ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠬᠡᠨ ᠤ᠋ ᠠᠯᠪᠠᠨ ᠬᠡᠷ ᠤ᠋ᠨ 4 ᠰᠠᠷ᠎ᠡ ᠢ᠋ᠢᠨ 11 ᠤ᠋ ᠡᠳᠤᠷ ᠡᠷᠬᠢᠯᠡᠨ ᠬᠤᠷᠠᠯᠳᠤᠭᠤᠯᠤᠭᠰᠡᠨ ᠲᠤᠮᠳᠠᠳᠤ ᠤᠯᠤᠰ(ᠦᠪᠤᠷ ᠮᠤᠨᠭᠭᠤᠯ) ᠤ᠋ᠨ ᠴᠢᠯᠦᠬᠡᠳᠤ ᠠᠷᠡᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠲᠤᠬᠠᠢ ᠰᠤᠨᠢᠨ ᠮᠡᠳᠡᠬᠡ ᠨᠡᠢᠳᠡᠯᠡᠬᠦ ᠬᠤᠷᠡᠯ ᠡᠴᠡ ᠤᠢᠯᠠᠭᠠᠭᠰᠠᠨ ᠢ᠋ᠢᠡᠷ᠂ ᠡᠷᠢᠶᠡᠨ ᠬᠤᠳᠡ ᠦᠪᠤᠷ ᠮᠤᠨᠭᠭᠤᠯ ᠤ᠋ᠨ ᠴᠢᠯᠦᠬᠡᠳᠤ ᠠᠷᠠᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠪᠦᠲᠦᠭᠡᠨ ᠪᠠᠢᠭᠤᠯᠤᠯᠲᠠ ᠪᠡᠷ ᠠᠵᠠ ᠲᠤᠬᠢᠶᠠᠯ ᠪᠣᠯᠭᠠᠵᠤ᠂ ᠨᠡᠪᠳᠡᠷᠡᠯ ᠵᠠᠮ ᠤ᠋ᠨ ᠪᠦᠳᠦᠬᠡᠨ ᠪᠠᠢᠭᠤᠯᠤᠯᠳᠡ᠂ ᠲᠠᠪᠴᠠᠨᠭ᠌ ᠤ᠋ᠨ ᠪᠠᠢᠭᠤᠯᠤᠯᠳᠡ᠂ ᠰᠤᠶᠤᠯ ᠢᠷᠬᠡᠨᠰᠢᠯ ᠤ᠋ᠨ ᠰᠤᠯᠢᠯᠴᠠᠭ᠎ᠠ ᠵᠡᠷᠬᠡ 3 ᠶᠡᠬᠡ ᠲᠠᠯ᠎ᠠ ᠪᠡᠷ ᠬᠦᠴᠦᠯᠡᠵᠤ᠂ ᠲᠤᠮᠳᠠᠳᠤ ᠮᠤᠨᠭᠭᠤᠯ ᠤᠷᠤᠰ ᠤ᠋ᠨ ᠠᠵᠤ ᠠᠬᠤᠢ ᠢ᠋ᠢᠨ ᠬᠤᠨᠭᠬᠢᠯ ᠤ᠋ᠨ ᠴᠢᠬᠤᠯᠠ ᠬᠦᠢᠰᠦ ᠢ᠋ᠢ ᠪᠦᠲᠦᠬᠡᠨ ᠪᠠᠢᠭᠤᠯᠵᠦ ᠂ ᠬᠦᠷᠰᠢ ᠤᠯᠤᠰ ᠤ᠋ᠳ ᠲᠠᠢ ᠨᠦᠬᠦᠷᠰᠡᠭ ᠢ᠋ᠢᠡᠷ ᠬᠠᠮᠳᠤᠷᠠᠯᠴᠠᠬᠤ ᠵᠢᠱ᠌ᠢᠶ᠎ᠡ ᠦᠵᠡᠬᠦᠯᠬᠦ ᠦᠯᠢᠬᠡᠷ ᠲᠠᠭᠤᠷᠢᠶᠡᠯ ᠢ᠋ ᠪᠤᠢ ᠪᠤᠯᠭᠠᠬᠤ ᠪᠡᠷ ᠪᠠᠢᠨ᠎ᠡ᠃
《ᠡᠷᠢᠶᠡᠨ ᠬᠣᠲᠠ ᠪᠣᠯ ᠮᠠᠨᠤ ᠤᠯᠤᠰ ᠤ᠋ᠨ ᠮᠣᠩᠭᠣᠯ ᠤᠯᠤᠰ ᠲᠦ᠍ ᠨᠡᠭᠡᠭᠡᠯᠲᠡ ᠬᠢᠵᠤ ᠪᠠᠢᠭ᠎ᠠ ᠬᠠᠮᠤᠭ ᠤ᠋ᠨ ᠲᠣᠮᠣ ᠶᠡᠷᠦᠩᠬᠡᠢᠯᠡᠭ᠌ᠰᠡᠨ ᠬᠡᠯᠪᠡᠷᠢ ᠢ᠋ᠢᠨ ᠬᠠᠭᠤᠷᠠᠶ ᠵᠠᠮ ᠤ᠋ᠨ ᠬᠢᠯᠢ ᠢ᠋ᠢᠨ ᠪᠣᠭᠣᠮᠲᠠ ᠪᠠᠢᠵᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠬᠣᠭᠣᠷᠣᠨᠳᠣᠬᠢ ᠬᠥᠮᠦᠰᠦᠨ ᠶᠠᠪᠤᠯᠴᠠᠭ᠎ᠠ ᠪᠠ ᠮᠣᠩᠭᠣᠯ ᠤᠯᠤᠰ ᠲᠦ᠍ ᠠᠷᠠᠳ ᠤ᠋ᠨ ᠠᠮᠢᠳᠤᠷᠠᠯ ᠤ᠋ᠨ ᠡᠳ᠋ ᠪᠣᠳᠠᠰᠭᠠᠷᠭᠠᠬᠤ ᠭᠤᠤᠯ ᠡᠬᠦᠷᠬᠡ ᠢ᠋ᠢ ᠡᠭᠦᠷᠭᠡᠯᠡᠵᠦ᠍ ᠪᠠᠢᠳᠠᠭ᠃ ᠪᠢᠳᠡ ᠴᠢᠯᠦᠬᠡᠳᠤ ᠠᠷᠠᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠪᠦᠲᠦᠭᠡᠨ ᠪᠠᠢᠭᠤᠯᠤᠯᠲᠠ ᠪᠡᠷ ᠱᠢᠨ᠎ᠡ ᠭᠠᠷᠤᠭ᠎ᠠ ᠪᠣᠯᠭᠠᠵᠤ᠂ ᠡᠷᠢᠶᠡᠨ ᠬᠤᠳᠡ ᠢ᠋ᠢᠨ ᠬᠡᠰᠡᠭ ᠤ᠋ᠨ ᠴᠢᠳᠠᠮᠵᠢ ᠢ᠋ᠢᠨ ᠪᠠᠢᠷᠢ ᠲᠣᠭ᠍ᠲᠠᠭᠠᠯᠲᠠ ᠢ᠋ᠢ ᠴᠢᠩᠭ᠎ᠠ ᠡᠵᠡᠮᠳᠡᠵᠦ᠍᠂ ᠲᠦᠷᠢᠮ ᠤ᠋ᠨ ᠰᠢᠨ᠎ᠡ ᠢ᠋ᠢ ᠡᠬᠦᠳᠬᠦ ᠢ᠋ᠢ ᠦᠷᠬᠦᠯᠵᠢᠯᠡᠨ ᠬᠦᠨᠵᠡᠬᠡᠢᠷᠡᠬᠦᠯᠵᠤ᠂ ᠨᠡᠨᠭ ᠤᠯᠠᠨ ᠬᠠᠭᠤᠯᠪᠤᠷᠢᠯᠡᠨ ᠲᠡᠯᠬᠡᠷᠡᠬᠦᠯᠵᠤ ᠪᠤᠯᠬᠤ ᠦᠷ᠎ᠡ ᠪᠦᠳᠦᠬᠡᠯ ᠢ᠋ ᠴᠢᠷᠮᠠᠢᠨ ᠭᠠᠷᠭᠠᠨ᠎ᠡ》 ᠬᠡᠵᠤ ᠡᠷᠢᠶᠡᠨ ᠬᠤᠳᠡ ᠢ᠋ᠢᠨ ᠨᠠᠮ ᠤ᠋ᠨ ᠬᠤᠷᠢᠶ᠎ᠡ ᠢ᠋ᠢᠨ ᠲᠡᠳ᠋ ᠱᠦᠵᠢ᠂ ᠬᠤᠳᠠ ᠢ᠋ᠢᠨ ᠲᠠᠷᠤᠭ᠎ᠠ ᠮᠠ ᠬᠠᠢ ᠲᠤᠤ ᠰᠤᠷᠪᠤᠯᠵᠢᠯᠠᠭᠴᠢᠳ ᠲᠦ᠍ ᠲᠠᠨᠢᠯᠴᠠᠭᠤᠯᠵᠤ ᠭᠠᠷᠤᠯ᠎ᠡ ᠃
ᠨᠢᠭᠡᠳᠦ ᠨᠡᠪᠲᠡᠷᠡᠯ ᠵᠠᠮ ᠤ᠋ᠨ ᠪᠥᠲᠥᠭᠡᠨ ᠪᠠᠢᠭᠤᠯᠤᠯᠲᠠ ᠪᠠ ᠬᠦᠢᠰᠦ ᠶ᠋ᠢᠨ ᠴᠢᠳᠠᠪᠬᠢ ᠲᠠᠰ ᠢ᠋ ᠲᠡᠭᠡᠭᠰᠢᠯᠡᠬᠦᠯᠬᠦ ᠲᠠᠯ᠎ᠠ ᠪᠡᠷ ᠱᠢᠨ᠎ᠡ ᠱᠢᠪᠲᠤᠯᠤᠯᠲᠠ ᠭᠠᠷᠭᠠᠨ᠎ᠠ ᠃ ᠬᠢᠯᠢ ᠵᠢᠨ ᠪᠣᠭᠣᠮᠲᠠ ᠢ᠋ᠢᠨ ᠰᠠᠭᠤᠷᠢ ᠲᠦᠬᠦᠬᠡᠷᠤᠮᠵᠢ ᠢ᠋ᠢᠨ ᠪᠥᠲᠥᠭᠡᠨ ᠪᠠᠢᠭᠤᠯᠤᠯᠲᠠ ᠢ᠋ᠢᠨ ᠡᠷᠴᠢᠮᠢ ᠴᠢᠩᠭᠠᠷᠠᠭᠤᠯᠵᠤ᠂ ᠣᠶᠤᠨᠴᠢ ᠬᠢᠯᠢ ᠵᠢᠨ ᠪᠣᠭᠣᠮᠲᠠ ᠢ᠋ᠢᠨ ᠪᠥᠲᠥᠭᠡᠨ ᠪᠠᠢᠭᠤᠯᠤᠯᠲᠠ ᠢ᠋ᠢᠨ ᠲᠦᠪᠰᠢᠨ ᠢ ᠳᠡᠭᠡᠭ᠌ᠰᠢᠯᠡᠭᠦᠯᠦᠨ᠂ ᠤᠮᠠᠷᠠᠰᠢ ᠨᠡᠭᠡᠭᠡᠯᠲᠡ ᠬᠢᠬᠦ᠌ ᠣᠯᠠᠨ ᠤᠯᠤᠰ ᠤ᠋ᠨ ᠶᠡᠬᠡ ᠨᠡᠪᠲᠡᠷᠡᠯ ᠵᠠᠮᠢ ᠱᠢᠯᠤᠭᠤᠳᠭᠠᠨᠠ᠃ ᠵᠠᠰᠠᠮᠠᠯ ᠵᠠᠮ ᠤ᠋ᠨ ᠬᠢᠯᠢ ᠵᠢᠨ ᠪᠣᠭᠣᠮᠲᠠ ᠢ᠋ᠢᠨ ᠬᠣᠶᠠᠳᠤᠭᠠᠷ ᠵᠠᠮ ᠤ᠋ᠨ ᠪᠦᠲᠦᠭᠡᠨ ᠪᠠᠢᠭᠤᠯᠤᠯᠲᠠ ᠢ᠋ᠢ ᠲᠦᠷᠭᠡᠳᠭᠡᠨ ᠠᠬᠢᠭᠤᠯᠵᠤ᠂ ᠠᠶᠠᠨᠴᠢᠳ ᠪᠠ ᠡᠳ᠋ ᠪᠠᠷᠠᠭ᠎ᠠ ᠢ᠋ᠢ ᠰᠠᠯᠭᠠᠵᠤ ᠦᠷ᠎ᠡ ᠪᠦᠲᠦᠮᠵᠢᠲᠡᠶᠪᠡᠷ ᠠᠵᠢᠯᠯᠠᠭᠤᠯᠬᠤ ᠢ᠋ᠢ ᠠᠬᠢᠭᠤᠯᠤᠨ᠂ ᠵᠠᠰᠠᠮᠠᠯ ᠵᠠᠮ ᠤ᠋ᠨ ᠬᠢᠯᠢ ᠢ᠋ᠢᠨ ᠪᠣᠭᠣᠮᠲᠠ ᠢ᠋ᠢᠨ ᠵᠢᠯᠦᠨ ᠡᠳ᠋ ᠪᠠᠷᠠᠭ᠎ᠠ ᠦᠩᠬᠡᠷᠡᠬᠦᠯᠬᠦ ᠴᠢᠳᠠᠪᠤᠷᠢ ᠢ᠋ᠢ 600 ᠲᠦᠮᠡᠨ ᠲᠣᠨ ᠳ᠋ᠤ᠌ ᠬᠦᠷᠬᠡᠨ᠎ᠡ᠃ ᠲᠢᠶᠠᠨᠵᠢᠨ ᠭᠠᠷᠠᠮ᠂ ᠲᠠᠩᠱᠠᠨ ᠭᠠᠷᠠᠮ ᠵᠡᠷᠭᠡ ᠭᠠᠷᠠᠮᠯᠤᠭᠠ ᠡᠬᠡ ᠬᠠᠭᠤᠷᠠᠶ ᠪᠠ ᠳᠠᠯᠠᠢᠪᠡᠷ ᠬᠣᠯᠪᠣᠭᠠᠯᠠᠨ ᠬᠥᠳᠡᠯᠦᠯᠴᠡᠬᠦ᠌ ᠢ᠋ᠢ ᠨᠢᠭ᠍ᠲᠠᠷᠠᠭᠤᠯᠵᠤ᠂ 《 ᠲᠡᠮᠦᠷ ᠵᠠᠮ ᠤ᠋ᠨ ᠰᠠᠭᠠᠳ ᠦᠬᠡᠢ ᠨᠡᠪᠳᠡᠷᠡᠬᠦ》 ᠵᠠᠭ᠍ᠪᠤᠷᠢ ᠲᠦᠷᠭᠡᠳᠭᠡᠨ ᠬᠡᠷᠡᠭ᠌ᠵᠢᠭᠦᠯᠵᠦ᠍᠂ ᠡᠬᠡ ᠬᠠᠭᠤᠷᠠᠶ ᠳᠠᠯᠠᠢ ᠪᠠ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠬᠦ᠌ ᠂ ᠵᠡᠬᠦᠨ ᠪᠠᠷᠠᠭᠤᠨ ᠬᠤᠶᠠᠷ ᠲᠠᠯ᠎ᠠ ᠪᠡᠷ ᠢ᠋ᠢᠡᠨ ᠬᠠᠷᠢᠯᠴᠠᠨ ᠲᠤᠰᠠᠯᠠᠯᠴᠠᠬᠤ ᠨᠡᠭᠡᠭᠡᠯᠲᠡᠲᠦ ᠪᠠᠢᠷᠢᠱᠢᠯᠢ ᠪᠦᠷᠢᠯᠳᠦᠭᠦᠯᠬᠦ᠌ᠳᠦ ᠬᠦᠴᠦᠨ ᠨᠡᠮᠡᠷᠢᠯᠡᠨ᠎ᠡ᠃ ᠮᠣᠩᠭᠣᠯ ᠣᠷᠣᠰᠯᠤᠭᠠ ᠢ᠋ᠢᠨ ᠣᠯᠠᠨ ᠤᠯᠤᠰ ᠤ᠋ᠨ
ᠪᠠᠢᠷᠢᠱᠢᠯᠢ ᠪᠠᠢᠭᠤᠯᠤᠨ᠎ᠠ ᠃ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠨᠡᠭᠦᠳᠡᠯ ᠲᠣᠭᠠᠴᠠᠭ᠎ᠠ ᠢ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠢ᠋ᠢ ᠲᠦᠷᠭᠡᠳᠭᠡᠨ ᠠᠬᠢᠭᠤᠯᠵᠤ᠂ ᠬᠢᠯᠢ ᠠᠯᠤᠰᠯᠠᠨ ᠳ᠋ᠦᠩᠨᠡᠨ ᠪᠤᠳᠤᠬᠤ ᠢ᠋ᠢ ᠰᠠᠭᠠᠳ ᠦᠬᠡᠢ ᠨᠡᠪᠳᠡᠷᠡᠬᠦᠯᠦᠨ᠎ᠡ ᠃
ᠭᠤᠷᠪᠠ ᠳ᠋ᠤ᠌᠂ ᠰᠣᠶᠣᠯ ᠢᠷᠭᠡᠨᠱᠢᠯᠦᠨ ᠰᠣᠯᠢᠯᠴᠠᠭ᠎ᠠ ᠪᠣᠯᠤᠨ ᠠᠷᠠᠳ ᠤ᠋ᠨ ᠰᠡᠳᠭᠢᠯᠦᠨ ᠨᠡᠪᠲᠡᠷᠡᠯᠴᠡᠭᠡ ᠢ᠋ᠢᠨ ᠲᠠᠯ᠎ᠠ ᠪᠡᠷ ᠱᠢᠨ᠎ᠡ ᠵᠢᠳᠬᠦᠯ ᠦᠵᠡᠬᠦᠯᠤᠨ᠎ᠠ ᠃ ᠰᠣᠶᠣᠯ ᠪᠡᠶ᠎ᠡ ᠢ᠋ᠢᠨ ᠲᠠᠮᠢᠷ ᠵᠢᠭᠤᠯᠴᠢᠯᠡᠯ᠂ ᠰᠤᠷᠭᠠᠨ ᠬᠥᠮᠦᠵᠢᠯ ᠡᠮ ᠡᠮᠨᠡᠯᠭᠡ᠂ ᠴᠢᠳᠠᠪᠤᠷᠢᠲᠠᠨᠤ ᠪᠠᠲᠤᠯᠠᠭ᠎ᠠ ᠵᠡᠷᠭᠡ ᠲᠠᠯ᠎ᠠ ᠢ᠋ᠢᠨ ᠲᠣᠭᠣᠷᠢᠨ ᠳ᠋ᠤ᠌᠂ ᠨᠢᠭᠡ ᠪᠦᠯᠦᠭ 《 ᠤᠯᠠᠨ ᠲᠦᠮᠡᠨᠲᠡᠶ ᠤᠢ᠍ᠢᠷᠠᠳᠤᠭ᠍ᠰᠠᠨ᠂ ᠠᠷᠠᠳ ᠤ᠋ᠨ ᠰᠡᠳᠭᠢᠯᠢ ᠨᠢᠭ᠍ᠲᠠᠷᠠᠭᠤᠯᠤᠭ᠍ᠰᠠᠨ᠂ ᠪᠠᠭ᠎ᠠ ᠮᠥᠷᠲᠡᠭᠡᠨ ᠭᠤᠢᠳᠡ》 ᠭᠠᠳᠠᠭᠠᠳᠤᠳ᠋ᠤ᠌ ᠬᠤᠯᠪᠤᠭᠳᠠᠬᠤ ᠠᠷᠠᠳ ᠤ᠋ᠨ ᠠᠮᠢᠳᠤᠷᠠᠯ ᠤ᠋ᠨ ᠲᠦᠷᠦᠯ ᠵᠦᠢᠯᠢ ᠬᠡᠷᠡᠭ᠌ᠵᠢᠭᠦᠯᠵᠦ᠍᠂ 《ᠳᠣᠲᠣᠨᠣ ᠦᠨᠡᠨᠴᠢ ᠠᠱᠢᠭ᠍ᠲᠠᠢ ᠪᠠᠭ᠍ᠲᠠᠭᠠᠮᠵᠢᠲᠠᠢ 》 ᠡᠷᠬᠢᠨ ᠲᠣᠭᠣᠷᠢᠨᠤ ᠭᠠᠳᠠᠭᠠᠳᠤ ᠬᠠᠷᠢᠯᠴᠠᠭᠠᠨᠤ ᠤᠢ᠍ᠢᠯᠠᠭᠠᠭ᠍ᠳᠠᠬᠤᠨᠢ ᠨᠡᠩ ᠰᠠᠢᠲᠤᠷ ᠦᠢᠯᠡᠳᠦᠯᠭᠡᠵᠢᠭᠦᠯᠦᠨ᠎ᠡ᠃ ᠤᠯᠠᠮᠵᠢᠯᠠᠯᠲᠤ ᠪᠡᠶ᠎ᠡ ᠢ᠋ᠢᠨ ᠲᠠᠮᠢᠷ ᠤ᠋ᠨ ᠲᠥᠷᠥᠯ ᠵᠦᠶ᠋ᠯ ᠬᠢᠭᠡᠳ ᠬᠢᠯᠢ ᠠᠯᠤᠰᠯᠠᠭ᠍ᠰᠠᠨ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠯᠢ ᠠᠬᠢᠭᠤᠯᠤᠨ᠎ᠠ᠃ ᠵᠢᠱ᠌ᠢᠶᠡᠯᠡᠪᠡᠯ ᠂ 《 ᠴᠠᠶ ᠢ᠋ᠢᠨ ᠵᠠᠮ 》 ᠤ᠋ᠨ ᠰᠣᠶᠣᠯᠢ ᠪᠡᠶᠡᠴᠢᠯᠡᠨ ᠣᠢᠯᠠᠭᠠᠬᠤ ᠵᠡᠷᠭᠡ ᠣᠨᠴᠠᠯᠢᠭ᠍ᠲᠤ ᠵᠢᠭᠤᠯᠴᠢᠯᠠᠯ ᠤ᠋ᠨ ᠵᠠᠮ ᠱᠤᠭᠤᠮᠢ ᠢᠳᠡᠪᠬᠢᠲᠡᠶ ᠨᠡᠭᠡᠭᠡᠨ ᠬᠥᠭ᠌ᠵᠢᠭᠦᠯᠦᠨᠡ᠃ 《ᠡᠷᠢᠶᠡᠨ ᠳ᠋ᠤ᠌ ᠰᠤᠷᠤᠯᠴᠠᠬᠤ》 ᠣᠯᠠᠨ ᠤᠯᠤᠰ ᠤ᠋ᠨ ᠲᠦᠷᠦᠯ ᠲᠡᠮᠳᠡᠭᠢ ᠡᠭᠦᠳᠴᠦ᠍᠂ ᠵᠠᠯᠠᠭᠤᠴᠤᠳ ᠪᠠᠭᠠᠴᠤᠳ ᠤ᠋ᠨ ᠣᠯᠠᠨ ᠤᠯᠤᠰ ᠤ᠋ᠨ ᠰᠣᠯᠢᠯᠴᠠᠭ᠎ᠠ ᠬᠢᠭᠡᠳ ᠴᠢᠳᠠᠪᠤᠷᠢᠲᠠᠨᠢ ᠬᠥᠮᠦᠵᠢᠭᠦᠯᠬᠦ᠌ ᠢ᠋ᠢ ᠠᠬᠢᠭᠤᠯᠤᠨ᠎ᠠ᠃ ᠬᠢᠯᠢ ᠠᠯᠤᠰᠯᠠᠭ᠍ᠰᠠᠨ ᠡᠮᠴᠢᠯᠡᠭᠡᠨᠦ ᠬᠠᠮᠵᠢᠯᠴᠠᠭᠠᠨᠤ ᠲᠣᠭ᠍ᠲᠠᠴᠠ ᠢ᠋ᠢ ᠰᠦᠪᠡᠭ᠌ᠴᠢᠯᠡᠵᠦ᠍᠂ 《ᠬᠡᠷᠡᠯ ᠬᠡᠬᠡ ᠢ᠋ᠢᠨ ᠠᠶᠠᠯᠠᠯ 》 ᠵᠡᠷᠭᠡ ᠨᠡᠢᠲᠡ ᠢ᠋ᠢᠨ ᠠᠰᠠᠷᠠᠮᠵᠢ ᠢ᠋ᠢᠨ ᠲᠥᠷᠥᠯ ᠵᠦᠶ᠋ᠯ ᠢ ᠭᠦᠨᠵᠡᠭᠡᠶ ᠥᠷᠨᠢᠭᠦᠯᠦᠨ᠎ᠡ᠃ ᠮᠤᠨᠭᠭᠤᠯ ᠤᠯᠤᠰ ᠯᠤᠭ᠎ᠠ ᠢ᠋ᠢᠨ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠢ᠋ᠢᠨ ᠬᠠᠮᠵᠢᠯᠴᠠᠭ᠎ᠠ ᠢ᠋ᠢ ᠭᠦᠨᠵᠡᠭᠡᠢᠷᠡᠭᠦᠯᠵᠦ᠍᠂ ᠰᠡᠷᠭᠡᠢᠯᠡᠨ ᠵᠠᠰᠠᠬᠤ ᠬᠠᠮᠲᠤᠷᠠᠯᠴᠠᠭᠠᠨ ᠤ ᠲᠥᠪ᠂ ᠡᠯᠡᠰᠦ ᠲᠣᠭᠣᠰᠣ ᠢ᠋ᠢ ᠬᠢᠨᠠᠨ ᠬᠡᠮᠵᠢᠬᠦ᠌ ᠥᠷᠲᠡᠭᠡ ᠵᠡᠷᠭᠡ ᠪᠣᠳᠠᠲᠠᠶ ᠲᠥᠷᠥᠯ ᠵᠦᠶ᠋ᠯᠢ ᠬᠠᠮᠲᠤ ᠪᠡᠷ ᠬᠡᠷᠡᠭ᠌ᠵᠢᠭᠦᠯᠵᠦ᠍ ᠂ ᠮᠠᠨᠤ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠶ ᠢ᠋ᠢᠨ ᠠᠮᠤᠷ ᠲᠦᠪᠱᠢᠨᠦ ᠬᠠᠯᠬᠠᠪᠴᠢ ᠢ᠋ᠢ ᠪᠠᠲᠤ ᠴᠣᠭ᠍ᠴᠠᠯᠠᠬᠤ ᠳ᠋ᠤ᠌ ᠲᠤᠯᠭᠠᠭᠤᠷᠢᠯᠠᠯ ᠬᠠᠩᠭᠠᠨ᠎ᠠ ᠃