— ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠪᠦᠲᠦᠭᠡᠨ ᠪᠠᠢᠭᠤᠯᠤᠯᠲᠠ ᠵᠢ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠢ ᠠᠬᠢᠭᠤᠯᠬᠤ ᠲᠤᠬᠠᠢ ᠨᠢᠭᠡᠨᠲᠡ ᠥᠭᠦᠯᠡᠬᠦ᠌ ᠨᠢ
4 ᠰᠠᠷ᠎ᠠ ᠶ᠋ᠢᠨ 11 ᠤ᠋ ᠡᠳᠦᠷ᠂ ᠳᠤᠮᠳᠠᠳᠤ ᠤᠯᠤᠰ ( ᠥᠪᠥᠷ ᠮᠣᠩᠭᠣᠯ ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠫᠠᠢᠰᠠ ᠰᠡᠬᠦᠵᠦ ᠪᠠᠢᠭᠤᠯᠤᠭ᠍ᠳᠠᠪᠠ᠃ ᠡᠨᠡ ᠨᠢ ᠥᠪᠥᠷ ᠮᠣᠩᠭᠣᠯ ᠤᠯᠤᠰ ᠤ᠋ᠨ ᠬᠥᠭ᠌ᠵᠢᠯᠲᠡ ᠶ᠋ᠢᠨ ᠶᠡᠬᠡ ᠲᠠᠯ᠎ᠠ ᠪᠠ ᠥᠭᠡᠷᠡᠴᠢᠯᠡᠯᠲᠡ ᠨᠡᠭᠡᠭᠡᠯᠲᠡ ᠶ᠋ᠢᠨ ᠪᠦᠬᠦ ᠲᠠᠯ᠎ᠠ ᠳ᠋ᠦ ᠦᠶ᠋ᠯᠡᠴᠢᠯᠡᠬᠦ᠌ ᠲᠠᠯ᠎ᠠ ᠪᠡᠷ ᠴᠢᠬᠤᠯᠠ ᠨᠢᠭᠡ ᠠᠯᠬᠤᠮ ᠢ᠋ ᠠᠯᠬᠤᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠴᠦ᠍ ᠱᠢᠨ᠎ᠡ ᠱᠠᠲᠤᠨ ᠳ᠋ᠦ ᠤᠷᠤᠭ᠍ᠰᠠᠨ ᠢ᠋ ᠬᠠᠷᠠᠭᠤᠯᠵᠤ ᠪᠠᠢᠨ᠎ᠠ᠃
ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠪᠣᠯ ᠮᠠᠨ ᠤ᠋ ᠤᠯᠤᠰ ᠤ᠋ᠨ 23 ᠳ᠋ᠤᠭᠠᠷ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠪᠣᠯᠤᠨ᠎ᠠ᠂ ᠮᠥᠨ ᠴᠦ᠍ ᠤᠯᠤᠰᠠᠴᠠ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠢ᠋ ᠲᠡᠰ ᠲᠡᠪᠰᠢᠬᠦᠯᠬᠦ ᠪᠠᠢᠯᠳᠤᠬᠤ ᠪᠤᠳᠤᠯᠭ᠎ᠠ ᠵᠢ ᠬᠡᠷᠡᠭ᠌ᠵᠢᠭᠦᠯᠦᠭ᠌ᠰᠡᠨ ᠤ᠋ ᠳᠠᠷᠠᠭ᠎ᠠ ᠴᠤᠬᠤᠯᠠᠪᠤᠷᠢᠯᠠᠭᠰᠠᠨ ᠠᠩᠬᠠᠳᠠᠭ᠍ᠴᠢ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠪᠣᠯᠤᠨ᠎ᠠ᠃ ᠡᠨᠡᠨᠢ ᠶᠡᠷᠦᠩᠬᠡᠶ ᠱᠦᠵᠢ ᠰᠢ ᠵᠢᠨ ᠫᠢᠩ᠂ ᠨᠠᠮ ᠤ᠋ᠨ ᠲᠥᠪ ᠬᠣᠷᠢᠶᠠᠠᠴᠠ ᠥᠪᠥᠷ ᠮᠣᠩᠭᠣᠯ ᠢ᠋ ᠳᠡᠭᠡᠳᠦ ᠬᠡᠮᠵᠢᠶ᠎ᠡᠪᠡᠷ ᠴᠢᠬᠤᠯᠠᠴᠢᠯᠠᠵᠤ ᠪᠠᠢᠬᠤ ᠪᠠ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠲᠠᠯᠪᠢᠵᠦ ᠪᠠᠢᠬᠤ ᠵᠢ ᠭᠦᠶ᠋ᠴᠡᠳ ᠬᠠᠷᠠᠭᠤᠯᠵᠤ᠂ ᠥᠪᠥᠷ ᠮᠣᠩᠭᠣᠯ ᠤ᠋ᠨ ᠥᠭᠡᠷᠡᠴᠢᠯᠡᠯᠲᠡ ᠨᠡᠭᠡᠭᠡᠯᠲᠡ ᠪᠠ ᠴᠢᠨᠠᠷ ᠰᠠᠢᠲᠠᠶ ᠬᠥᠭ᠌ᠵᠢᠯᠲᠡ ᠶ᠋ᠢᠨ ᠠᠬᠢᠴᠠ ᠳ᠋ᠡᠬᠢ ᠬᠥᠱᠢᠶᠡ ᠲᠡᠮᠳᠡᠭ ᠤ᠋ᠨ ᠠᠴᠢ ᠬᠣᠯᠪᠣᠭ᠍ᠳᠠᠯᠪᠦᠬᠦᠢ ᠲᠤᠮᠤ ᠶᠠᠪᠤᠳᠠᠯ ᠪᠣᠯᠬᠤ ᠪᠡᠷ ᠪᠠᠷᠠᠬᠤ ᠥᠬᠡᠶ ᠪᠠᠰᠠ ᠮᠠᠨ ᠤ᠋ ᠤᠯᠤᠰ ᠤ᠋ᠨ ᠤᠮᠠᠷᠠᠲᠤ ᠳ᠋ᠡᠬᠢ ᠬᠢᠯᠢ ᠳᠠᠭᠠᠤ ᠭᠠᠵᠠᠷ ᠣᠷᠣᠨ ᠤ᠋ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠪᠠᠢᠷᠢᠱᠢᠭᠤᠯᠤᠯᠲᠠ ᠶ᠋ᠢᠨ ᠵᠠᠩᠭᠢᠯᠠᠭ᠎ᠠ ᠶ᠋ᠢᠨ ᠭᠣᠭ᠍ᠴᠣᠭᠠ ᠵᠢ ᠨᠥᠬᠥᠪᠥᠷᠢᠯᠡᠵᠦ᠍᠂ ᠤᠯᠤᠰ ᠤ᠋ᠨ ᠨᠡᠭᠡᠭᠡᠯᠲᠡ ᠶ᠋ᠢᠨ ᠪᠠᠢᠷᠢᠱᠢᠯ ᠢ᠋ ᠴᠢᠨᠠᠭ᠍ᠰᠢᠳᠠ ᠲᠡᠭᠦᠯᠳᠡᠷᠵᠢᠭᠦᠯᠦᠭ᠌ᠰᠡᠨ ᠪᠠᠢᠨ᠎ᠠ᠃ ᠡᠬᠦᠨᠤ ᠠᠪᠴᠢᠷᠠᠭ᠍ᠰᠠᠨ ᠴᠢᠬᠤᠯᠠ ᠶᠡᠬᠡ ᠠᠱᠢᠭ ᠲᠤᠰᠠ ᠳ᠋ᠤ ᠪᠢᠳᠡ ᠪᠠᠶᠠᠷᠯᠠᠨ ᠵᠤᠷᠢᠭᠵᠢᠬᠤ ᠶ᠋ᠢᠨ ᠬᠠᠮᠲᠤ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠡᠭᠦᠷᠭᠡᠯᠡᠵᠦ᠍ ᠪᠠᠢᠭ᠎ᠠ ᠬᠠᠷᠢᠭᠤᠴᠠᠯᠭ᠎ᠠ ᠪᠠ ᠡᠭᠦᠷᠭᠡ ᠵᠢ ᠨᠡᠩ ᠰᠡᠷᠭᠡᠭ ᠶ᠋ᠢᠡᠷ ᠲᠠᠨᠢᠵᠤ ᠤᠯᠬᠤ ᠬᠡᠷᠡᠭ᠌ᠲᠡᠢ᠃ ᠪᠢᠳᠡ ᠡᠷᠬᠡᠪᠰᠢ ᠡᠨᠡ ᠬᠦ᠌ ᠥᠭᠡᠷᠡᠴᠢᠯᠡᠯᠲᠡ ᠨᠡᠭᠡᠭᠡᠯᠲᠡ ᠶ᠋ᠢᠨ 《ᠲᠤᠷᠱᠢᠯᠲᠠ ᠶ᠋ᠢᠨ ᠲᠠᠷᠢᠶ᠎ᠠ 》 ᠵᠢ ᠰᠠᠢᠲᠤᠷ ᠳᠠᠷᠢᠵᠤ᠂ ᠳᠣᠲᠣᠭᠠᠳᠤ ᠭᠠᠳᠠᠭᠠᠳᠤ ᠵᠢ ᠨᠡᠪᠲᠡᠷᠡᠯᠴᠡᠬᠦᠯᠦᠭᠰᠡᠨ ᠱᠢᠨ᠎ᠡ ᠲᠠᠭᠤᠷᠢᠶᠠᠯ ᠢ ᠪᠤᠢ ᠪᠤᠯᠭᠠᠵᠤ ᠬᠠᠢᠨ ᠰᠦᠪᠡᠭ᠌ᠴᠢᠯᠡᠵᠦ᠍᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠢ᠋ ᠥᠭᠡᠷᠡᠴᠢᠯᠡᠯᠲᠡ ᠨᠡᠭᠡᠭᠡᠯᠲᠡ ᠶ᠋ᠢᠨ ᠱᠢᠨ᠎ᠡ ᠥᠨᠳᠥᠷᠯᠢᠭ ᠪᠣᠯᠭᠠᠨ ᠪᠥᠲᠥᠭᠡᠨ ᠪᠠᠢᠭᠤᠯᠬᠤ ᠪᠡᠷ ᠴᠢᠷᠮᠠᠢᠵᠤ᠂ ᠤᠯᠤᠰ ᠤ᠋ᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢᠷᠡᠭᠦᠯᠬᠦ᠌ ᠪᠠ ᠴᠢᠨᠠᠷ ᠰᠠᠢᠲᠠᠶ ᠬᠥᠭ᠌ᠵᠢᠯᠲᠡ ᠶ᠋ᠢᠨ ᠶᠡᠬᠡ ᠲᠠᠯ᠎ᠠ ᠳ᠋ᠦ ᠨᠠᠩ ᠣᠯᠠᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃
ᠥᠪᠥᠷ ᠮᠣᠩᠭᠣᠯ ᠪᠣᠯ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠡᠮᠦᠨ᠎ᠡ ᠹᠷᠣᠨᠲ ᠪᠠᠢᠵᠤ᠂ ᠬᠢᠯᠢ ᠳᠠᠭᠠᠤ ᠨᠡᠭᠡᠭᠡᠯᠲᠡ ᠵᠢ ᠬᠥᠭ᠌ᠵᠢᠭᠦᠯᠬᠦ᠌ ᠥᠪᠡᠷᠮᠢᠴᠡ ᠳᠠᠪᠠᠭᠤᠯᠢᠭᠲᠠᠶ ᠶᠤᠮ᠃ ᠣᠷᠣᠨ ᠪᠠᠢᠷᠢ ᠶ᠋ᠢᠨ ᠲᠠᠯ᠎ᠠ ᠪᠡᠷ᠂ ᠥᠪᠥᠷ ᠮᠣᠩᠭᠣᠯ ᠳᠣᠲᠣᠭᠠᠳᠤᠳᠠᠭᠠᠨ ᠨᠠᠢ᠍ᠮᠠᠨ ᠮᠤᠵᠢ ᠤᠷᠤᠨᠲᠠᠶ ᠵᠠᠯᠭᠠᠯᠳᠤᠵᠤ ᠨᠡᠢᠰᠯᠡᠯ ᠡᠴᠨ ᠤᠢᠷᠠᠬᠠᠨ ᠪᠠᠢᠵᠤ᠂ ᠭᠠᠳᠠᠭᠠᠳᠤ ᠳ᠋ᠠᠭᠠᠨ ᠤᠷᠤᠰ ᠮᠤᠡᠭᠭᠤᠯ ᠲᠠᠢ ᠬᠦᠷᠰᠢᠯᠡᠵᠦ ᠡᠸᠦ᠋ᠷᠤᠫᠡ ᠠᠽᠢᠶ᠎ᠠ ᠲᠠᠢ ᠨᠡᠪᠲᠡᠷᠡᠯᠴᠡᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠬᠤ ᠪᠥᠭᠡᠳ ᠪᠠᠰᠠ ᠪᠦᠬᠦ᠌ ᠤᠯᠤᠰ ᠤ᠋ᠨ ᠴᠤᠷ ᠤ᠋ᠨ ᠭᠠᠭ᠍ᠴᠠ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠶ᠋ᠢᠨ ᠵᠡᠭᠦᠨ ᠨᠡᠪᠲᠡᠷᠡᠯ ᠵᠠᠮ ᠪᠠ ᠳᠤᠮᠳᠠ ᠨᠡᠪᠲᠡᠷᠡᠯ ᠵᠠᠮ ᠲᠠᠶ ᠮᠤᠵᠢ ᠣᠷᠣᠨ ᠪᠣᠯᠤᠨ᠎ᠠ ; ᠡᠬᠢ ᠪᠠᠶᠠᠯᠢᠭ ᠤ᠋ᠨ ᠲᠠᠯ᠎ᠠ ᠪᠡᠷ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ᠂ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠰᠠᠭᠤᠷᠢᠨ ᠪᠤᠯᠤᠭᠰᠠᠨ ᠤ᠋ ᠬᠤᠪᠢ ᠳ᠋ᠦ᠂ ᠡᠨᠧᠷᠭᠢ ᠶ᠋ᠢᠨ ᠡᠬᠢ ᠪᠠᠶᠠᠯᠢᠭ᠂ ᠪᠣᠬᠢᠷᠲᠤᠯ ᠦᠭᠡᠶ ᠪᠤᠳᠤᠯᠲᠠ ᠶ᠋ᠢᠨ ᠬᠦᠴᠦᠨ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠵᠡᠷᠭᠡ ᠠᠵᠤ ᠦᠢᠯᠡᠰ ᠤ᠋ᠨ ᠰᠠᠭᠤᠷᠢ ᠵᠤᠵᠠᠭᠠᠨ ᠶᠤᠮ ; ᠨᠡᠭᠡᠭᠡᠯᠲᠡ ᠬᠢᠬᠦ᠌ ᠲᠠᠯ᠎ᠠ ᠪᠡᠷ᠂ 《 ᠨᠢᠭᠡ ᠪᠦᠰᠡ ᠨᠢᠭᠡ ᠵᠠᠮ 》 ᠢ᠋ ᠬᠠᠮᠲᠤ ᠪᠡᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠦ ᠢᠳᠡᠪᠬᠢᠲᠡᠢ ᠤᠷᠤᠯᠴᠠᠵᠤ᠂ ᠬᠢᠯᠢ ᠶ᠋ᠢᠨ ᠪᠣᠭᠣᠮᠲᠠ ᠶ᠋ᠢᠨ ᠡᠳ᠋ ᠪᠠᠷᠠᠭᠠᠨ ᠤ᠋ ᠲᠡᠭᠡᠭᠡᠪᠦᠷᠢ ᠶ᠋ᠢᠨ ᠬᠡᠮᠵᠢᠶ᠎ᠡ᠂ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠶ᠋ᠢᠨ ᠨᠡᠪᠲᠡᠷᠡᠬᠦ᠌ ᠬᠡᠮᠵᠢᠶ᠎ᠡ ᠵᠢᠯ ᠳᠠᠷᠠᠭᠠᠯᠠᠨ ᠳᠡᠭᠡᠭ᠌ᠰᠢᠯᠡᠵᠦ᠍᠂ ᠬᠢᠯᠢ ᠳᠠᠭᠠᠤ ᠶ᠋ᠢᠨ ᠨᠡᠭᠡᠭᠡᠯᠲᠡ ᠶ᠋ᠢᠨ ᠴᠢᠳᠠᠪᠬᠢ ᠲᠠᠰ ᠦᠷᠭᠦᠯᠵᠢᠯᠡᠨ ᠳᠡᠭᠡᠭ᠌ᠰᠢᠯᠡᠵᠦ᠍᠂ ᠲᠦᠷᠢᠮ ᠤ᠋ᠨ ᠱᠢᠨ᠎ᠡ ᠵᠢ ᠡᠭᠦᠳᠬᠦ᠌ ᠪᠠ ᠠᠵᠤ ᠦᠶ᠋ᠯᠡᠰ ᠤ᠋ᠨ ᠲᠦᠪᠯᠡᠷᠡᠯᠳᠦ ᠪᠠᠲᠤ ᠪᠠᠬᠢ ᠲᠤᠯᠭᠠᠭᠤᠷᠢᠯᠠᠯ ᠬᠠᠩᠭᠠᠪᠠ᠃ ᠣᠷᠣᠨ ᠳᠠᠶᠠᠭᠠᠷ ᠶ᠋ᠢᠡᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠪᠠᠢᠭᠤᠯᠤᠯᠲᠠ ᠪᠡᠷ ᠠᠵᠠ ᠲᠣᠬᠢᠶᠠᠯ ᠪᠣᠯᠭᠠᠵᠤ᠂ ᠤᠷᠢᠳ ᠶ᠋ᠢᠡᠷ ᠬᠡᠷᠡᠭ᠌ᠵᠢᠭᠦᠯᠬᠦ᠌ ᠲᠤᠷᠱᠢᠯᠲᠠ ᠶ᠋ᠢᠨ ᠴᠡᠭ ᠤ᠋ᠨ ᠠᠵᠢᠯ ᠢ᠋ ᠨᠠᠷᠢᠨ ᠬᠢᠨᠠᠮᠠᠭᠠᠶ ᠥᠷᠨᠢᠭᠦᠯᠵᠦ᠍᠂ ᠲᠦᠷᠢᠮ ᠤ᠋ᠨ ᠱᠢᠨ᠎ᠡ ᠵᠢ ᠡᠭᠦᠳᠬᠦ ᠵᠢ ᠵᠣᠷᠢᠭ᠍ᠲᠠᠶ ᠪᠡᠷ ᠰᠦᠪᠡᠭ᠌ᠴᠢᠯᠡᠨ ᠠᠬᠢᠭᠤᠯᠵᠤ᠂ ᠬᠢᠯᠢ ᠳᠠᠭᠠᠤ ᠭᠠᠵᠠᠷ ᠣᠷᠣᠨ ᠤ᠋ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠵᠢ ᠬᠢᠵᠠᠭᠠᠷᠯᠠᠵᠤ ᠪᠠᠢᠭ᠎ᠠ ᠪᠠᠢᠭᠤᠯᠤᠮᠵᠢ ᠲᠣᠭ᠍ᠲᠠᠴᠠ ᠶ᠋ᠢᠨ ᠬᠠᠷᠰᠢ ᠰᠠᠭᠠᠳ ᠢ᠋ ᠬᠦᠴᠦᠯᠡᠨ ᠠᠷᠢᠯᠭᠠᠵᠤ᠂ ᠳᠣᠲᠣᠭᠠᠳᠤ ᠭᠠᠳᠠᠭᠠᠳᠤ ᠵᠢ ᠨᠥᠯᠥᠭᠡᠯᠡᠨ ᠳᠠᠢᠴᠢᠯᠠᠬᠤ ᠴᠢᠳᠠᠪᠤᠷᠢᠪᠠᠨ ᠳᠡᠭᠡᠭ᠌ᠰᠢᠯᠡᠭᠦᠯᠵᠦ᠍᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠤᠤᠰ ᠣᠷᠴᠢᠯ ᠳᠤᠮᠳᠠ ᠨᠠᠩ ᠥᠨᠳᠥᠷ ᠲᠦᠪᠱᠢᠨ ᠪᠥᠬᠥᠶ ᠨᠡᠭᠡᠭᠡᠯᠲᠡ ᠪᠠ ᠨᠠᠩ ᠴᠢᠨᠠᠷ ᠰᠠᠢᠲᠠᠶ ᠬᠥᠭ᠌ᠵᠢᠯᠲᠡ ᠵᠢ ᠪᠡᠶᠡᠯᠡᠭᠦᠯᠵᠦ᠍᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ ᠢ᠋ ᠪᠠᠢᠭᠤᠯᠬᠤ ᠳ᠋ᠦ ᠨᠠᠩ ᠰᠠᠢᠨ ᠦᠶ᠋ᠯᠡᠴᠢᠯᠡᠬᠦ᠌ ᠬᠡᠷᠡᠭ᠌ᠲᠡᠶ᠃
ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠢ᠋ ᠪᠦᠲᠦᠭᠡᠨ ᠪᠠᠢᠭᠤᠯᠬᠤ ᠪᠣᠯ ᠢᠷᠠᠭᠤ ᠠᠯᠳᠠᠷᠲᠠᠢ ᠮᠦᠷᠲᠡᠭᠡᠨ ᠪᠡᠷᠬᠡ ᠬᠠᠲᠠᠭᠤᠵᠢᠯᠲᠠᠢ ᠡᠭᠦᠷᠭᠡ ᠮᠥᠨ᠂ ᠤᠳᠤᠷᠢᠳᠭᠤ ᠺᠠᠳ᠋ᠷᠴᠤᠳ ᠲᠦᠷᠦᠭᠦᠯᠡᠨ ᠢᠳᠡᠪᠬᠢᠲᠡᠢ ᠰᠤᠷᠤᠯᠴᠠᠨ ᠭᠦᠨᠵᠡᠭᠡᠢ ᠰᠤᠳᠤᠯᠬᠤ ᠬᠡᠷᠡᠭ᠌ᠲᠡᠢ᠃ ᠲᠥᠷᠥ ᠶ᠋ᠢᠨ ᠶᠠᠪᠤᠳᠠᠯ ᠤ᠋ᠨ ᠬᠤᠷᠢᠶ᠎ᠡ ᠡᠴᠡ ᠳᠠᠷᠤᠮᠠᠯᠯᠠᠨ ᠲᠠᠷᠬᠠᠭᠠᠭ᠍ᠰᠠᠨ 《 ᠳᠤᠮᠳᠠᠳᠤ ᠤᠯᠤᠰ (ᠥᠪᠥᠷ ᠮᠣᠩᠭᠣᠯ ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠶᠡᠷᠦᠩᠬᠡᠶ ᠲᠥᠰᠦᠯ 》 ᠳ᠋ᠤ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ 《 5 ᠲᠥᠪ᠂ 1 ᠪᠠᠢᠯᠳᠤᠬᠤ ᠪᠤᠳᠤᠯᠭ᠎ᠠ ᠶ᠋ᠢᠨ ᠥᠨᠳᠥᠷᠯᠢᠭ᠂ 1 ᠵᠢᠱ᠌ᠢᠶ᠎ᠡ ᠦᠵᠡᠭᠦᠯᠬᠦ᠌ ᠣᠷᠣᠨ ᠪᠦᠰᠡ᠂ 1 ᠪᠠᠢᠯᠳᠤᠬᠤ ᠪᠣᠳᠣᠯᠭ᠎ᠠ ᠶ᠋ᠢᠨ ᠲᠤᠯᠭᠠᠭᠤᠷᠢᠯᠠᠬᠤ ᠴᠡᠭ 》 ᠤ᠋ᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠵᠢ ᠲᠣᠳᠣᠷᠬᠠᠢᠯᠠᠵᠤ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠴᠢᠬᠤᠯᠠ ᠠᠷᠠᠯᠵᠢᠶᠠᠨ ᠤ᠋ ᠵᠠᠩᠭᠢᠯᠠᠭ᠎ᠠ ᠶ᠋ᠢᠨ ᠴᠡᠭ ᠢ᠋ ᠴᠣᠭ᠍ᠴᠠᠯᠠᠬᠤ᠂ ᠬᠤᠤᠰ ᠴᠢᠭ᠌ᠯᠡᠯ ᠤ᠋ᠨ ᠪᠡᠯᠡ ᠤᠷᠤᠭᠤᠯᠤᠯᠲᠠ ᠶ᠋ᠢᠨ ᠬᠠᠮᠲᠤᠷᠠᠯᠴᠠᠭᠠᠨ ᠤ᠋ ᠶᠠᠰᠤ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠬᠦ᠂ ᠲᠤᠳᠤᠭᠠᠳᠤ ᠭᠠᠳᠠᠭᠠᠳᠤ ᠬᠠᠮᠲᠤᠷᠠᠯᠴᠠᠭ᠎ᠠ ᠵᠢ ᠭᠦᠨᠵᠡᠭᠡᠢᠷᠡᠭᠦᠯᠬᠦ᠂ ᠴᠢᠬᠤᠯᠠ ᠡᠯᠧᠮᠧᠨ᠋ᠲ ᠤ᠋ᠨ ᠠᠭᠤᠰᠤᠯᠴᠠᠨ ᠨᠡᠪᠲᠡᠷᠡᠯᠴᠡᠬᠦ᠌ ᠵᠢ ᠠᠬᠢᠭᠤᠯᠬᠤ ᠵᠡᠷᠭᠡ 7 ᠲᠠᠯ᠎ᠠ ᠵᠢ ᠳᠡᠮᠵᠢᠵᠦ᠍᠂ ᠪᠠᠷᠠᠭ᠎ᠠ ᠶ᠋ᠢᠨ ᠠᠷᠠᠯᠵᠢᠶᠠᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠵᠦ ᠲᠠᠰ ᠳᠡᠪᠰᠢᠬᠦ ᠵᠢ ᠠᠬᠢᠭᠤᠯᠬᠤ᠂ ᠣᠯᠠᠨ ᠤᠯᠤᠰ ᠤ᠋ᠨ ᠡᠳ᠋ ᠪᠠᠷᠠᠭᠠᠨ ᠤ᠋ ᠭᠦᠢᠯᠭᠡᠭᠡ ᠶ᠋ᠢᠨ ᠦᠶ᠋ᠯᠡᠴᠢᠯᠡᠭᠡᠨ ᠤ᠋ ᠴᠢᠳᠠᠮᠵᠢ ᠵᠢ ᠴᠢᠩᠭᠠᠳᠭᠠᠬᠤ ᠵᠡᠷᠭᠡ 19 ᠵᠦᠶ᠋ᠯ ᠤ᠋ᠨ ᠥᠭᠡᠷᠡᠴᠢᠯᠡᠯᠲᠡ ᠬᠢᠵᠦ ᠱᠢᠨ᠎ᠡ ᠵᠢ ᠡᠭᠦᠳᠬᠦ᠌ ᠠᠷᠭ᠎ᠠ ᠬᠡᠮᠵᠢᠶ᠎ᠡ ᠵᠢ ᠳᠤᠷᠠᠳᠤᠨ ᠭᠠᠷᠭᠠᠪᠠ᠃ ᠪᠦᠬᠦ᠌ ᠣᠷᠣᠨ ᠤ᠋ ᠡᠯ᠎ᠡ ᠱᠠᠲᠤᠨ ᠤ᠋ ᠬᠢᠨ ᠰᠠᠢᠲᠤᠷ ᠰᠤᠳᠤᠯᠵᠤ᠂ ᠨᠠᠷᠢᠯᠢᠭ ᠰᠤᠳᠤᠯᠵᠤ᠂ ᠡᠳᠡᠭᠡᠷ ᠬᠥᠭ᠌ᠵᠢᠯᠲᠡ ᠶ᠋ᠢᠨ ᠪᠠᠢᠷᠢ ᠲᠣᠭ᠍ᠲᠠᠭᠠᠯᠲᠠ᠂ ᠬᠠᠷᠠᠯᠲᠠ ᠡᠭᠦᠷᠭᠡ ᠵᠢ ᠲᠣᠳᠣᠷᠬᠠᠢ ᠣᠢᠯᠠᠭᠠᠬᠤ ᠬᠡᠷᠡᠭ᠌ᠲᠡᠢ᠃ ᠡᠨᠡ ᠬᠦ᠌ ᠰᠠᠭᠤᠷᠢᠨ ᠳᠡᠭᠡᠷ᠎ᠡ᠂ ᠬᠥᠲᠥᠯᠥᠨ ᠳᠠᠭᠠᠭᠤᠯᠬᠤ ᠴᠡᠭ ᠪᠠ ᠭᠠᠷᠳᠠᠬᠤ ᠴᠡᠭ ᠢ᠋ ᠣᠨᠣᠪᠴᠢᠲᠠᠶ ᠣᠯᠵᠤ᠂ ᠪᠥᠲᠥᠭᠡᠨ ᠪᠠᠢᠭᠤᠯᠤᠯᠲᠠ ᠶ᠋ᠢᠨ ᠲᠥᠯᠥᠪᠵᠢᠭᠦᠯᠭᠡ ᠵᠢ ᠰᠠᠢᠲᠤᠷ ᠬᠢᠵᠦ᠍᠂ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠬᠠᠨᠳᠤᠯᠭᠠᠲᠤ ᠴᠢᠨᠠᠷᠲᠠᠶ ᠰᠡᠳᠭᠢᠴᠡ ᠪᠠ ᠲᠥᠰᠦᠯ ᠢ᠋ ᠪᠦᠷᠢᠯᠳᠦᠭᠦᠯᠵᠦ᠍᠂ ᠡᠯ᠎ᠡ ᠵᠦᠶ᠋ᠯ ᠤ᠋ᠨ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠡᠭᠦᠷᠭᠡ ᠵᠢ ᠪᠣᠳᠠᠲᠠᠶ ᠳ᠋ᠦ ᠨᠠᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠡᠨᠡ ᠬᠦ᠌ 《ᠲᠤᠷᠱᠢᠯᠲᠠ ᠶ᠋ᠢᠨ ᠲᠠᠷᠢᠶ᠎ᠠ 》 ᠳᠡᠭᠡᠷ᠎ᠡ ᠥᠪᠥᠷ ᠮᠣᠩᠭᠣᠯ ᠤ᠋ᠨ ᠣᠨᠴᠠᠯᠢᠭᠲᠠᠶ ᠱᠢᠨ᠎ᠡ ᠠᠷᠭ᠎ᠠ ᠵᠠᠮ ᠢ᠋ ᠲᠤᠷᠱᠢᠵᠤ ᠭᠠᠷᠭᠠᠬᠤ ᠪᠡᠷ ᠬᠦᠴᠤᠯᠠᠬᠦ ᠴᠢᠬᠤᠯᠠᠳᠠᠢ᠃
ᠠᠶᠠᠨ ᠵᠠᠮ ᠨᠢᠭᠡᠨᠲᠡ ᠡᠬᠢᠯᠡᠵᠦ᠍᠂ ᠬᠦᠨᠳᠦ ᠡᠭᠦᠷᠭᠡ ᠮᠥᠷᠥᠨᠳᠦ ᠲᠠᠯᠪᠢᠭ᠍ᠳᠠᠪᠠ᠃ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠢ᠋ ᠪᠦᠲᠦᠭᠡᠨ ᠪᠠᠢᠭᠤᠯᠬᠤ ᠡᠭᠦᠷᠭᠡ ᠦᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠴᠢᠬᠤᠯᠠ ᠶᠤᠮ᠃ ᠣᠷᠣᠨ ᠳᠠᠶᠠᠭᠠᠷ ᠶ᠋ᠢᠡᠨ ᠦᠵᠡᠯ ᠰᠠᠨᠠᠭᠠᠪᠠᠨ ᠴᠢᠯᠥᠭᠡᠯᠡᠵᠦ᠍᠂ ᠵᠣᠷᠢᠭ᠍ᠲᠠᠶ ᠪᠡᠷ ᠲᠦᠷᠦᠭᠦᠯᠡᠨ ᠬᠢᠵᠦ᠍᠂ ᠥᠭᠡᠷᠡᠴᠢᠯᠡᠯᠲᠡ ᠶ᠋ᠢᠨ 《 ᠲᠤᠷᠱᠢᠯᠲᠠ ᠶ᠋ᠢᠨ ᠲᠠᠷᠢᠶ᠎ᠠ 》 ᠶ᠋ᠢ ᠰᠠᠢᠳᠤᠷ ᠲᠠᠷᠢᠵᠦ᠂ ᠲᠦᠷᠢᠮ ᠤ᠋ᠨ ᠱᠢᠨ᠎ᠡ ᠵᠢ ᠡᠭᠦᠳᠬᠦ ᠪᠡᠷ ᠬᠥᠭ᠌ᠵᠢᠯᠲᠡ ᠶ᠋ᠢᠨ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠨᠡᠭᠡᠭᠡᠯᠲᠡ ᠬᠢᠵᠦ᠍ ᠬᠠᠮᠲᠤᠷᠠᠯᠴᠠᠬᠤ ᠪᠡᠷ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭ᠌ᠵᠢᠭᠡᠵᠦ᠍᠂ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠢ᠋ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠶ ᠪᠥᠲᠥᠭᠡᠨ ᠪᠠᠢᠭᠤᠯᠵᠤ᠂ ᠤᠯᠤᠰ ᠤ᠋ᠨ ᠨᠡᠭᠡᠭᠡᠯᠲᠡ ᠬᠢᠬᠦ᠌ ᠶᠡᠬᠡ ᠲᠠᠯ᠎ᠠ ᠳ᠋ᠦ ᠦᠶ᠋ᠯᠡᠴᠢᠯᠡᠬᠦ᠌ ᠳᠤᠮᠳᠠ ᠥᠪᠥᠷ ᠮᠣᠩᠭᠣᠯ ᠤ᠋ᠨ ᠬᠠᠷᠢᠭᠤᠴᠠᠯᠭ᠎ᠠ ᠡᠭᠦᠷᠭᠡᠯᠡᠯ ᠢ᠋ ᠢᠯᠡᠷᠡᠬᠦᠯᠵᠤ᠂ ᠥᠪᠥᠷ ᠮᠣᠩᠭᠣᠯ ᠤ᠋ᠨ ᠬᠤᠪᠢ ᠨᠡᠮᠡᠷᠢ ᠪᠠᠨ ᠨᠠᠮᠡᠷᠢᠯᠡᠬᠦ ᠬᠡᠷᠡᠭ᠌ᠲᠡᠶ᠃