ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠱᠢᠨ᠎ᠡ ᠦᠷ᠎ᠡ ᠪᠦᠲᠦᠭᠡᠯ ᠭᠠᠷᠭᠠᠨ᠎ᠠ
2026-04-14 16:39:51
ᠵᠣᠬᠢᠶᠠᠭ᠍ᠴᠢ᠄
ᠱᠸᠨ ᠴᠧᠩ
ᠣᠩᠱᠢᠭ᠍ᠰᠠᠨ ᠣᠳᠠᠭ᠎ᠠ᠄
★★★☆☆

 — ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠱᠢᠷᠢᠰ ᠬᠦᠦᠷᠨᠢᠯ ᠱᠢᠭᠦᠮᠵᠢ(ᠳᠥᠷᠪᠡ)


ᠱᠢᠨ᠎ᠡ ᠴᠢᠨᠠᠷ ᠎ᠤᠨ ᠦᠢᠯᠡᠳᠪᠦᠷᠢᠯᠡᠯ ᠎ᠦᠨ ᠬᠦᠴᠦᠨ ᠎ᠢ ᠬᠥᠭ᠌ᠵᠢᠭᠦᠯᠬᠦ᠌ ᠪᠣᠯ ᠬᠥᠭ᠌ᠵᠢᠯᠲᠡ᠎ᠶ᠋ᠢᠨ ᠰᠡᠳᠦᠪ ᠪᠣᠯᠬᠤ ᠪᠥᠭᠡᠳ ᠪᠠᠰᠠ ᠴᠤ᠌ ᠬᠤᠪᠢᠰᠭᠠᠯ ᠎ᠤᠨ ᠰᠡᠳᠦᠪ ᠪᠣᠯᠤᠨ᠎ᠠ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠠᠷᠰᠢᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠬᠤ ᠲᠠᠯ᠎ᠠ᠎ᠪᠠᠷ ᠱᠢᠨ᠎ᠡ ᠦᠷ᠎ᠡ ᠪᠦᠲᠦᠭᠡᠯ ᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠥᠭᠦᠯᠡᠯᠲᠡ ᠨᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠦᠵᠡᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠢᠯᠡᠷᠡᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠲᠦᠭ᠌ᠵᠢᠷᠡᠯ ᠴᠡᠭ ᠬᠣᠷᠢᠭ᠎ᠠ᠎ᠴᠡᠭ ᠢ᠋ ᠰᠢᠯᠤᠭᠤᠳᠬᠠᠵᠤ᠂ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠨᠡᠩ ᠰᠠᠢ᠌ᠨ ᠬᠥᠭ᠌ᠵᠢᠭᠡᠬᠦ᠌᠎ᠳᠦ ᠦᠨᠳᠦᠰᠦᠨ ᠵᠢᠷᠤᠮᠯᠠᠯ ᠪᠠ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠦᠷᠢᠯᠳᠦᠬᠦ᠌ ᠪᠠ ᠬᠥᠭ᠌ᠵᠢᠬᠦ᠌ ᠨᠢ ᠤᠳᠦ᠍᠎ᠶ᠋ᠢᠨ ᠪᠠᠢᠭ᠎ᠠ ᠦᠢᠯᠡᠳᠪᠦᠷᠢᠯᠡᠯ᠎ᠦᠨ ᠬᠠᠷᠢᠴᠠᠭᠠᠨ᠎ᠳᠤ ᠵᠣᠬᠢᠴᠠᠬᠤ ᠴᠢᠨᠠᠷᠲᠠᠢ ᠲᠤᠬᠢᠷᠡᠭᠤᠯᠦᠯᠳᠠ ᠬᠢᠬᠦ᠌᠎ᠡᠴᠡ ᠰᠠᠯᠵᠤ ᠴᠢᠳᠠᠬᠤ ᠤᠢ᠍ᠭᠡᠢ ᠶᠤᠮ᠃ ᠬᠡᠷᠪᠡ ᠪᠠᠢᠭᠤᠯᠤᠯ ᠲᠣᠭ᠍ᠲᠠᠴᠠ ᠨᠢ ᠠᠨᠠᠢ ᠪᠣᠯ ᠱᠢᠨ᠎ᠡ ᠎ᠶ᠋ᠢ ᠡᠭᠦᠳᠬᠦ᠌᠂ ᠬᠥᠭ᠌ᠵᠢᠭᠦᠯᠬᠦ᠌᠂ ᠬᠡᠷᠡᠭ᠌ᠯᠡᠬᠦ᠌ ᠵᠡᠷᠭᠡ ᠡᠯ᠎ᠡ ᠭᠣᠭ᠍ᠴᠣᠭ᠎ᠠ᠎ᠳᠤ ᠠᠮᠠᠷᠬᠠᠨ ᠲᠦᠭ᠌ᠵᠢᠷᠡᠯ ᠴᠡᠭ ᠬᠣᠷᠢᠭ᠎ᠠ ᠴᠡᠭ᠎ᠢ ᠪᠦᠷᠢᠯᠳᠦᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠲᠡᠶ ᠵᠣᠬᠢᠴᠠᠯᠳᠤᠭ᠍ᠰᠠᠨ ᠦᠢᠯᠡᠳᠪᠦᠷᠢᠯᠡᠯ᠎ᠦᠨ ᠬᠠᠷᠢᠴᠠᠭ᠎ᠠ᠎ᠶ᠋ᠢ ᠪᠦᠷᠢᠯᠳᠦᠭᠦᠯᠬᠦ᠌᠎ᠶ᠋ᠢᠨ ᠠᠷᠭ᠎ᠠ ᠦᠭᠡᠢ ᠪᠣᠯᠤᠨ᠎ᠠ᠃

《ᠥᠭᠡᠷᠡᠴᠢᠯᠡᠯᠲᠡ ᠪᠣᠯ ᠨᠡᠢᠭᠡᠮ ᠎ᠦᠨ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭ᠌ᠵᠢᠭᠦᠯᠬᠦ᠌᠎ᠶ᠋ᠢᠨ ᠵᠠᠩᠭᠢᠯᠠᠭ᠎ᠠ ᠮᠥᠨ᠂ ᠤᠯᠤᠰ ᠎ᠤᠨ ᠬᠥᠭ᠌ᠵᠢᠯᠲᠡ ᠎ᠶ᠋ᠢ ᠠᠬᠢᠭᠤᠯᠬᠤ᠎ᠶ᠋ᠢᠨ ᠦᠨᠳᠦᠰᠦᠨ ᠬᠥᠳᠡᠯᠭᠡᠭ᠌ᠴᠢ ᠬᠦᠴᠦᠨ ᠮᠥᠨ 》᠂《 ᠱᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠡᠷᠬᠡᠪᠰᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ  ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠲᠡᠭᠦᠨ ᠎ᠲᠡᠶ ᠵᠣᠬᠢᠴᠠᠭ᠍ᠰᠠᠨ ᠱᠢᠨ᠎ᠡ ᠮᠠᠶᠢᠭ᠎ᠤᠨ ᠦᠢᠯᠡᠳᠪᠦᠷᠢᠯᠡᠯ᠎ᠦᠨ ᠬᠠᠷᠢᠴᠠᠭ᠎ᠠ ᠎ᠶ᠋ᠢ ᠪᠤᠢ ᠪᠣᠯᠭᠠᠬᠤ ᠬᠡᠷᠡᠭ᠌ᠲᠡᠢ 》 ᠭᠡᠵᠦ᠍ ᠶᠡᠷᠦᠩᠬᠡᠢ ᠱᠦᠵᠢ ᠰᠢ ᠵᠢᠨ ᠫᠢᠩ ᠥᠭᠡᠷᠡᠴᠢᠯᠡᠯᠲᠡ ᠬᠢᠭᠡᠳ ᠬᠥᠭ᠌ᠵᠢᠯᠲᠡ᠎ᠶ᠋ᠢᠨ ᠬᠤᠪᠢᠰᠤᠩᠭᠤᠢ ᠬᠠᠷᠢᠴᠠᠭ᠎ᠠ᠎ᠶ᠋ᠢ ᠨᠠᠷᠢᠨ ᠲᠣᠳᠣᠷᠬᠠᠢ ᠲᠣᠳᠣᠷᠬᠠᠢᠯᠠᠨ ᠥᠭᠦᠯᠡᠪᠡ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠠᠷᠱᠢᠯᠠᠵᠤ ᠪᠠᠢᠭ᠍ᠰᠠᠨ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ ᠨᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠳᠤᠮᠳᠠ ᠲᠠᠰᠤᠷᠠᠯᠲᠠ ᠦᠭᠡᠢ ᠡᠪᠳᠡᠭ᠌ᠳᠡᠵᠦ᠍᠂ ᠱᠢᠨ᠎ᠡ ᠬᠥᠳᠡᠯᠭᠡᠬᠦ᠌ ᠡᠨᠧᠷᠭᠢ ᠬᠤᠷᠠᠮᠳᠤᠨ ᠬᠠᠨᠳᠤᠰᠢ ᠪᠦᠷᠢᠯᠳᠦᠵᠦ᠍᠂ ᠱᠢᠨ᠎ᠡ ᠳᠠᠪᠠᠭᠤᠯᠢᠭ ᠲᠠᠰᠤᠷᠠᠯᠲᠠ ᠦᠭᠡᠢ ᠪᠦᠷᠢᠯᠳᠦᠵᠡᠢ᠃ ᠭᠡᠲᠡᠯ᠎ᠡ᠂ ᠡᠯ᠎ᠡ ᠭᠠᠵᠠᠷ᠎ᠤᠨ ᠦᠶ᠋ᠯᠡᠳᠦᠯᠭᠡ᠎ᠶ᠋ᠢᠨ ᠳᠤᠮᠳᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠡᠯᠧᠮᠧᠨ᠋ᠲ᠎ᠦᠨ ᠱᠢᠯᠵᠢᠯᠲᠡ᠂ ᠵᠠᠬ᠎ᠠ ᠳᠡᠯᠭᠡᠭᠦᠷ ᠎ᠲᠦ ᠣᠷᠣᠬᠤ᠎ᠶ᠋ᠢ ᠵᠥᠪᠱᠢᠶᠡᠷᠡᠬᠦ᠌ ᠵᠡᠷᠭᠡ ᠬᠦᠷᠢᠶᠡᠨ ᠎ᠳᠦ ᠮᠥᠨ ᠬᠦ᠌ ᠲᠦᠭ᠌ᠵᠢᠷᠡᠯ ᠴᠡᠭ ᠬᠣᠷᠢᠭ᠎ᠠ ᠴᠡᠭ ᠣᠷᠣᠱᠢᠵᠤ᠂ ᠬᠡᠰᠡᠭ ᠤᠯᠠᠮᠵᠢᠯᠠᠯᠲᠤ ᠪᠠᠢᠭᠤᠯᠤᠯ ᠲᠣᠭ᠍ᠲᠠᠴᠠ ᠨᠢ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠲᠡᠶ ᠵᠣᠬᠢᠴᠠᠬᠤ ᠥᠬᠡᠶ ᠪᠠᠢᠵᠤ᠂ ᠦᠶ᠋ᠯᠡᠳᠪᠦᠷᠢᠯᠡᠯ᠎ᠦᠨ ᠬᠦᠴᠦᠨ᠎ᠦ ᠳᠡᠭᠡᠭ᠌ᠰᠢᠯᠡᠯᠲᠡ᠎ᠶ᠋ᠢ ᠬᠦᠯᠢᠶᠡᠰᠦᠯᠡᠵᠦ᠍ ᠪᠠᠢᠭ᠎ᠠ 《ᠳᠠᠯᠳᠠ ᠬᠦᠯᠢᠶᠡᠰᠦ》 ᠪᠣᠯᠵᠣ ᠪᠠᠢᠨ᠎ᠠ᠂ ᠡᠷᠬᠡᠪᠰᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠎ᠪᠡᠷ ᠳᠡᠮᠵᠢᠨ ᠬᠠᠷᠰᠢ ᠰᠠᠭᠠᠳ᠎ᠢ ᠠᠷᠢᠯᠭᠠᠵᠤ᠂ ᠵᠠᠮ ᠨᠡᠭᠡᠭᠡᠨ ᠬᠥᠭᠥᠷᠭᠡ ᠲᠠᠯᠪᠢᠬᠤ ᠬᠡᠷᠡᠭ᠌ᠲᠡᠶ᠃

《ᠠᠵᠤ ᠠᠬᠤᠢ᠎ᠶ᠋ᠢᠨ ᠪᠠᠢᠭᠤᠯᠤᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠯ ᠵᠡᠷᠭᠡ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠲᠦᠭ᠌ᠵᠢᠷᠡᠯ ᠴᠡᠭ ᠬᠣᠷᠢᠭ᠎ᠠ ᠴᠡᠭ᠎ᠢ ᠬᠦᠴᠦᠯᠡᠨ ᠰᠢᠯᠤᠭᠤᠳᠬᠠᠬᠤ ᠬᠡᠷᠡᠭ᠌ᠲᠡᠢ》᠂《ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲᠸᠮ᠎ᠢ ᠪᠠᠢᠭᠤᠯᠵᠤ᠂ ᠦᠢᠯᠡᠳᠪᠦᠷᠢᠯᠡᠯ᠎ᠦᠨ ᠡᠯᠧᠮᠧᠨ᠋ᠲ᠎ᠢ ᠲᠤᠬᠢᠷᠠᠭᠤᠯᠬᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠡᠯ᠎ᠡ ᠲᠦᠷᠦᠯ᠎ᠦᠨ ᠲᠡᠷᠢᠭᠦᠨ᠎ᠦ ᠴᠢᠨᠠᠷ ᠰᠠᠢᠲᠠᠢ ᠦᠢᠯᠡᠳᠪᠦᠷᠢᠯᠡᠯ᠎ᠦᠨ ᠡᠯᠧᠮᠧᠨ᠋ᠲ᠎ᠢ ᠬᠥᠭ᠌ᠵᠢᠯᠲᠡ᠎ᠶ᠋ᠢᠨ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠲᠡᠢᠰᠢ ᠤᠷᠤᠭ᠍ᠰᠢᠲᠠᠢ ᠱᠢᠯᠵᠢᠭᠦᠯᠬᠦ᠌ ᠬᠡᠷᠡᠭ᠌ᠲᠡᠢ 》 ᠁

ᠥᠭᠡᠷᠡᠴᠢᠯᠡᠯᠲᠡ ᠎ᠪᠡᠷ ᠱᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠠᠬᠢᠭᠤᠯᠤᠨ ᠬᠦᠭᠵᠢᠭᠦᠯᠬᠦ᠎ᠶ᠋ᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠥᠭᠦᠯᠡᠯᠲᠡ ᠬᠢᠪᠡ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠡᠴᠡ ᠪᠠᠢᠷᠢᠯᠠᠭᠤᠯᠤᠭ᠍ᠰᠠᠨ 300 ᠭᠠᠷᠤᠢ ᠵᠦᠢᠯ᠎ᠦᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢᠨ ᠳᠣᠲᠣᠷ᠎ᠠ᠂ ᠤᠯᠠᠨ ᠵᠦᠢᠯ᠎ᠦᠨ ᠴᠢᠬᠤᠯᠠ ᠪᠠᠢᠷᠢᠯᠠᠭᠤᠯᠤᠯᠲᠠ ᠨᠢ ᠠᠵᠤ ᠠᠬᠤᠢ᠎ᠶ᠋ᠢᠨ ᠪᠠᠢᠭᠤᠯᠤᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ ᠵᠡᠷᠭᠡ ᠬᠦᠷᠢᠶᠡᠨ᠎ᠳᠡᠬᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ ᠎ᠶ᠋ᠢ ᠪᠦᠷᠢᠨᠱᠢᠬᠦᠯᠬᠦ᠌᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠂ ᠱᠢᠨ᠎ᠡ ᠳᠠᠪᠠᠭᠤᠯᠢᠭ ᠎ᠢ ᠲᠦᠷᠭᠡᠪᠴᠢᠯᠡᠨ ᠪᠤᠢ ᠪᠣᠯᠭᠠᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠨᠢ ᠡᠯ᠎ᠡ ᠲᠦᠷᠦᠯ᠎ᠦᠨ ᠦᠢᠯᠡᠳᠪᠦᠷᠢᠯᠡᠯ᠎ᠦᠨ ᠡᠯᠧᠮᠧᠨ᠋ᠲ ᠎ᠢ ᠥᠨᠳᠥᠷ ᠪᠦᠲᠦᠮᠵᠢᠲᠡᠢ᠎ᠪᠡᠷ ᠲᠥᠪᠯᠡᠷᠡᠭᠦᠯᠬᠦ᠌ ᠪᠠ ᠱᠢᠯᠢᠳᠡᠭ᠌ᠵᠢᠭᠦᠯᠦᠨ ᠲᠤᠬᠢᠷᠠᠭᠤᠯᠬᠤ ᠎ᠳᠤ ᠲᠦᠱᠢᠭ᠌ᠯᠡᠳᠡᠭ᠃ ᠦᠢᠯᠡᠳᠪᠦᠷᠢᠯᠡᠯ᠎ᠦᠨ ᠡᠯᠧᠮᠧᠨ᠋ᠲ᠎ᠦᠨ ᠱᠢᠨ᠎ᠡ ᠎ᠶ᠋ᠢ ᠡᠭᠦᠳᠬᠦ᠌ ᠴᠢᠨᠠᠷᠲᠠᠢ ᠲᠤᠬᠢᠷᠠᠭᠤᠯᠤᠯᠲᠠ ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ᠃

ᠡᠨᠡ ᠵᠢᠯ᠎ᠦᠨ 1 ᠰᠠᠷ᠎ᠠ᠎ᠳᠤ᠂ ᠭᠤᠸᠠᠩᠵᠧᠦ ᠬᠣᠲᠠ᠎ᠶ᠋ᠢᠨ ᠢᠲᠡᠭᠡᠮᠵᠢᠲᠦ ᠲᠣᠭ᠎ᠠ ᠪᠠᠷᠢᠮᠲᠠ᠎ᠶ᠋ᠢᠨ ᠣᠷᠣᠨ ᠵᠠᠶ᠎ᠨᠢ ᠨᠡᠢᠭᠡᠮ᠎ᠳᠦ ᠬᠠᠨᠳᠤᠭᠤᠯᠤᠨ ᠢᠨᠲ᠋ᠧᠷ ᠰᠦᠯᠵᠢᠶᠡᠨ᠎ᠦ ᠰᠤᠷᠪᠤᠯᠵᠢᠯᠠᠭ᠎ᠠ᠎ᠶ᠋ᠢ ᠪᠥᠬᠥ᠌ ᠲᠠᠯ᠎ᠠ᠎ᠪᠠᠷ ᠨᠡᠪᠲᠡᠷᠡᠭᠦᠯᠵᠦ᠍᠂ ᠮᠡᠷᠭᠡᠵᠢᠯ᠎ᠦᠨ ᠪᠡᠬᠢᠯᠡᠯᠲᠡ᠎ᠶ᠋ᠢ ᠡᠪᠳᠡᠵᠦ᠍᠂ ᠲᠣᠭ᠎ᠠ ᠪᠠᠷᠢᠮᠲᠠ᠎ᠶ᠋ᠢ ᠵᠠᠯᠭᠠᠨ ᠣᠷᠣᠭᠤᠯᠬᠤ ᠪᠠᠷᠢᠮᠵᠢᠶ᠎ᠠ᠎ᠶ᠋ᠢ ᠪᠠᠭᠤᠷᠠᠭᠤᠯᠵᠤ᠂ ᠡᠯ᠎ᠡ ᠲᠥᠷᠥᠯ᠎ᠦᠨ ᠭᠤᠤᠯ ᠴᠣᠭ᠍ᠴᠠ᠎ᠳᠤ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠬᠡ ᠲᠡᠭ᠌ᠰᠢ᠎ᠪᠡᠷ ᠬᠠᠮᠲᠤ᠎ᠪᠠᠷ ᠡᠳ᠋ᠯᠡᠭᠦᠯᠪᠡ᠃ 2025 ᠣᠨ᠎ᠤ 9 ᠰᠠᠷ᠎ᠠ᠎ᠡᠴᠡ ᠡᠬᠢᠯᠡᠨ᠂ ᠮᠠᠨ᠎ᠤ ᠤᠯᠤᠰ 10 ᠭᠠᠵᠠᠷ ᠣᠷᠣᠨ᠎ᠳᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ ᠎ᠶ᠋ᠢᠨ ᠲᠤᠷᠱᠢᠯᠲᠠ ᠎ᠶᠢᠨ ᠴᠡᠭ ᠎ᠢ ᠥᠷᠨᠢᠭᠦᠯᠵᠦ᠍᠂ ᠡᠯᠧᠮᠧᠨ᠋ᠲ᠎ᠢ ᠴᠢᠯᠥᠭᠡᠲᠡᠶ ᠭᠦᠢᠯᠭᠡᠭᠡᠬᠦ᠌ ᠪᠠ ᠥᠨᠳᠥᠷ ᠪᠦᠲᠦᠮᠵᠢᠲᠡᠶ ᠲᠣᠬᠢᠷᠠᠭᠤᠯᠬᠤ᠎ᠶ᠋ᠢ ᠬᠠᠷᠱᠢᠯᠠᠵᠤ ᠪᠠᠢᠭ᠎ᠠ ᠪᠠᠢᠭᠤᠯᠤᠯ ᠲᠣᠭ᠍ᠲᠠᠴᠠ ᠎ᠶ᠋ᠢᠨ ᠬᠠᠷᠰᠢ ᠰᠠᠭᠠᠳ ᠎ᠢ ᠬᠦᠴᠦᠯᠡᠨ ᠠᠷᠢᠯᠭᠠᠬᠤ᠎ᠪᠠᠷ ᠪᠠᠢᠷᠢᠯᠠᠭᠤᠯᠪᠠ᠃

ᠡᠯᠧᠮᠧᠨ᠋ᠲ ᠎ᠢ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠯᠧᠮᠧᠨ᠋ᠲ᠎ᠢ ᠡᠮᠬᠢ ᠵᠢᠷᠤᠮ᠎ᠲᠠᠶ ᠭᠦᠢᠯᠭᠡᠭᠡᠬᠦ᠌᠎ᠠᠷᠭ᠎ᠠ ᠵᠠᠮ᠎ᠢ ᠱᠢᠯᠤᠭᠤᠳᠭᠠᠵᠤ᠂ ᠨᠡᠮᠡᠭ᠌ᠳᠡᠯ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌ ᠪᠠ ᠨᠦᠭᠡᠴᠡ᠎ᠶ᠋ᠢ ᠠᠮᠢᠳᠤᠯᠢᠭᠵᠢᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ᠎ᠦᠨ ᠡᠯᠧᠮᠧᠨ᠋ᠲ᠎ᠦᠨ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠡᠷ ᠲᠤᠬᠢᠷᠠᠭᠤᠯᠬᠤ᠎ᠶ᠋ᠢ ᠠᠬᠢᠭᠤᠯᠪᠠ; ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠬᠠᠷᠰᠢ ᠰᠠᠭᠠᠳ ᠲᠦᠭᠵᠢᠷᠡᠯ ᠴᠡᠭ᠎ᠢ ᠡᠷᠡᠰ ᠠᠷᠢᠯᠭᠠᠵᠤ᠂ ᠣᠷᠣᠨ ᠨᠤᠲᠤᠭ᠎ᠤᠨ ᠬᠠᠮᠠᠭᠠᠯᠠᠯᠲᠠ ᠪᠣᠯᠤᠨ ᠵᠠᠬ᠎ᠠ ᠳᠡᠯᠭᠡᠭᠦᠷ᠎ᠦᠨ ᠬᠡᠰᠡᠭ᠌ᠯᠡᠯ᠎ᠢ ᠡᠪᠳᠡᠵᠦ᠍᠂ ᠲᠠᠸᠠᠷ᠎ᠤᠨ ᠴᠢᠬᠤᠯᠠ ᠡᠯᠧᠮᠧᠨ᠋ᠲ ᠎ᠦᠨ ᠡᠬᠢ ᠪᠠᠶᠠᠯᠢᠭ᠎ᠢ ᠨᠡᠩ ᠶᠡᠬᠡ ᠬᠡᠪᠴᠢᠶᠡᠨ᠎ᠳᠦ ᠤᠷᠤᠭ᠍ᠰᠢᠲᠠᠶ ᠭᠦᠢᠯᠭᠡᠭᠡᠬᠦ᠌᠎ᠶ᠋ᠢ ᠠᠬᠢᠭᠤᠯᠪᠠ  ᠁《 ᠠᠷᠪᠠᠨ ᠲᠠᠪᠤᠳᠤᠭᠠᠷ ᠲᠠᠪᠤᠨ ᠵᠢᠯ 》᠎ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠪᠠᠢᠷᠢᠯᠠᠭᠤᠯᠤᠯᠲᠠ ᠶᠣᠰᠣᠭᠠᠷ᠂ ᠣᠯᠠᠨ ᠵᠦᠢᠯ᠎ᠦᠨ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠦᠢᠯᠡᠳᠪᠦᠷᠢᠯᠡᠯ᠎ᠦᠨ ᠴᠢᠬᠤᠯᠠ ᠡᠯᠧᠮᠧᠨ᠋ᠲ᠎ᠦᠨ ᠨᠡᠩ ᠲᠡᠷᠢᠭᠦᠨ᠎ᠦ᠂ ᠨᠡᠩ ᠭᠦᠢᠴᠡᠳ ᠪᠣᠯᠬᠤ᠎ᠶ᠋ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠦᠷᠭᠡᠨ ᠬᠥᠭ᠌ᠵᠢᠯᠲᠡ᠎ᠶ᠋ᠢ ᠠᠬᠢᠭᠤᠯᠬᠤ᠎ᠳᠤ ᠲᠤᠯᠭᠠᠭᠤᠷᠢᠯᠠᠯ ᠬᠠᠩᠭᠠᠨ᠎ᠠ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠭᠣᠣᠯ ᠡᠯᠧᠮᠧᠨ᠋ᠲ ᠮᠥᠨ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠬᠦ᠌ ᠬᠡᠷᠡᠭ᠌ᠲᠡᠢ᠃

ᠶᠡᠷᠦᠩᠬᠡᠢ ᠱᠦᠵᠢ ᠰᠢ ᠵᠢᠨ ᠫᠢᠩ᠄《ᠮᠠᠨ ᠎ᠤ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠩᠨᠡᠭᠡ᠎ᠳᠦ ᠯᠤᠲᠤ ᠶᠡᠬᠡ ᠱᠢᠨ᠎ᠡ᠎ᠶ᠋ᠢ ᠡᠭᠦᠳᠬᠦ᠌ ᠳᠠᠯᠳᠠ ᠬᠦᠴᠦᠨ ᠬᠠᠳᠠᠭᠠᠯᠠᠭ᠍ᠳᠠᠵᠤ ᠪᠠᠢᠨ᠎ᠠ᠂ ᠵᠠᠩᠭᠢᠯᠠᠭ᠎ᠠ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠳᠠᠮᠵᠢᠨ ᠡᠨᠡ ᠬᠦ᠌ ᠳᠠᠯᠳᠠ ᠬᠦᠴᠦᠨ᠎ᠢ ᠪᠦᠲᠦᠮᠵᠢᠲᠡᠢ ᠪᠠᠳᠠᠷᠠᠭᠤᠯᠬᠤ᠎ᠳᠤ ᠪᠤᠢ 》 ᠭᠡᠵᠦ ᠵᠢᠭᠠᠵᠤ ᠭᠠᠷᠭᠠᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ 《ᠨᠣᠮ᠎ᠤᠨ ᠲᠠᠯᠪᠢᠭᠤᠷ 》 ᠎ᠡᠴᠡ《 ᠪᠠᠷᠠᠭᠠᠨ᠎ᠤ ᠲᠠᠯᠪᠢᠭᠤᠷ 》 ᠲᠡᠢᠰᠢ ᠨᠠᠩ ᠰᠠᠢᠨ ᠱᠢᠯᠵᠢᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠮᠠᠨ᠎ᠤ ᠤᠯᠤᠰ ᠲᠤᠱᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ ᠣᠯᠭᠣᠬᠤ᠂ ᠲᠤᠱᠢᠶᠠᠯ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠎ᠦᠨ ᠡᠳ᠋ ᠬᠥᠷᠥᠩᠭᠡ᠎ᠶ᠋ᠢ ᠲᠤᠰᠠᠭᠠᠷ ᠬᠠᠮᠢᠶᠠᠷᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠦᠷ᠎ᠡ ᠪᠦᠲᠦᠭᠡᠯ᠎ᠢ ᠦᠨᠡᠯᠡᠬᠦ᠌ 3 ᠵᠦᠶ᠋ᠯ᠎ᠦᠨ ᠥᠭᠡᠷᠡᠴᠢᠯᠡᠯᠲᠡ᠎ᠶ᠋ᠢᠨ ᠲᠤᠷᠱᠢᠯᠲᠠ᠎ᠶᠢᠨ ᠴᠡᠭ᠎ᠢ ᠥᠷᠨᠢᠭᠦᠯᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ ᠢᠳᠡᠪᠬᠢᠵᠢᠯ᠎ᠢ ᠬᠥᠭ᠌ᠵᠢᠭᠡᠪᠡ᠃ ᠲᠤᠱᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠡᠷᠬᠡ ᠣᠯᠭᠣᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠬᠤᠭᠤᠴᠠᠭᠠᠨ᠎ᠳᠤ᠂ ᠨᠢᠭᠡᠨᠲᠡ 40 ᠨᠢᠭᠡᠴᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠳᠤ 4000 ᠭᠠᠷᠤᠶ ᠵᠦᠶ᠋ᠯ᠎ᠦᠨ ᠦᠷ᠎ᠡ ᠪᠦᠲᠦᠭᠡᠯ ᠣᠯᠭᠣᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠨᠡᠨ ᠪᠣᠳᠠᠲᠠᠶ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠪᠠ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠨᠢᠭᠡᠳᠦᠯᠲᠡᠢ ᠲᠥᠯᠥᠪᠯᠡᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠬᠢᠭᠡᠳ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡ᠂ ᠠᠵᠤ ᠦᠢᠯᠡᠰ᠂ ᠰᠤᠷᠭᠠᠨ ᠬᠥᠮᠦᠵᠢᠯ᠂ ᠴᠢᠳᠠᠪᠤᠷᠢᠲᠠᠨ ᠵᠡᠷᠭᠡ᠎ᠶ᠋ᠢᠨ ᠲᠦᠷᠦ᠍ ᠎ᠶ᠋ᠢᠨ ᠪᠤᠳᠤᠯᠭ᠎ᠠ᠎ᠶ᠋ᠢ ᠨᠡᠩ ᠬᠠᠮᠵᠢᠯᠴᠠᠨ ᠥᠨᠳᠥᠷ ᠪᠦᠲᠦᠮᠵᠢᠲᠡᠢ ᠪᠣᠯᠭᠠᠪᠠ;  ᠤᠯᠤᠰ ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠭᠦᠷᠭᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠷᠤᠳᠠᠯ᠎ᠤᠨ《 ᠳᠠᠭᠠᠭᠠᠴᠢᠯᠠᠯᠲᠠ᠎ᠶ᠋ᠢᠨ ᠲᠦᠷᠢᠮ 》 ᠢ᠋ ᠰᠦᠪᠡᠭ᠌ᠴᠢᠯᠡᠨ ᠲᠡᠭᠦᠯᠳᠡᠷᠵᠢᠭᠦᠯᠪᠡ;  ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠮᠥᠩᠭᠥᠨ ᠭᠦᠢᠯᠭᠡᠭᠡᠨ᠎ᠦ ᠪᠠᠢᠭᠤᠯᠤᠯ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠮᠥᠩᠭᠥᠨ ᠭᠦᠢᠯᠭᠡᠭᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ 《 ᠬᠠᠮ ᠠᠷᠭ᠎ᠠ ᠬᠡᠮᠵᠢᠶ᠎ᠡ 》 ᠶ᠋ᠢ ᠭᠠᠷᠭᠠᠪᠠ;  ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠭᠠᠭᠤᠯᠤᠬ᠍ᠴᠢ ᠠᠵᠤ ᠠᠬᠤᠢᠯᠠᠯ ᠎ᠢ ᠪᠣᠢᠵᠢᠭᠤᠯᠤᠨ ᠪᠤᠵᠠᠭᠠᠢᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠲᠦᠷᠢᠮ᠎ᠦᠨ ᠲᠠᠯ᠎ᠠ᠎ᠡᠴᠡ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠨᠠᠢᠳᠠᠪᠤᠷᠢᠵᠢᠭᠤᠯᠪᠠ ᠁ ᠠᠯᠢ ᠤᠯᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠳᠦ ᠠᠨᠭᠬᠠᠷᠤᠯ ᠵᠢᠡᠨ ᠲᠦᠪᠯᠡᠷᠡᠭᠦᠯᠬᠦ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠬᠦ᠌᠎ᠶ᠋ᠢ ᠠᠬᠢᠭᠤᠯᠪᠠ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠎ᠳ᠋ᠦ᠍ ᠬᠥᠮᠦᠨ ᠪᠣᠯ ᠬᠠᠮᠤᠭ᠎ᠤᠨ ᠠᠮᠢᠳᠤᠯᠢᠭ ᠬᠦᠴᠦᠨ ᠵᠦᠢᠯ ᠮᠥᠨ᠂ ᠪᠠᠰᠠ ᠴᠤ᠌ ᠬᠠᠮᠤᠭ᠎ᠤᠨ ᠱᠢᠢᠳᠪᠦᠷᠢᠯᠡᠭ᠌ᠴᠢ ᠴᠢᠨᠠᠷᠲᠠᠢ ᠬᠦᠴᠦᠨ ᠮᠥᠨ᠃

ᠶᠡᠷᠦᠩᠬᠡᠢ ᠱᠦᠵᠢ ᠰᠢ ᠵᠢᠨ ᠫᠢᠩ᠄《 ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠰᠠᠢ᠌ᠨ ᠣᠷᠴᠢᠯ᠎ᠢ ᠱᠢᠯᠤᠭᠤᠳᠭᠠᠵᠤ᠂ ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌᠂ ᠵᠣᠬᠢᠰᠲᠠᠢ ᠱᠢᠯᠵᠢᠭᠦᠯᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ 》 ᠭᠡᠵᠦ ᠵᠢᠭᠠᠵᠤ ᠭᠠᠷᠭᠠᠪᠠ᠃

ᠱᠢᠨ᠎ᠡ᠎ᠶ᠋ᠢ ᠡᠭᠦᠳᠬᠦ᠌ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ᠎ᠪᠡᠷ ᠤᠳᠤᠷᠢᠳᠤᠮᠵᠢ ᠪᠣᠯᠭᠠᠭ᠍ᠰᠠᠨ ᠴᠢᠳᠠᠪᠤᠷᠢᠲᠠᠨ ᠎ᠢ ᠦᠨᠡᠯᠡᠬᠦ᠌ ᠱᠢᠰᠲ᠋ᠧᠮ᠎ᠢ ᠪᠠᠢᠭᠤᠯᠬᠤ᠎ᠡᠴᠡ《ᠲᠤᠩᠬᠠᠭ ᠨᠡᠢᠳᠡᠯᠡᠨ ᠮᠠᠩᠯᠠᠢᠯᠠᠭᠴᠢ ᠡᠯᠰᠡᠬᠦ 》᠂ 《ᠦᠷᠢᠰᠦᠯᠳᠦᠭᠡᠨ᠎ᠢᠶᠡᠷ ᠰᠢᠯᠢᠳᠡᠭ᠎ᠢ ᠨᠢ ᠰᠤᠩᠭᠤᠬᠤ 》 ᠬᠦᠷᠲᠡᠯ᠎ᠡ ᠱᠢᠨᠵᠢᠯᠡᠬᠦ᠌ ᠤᠬᠠᠭᠠᠨᠲᠠᠳ᠎ᠤᠨ ᠵᠣᠷᠢᠭ᠍ᠲᠠᠶ᠎ᠪᠠᠷ ᠬᠠᠢᠨ ᠰᠦᠪᠡᠭ᠌ᠴᠢᠯᠡᠬᠦ᠌᠎ᠶ᠋ᠢ ᠳᠡᠮᠵᠢᠪᠡ;  ᠭᠤᠷᠪᠠᠨ ᠡᠭᠡᠯᠵᠢ᠎ᠶ᠋ᠢᠨ ᠳᠠᠷᠤᠭᠠᠰᠤ ᠎ᠶ᠋ᠢ ᠬᠥᠩᠭᠡᠷᠡᠭᠦᠯᠬᠦ᠌ ᠠᠵᠢᠯᠯᠠᠭ᠎ᠠ᠎ᠪᠠᠷ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠎ᠤ ᠬᠦᠯᠢᠶᠡᠰᠦ᠎ᠶᠢ ᠰᠤᠯᠠᠯᠠᠵᠤ ᠳᠠᠷᠤᠭᠠᠰᠤ᠎ᠶ᠋ᠢ ᠬᠥᠩᠭᠡᠷᠡᠭᠦᠯᠵᠦ᠍᠂ ᠰᠤᠷᠤᠯᠴᠠᠬᠤ ᠰᠤᠷᠲᠠᠯ᠎ᠤᠨ ᠪᠠᠢᠭᠤᠯᠤᠯᠲᠠ ᠨᠢ ᠱᠢᠨᠵᠢᠯᠡᠬᠦ᠌ ᠤᠬᠠᠭᠠᠨ᠎ᠤ ᠰᠤᠳᠤᠯᠭᠠᠨ ᠎ᠤ ᠠᠮᠢ ᠠᠬᠤᠶ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌ ᠬᠦᠷᠲᠡᠯ᠎ᠡ ᠁ ᠤᠢᠷ᠎ᠠ ᠵᠢᠨ ᠵᠢᠯ ᠳ᠋ᠤ᠂ ᠡᠪᠳᠡᠬᠦ᠌ ᠪᠠᠢᠭᠤᠯᠬᠤ᠎ᠶ᠋ᠢ ᠵᠡᠷᠭᠡ᠎ᠪᠡᠷ ᠴᠢᠬᠤᠯᠠᠴᠢᠯᠠᠬᠤ ᠪᠥᠬᠥ᠌ ᠲᠠᠯ᠎ᠠ᠎ᠶ᠋ᠢᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠨᠢ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠳᠦ ᠵᠣᠬᠢᠴᠠᠬᠤ ᠥᠨᠳᠥᠷ ᠲᠦᠪᠱᠢᠨ ᠪᠥᠬᠥᠶ ᠬᠠᠮ ᠬᠡᠯᠪᠡᠷᠢ᠎ᠶ᠋ᠢᠨ ᠬᠥᠳᠡᠯᠮᠦᠷᠢᠴᠢᠳ᠎ᠦᠨ ᠡᠩᠨᠡᠭᠡ᠎ᠶ᠋ᠢ ᠲᠠᠰᠤᠷᠠᠯᠲᠠ ᠥᠬᠡᠶ ᠪᠤᠵᠠᠭᠠᠢᠷᠠᠭᠤᠯᠵᠤ᠂ ᠮᠠᠨ᠎ᠤ ᠤᠯᠤᠰ ᠨᠢᠭᠡᠨᠲᠡ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠰᠤᠳᠤᠯᠤᠨ ᠨᠡᠭᠡᠭᠡᠬᠦ᠌ ᠠᠵᠢᠯᠲᠠᠨ ᠎ᠤ ᠡᠩᠨᠡᠭᠡ᠎ᠶ᠋ᠢ ᠪᠦᠷᠢᠯᠳᠦᠭᠦᠯᠵᠡᠶ᠃

《ᠠᠷᠪᠠᠨ ᠲᠠᠪᠤᠳᠤᠭᠠᠷ ᠲᠠᠪᠤᠯ ᠵᠢᠯ 》 ᠤ᠋ᠨ ᠱᠢᠨ᠎ᠡ ᠭᠠᠷᠤᠭᠠᠨ ᠳᠡᠭᠡᠷ᠎ᠡ ᠵᠣᠭ᠍ᠰᠣᠵᠤ᠂ ᠥᠭᠡᠷᠡᠴᠢᠯᠡᠯᠲᠡ᠎ᠶ᠋ᠢᠨ ᠬᠦᠴᠦᠨ᠎ᠢᠶᠡᠷ  ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠥᠳᠡᠯᠮᠦᠷᠢᠯᠡᠭ᠌ᠴᠢᠳ᠂ ᠬᠥᠳᠡᠯᠮᠦᠷᠢ᠎ᠶ᠋ᠢᠨ ᠬᠡᠷᠡᠭ᠌ᠰᠡᠯ᠂ ᠬᠥᠳᠡᠯᠮᠦᠷᠢᠯᠡᠬᠦ᠌ ᠡᠲᠡᠭᠡᠳ ᠵᠢᠴᠢ ᠱᠢᠯᠢᠳᠡᠭ᠌ᠵᠢᠭᠦᠯᠦᠨ ᠵᠣᠬᠢᠶᠠᠨ ᠪᠠᠢᠭᠤᠯᠬᠤ ᠶᠠᠪᠤᠳᠠᠯ᠎ᠢ ᠲᠠᠰᠤᠷᠠᠯᠲᠠ ᠤᠢ᠍ᠭᠡᠢ ᠲᠦᠯᠬᠢᠨ ᠠᠬᠢᠭᠤᠯᠬᠤ ᠨᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠰᠦᠷ ᠳᠠᠯᠠᠢᠴᠠᠲᠠᠶ ᠬᠥᠳᠡᠯᠭᠡᠬᠦ ᠡᠨᠧᠷᠭᠢ᠎ᠶ᠋ᠢ ᠭᠦᠢᠴᠡᠳ ᠬᠥᠭ᠌ᠵᠢᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶ᠋ᠢᠨ ᠯᠠᠪᠳᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠬᠤ ᠪᠣᠯᠤᠨ᠎ᠠ᠃


    (ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号