤᠯᠵᠦ᠂ ᠬᠢᠯᠢ ᠬᠢᠵᠠᠭᠠᠷ᠎ᠢ ᠲᠤᠬᠳᠠᠪᠤᠷᠢᠵᠢᠭᠤᠯᠵᠦ ᠬᠢᠯᠢ ᠬᠢᠵᠠᠭᠠᠷ᠎ᠢ ᠪᠡᠬᠢᠵᠢᠭᠦᠯᠬᠦ᠂ ᠬᠦᠷᠰᠢ ᠵᠡᠷᠬᠡᠯᠡᠳᠡᠬᠡ ᠯᠤᠭᠡ ᠡᠪᠯᠡᠵᠦ ᠲᠦᠰᠦᠪᠯᠡᠬᠦ᠂ ᠪᠦᠬᠦ᠌ ᠤᠯᠤᠰ ᠲᠦ᠍ ᠦᠢᠯᠡᠴᠢᠯᠡᠬᠦ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠴᠡᠭ᠎ᠢ ᠪᠠᠢᠭᠤᠯᠬᠤ ᠬᠡᠷᠡᠭ᠌ᠴᠡᠭᠡ ᠮᠦᠨ᠂ ᠪᠠᠰᠠ ᠴᠦ᠍ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠥᠨᠳᠥᠷ ᠲᠦᠪᠱᠢᠨ ᠪᠥᠬᠥᠶ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌᠎ᠶ᠋ᠢ ᠬᠦᠴᠦᠲᠡᠶ ᠠᠬᠢᠭᠤᠯᠬᠤ ᠪᠡᠷ ᠪᠠᠷᠠᠬᠤ ᠦᠭᠡᠶ᠂ ᠪᠠᠰᠠ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠬᠦ ᠪᠤᠯᠤᠨ᠎ᠠ ᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠭᠦᠯᠡᠭ᠌ᠴᠢ 4 ᠰᠠᠷ᠎ᠠ᠎ᠶ᠋ᠢᠨ 10 ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠎ᠡᠴᠡ ᠡᠷᠭᠢᠯᠡᠨ ᠬᠤᠷᠠᠯᠳᠤᠭᠤᠯᠤᠬᠰᠠᠨ ᠲᠥᠷᠥ᠎ᠶ᠋ᠢᠨ ᠪᠣᠳᠣᠯᠭ᠎ᠠ᠎ᠶ᠋ᠢᠨ ᠪᠠᠢᠳᠠᠯ ᠢ᠋ ᠮᠡᠳᠡᠭᠳᠡᠬᠦ ᠵᠤᠷᠱᠢᠯᠲᠤ ᠬᠤᠷᠠᠯ ᠳᠡᠭᠡᠷ᠎ᠡ᠂ ᠥᠪᠥᠷ ᠮᠣᠩᠭᠣᠯ᠎ᠳᠤ 20 ᠭᠠᠳᠠᠭᠠᠳᠤ ᠨᠡᠭᠡᠭᠡᠯᠲᠡ ᠵᠢᠨ ᠬᠢᠯᠢ ᠵᠢᠨ ᠪᠣᠭᠣᠮᠲᠠ᠎ᠲᠠᠶ ᠪᠠᠢᠵᠤ᠂ ᠪᠥᠬᠥ᠌ ᠤᠯᠤᠰ᠎ᠤᠨ ᠴᠣᠷ ᠤᠨ ᠭᠠᠭ᠍ᠴᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠵᠡᠭᠦᠨ ᠨᠡᠪᠲᠡᠷᠡᠯ ᠵᠠᠮ ᠪᠠ ᠳᠤᠮᠳᠠ ᠨᠡᠪᠲᠡᠷᠡᠯ ᠵᠠᠮ ᠦᠩᠭᠡᠷᠡᠵᠦ ᠪᠠᠢᠭ᠎ᠠ ᠮᠤᠵᠢ ᠣᠷᠣᠨ ᠪᠣᠯᠤᠨ᠎ᠠ᠂ ᠡᠨᠡ᠎ᠨᠢ ᠮᠠᠨ᠎ᠤ ᠤᠯᠤᠰ᠎ᠤᠨ ᠦᠶ᠋ᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠯᠠᠨ ᠤᠯᠤᠰ᠎ᠤᠨ ᠪᠠ ᠤᠯᠤᠰ᠎ᠤᠨ ᠳᠣᠲᠣᠭᠠᠳᠤ᠎ᠶ᠋ᠢᠨ ᠬᠠᠮᠲᠤᠷᠠᠯᠴᠠᠭ᠎ᠠ᠎ᠶ᠋ᠢ ᠲᠤᠯᠭᠠᠭᠤᠷᠢᠯᠠᠬᠤ《ᠱᠢᠵᠢᠷ ᠠᠯᠲᠠᠨ ᠨᠡᠪᠲᠡᠷᠡᠯ ᠵᠠᠮ》 ᠪᠣᠯᠬᠤ ᠪᠥᠭᠡᠳ ᠪᠠᠰᠠ ᠱᠢᠨ᠎ᠡ ᠴᠠᠭ ᠦᠶ᠎ᠡ᠎ᠵᠢᠨ ᠤᠮᠠᠷᠠᠰᠢ ᠨᠡᠭᠡᠭᠡᠯᠲᠡ ᠬᠢᠬᠦ᠌ᠳ᠋ᠤ ᠪᠠᠳᠤᠯᠠᠭ᠎ᠠ ᠬᠠᠩᠭᠠᠵᠦ ᠦᠶ᠋ᠯᠡᠴᠢᠯᠡᠬᠦ᠌ ᠴᠢᠬᠤᠯᠠ ᠲᠤᠯᠭᠠᠭᠤᠷᠢᠯᠠᠯ ᠪᠣᠯᠤᠨ᠎ᠠ ᠭᠡᠵᠦ ᠢᠯᠡᠳᠭᠡᠪᠡ᠃
ᠥᠪᠥᠷ ᠮᠣᠩᠭᠣᠯ ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠴᠤᠬᠤᠯᠠᠪᠤᠷᠢᠯᠠᠬᠳᠠᠭᠰᠠᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠴᠢᠬᠤᠯᠠ ᠨᠠᠢᠳᠠᠪᠤᠷᠢᠵᠢᠭᠤᠯᠤᠯᠲᠠ ᠪᠣᠯᠤᠨ᠎ᠠ᠃ ᠥᠪᠥᠷ ᠮᠣᠩᠭᠣᠯ ᠪᠣᠯ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠤᠨ᠎ᠠ᠃ 《ᠶᠡᠷᠦᠩᠬᠡᠶ ᠲᠥᠰᠦᠯ》 ᠨᠢ ᠤᠮᠠᠷᠠᠰᠢ ᠨᠡᠭᠡᠭᠡᠯᠲᠡ ᠬᠢᠬᠦ᠌ ᠣᠯᠠᠨ ᠤᠯᠤᠰ᠎ᠤᠨ ᠶᠡᠬᠡ ᠨᠡᠪᠳᠡᠷᠡᠯ ᠵᠠᠮ᠎ᠢ ᠰᠠᠭᠠᠳ ᠥᠬᠡᠶ ᠨᠡᠪᠲᠡᠷᠡᠭᠦᠯᠬᠦ᠌᠂ ᠳᠣᠲᠣᠭᠠᠳᠤ ᠭᠠᠳᠠᠭᠠᠳᠤ ᠵᠢ ᠬᠤᠯᠪᠤᠭᠰᠠᠨ ᠠᠷᠠᠯᠵᠢᠶᠠᠨ᠎ᠤ ᠵᠠᠩᠭᠢᠯᠠᠭ᠎ᠠ᠎ᠶ᠋ᠢᠨ ᠴᠡᠭ᠎ᠢ ᠴᠣᠭ᠍ᠴᠠᠯᠠᠬᠤ ᠵᠡᠷᠭᠡ ᠲᠠᠯ᠎ᠠ᠎ᠪᠠᠷ ᠠᠯᠢ ᠣᠯᠠᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠡᠭᠦᠷᠭᠡ᠎ᠶ᠋ᠢ ᠪᠠᠢᠷᠢᠯᠠᠭᠤᠯᠪᠠ᠃ ᠵᠢᠱ᠌ᠢᠶᠡᠯᠡᠪᠡᠯ᠂《ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠬᠦᠢᠰᠤ ᠵᠠᠩᠭᠢᠯᠠᠭ᠎ᠠ᠎ᠶ᠋ᠢᠨ ᠴᠡᠭ ᠬᠤᠳᠠ ᠬᠥᠬᠡᠬᠣᠲᠠ ᠪᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠮᠠᠨᠵᠤᠤᠷ᠂ ᠡᠷᠢᠶᠡᠨ ᠬᠤᠳᠠ᠎ᠶ᠋ᠢᠨ ᠬᠢᠯᠢ ᠳᠠᠭᠠᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ》᠂ ᠥᠷᠭᠡᠨ ᠲᠡᠮᠦᠷ ᠵᠠᠮ᠎ᠢᠶᠠᠷ ᠱᠢᠭᠤᠳ ᠬᠦᠷᠬᠦ᠌ ᠵᠢᠱᠢᠶᠠᠨ᠎ᠤ ᠭᠠᠯᠲᠤ ᠲᠡᠷᠭᠡ᠂ ᠲᠤᠰᠬᠠᠢ ᠲᠤᠬᠢᠷᠠᠭᠤᠯᠤᠬᠰᠠᠨ ᠵᠢᠱᠢᠶᠠᠨ᠎ᠤ ᠭᠠᠯᠲᠤ ᠲᠡᠷᠭᠡ ᠵᠡᠷᠭᠡ ᠦᠢᠯᠡᠴᠢᠯᠡᠭᠡᠨ᠎ᠦ ᠴᠢᠳᠠᠮᠵᠢ᠎ᠶ᠋ᠢ ᠥᠷᠭᠡᠳᠭᠡᠵᠦ᠍᠂ ᠬᠢᠯᠢ ᠠᠯᠤᠰᠯᠠᠭ᠍ᠰᠠᠨ ᠪᠠᠷᠠᠭᠠᠨ᠎ᠤ ᠭᠦᠢᠯᠭᠡᠭᠡ ᠵᠢᠨ ᠦᠷ᠎ᠡ ᠪᠦᠲᠦᠮᠵᠢ ᠪᠠ ᠨᠥᠯᠥᠭᠡᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠱᠢᠯᠤᠭᠤᠳᠭᠠᠬᠤ ᠳᠤᠮᠳᠠ ᠨᠡᠩ ᠶᠡᠬᠡ ᠦᠢᠯᠡᠳᠦᠯ ᠦᠵᠡᠭᠦᠯᠦᠨ᠎ᠡ᠃
ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠂ ᠨᠡᠭᠦᠷᠡᠰᠦᠨ᠎ᠦ ᠦᠶ᠋ᠯᠡᠳᠪᠦᠷᠢᠯᠡᠯ᠎ᠦᠨ ᠴᠢᠳᠠᠪᠤᠷᠢ᠂ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ᠂ ᠭᠠᠳᠠᠭ᠍ᠰᠢ ᠬᠦᠷᠭᠡᠵᠦ ᠪᠠᠢᠭ᠎ᠠ ᠴᠠᠬᠢᠯᠭᠠᠨ᠎ᠤ ᠬᠡᠮᠵᠢᠶ᠎ᠡ ᠵᠢᠴᠢ 20 ᠵᠦᠶ᠋ᠯ᠎ᠦᠨ ᠠᠭᠤᠷᠬᠠᠶ᠎ᠶ᠋ᠢᠨ ᠭᠠᠷᠤᠯᠲᠠ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ ᠴᠥᠮ ᠪᠥᠬᠥ᠌ ᠤᠯᠤᠰ᠎ᠲᠤ ᠲᠦᠷᠦᠭᠦᠯᠡᠵᠤ ᠪᠤᠢ᠃《ᠶᠡᠷᠦᠩᠬᠡᠶ ᠲᠥᠰᠦᠯ》᠎ᠳ᠋ᠤ《ᠵᠡᠰ᠂ ᠺᠠᠯᠢ᠎ᠶ᠋ᠢᠨ ᠪᠣᠷᠲᠣᠭᠣᠷ᠂ ᠬᠠᠢᠯᠤᠭᠤᠷ ᠵᠣᠩᠰᠢ ᠵᠡᠷᠭᠡ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠎ᠢ ᠨᠥᠭᠡᠴᠡᠯᠡᠬᠦ᠌ ᠰᠠᠭᠤᠷᠢᠨ ᠪᠠ ᠥᠩᠭᠡᠲᠦ ᠲᠡᠮᠦᠷᠯᠢᠭ᠂ ᠱᠢᠩᠭᠡᠨᠵᠢᠮᠡᠯ ᠴᠢᠯᠠᠭᠤᠨ ᠲᠣᠰᠣ ᠬᠡᠶ᠎ᠶ᠋ᠢ ᠭᠦᠨᠵᠡᠭᠡᠶ ᠪᠣᠯᠪᠠᠰᠤᠷᠠᠭᠤᠯᠬᠤ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠳᠡᠮᠵᠢᠬᠦ᠌》ᠵᠡᠷᠭᠡ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠡᠭᠦᠷᠭᠡ᠎ᠶ᠋ᠢ ᠳᠤᠷᠠᠳᠴᠠᠶ᠃
ᠥᠪᠥᠷ ᠮᠣᠩᠭᠣᠯ ᠪᠣᠯ ᠨᠡᠷ᠎ᠡ ᠨᠢᠳᠡᠷ᠎ᠲᠡᠬᠡᠨ ᠨᠡᠢᠴᠡᠭ᠌ᠰᠡᠨ ᠤᠯᠤᠰ᠎ᠤᠨ《ᠠᠮᠤ ᠵᠢᠨ ᠰᠠᠩ 》᠂《ᠮᠢᠬᠠᠨ᠎ᠤ ᠬᠥᠮᠥᠷᠭᠡ》᠂ 《ᠰᠦ ᠶ᠋ᠢᠨ ᠬᠦᠨᠦᠭ》 ᠪᠣᠯᠤᠨ᠎ᠠ᠃ ᠠᠮᠤ ᠪᠤᠳᠠᠭᠠᠨ᠎ᠤ ᠤᠨᠠᠯᠳᠠ ᠬᠣᠶᠠᠷ ᠵᠢᠯ ᠳᠠᠷᠠᠭᠠᠯᠠᠨ 800 ᠳ᠋ᠦᠩᠱᠢᠭᠤᠷ ᠵᠢᠩ᠎ᠢ ᠳᠠᠪᠠᠵᠤ᠂ ᠦᠬᠡᠷ ᠬᠣᠨᠢᠨ ᠮᠢᠬᠠᠨ᠎ᠤ ᠭᠠᠷᠤᠯᠲᠠ᠂ ᠦᠨᠢᠶᠡᠨ ᠰᠦ ᠶ᠋ᠢᠨ ᠭᠠᠷᠤᠯᠲᠠ ᠪᠥᠬᠥ᠌ ᠤᠯᠤᠰ᠎ᠲᠤ ᠲᠦᠷᠦᠭᠦᠯᠡᠪᠡ᠃《ᠶᠡᠷᠦᠩᠬᠡᠶ ᠲᠥᠰᠦᠯ》 ᠳ᠋ᠤ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢ ᠬᠥᠭ᠌ᠵᠢᠭᠦᠯᠬᠦ᠌᠂ ᠪᠣᠬᠢᠷᠲᠤᠯ ᠥᠬᠡᠶ ᠢᠳᠡᠭᠡᠨ᠎ᠦ ᠭᠡᠷᠡᠴᠢᠯᠡᠯ᠎ᠢ ᠠᠬᠢᠭᠤᠯᠬᠤ᠂ ᠴᠢᠨᠠᠷ ᠰᠠᠢᠲᠠᠶ ᠡᠭᠦᠯᠳᠡᠷ᠎ᠦᠨ ᠡᠬᠢ ᠪᠠᠶᠠᠯᠢᠭ᠎ᠢ ᠣᠷᠣᠭᠤᠯᠬᠤ ᠵᠡᠷᠭᠡ᠎ᠶ᠋ᠢᠨ ᠲᠣᠭᠣᠷᠢᠨ᠎ᠳᠤ ᠪᠠᠢᠷᠢᠯᠠᠭᠤᠯᠤᠯᠲᠠ ᠬᠢᠪᠠ᠃
《ᠶᠡᠷᠦᠩᠬᠡᠢ ᠲᠥᠰᠦᠯ》 ᠢ᠋ ᠤᠷᠪᠠᠭᠤᠯᠵᠤ ᠦᠵᠡᠪᠡᠯ᠂ 《ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ》 ᠪᠣᠯ ᠴᠢᠬᠤᠯᠠ ᠡᠭᠦᠷᠭᠡ ᠪᠣᠯᠤᠨ᠎ᠠ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠭᠦᠨᠵᠡᠭᠡᠢ ᠠᠬᠢᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠡᠭᠡ ᠤᠯᠤᠰ᠎ᠤᠨ ᠤᠮᠠᠷᠠᠲᠤ ᠬᠢᠯᠢ᠎ᠳᠦ ᠪᠠᠲᠤ ᠪᠡᠬᠢ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠵᠠᠢ᠃ 《ᠲᠥᠰᠦᠯ》 ᠳ᠋ᠤ《ᠳᠤᠮᠳᠠᠳᠤ ᠮᠣᠩᠭᠣᠯ᠎ᠤᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠲᠥᠪ᠂ ᠵᠢᠱ᠌ᠢᠶ᠎ᠡ ᠦᠵᠡᠭᠦᠯᠬᠦ᠌ ᠰᠠᠭᠤᠷᠢᠨ᠂ ᠡᠯᠡᠰᠦ ᠲᠣᠭᠣᠰᠣ᠎ᠶ᠋ᠢ ᠬᠢᠨᠠᠨ ᠬᠡᠮᠵᠢᠬᠦ᠌ ᠥᠷᠲᠡᠭᠡ ᠵᠡᠷᠭᠡ ᠲᠥᠷᠥᠯ ᠵᠦᠶ᠋ᠯ᠎ᠦᠨ ᠬᠡᠷᠡᠭ᠌ᠵᠢᠭᠦᠯᠦᠯᠲᠡ᠎ᠶ᠋ᠢ ᠠᠬᠢᠭᠤᠯᠬᠤ》ᠵᠡᠷᠭᠡ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠡᠭᠦᠷᠭᠡ᠎ᠶ᠋ᠢ ᠲᠣᠳᠣᠷᠬᠠᠶ ᠳᠤᠷᠠᠳᠴᠤ᠌᠂ ᠠᠮᠢ ᠠᠬᠤᠶ᠎ᠶ᠋ᠢᠨ ᠳᠠᠪᠠᠭᠤᠯᠢᠭ᠎ᠢ ᠦᠷᠭᠦᠯᠵᠢᠯᠡᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ ᠬᠡᠵᠦ ᠲᠤᠷᠠᠳᠪᠠ᠃
ᠠᠮᠤᠷ ᠲᠦᠪᠱᠢᠨ᠎ᠦ ᠲᠠᠯ᠎ᠠ᠎ᠪᠡᠷ᠂ ᠥᠪᠥᠷ ᠮᠣᠩᠭᠣᠯ ᠪᠣᠯ ᠡᠬᠡ ᠤᠯᠤᠰ᠎ᠤᠨ《ᠤᠮᠠᠷᠠᠲᠤ ᠶᠡᠬᠡ ᠬᠠᠭᠠᠯᠭ᠎ᠠ》ᠪᠠᠢᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ 《ᠶᠡᠷᠦᠩᠬᠡᠶ ᠲᠥᠰᠦᠯ》 ᠳ᠋ᠤ ᠲᠤᠰᠭᠠᠢᠯᠠᠨ《ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠬᠦ᠌》 ᠪᠦᠯᠦᠭ ᠲᠤᠬᠢᠷᠠᠭᠤᠯᠵᠦ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠬᠢᠯᠢ ᠠᠯᠤᠰᠯᠠᠭ᠍ᠰᠠᠨ ᠠᠷᠠᠯᠵᠢᠶ᠎ᠠ᠂ ᠮᠥᠩᠭᠥᠨ ᠭᠦᠶ᠋ᠯᠭᠡᠭᠡᠨ᠂ ᠲᠣᠭ᠎ᠠ ᠪᠠᠷᠢᠮᠲᠠ ᠵᠡᠷᠭᠡ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠲᠣᠭ᠍ᠲᠡᠴᠡ᠎ᠶ᠋ᠢ ᠪᠦᠷᠢᠨᠱᠢᠭᠦᠯᠵᠦ᠍᠂ ᠪᠣᠭᠣᠮᠲᠠ᠎ᠶ᠋ᠢᠨ ᠣᠶᠤᠨᠴᠢ ᠬᠢᠨᠠᠯᠲᠠ ᠬᠠᠮᠢᠶᠠᠷᠤᠯᠲᠠ ᠪᠠ ᠪᠠᠴᠢᠮ ᠪᠠᠢᠳᠠᠯ᠎ᠢ ᠠᠷᠭᠠᠴᠡᠭᠠᠬᠤ ᠬᠠᠮᠵᠢᠯᠴᠠᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠥᠨᠳᠥᠷ ᠲᠦᠪᠱᠢᠨ ᠪᠥᠬᠥᠶ ᠠᠮᠤᠷ ᠲᠦᠪᠱᠢᠨ᠎ᠢᠶᠡᠷ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠨ᠎ᠠ ᠬᠡᠵᠦ ᠲᠤᠷᠠᠳᠴᠠᠢ᠃
《ᠨᠡᠪᠲᠡᠷᠡᠯᠴᠡᠪᠡᠴᠦ ᠲᠦᠪᠯᠡᠷᠡᠨᠭᠭᠦᠢ ᠪᠤᠰᠤ》 ᠳᠦᠷᠢᠮ᠎ᠤᠨ ᠪᠦᠰᠡᠯᠡᠯᠲᠡ᠎ᠶ᠋ᠢ ᠡᠪᠳᠡᠨ᠎ᠡ
《ᠲᠠᠯ᠎ᠠ ᠨᠤᠲᠤᠭ᠎ᠤᠨ ᠬᠢᠯᠢ᠎ᠶ᠋ᠢᠨ ᠬᠤᠳᠠ》ᠡᠷᠢᠶᠡᠨ ᠬᠤᠳᠠ ᠪᠡᠷ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠤᠯᠤᠰ᠎ᠤᠨ ᠡᠭᠦᠳᠡ ᠲᠠᠮᠵᠢᠨ ᠡᠳᠦᠷ ᠪᠦᠷᠢ ᠦᠨᠭᠭᠡᠷᠡᠳᠡᠭ᠃ 2025 ᠣᠨ ᠳᠤ᠂ ᠥᠪᠥᠷ ᠮᠣᠩᠭᠣᠯ᠎ᠤᠨ ᠬᠠᠭᠤᠷᠠᠶ ᠵᠠᠮ ᠤᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ ᠶ᠋ᠢᠨ ᠬᠡᠮᠵᠢᠶ᠎ᠡ 1.32 ᠳ᠋ᠦᠩᠱᠢᠭᠤᠷ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 8.3% ᠪᠠᠷ ᠨᠡᠮᠡᠭ᠌ᠳᠡᠵᠦ᠍᠂ 3 ᠵᠢᠯ ᠳᠠᠷᠠᠭᠠᠯᠠᠨ 1 ᠳ᠋ᠦᠩᠱᠢᠭᠤᠷ ᠲᠣᠨ᠎ᠢ ᠳᠠᠪᠠᠪᠠ᠃ 9557 ᠴᠤᠪᠤᠭ᠎ᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠬᠢᠯᠢ᠎ᠪᠡᠷ ᠦᠩᠬᠡᠷᠡᠵᠦ᠂ ᠠᠳᠠᠯᠢ ᠬᠤᠭᠤᠴᠠᠭᠠᠨ᠎ᠤ ᠬᠢ᠎ᠡᠴᠡ 16.9% ᠪᠡᠷ ᠨᠡᠮᠡᠭ᠌ᠳᠡᠵᠦ᠍᠂ ᠪᠦᠬᠦ᠌ ᠤᠯᠤᠰ᠎ᠤᠨ ᠬᠠᠭᠠᠰ ᠱᠢᠬᠠᠮ᠎ᠢ ᠡᠵᠡᠯᠡᠪᠡ᠃
ᠪᠠᠷᠠᠭ᠎ᠠ ᠥᠩᠭᠡᠷᠡᠬᠦ᠌ ᠬᠡᠮᠵᠢᠶ᠎ᠡ ᠤᠷᠳᠤ ᠬᠤᠭᠤᠴᠠᠭ᠎ᠠ ᠡᠮᠦᠨᠡᠬᠦᠷ ᠤᠷᠤᠵᠦ ᠪᠠᠢᠭ᠎ᠠ ᠴᠦ᠍《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠪᠠᠢᠳᠠᠯ᠎ᠳᠤ ᠤᠷᠤᠰᠢᠵᠦ ᠪᠠᠢᠪᠠ — ᠶᠡᠬᠡ ᠬᠡᠮᠵᠢᠶᠡᠨ᠎ᠦ ᠪᠠᠷᠠᠭ᠎ᠠ ᠥᠩᠭᠡᠷᠡᠭᠰᠡᠨ ᠴᠤ᠌᠂ ᠠᠵᠤ ᠦᠢᠯᠡᠰ᠎ᠦᠨ ᠨᠡᠮᠡᠯᠲᠡ ᠥᠷᠲᠡᠭ᠎ᠨᠢ ᠬᠠᠷᠢᠴᠠᠩᠭᠤᠢᠪᠠᠭᠠ ᠪᠠᠢᠯ᠎ᠠ᠃ ᠶᠠᠭ ᠲᠤᠰᠭᠠᠶ ᠮᠡᠷᠭᠡᠵᠢᠯᠲᠡᠨ᠎ᠦ ᠬᠡᠯᠡᠭ᠌ᠰᠡᠨᠴᠢᠯᠡᠨ《ᠵᠠᠮ》ᠨᠡᠪᠲᠡᠷᠡᠭ᠌ᠰᠡᠨ ᠪᠣᠯᠪᠠᠴᠤ᠌ 《ᠠᠵᠤ ᠠᠬᠤᠶ》 ᠵᠢᠨ ᠠᠰᠢᠬ ᠲᠡᠳᠦᠢ ᠬᠦᠷᠳᠡᠭᠰᠡᠨ ᠦᠬᠡᠢ᠃
ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠦᠷᠳᠡᠭ ᠨᠢ 《ᠭᠠᠵᠠᠷ ᠬᠦᠷᠢᠶᠡᠯᠡᠬᠦ》 ᠳ᠋ᠤ᠌ ᠪᠠᠢᠬᠤ ᠪᠢᠰᠢ᠂ ᠬᠠᠷᠢᠨ 《ᠬᠡᠷᠡᠮ᠎ᠢ ᠡᠪᠳᠡᠬᠦ᠌》 ᠳ᠋ᠤ᠌ ᠪᠠᠢᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠴᠤᠬᠤᠯᠠᠪᠤᠷᠢᠯᠠᠬᠳᠠᠭᠰᠠᠨ ᠨᠢ᠂ ᠥᠪᠥᠷ ᠮᠣᠩᠭᠣᠯ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ ᠬᠢᠬᠦ᠌ ᠲᠠᠯ᠎ᠠ᠎ᠪᠠᠷ ᠨᠠᠩ ᠣᠯᠠᠨ 《ᠮᠥᠰᠥ᠍ ᠬᠠᠭᠠᠯᠬᠤ》ᠡᠷᠬᠡ ᠵᠢ ᠣᠯᠤᠭ᠍ᠰᠠᠨ᠎ᠢ ᠬᠠᠷᠠᠭᠤᠯᠵᠤ ᠪᠠᠢᠨ᠎ᠠ᠂ ᠬᠡᠷᠪᠡ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠬᠤ ᠡᠵᠡᠨ ᠮᠡᠳᠡᠬᠦ᠌ ᠡᠷᠬᠡ᠎ᠶ᠋ᠢ ᠰᠠᠢᠲᠤᠷ ᠬᠡᠷᠡᠭ᠌ᠯᠡᠵᠦ᠍᠂ ᠨᠠᠩ ᠣᠯᠠᠨ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠎ᠢ ᠲᠣᠰ ᠭᠠᠵᠠᠷ᠎ᠲᠠᠭᠠᠨ ᠨᠠᠷᠢᠯᠢᠭ ᠪᠣᠯᠪᠠᠰᠤᠷᠠᠭᠤᠯᠵᠤ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠪᠦᠲᠦᠭᠡᠭ᠌ᠳᠡᠬᠦᠨ ᠢ ᠬᠢᠯᠢ ᠵᠢᠨ ᠪᠣᠭᠣᠮᠲᠠ᠎ᠳᠤ ᠥᠷᠲᠡᠭ ᠨᠡᠮᠡᠭ᠌ᠳᠡᠭᠦᠯᠵᠦ᠍ ᠳᠠᠬᠢᠨ 《ᠭᠠᠳᠠᠭᠠᠳᠤ᠎ᠳᠦ ᠭᠠᠷᠭᠠᠪᠠᠯ》᠂ ᠡᠨᠡ ᠬᠡᠰᠡᠭ ᠭᠠᠵᠠᠷ ᠱᠢᠷᠣᠶ ᠰᠠᠶᠢ ᠦᠨᠡᠨ ᠬᠦ᠌ ᠡᠳ᠋ ᠪᠠᠷᠠᠭᠠᠨ᠎ᠤ ᠭᠦᠶ᠋ᠯᠭᠡᠭᠡ ᠵᠢᠨ 《ᠶᠡᠬᠡ ᠨᠡᠪᠲᠡᠷᠡᠯ ᠵᠠᠮ》᠎ᠡᠴᠡ ᠤᠮᠠᠷᠠᠰᠢ ᠨᠡᠭᠡᠭᠡᠯᠲᠡ ᠬᠢᠬᠦ᠌ 《ᠲᠠᠰ᠎ᠡᠴᠡ ᠳᠠᠪᠠᠭ᠍ᠰᠠᠨ ᠬᠦᠶ᠋ᠰᠦ》ᠪᠣᠯᠤᠨ ᠬᠤᠪᠢᠷᠠᠵᠤ ᠴᠢᠳᠠᠨ᠎ᠠ᠃
ᠡᠨᠡ ᠬᠦ᠌ 《 ᠲᠦᠷᠢᠮ᠎ᠦᠨ ᠲᠦᠯᠬᠢᠭᠦᠷ 》 ᠴᠤᠬᠤᠮ ᠶᠠᠮᠠᠷ ᠡᠭᠦᠳᠡ᠎ᠶ᠋ᠢ ᠨᠡᠭᠡᠭᠡᠬᠦ᠌ ᠪᠤᠢ? ᠬᠠᠷᠢᠭᠤᠯᠲᠠ ᠶ᠋ᠢ 《ᠶᠡᠷᠦᠩᠬᠡᠢ ᠲᠥᠰᠦᠯ》 ᠤ᠋ᠨ 《5 ᠲᠥᠪ》 ᠤ᠋ᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠪᠢᠴᠢᠵᠤ ᠪᠤᠢ᠄ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠣᠲᠣᠭᠠᠳᠤ ᠭᠠᠳᠠᠭᠠᠳᠤ᠎ᠶ᠋ᠢ ᠨᠡᠪᠲᠡᠷᠡᠯᠴᠡᠬᠦᠯᠦᠭᠰᠡᠨ᠂ ᠬᠦᠷᠰᠢ ᠵᠡᠷᠭᠡᠯᠡᠳᠡᠭᠡ ᠵᠢ ᠨᠥᠯᠥᠭᠡᠯᠡᠭ᠌ᠰᠡᠨ ᠮᠡᠳᠡᠭᠡ ᠵᠠᠩᠭᠢ ᠶ᠋ᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠵᠢᠨ ᠲᠥᠪ᠂ ᠡᠯᠧᠮᠧᠨ᠋ᠲ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠲᠥᠪ᠂ ᠭᠣᠣᠯᠳᠠᠯᠭ᠎ᠠ ᠲᠠᠶ ᠬᠦᠷᠢᠶᠡᠨ ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠠᠵᠤ ᠦᠢᠯᠡᠰ᠎ᠦᠨ ᠬᠠᠮᠲᠤᠷᠠᠯᠴᠠᠭᠠᠨ᠎ᠤ ᠲᠥᠪ ᠪᠣᠯᠭᠠᠨ ᠪᠠᠢᠭᠤᠯᠵᠤ᠂《5 ᠲᠥᠪ》᠎ᠨᠢ ᠮᠡᠳᠡᠭᠡ ᠵᠠᠩᠭᠢ᠎ᠶ᠋ᠢᠨ ᠰᠤᠯᠢᠯᠴᠠᠭ᠎ᠠ᠂ ᠡᠳ᠋ ᠪᠠᠷᠠᠭᠠᠨ ᠤ ᠭᠦᠢᠯᠭᠡᠭᠡ᠂ ᠪᠡᠯᠡ ᠮᠥᠩᠭᠥᠨ᠎ᠦ ᠭᠦᠢᠯᠭᠡᠭᠡ᠂ ᠮᠡᠷᠭᠡᠵᠢᠯ᠎ᠦᠨ ᠭᠦᠢᠯᠭᠡᠭᠡ᠂ ᠠᠵᠤ ᠦᠢᠯᠡᠰ ᠦᠨ ᠭᠦᠢᠯᠭᠡᠭᠡ᠎ᠶ᠋ᠢᠨ ᠪᠦᠬᠦ᠌ ᠡᠯᠧᠮᠧᠨ᠋ᠲ᠎ᠢ ᠬᠠᠮᠤᠷᠴᠤ᠌᠂ 《ᠨᠡᠪᠲᠡᠷᠡᠯ ᠵᠠᠮ — ᠬᠦᠢᠰᠦ — ᠲᠠᠪᠴᠠᠩ — ᠠᠵᠤ ᠦᠢᠯᠡᠰ 》 ᠤ᠋ᠨ ᠪᠦᠷᠢᠨ ᠪᠦᠲᠦᠨ ᠨᠡᠭᠡᠭᠡᠯᠲᠡᠲᠦ ᠠᠮᠢ ᠠᠬᠤᠢ᠎ᠶ᠋ᠢ ᠪᠦᠷᠢᠯᠳᠦᠭᠦᠯᠦᠨ᠎ᠡ᠃
ᠪᠣᠳᠠᠲᠠᠶ᠎ᠪᠠᠷ ᠬᠡᠯᠡᠪᠡᠯ᠂ 119.74 ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠬᠡᠷᠡᠭ᠌ᠵᠢᠭᠦᠯᠦᠯᠲᠡ᠎ᠶ᠋ᠢᠨ ᠬᠡᠪᠴᠢᠶ᠎ᠡ᠎ᠨᠢ ᠭᠤᠷᠪᠠᠨ ᠬᠡᠰᠡᠭ ᠣᠷᠣᠨ᠎ᠢ ᠬᠠᠮᠤᠷᠪᠠ᠄ ᠬᠥᠬᠡᠬᠣᠲᠠ᠎ᠶ᠋ᠢᠨ ᠬᠡᠰᠡᠭ᠎ᠨᠢ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠭᠤᠤᠯ ᠬᠦᠶ᠋ᠰᠦ᠎ᠶ᠋ᠢ ᠪᠠᠢᠭᠤᠯᠤᠨ᠎ᠠ; ᠮᠠᠨᠵᠤᠤᠷ᠎ᠤᠨ ᠬᠡᠰᠡᠭ ᠨᠢ ᠭᠠᠳᠠᠭᠠᠳᠤ᠎ᠡᠴᠡ ᠣᠷᠣᠭᠤᠯᠤᠭ᠍ᠰᠠᠨ ᠡᠬᠢ ᠪᠠᠶᠠᠯᠢᠭ᠎ᠢ ᠨᠤᠳᠤᠬᠱᠢᠭᠤᠯᠤᠨ ᠡᠳ᠋ᠱᠢᠭᠦᠯᠬᠦ᠌᠂ ᠬᠢᠯᠢ ᠠᠯᠤᠰᠯᠠᠭ᠍ᠰᠠᠨ ᠮᠥᠩᠭᠥᠨ ᠭᠦᠶ᠋ᠯᠭᠡᠭᠡᠨ ᠵᠡᠷᠭᠡ᠎ᠶ᠋ᠢ ᠬᠥᠭ᠌ᠵᠢᠭᠦᠯᠵᠦ᠍᠂ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ᠎ᠢ ᠨᠥᠯᠥᠭᠡᠯᠡᠭᠰᠡᠨ ᠴᠢᠬᠤᠯᠠ ᠴᠣᠩᠬᠣᠪᠴᠢ᠎ᠶ᠋ᠢ ᠪᠠᠢᠭᠤᠯᠤᠨ᠎ᠠ; ᠡᠷᠢᠶᠡᠨ ᠬᠣᠲᠠ᠎ᠶ᠋ᠢᠨ ᠬᠡᠰᠡᠭ ᠨᠢ ᠣᠯᠠᠨ ᠤᠯᠤᠰ᠎ᠤᠨ ᠠᠷᠠᠯᠵᠢᠶ᠎ᠠ᠂ ᠣᠯᠠᠨ ᠤᠯᠤᠰ᠎ᠤᠨ ᠡᠳ᠋ ᠪᠠᠷᠠᠭᠠᠨ᠎ᠤ ᠭᠦᠶ᠋ᠯᠭᠡᠭᠡ ᠵᠡᠷᠭᠡ᠎ᠶ᠋ᠢ ᠬᠦᠨᠵᠡᠭᠡᠢ ᠠᠬᠢᠭᠤᠯᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠴᠢᠬᠤᠯᠠ ᠬᠦᠶ᠋ᠰᠦ᠎ᠶ᠋ᠢ ᠪᠠᠢᠭᠤᠯᠤᠨ᠎ᠠ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠥᠭᠦᠯᠡᠭ᠌ᠴᠢ ᠲᠥᠷᠥ᠎ᠶ᠋ᠢᠨ ᠪᠣᠳᠣᠯᠭ᠎ᠠ᠎ᠶ᠋ᠢᠨ ᠪᠠᠢᠳᠠᠯ ᠢ ᠮᠡᠳᠡᠭᠳᠡᠬᠦ ᠵᠤᠷᠱᠢᠯᠲᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ ᠤ ᠲᠤᠷᠱᠢᠯᠲᠠ᠎ᠶ᠋ᠢᠨ ᠣᠷᠣᠨ᠎ᠢ ᠪᠠᠢᠭᠤᠯᠬᠤ ᠶᠠᠪᠤᠴᠠ᠎ᠳᠤ᠂ ᠬᠢᠯᠢ ᠳᠠᠭᠠᠤ ᠳᠣᠲᠣᠭᠠᠳᠤ ᠬᠠᠭᠤᠷᠠᠶ᠎ᠶ᠋ᠢᠨ ᠣᠨᠴᠠᠯᠢᠭ ᠪᠥᠬᠥᠶ ᠠᠩᠬᠠᠨ᠎ᠤ ᠡᠬᠦᠳᠦᠯᠲᠠ ᠵᠢᠨ ᠴᠢᠨᠠᠷᠲᠠᠶ᠂ ᠬᠤᠷᠠᠮᠠᠯ ᠮᠠᠶᠢᠭ᠎ᠤᠨ ᠲᠦᠷᠢᠮ᠎ᠦᠨ ᠱᠢᠨ᠎ᠡ ᠡᠭᠦᠳᠦᠯᠲᠡ᠎ᠶ᠋ᠢ ᠭᠤᠤᠯᠳᠠᠯᠭ᠎ᠠ᠎ᠲᠠᠶ ᠠᠬᠢᠭᠤᠯᠤᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠢᠯᠢ ᠳᠠᠭᠠᠤ ᠣᠷᠣᠨ᠎ᠤ ᠣᠨᠴᠠᠯᠢᠭ᠎ᠲᠠᠶ ᠲᠦᠷᠢᠮ᠎ᠦᠨ ᠱᠢᠨ᠎ᠡ ᠡᠭᠦᠳᠦᠯᠲᠡ᠎ᠶ᠋ᠢ ᠥᠷᠨᠢᠭᠦᠯᠵᠦ᠍᠂ ᠬᠦᠷᠰᠢ ᠵᠡᠷᠬᠡᠯᠡᠳᠡᠭᠡ ᠵᠢᠨ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠳᠦᠭᠡᠨ ᠪᠠᠢᠭᠤᠯᠬᠤ ᠤᠯᠤᠰ ᠯᠤᠭ᠎ᠠ ᠰᠠᠭᠤᠷᠢ ᠲᠥᠬᠥᠭᠡᠷᠦᠮᠵᠢ᠎ᠶ᠋ᠢᠨ ᠨᠡᠪᠲᠡᠷᠡᠯᠴᠡᠭᠡ᠂ ᠲᠦᠷᠢᠮ ᠪᠠᠷᠢᠮᠵᠢᠶ᠎ᠠ ᠪᠠᠨ ᠬᠠᠷᠢᠯᠴᠠᠨ ᠮᠡᠳᠡᠷᠡᠬᠦ᠌᠂ ᠠᠷᠠᠳ᠎ᠤᠨ ᠰᠡᠳᠭᠢᠯ ᠬᠠᠷᠢᠯᠴᠠᠨ ᠨᠡᠪᠳᠡᠷᠡᠯᠴᠡᠵᠤ ᠬᠠᠷᠢᠯᠴᠠᠨ ᠠᠭᠤᠰᠤᠯᠴᠠᠬᠤ ᠵᠡᠷᠭᠡ ᠲᠠᠯ᠎ᠠ᠎ᠪᠠᠷ ᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢᠨ ᠴᠣᠩᠬᠣᠪᠴᠢ ᠪᠠ ᠲᠠᠪᠴᠠᠩ᠎ᠤᠨ ᠴᠢᠳᠠᠮᠵᠢ᠎ᠶ᠋ᠢ ᠦᠨᠡᠨ ᠬᠦ᠌ ᠪᠠᠳᠠᠷᠠᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠢ᠎ᠶ᠋ᠢ ᠨᠡᠭᠡᠭᠡᠨ ᠬᠥᠭ᠌ᠵᠢᠭᠦᠯᠵᠦ᠍ ᠨᠡᠭᠡᠭᠡᠯᠳᠠ ᠬᠢᠬᠦ᠌ ᠪᠠᠢᠯᠳᠤᠬᠤ ᠪᠤᠳᠤᠯᠭ᠎ᠠ᠎ᠶ᠋ᠢᠨ ᠥᠨᠳᠥᠷᠯᠢᠭ ᠢ ᠰᠠᠢᠲᠤᠷ ᠪᠦᠳᠦᠭᠡᠨ ᠪᠠᠢᠭᠤᠯᠤᠨ᠎ᠠ ᠭᠡᠵᠦ ᠢᠯᠡᠳᠭᠡᠪᠡ᠃
《ᠨᠡᠪᠲᠡᠷᠡᠯ ᠵᠠᠮ ᠤᠨ ᠠᠵᠤ ᠠᠬᠤᠶ》 ᠡᠴᠡ《ᠬᠦᠢᠰᠦ ᠠᠵᠤ ᠠᠬᠤᠶ》 《ᠠᠵᠤ ᠦᠶ᠋ᠯᠡᠰ᠎ᠦᠨ ᠠᠵᠤ ᠠᠬᠤᠶ 》ᠬᠦᠷᠲᠡᠯᠡᠬᠢ ᠳᠡᠭᠡᠭ᠌ᠰᠢᠯᠡᠯᠲᠡ ᠪᠤᠯ᠂ ᠥᠪᠥᠷ ᠮᠣᠩᠭᠣᠯ《ᠨᠡᠪᠲᠡᠷᠡᠯᠴᠡᠪᠡᠴᠦ ᠲᠦᠪᠯᠡᠷᠡᠨᠭᠭᠦᠢ ᠪᠤᠰᠤ》 ᠵᠢᠨ ᠪᠣᠭᠣᠮᠢ᠎ᠶ᠋ᠢ ᠡᠪᠳᠡᠬᠦ᠌ ᠵᠠᠩᠭᠢᠯᠠᠭ᠎ᠠ ᠪᠤᠯᠤᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠫᠠᠢᠰᠠ ᠰᠡᠬᠦᠭ᠌ᠰᠡᠨ᠎ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠬᠦᠰᠢᠶ᠎ᠡ ᠲᠡᠮᠳᠡᠭ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠳᠤᠮᠳᠠᠳᠤ ᠤᠯᠤᠰ᠎ᠤᠨ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠲᠡᠯᠡᠶ ᠳᠠᠭᠠᠤ ᠣᠷᠣᠨ᠎ᠢ ᠡᠩ ᠲᠡᠷᠢᠭᠦᠨ᠎ᠳᠦ ᠪᠤᠳᠤᠯᠬᠢᠯᠠᠵᠦ ᠪᠠᠢᠬᠰᠠᠨ ᠡᠴᠡ ᠪᠥᠬᠥ᠌ ᠣᠷᠣᠨ ᠪᠦᠰᠡ᠎ᠶ᠋ᠢ ᠲᠡᠩᠴᠡᠭᠦᠷᠢᠲᠡᠶ ᠪᠤᠯᠭᠠᠬᠤ ᠲᠡᠢᠰᠢ ᠤᠷᠤᠭ᠍ᠰᠢᠯᠠᠭ᠍ᠰᠠᠨ ᠠᠮᠢᠳᠤᠯᠢᠭ ᠵᠡᠬᠦᠯᠲᠡ ᠪᠣᠯᠤᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠴᠤᠬᠤᠯᠠᠪᠤᠷᠢᠯᠠᠬᠳᠠᠬᠰᠠᠨ ᠨᠢ᠂ ᠥᠪᠥᠷ ᠮᠣᠩᠭᠣᠯ᠎ᠳᠤ ᠠᠪᠴᠤ᠌ ᠬᠡᠯᠡᠪᠡᠯ᠂ ᠲᠦᠷᠦ᠍᠎ᠶ᠋ᠢᠨ ᠪᠤᠳᠤᠯᠭ᠎ᠠ ᠵᠢᠨ ᠬᠠᠷᠠᠭᠠᠯᠵᠠᠯ᠎ᠢ ᠬᠦᠷᠲᠡᠬᠦ ᠶᠠᠪᠤᠳᠠᠯ ᠲᠡᠳᠦᠢ ᠪᠢᠰᠢ᠂ ᠨᠡᠩ ᠴᠤ᠌ 《ᠳᠠᠮᠵᠢᠯᠭᠠᠵᠢᠨ᠌ ᠠᠵᠤ ᠠᠬᠤᠢ》 ᠵᠢ ᠬᠤᠪᠢᠷᠠᠭᠤᠯᠬᠤ ᠬᠠᠮᠤᠭ᠎ᠤᠨ ᠰᠠᠢ᠌ᠨ ᠠᠵᠠ ᠲᠣᠬᠢᠶᠠᠯ ᠪᠣᠯᠤᠨ᠎ᠠ᠃
ᠥᠷᠭᠡᠨ ᠠᠭᠤᠳᠠᠮ ᠲᠠᠯ᠎ᠠ ᠨᠤᠲᠤᠭ᠎ᠲᠤ᠂ 4200 ᠭᠠᠷᠤᠢ ᠺᠢᠯᠤᠮᠸᠲᠷ᠎ᠤᠨ ᠬᠢᠯᠢ᠎ᠶ᠋ᠢᠨ ᠱᠤᠭᠤᠮ ᠭᠠᠵᠠᠷ ᠵᠦᠢ᠎ᠶ᠋ᠢᠨ ᠬᠢᠯᠢ᠎ᠶ᠋ᠢᠨ ᠱᠤᠭᠤᠮ᠎ᠡᠴᠡ ᠨᠡᠭᠡᠭᠡᠯᠳᠠ᠎ᠶ᠋ᠢᠨ ᠡᠮᠦᠨ᠎ᠡ ᠹᠷᠣᠨᠲ ᠪᠤᠯᠵᠤ ᠬᠤᠪᠢᠷᠠᠵᠤ ᠪᠤᠢ᠃ ᠲᠦᠷᠢᠮ᠎ᠦᠨ ᠱᠢᠨ᠎ᠡ᠎ᠶ᠋ᠢ ᠡᠭᠦᠳᠬᠦ᠌ 《ᠲᠦᠯᠬᠢᠭᠦᠷ》 ᠬᠢᠯᠢ ᠳᠠᠭᠠᠤ ᠨᠡᠭᠡᠭᠡᠯᠲᠡ ᠬᠢᠬᠦ᠌ ᠶᠡᠬᠡ ᠡᠭᠦᠳᠡ᠎ᠶ᠋ᠢ ᠨᠡᠭᠡᠭᠡᠵᠦ᠍᠂ 《5 ᠲᠥᠪ》 ᠤ᠋ᠨ ᠵᠢᠷᠤᠭ ᠲᠥᠰᠦᠪ᠎ᠢ ᠪᠣᠳᠠᠲᠤ ᠠᠬᠤᠶ ᠪᠤᠯᠭᠠᠨ ᠬᠤᠪᠢᠷᠠᠭᠤᠯᠬᠤᠶᠠ᠂ ᠥᠪᠥᠷ ᠮᠣᠩᠭᠣᠯ 《ᠱᠢᠵᠢᠷ ᠠᠯᠲᠠᠨ ᠨᠡᠪᠲᠡᠷᠡᠯ ᠵᠠᠮ》᠎ᠡᠴᠡ《ᠨᠡᠭᠡᠭᠡᠯᠲᠡ ᠬᠢᠬᠦ᠌ ᠥᠨᠳᠥᠷᠯᠢᠭ》 ᠬᠦᠷᠲᠡᠯᠡᠬᠢ ᠲᠤᠮᠤ ᠬᠤᠪᠢᠷᠠᠯᠲᠠ᠎ᠶ᠋ᠢ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢ ᠡᠬᠢᠯᠡᠭᠦᠯᠬᠦ᠌᠎ᠳᠦ ᠪᠠᠲᠤ ᠪᠠᠬᠢ 《ᠴᠢᠯᠥᠭᠡᠲᠦ ᠠᠷᠠᠯᠵᠢᠶᠠᠨ᠎ᠤ ᠬᠦᠴᠦᠨ》 ᠢ᠋ ᠨᠡᠮᠡᠷᠢᠯᠡᠬᠦ᠌ ᠪᠣᠯᠤᠨ᠎ᠠ᠃
ᠤᠮᠠᠷᠠᠰᠢ ᠨᠡᠭᠡᠭᠡᠯᠲᠡ ᠬᠢᠬᠦ᠌ ᠲᠣᠮᠣ ᠡᠭᠦᠳᠡᠨᠠᠩ ᠶᠡᠬᠡ᠂ ᠨᠠᠩ ᠯᠠᠪᠳᠠᠭᠤᠨᠵᠢᠡᠷ ᠰᠡᠬᠦᠭᠳᠡᠵᠦ ᠪᠠᠢᠨᠠᠮ᠃